ᠵᠠᠯᠠᠨ ᠠᠶᠢᠯ ᠬᠤᠲᠠ ᠶᠢᠨ ᠤᠯᠠᠭᠠᠨᠮᠥ᠋ᠴᠢᠷ ᠠᠴᠠ ᠪᠠᠶ ᠱᠦᠵᠢ᠂ ᠸᠠᠩ ᠬᠤᠲᠠ ᠶᠢᠨ ᠳᠠᠷᠤᠭ᠎ᠠ ᠶᠢᠨ ᠬᠤᠲᠠ ᠶᠢᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2024/1/16
    1 ᠳ᠋ᠦᠭᠡᠷ ᠰᠠᠷ᠎ᠠ ᠶᠢᠨ 12 ᠤᠨ ᠡᠳᠦᠷ᠂ ᠵᠠᠯᠠᠨ ᠠᠶᠢᠯ ᠬᠤᠲᠠ ᠶᠢᠨ ᠤᠯᠠᠭᠠᠨᠮᠥ᠋ᠴᠢᠷ ᠠᠴᠠ ᠪᠠᠶ ᠱᠦᠵᠢ᠂ ᠸᠠᠩ ᠬᠤᠲᠠ ᠶᠢᠨ ᠳᠠᠷᠤᠭ᠎ᠠ ᠶᠢᠨ ᠬᠤᠲᠠ ᠶᠢᠨ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠠᠵᠢᠯ ᠢ ᠥᠷᠨᠢᠭᠦᠯᠦᠭᠰᠡᠨ ᠪᠥᠭᠡᠳ ᠵᠠᠯᠠᠨ ᠠᠶᠢᠯ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ 2024 ᠣᠨ ᠤ ᠭᠤᠤᠯᠳᠠᠯᠭ᠎ᠠ ᠲᠠᠢ ᠡᠭᠦᠷᠭᠡ ᠶᠢ ᠦᠨᠳᠦᠰᠦᠯᠡᠨ ᠤᠯᠠᠭᠠᠨᠮᠥ᠋ᠴᠢᠷ ᠤᠨ ᠲᠠᠷᠠᠭᠠᠴᠢ ᠶᠢᠨ ᠠᠯᠬᠤᠮ ᠤᠨ ᠠᠵᠢᠯ ᠢ ᠲᠥᠯᠥᠪᠯᠡᠨ ᠪᠠᠶᠢᠷᠢᠯᠠᠭᠤᠯᠪᠠ᠃     ᠲᠣᠰ ᠤᠳᠠᠭᠠᠨ ᠤ ᠬᠤᠷᠠᠯ ᠳᠤ ᠥᠩᠭᠡᠷᠡᠭᠰᠡᠨ ᠨᠢᠭᠡ ᠵᠢᠯ ᠤᠨ ᠤᠯᠠᠭᠠᠨᠮᠥ᠋ᠴᠢᠷ ᠤᠨ ᠡᠯ᠎ᠡ ᠵᠦᠢᠯ ᠤᠨ ᠠᠵᠢᠯ ᠤᠨ ᠣᠯᠤᠭᠰᠠᠨ ᠰᠢᠯᠢᠳᠡᠭ ᠬᠢᠷᠢ ᠪᠦᠲᠦᠮᠵᠢ ᠶᠢ ᠪᠥᠬᠦ ᠲᠠᠯ᠎ᠠ ᠪᠠᠷ ᠳ᠋ᠦᠩᠨᠡᠵᠦ᠂ ᠣᠳᠣᠬᠠᠨ ᠳᠤ ᠲᠤᠯᠭᠠᠷᠠᠵᠤ ᠪᠠᠶᠢᠭ᠎ᠠ ᠥᠷᠢᠰᠥᠯᠳᠦᠭᠡᠨ ᠪᠠ ᠠᠵᠠ ᠲᠣᠬᠢᠶᠠᠯ ᠢ ᠵᠠᠳᠠᠯᠤᠨ ᠰᠢᠨᠵᠢᠯᠡᠵᠦ᠂ ᠢᠷᠡᠭᠡᠳᠦᠶ ᠶᠢᠨ ᠬᠡᠰᠡᠭ ᠬᠤᠭᠤᠴᠠᠭᠠᠨ ᠤ ᠤᠯᠠᠭᠠᠨᠮᠥ᠋ᠴᠢᠷ ᠤᠨ ᠠᠵᠢᠯ ᠤᠨ ᠶᠡᠷᠦᠩᠬᠡᠶ ᠲᠥᠯᠥᠪᠵᠢᠭᠦᠯᠭᠡ ᠪᠠ ᠭᠤᠤᠯ ᠡᠭᠦᠷᠭᠡ ᠶᠢ ᠲᠣᠳᠣᠷᠬᠠᠶᠢᠯᠠᠭᠰᠠᠨ ᠪᠠᠶᠢᠨ᠎ᠠ᠃     ᠬᠤᠲᠠ ᠶᠢᠨ ᠤᠯᠠᠭᠠᠨᠮᠥ᠋ᠴᠢᠷ ᠤᠨ ᠳᠠᠷᠤᠭ᠎ᠠ ᠬᠤᠤ ᠮᠢᠩ ᠹᠸᠢ ᠴᠢᠬᠤᠯᠠᠴᠢᠯᠠᠬᠤ ᠳᠠᠭᠠᠨ᠂ ᠬᠤᠷᠠᠯ ᠤᠨ ᠵᠣᠷᠢᠭ ᠰᠠᠨᠠᠭ᠎ᠠ ᠶᠢ ᠤᠯᠠᠭᠠᠨᠮᠥ᠋ᠴᠢᠷ ᠤᠨ ᠰᠣᠶᠣᠯ ᠢ ᠤᠯᠠᠮᠵᠢᠯᠠᠬᠤ᠂ ᠠᠷᠠᠳ ᠤᠨ ᠠᠮᠢᠳᠤᠷᠠᠯ ᠳᠤ  ᠦᠢᠯᠡᠴᠢᠯᠡᠬᠦ ᠵᠡᠷᠭᠡ ᠡᠭᠦᠷᠭᠡ ᠬᠠᠷᠢᠭᠤᠴᠠᠯᠭ᠎ᠠ ᠲᠠᠢ ᠤᠶᠠᠯᠳᠤᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠦᠷᠭᠦᠯᠵᠢᠯᠡᠨ ᠤᠯᠠᠮᠵᠢᠯᠠᠨ ᠪᠠᠳᠠᠷᠠᠭᠤᠯᠬᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠪᠠᠷ ᠵᠣᠷᠢᠯᠲᠠ ᠪᠣᠯᠭᠠᠵᠤ᠂ ᠲᠣᠭᠯᠠᠯᠲᠠ ᠶᠢᠨ ᠬᠡᠯᠪᠡᠷᠢ ᠶᠢᠨ ᠰᠢᠨ᠎ᠡ ᠶᠢ ᠡᠭᠦᠳᠬᠦ ᠪᠠᠷ ᠴᠢᠷᠮᠠᠶᠢᠵᠤ᠂ ᠲᠣᠭᠯᠠᠯᠲᠠ ᠶᠢᠨ ᠠᠭᠤᠯᠭ᠎ᠠ ᠶᠢ ᠪᠠᠶᠠᠯᠢᠭᠵᠢᠭᠤᠯᠤᠨ᠂ ᠲᠣᠭᠯᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠠᠷᠠᠳ ᠣᠯᠠᠨ ᠳᠤ ᠨᠠᠩ ᠣᠯᠠᠨ ᠰᠢᠯᠢᠳᠡᠭ ᠰᠣᠶᠣᠯ ᠤᠨ  ᠦᠢᠯᠡᠴᠢᠯᠡᠭᠡ‌ᠬᠠᠩᠭᠠᠬᠤ ᠬᠡᠷᠡᠭᠲᠡᠶ ᠭᠡᠵᠡᠶ᠃ ᠡᠭᠦᠨ ᠤ ᠬᠠᠮᠲᠤ᠂ ᠲᠤᠰ ᠪᠡᠶ᠎ᠡ ᠶᠢᠨ ᠶᠡᠷᠦᠩᠬᠡᠶ ᠬᠡᠪ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠪᠠ ᠰᠣᠶᠣᠯ ᠤᠨ ᠮᠡᠳᠡᠯᠭᠡ ᠶᠢ ᠭᠦᠨᠵᠡᠭᠡᠶ ᠰᠤᠷᠤᠯᠴᠠᠵᠤ᠂ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠤᠭᠤᠷᠣᠨᠳᠣᠬᠢ ᠨᠥᠬᠦᠷᠯᠡᠯ ᠢ ᠵᠤᠵᠠᠭᠠᠳᠬᠠᠵᠤ᠂ ᠰᠣᠶᠣᠯ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠬᠦ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ᠃  
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ