ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ | ᠨᠢᠩᠳᠧ ᠠᠴᠠ ᠡᠬᠢᠯᠡᠵᠦ᠂ ᠹᠦᠵᠢᠶᠠᠨ ᠳᠤ ᠬᠥᠭᠵᠢᠵᠦ᠂ ᠪᠦᠬᠦ ᠤᠯᠤᠰ ᠲᠤ ᠳᠡᠯᠭᠡᠷᠡᠵᠦ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠡᠨᠡ ᠬᠦ | ᠮᠠᠨ ᠤ ᠨᠠᠮ ᠤᠨ ᠤᠯᠠᠨ ᠲᠦᠮᠡᠨ ᠲᠠᠢ ᠨᠢᠭᠲᠠ ᠬᠠᠷᠢᠯᠴᠠᠭᠰᠠᠨ ᠦᠢᠯᠡᠳᠦᠯᠭᠡ ᠶᠢᠨ ᠡᠭᠦᠳᠦᠨ ᠪᠦᠲᠦᠭᠡᠯᠲᠡ ᠨᠢ 35 ᠵᠢᠯ ᠤᠨ ᠲᠤᠷᠰᠢ ᠲᠠᠰᠤᠷᠠᠯᠳᠠ ᠦᠭᠡᠢ | ᠬᠥᠭᠵᠢᠨ ᠪᠠᠳᠠᠷᠠᠵᠤ᠂ ᠶᠡᠷᠦ ᠪᠤᠰᠤ ᠶᠢᠨ ᠦᠢᠯᠡᠳᠦᠯᠭᠡ ᠶᠢᠨ ᠬᠦᠴᠦᠨ ᠢ ᠢᠯᠡᠷᠡᠭᠦᠯᠪᠡ᠃ ᠤᠢᠢᠷ᠎ᠠ ᠶᠢᠨ ᠡᠳᠦᠷ᠂ ᠶᠡᠷᠦᠩᠬᠡᠢ ᠱᠦᠵᠢ ᠰᠢ ᠶᠢᠨ ᠫᠢᠩ ᠹᠦᠵᠢᠶᠠᠨ ᠤ | ᠨᠢᠩᠳᠧ ᠶᠢᠨ ︽ᠳᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠶᠢ ᠪᠠᠷᠢᠮᠲᠠᠯᠠᠨ ᠦᠢᠯᠡᠳᠦᠯᠭᠡᠵᠢᠭᠦᠯᠵᠦ ᠬᠥᠭᠵᠢᠯᠲᠡ ᠶᠢ ᠠᠬᠢᠭᠤᠯᠤᠨ ᠪᠣᠳᠠᠲᠤ ᠦᠷ᠎ᠡ | ᠪᠦᠲᠦᠮᠵᠢ ᠭᠠᠷᠭᠠᠬᠰᠠᠨ ᠲᠤᠬᠠᠢ ᠬᠤᠯᠪᠣᠭᠳᠠᠯ ᠪᠦᠬᠦᠢ ᠮᠠᠲ᠋ᠧᠷᠢᠶᠠᠯ ᠳᠤ ᠴᠢᠬᠤᠯᠠ ᠴᠣᠬᠤᠯᠠᠪᠤᠷᠢ ᠥᠭᠪᠡ᠃ ᠲᠥᠪ ᠤᠨ ᠭᠤᠤᠯ ᠰᠡᠳᠦᠪᠲᠦ ᠬᠥᠮᠦᠵᠢᠯ ᠤᠨ | ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠶᠢ ᠰᠤᠷᠤᠯᠴᠠᠨ ᠳᠡᠯᠭᠡᠷᠡᠭᠦᠯᠬᠦ ᠶᠢ ᠬᠤᠶᠠᠳᠤᠭᠠᠷ | ᠪᠦᠯᠦᠭ ᠤᠨ ᠭᠤᠤᠯ ᠰᠡᠳᠦᠪᠲᠦ ᠬᠥᠮᠦᠵᠢᠯ ᠤᠨ ᠴᠢᠬᠤᠯᠠ ᠭᠠᠷᠳᠠᠴᠠ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃ | ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠪᠣᠯ ᠰᠢ ᠶᠢᠨ ᠫᠢᠩ ᠨᠥᠬᠦᠷ ᠤᠨ ᠹᠦᠵᠢᠶᠠᠨ ᠤ ᠨᠢᠩᠳᠧ ᠳᠤ ᠠᠵᠢᠯᠯᠠᠵᠤ ᠪᠠᠶᠢᠬᠤ ᠳᠠᠭᠠᠨ ᠶᠡᠭᠡ ᠪᠠᠷ | ᠰᠠᠨᠠᠭᠠᠴᠢᠯᠠᠵᠤ ᠪᠡᠶ᠎ᠡ ᠪᠠᠷ ᠢᠶᠠᠨ ᠬᠡᠷᠡᠭᠵᠢᠭᠦᠯᠦᠭᠰᠡᠨ ᠠᠵᠢᠯ ᠤᠨ ᠠᠷᠭ᠎ᠠ ᠪᠣᠯᠤᠨ ᠠᠵᠢᠯ ᠤᠨ ᠲᠦᠷᠢᠮ ᠪᠣᠯᠤᠨ᠎ᠠ᠃ ᠲᠤᠬᠠᠢ ᠶᠢᠨ ᠵᠢᠯ ᠳᠤ᠂ ᠰᠢ ᠶᠢᠨ ᠫᠢᠩ ᠨᠥᠬᠦᠷ | ᠨᠢᠩᠳᠧ ᠶᠢᠨ ᠡᠯ᠎ᠡ ᠱᠠᠲᠤᠨ ᠤ ᠤᠳᠤᠷᠢᠳᠬᠤ ᠺᠠᠳ᠋ᠷ ᠤᠨ ︽ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠤᠳᠤᠯᠭ᠎ᠠ ᠶᠢ ᠦᠨᠳᠦᠰᠦᠨ ᠱᠠᠲᠤᠨ ᠳᠤ ᠤᠯᠠᠮᠵᠢᠯᠠᠬᠤ | ᠂ ᠪᠠᠶᠢᠴᠠᠭᠠᠨ ᠰᠤᠳᠤᠯᠤᠯᠲᠠ ᠶᠢ ᠦᠨᠳᠦᠰᠦᠨ ᠱᠠᠲᠤᠨ ᠳᠤ ᠪᠠᠭᠤᠯᠭᠠᠬᠤ᠂ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ ᠠᠵᠢᠯ ᠢ ᠦᠨᠳᠦᠰᠦᠨ ᠱᠠᠲᠤᠨ ᠳᠤ | ᠪᠠᠭᠤᠯᠭᠠᠬᠤ᠂ ᠲᠤᠬᠠᠢ ᠶᠢᠨ ᠲᠠᠯᠠᠪᠠᠢ ᠳᠤ ᠠᠵᠢᠯᠯᠠᠬᠤ ᠶᠢ ᠦᠨᠳᠦᠰᠦᠨ ᠱᠠᠲᠤᠨ ᠳᠤ ᠪᠠᠭᠤᠯᠭᠠᠬᠤ︾ ᠶᠢ ᠱᠠᠭᠠᠷᠳᠠᠭᠰᠠᠨ ᠪᠥᠭᠡᠳ ᠲᠦᠷᠦᠭᠦᠯᠡᠨ ᠵᠢᠱᠢᠶ᠎ᠡ | ᠦᠵᠡᠭᠦᠯᠵᠦ᠂ ᠲᠦᠷᠦᠭᠦᠯᠡᠨ ᠦᠨᠳᠦᠰᠦᠨ ᠱᠠᠲᠤᠨ ᠳᠤ ᠪᠠᠭᠤᠵᠤ ᠤᠬᠠᠭᠤᠯᠤᠨ ᠲᠠᠶᠢᠯᠪᠤᠷᠢᠯᠠᠵᠤ᠂ ᠪᠠᠶᠢᠴᠠᠭᠠᠨ ᠰᠤᠳᠤᠯᠵᠤ᠂ ᠵᠠᠬᠢᠳᠠᠯ ᠰᠤᠷᠪᠤᠯᠵᠢᠯᠠᠯ ᠢ ᠬᠦᠯᠢᠶᠡᠵᠦ | ᠂ ᠠᠯᠪᠠᠯᠠᠵᠤ᠂ ᠲᠦᠷᠦᠭᠦᠯᠡᠨ ᠬᠠᠮᠤᠭ ᠤᠨ ᠪᠤᠶᠢᠳᠠ ᠪᠥᠭᠯᠡᠭᠦᠦ᠂ ᠬᠠᠮᠤᠭ ᠤᠨ ᠬᠦᠴᠢᠷᠳᠡᠯᠲᠡᠢ ᠭᠠᠵᠠᠷ ᠲᠤ ᠭᠦᠨᠵᠡᠭᠡᠶᠢᠷᠡᠵᠦ᠂ ᠤᠯᠠᠨ ᠲᠦᠮᠡᠨ ᠤ ᠬᠦᠴᠢᠷ | ᠵᠣᠪᠠᠭᠤᠷᠢ ᠶᠢ ᠰᠢᠢᠳᠪᠦᠷᠢᠯᠡᠵᠦ᠂ ᠥᠭᠡᠷᠡᠴᠢᠯᠡᠯᠲᠡ ᠨᠡᠬᠡᠬᠡᠯᠳᠡ ᠪᠣᠯᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠵᠤ᠂ ᠨᠠᠮ ᠤᠨ ᠭᠡᠰᠢᠭᠦᠨ | ᠺᠠᠳ᠋ᠷᠴᠤᠳ ᠤᠨ ᠨᠠᠮ ᠤᠨ ᠤᠯᠠᠨ ᠲᠦᠮᠡᠨᠴᠢ ᠱᠤᠭᠤᠮ ᠢ ᠦᠢᠯᠡᠳᠦᠯᠭᠡᠵᠢᠭᠦᠯᠬᠦ ᠳᠤ ᠬᠡᠷᠡᠯ ᠰᠠᠴᠤᠷᠠᠩᠭᠤᠢ ᠬᠡᠪ ᠳᠠᠭᠤᠷᠢᠶᠠᠯ ᠪᠣᠯᠤᠭᠰᠠᠨ ᠪᠠᠶᠢᠨ᠎ᠠ᠃ 35 ᠵᠢᠯ ᠤᠨ | ᠲᠤᠷᠰᠢ᠂ ᠹᠦᠵᠢᠶᠠᠨ ︽ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠰᠤᠷᠲᠠᠯ ᠢ ᠶᠡᠭᠡ ᠪᠠᠷ ᠤᠯᠠᠮᠵᠢᠯᠠᠨ ᠪᠠᠳᠠᠷᠠᠭᠤᠯᠵᠤ᠂ ︽ᠲᠦᠷᠪᠡ ᠶᠢ | ᠦᠨᠳᠦᠰᠦᠨ ᠱᠠᠲᠤᠨ ᠳᠤ ᠪᠠᠭᠤᠯᠭᠠᠬᠤ︾ ᠶᠢᠨ ᠠᠭᠤᠯᠤᠭᠳᠠᠬᠤᠨ ᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠠᠴᠢᠶᠠᠯᠠᠪᠤᠷᠢ ᠶᠢ ᠲᠠᠰᠤᠷᠠᠯᠳᠠ ᠦᠭᠡᠢ | ᠪᠠᠶᠠᠯᠢᠭᠵᠢᠭᠤᠯᠵᠤ᠂ ᠲᠦᠷᠢᠮ ᠢ ᠡᠳᠦᠷ ᠢᠷᠡᠬᠦᠶ᠎ᠡ ᠲᠡᠭᠦᠯᠳᠡᠷᠵᠢᠭᠦᠯᠵᠦ᠂ ᠥᠷᠭᠡᠨ ᠤᠯᠠᠨ ᠺᠠᠳ᠋ᠷ ᠤᠯᠠᠨ ᠲᠦᠮᠡᠨ ᠤ ᠦᠷᠭᠦᠯᠵᠢᠯᠡᠨ ᠲᠡᠮᠡᠴᠡᠬᠦ ᠬᠦᠴᠦᠷᠬᠡᠭ ᠶᠡᠭᠡ | ᠬᠥᠳᠡᠯᠭᠡᠬᠦ ᠬᠦᠴᠦᠨ ᠪᠣᠯᠵᠠᠢ᠃ | ︽ᠳᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠪᠣᠯ ᠺᠠᠳ᠋ᠷ ᠤᠨ ᠰᠤᠷᠲᠠᠯ ᠢ ᠬᠤᠪᠢᠷᠠᠭᠤᠯᠬᠤ᠂ ᠤᠯᠠᠨ ᠲᠦᠮᠡᠨ ᠲᠠᠢ ᠨᠢᠭᠲᠠ ᠬᠠᠷᠢᠯᠴᠠᠬᠤ ᠴᠢᠬᠤᠯᠠ | ᠡᠷᠳᠡᠨᠢ ᠮᠥᠨ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ ᠪᠦᠲᠦᠮᠵᠢᠲᠡᠢ ᠠᠷᠭ᠎ᠠ ᠮᠥᠨ᠂ ᠨᠠᠮ ᠤᠨ ᠪᠠᠶᠢᠭᠤᠯᠤᠯᠲᠠ ᠶᠢ | ᠴᠢᠩᠭᠠᠳᠬᠠᠬᠤ᠂ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢᠨ ᠡᠷᠬᠢᠮ ᠨᠠᠨᠳᠢᠨ ᠥᠪ ᠬᠦᠷᠦᠩᠭᠡ ᠮᠥᠨ ᠭᠡᠳᠡᠭ ᠢ ᠦᠢᠯᠡᠳᠦᠯᠭᠡ ᠭᠦᠢᠴᠡᠳ ᠭᠡᠷᠡᠴᠢᠯᠡᠪᠡ᠃ | ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠤᠯᠠᠨ ᠲᠦᠮᠡᠨ ᠤ ᠡᠭᠦᠳᠡᠨ ᠳᠤ ᠥᠷᠨᠢᠭᠦᠯᠵᠦ᠂ ᠦᠨᠳᠦᠰᠦᠨ ᠱᠠᠲᠤᠨ ᠳᠤ ᠬᠦᠷᠬᠦ ᠲᠤᠳᠤᠮ ︽ | ᠪᠣᠳᠠᠲᠠᠢ ᠪᠠᠶᠢᠬᠤ︾ ᠶᠢ ᠲᠤᠪᠤᠶᠢᠯᠭᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ᠄ ︽ᠪᠣᠳᠠᠲᠠᠢ ᠪᠠᠶᠢᠬᠤ ᠱᠠᠭᠠᠷᠳᠠᠯᠭ᠎ᠠ ᠶᠢ ᠭᠤᠣᠯ ᠰᠡᠳᠦᠪᠲᠦ ᠬᠥᠮᠦᠵᠢᠯ ᠤᠨ | ᠪᠦᠬᠦ ᠶᠠᠪᠤᠴᠠ ᠳᠤ ᠲᠤᠤᠱᠯᠠᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠰᠡᠷᠭᠡᠶᠢᠯᠡᠨ ᠲᠡᠪᠴᠢᠵᠦ᠂ ᠤᠨᠤᠯ ᠤᠨ ᠰᠤᠷᠤᠯᠴᠠᠯᠭ᠎ᠠ ᠪᠠ ᠪᠠᠶᠢᠴᠠᠭᠠᠨ | ᠰᠤᠳᠤᠯᠤᠯᠲᠠ ᠶᠢ ᠦᠨᠡᠨ ᠪᠣᠳᠠᠲᠠᠢ ᠰᠠᠶᠢᠲᠤᠷ ᠠᠳᠬᠤᠵᠤ᠂ ᠲᠤᠪᠤᠶᠢᠮ᠎ᠠ ᠠᠰᠠᠭᠤᠳᠠᠯ ᠢ ᠦᠨᠡᠨ ᠪᠣᠳᠠᠲᠠᠢ ᠪᠠᠶᠢᠴᠠᠭᠠᠨ ᠦᠵᠡᠵᠦ ᠴᠡᠭᠴᠡᠯᠡᠨ ᠵᠠᠯᠠᠷᠠᠭᠤᠯᠵᠤ᠂ | ᠠᠷᠠᠳ ᠲᠤ ᠠᠰᠢᠭ ᠬᠦᠷᠲᠡᠭᠡᠭᠦ ᠪᠣᠳᠠᠲᠤ ᠶᠠᠪᠤᠳᠠᠯ ᠢ ᠦᠨᠡᠨ ᠪᠣᠳᠠᠲᠠᠢ ᠰᠠᠶᠢᠲᠤᠷ ᠬᠢᠵᠦ᠂ ᠪᠣᠳᠠᠲᠠᠢ ᠠᠵᠢᠯᠯᠠᠬᠤ ᠪᠠᠷ ᠬᠥᠭᠵᠢᠯᠲᠡ ᠶᠢ ᠠᠬᠢᠭᠤᠯᠵᠤ᠂ ᠠᠷᠠᠳ ᠤᠨ | ᠢᠲᠡᠭᠡᠯ ᠢ ᠤᠯᠬᠤ ᠬᠡᠷᠡᠭᠲᠡᠢ︾ ᠭᠡᠵᠦ ᠴᠢᠬᠤᠯᠠᠴᠢᠯᠠᠪᠠ᠃ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠭᠦᠨᠵᠡᠭᠡᠢ ᠯᠠᠪᠳᠠᠭᠤᠨ ᠦᠷᠨᠢᠭᠦᠯᠭᠦ ᠳᠤ | ᠰᠠᠭᠤᠷᠢ ᠪᠠᠨ ᠪᠠᠲᠤᠳᠬᠠᠨ ᠦᠨᠳᠦᠰᠦ ᠪᠠᠨ ᠪᠠᠬᠢᠵᠢᠭᠦᠯᠬᠦ ᠶᠢ ᠨᠡᠩ ᠴᠢᠬᠤᠯᠠᠴᠢᠯᠠᠵᠤ᠂ ︽ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠡᠨᠡ ᠬᠦ ᠴᠢᠬᠤᠯᠠ | ᠭᠠᠷᠳᠠᠴᠠ ᠶᠢ ᠭᠦᠢᠴᠡᠳ ᠰᠠᠶᠢᠲᠤᠷ ᠬᠡᠷᠡᠭᠯᠡᠵᠦ᠂ ᠨᠠᠮ ᠤᠨ ᠤᠨᠤᠯ ᠪᠣᠯᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠤᠬᠠᠭᠤᠯᠬᠤ ᠶᠢ ᠴᠢᠬᠤᠯᠠ ᠶᠡᠭᠡ | ᠡᠭᠦᠷᠭᠡ ᠪᠣᠯᠭᠠᠵᠤ᠂ ᠪᠠᠶᠢᠴᠠᠭᠠᠨ ᠰᠤᠳᠤᠯᠤᠯᠲᠠ ᠬᠢᠬᠦ ᠶᠢ ᠴᠢᠬᠤᠯᠠ ᠠᠷᠭ᠎ᠠ ᠵᠠᠮ ᠪᠣᠯᠭᠠᠵᠤ᠂ ᠠᠰᠠᠭᠤᠳᠠᠯ ᠢ ᠰᠢᠢᠳᠪᠦᠷᠢᠯᠡᠬᠦ ᠪᠠᠷ ᠵᠠᠩᠭᠢᠯᠠᠭ᠎ᠠ ᠶᠢᠨ ᠤᠳᠤᠷᠢᠳᠤᠮᠵᠢ | ᠪᠣᠯᠭᠠᠵᠤ᠂ ᠬᠥᠭᠵᠢᠯᠲᠡ ᠶᠢ ᠠᠬᠢᠭᠤᠯᠬᠤ ᠪᠠᠷ ᠲᠤᠰᠤᠯᠳᠠ ᠪᠣᠯᠭᠠᠵᠤ᠂ ᠭᠤᠣᠯ ᠰᠡᠳᠦᠪᠲᠦ ᠬᠥᠮᠦᠵᠢᠯ ᠤᠨ ᠴᠢᠨᠠᠷ ᠰᠠᠶᠢᠲᠠᠢ ᠰᠠᠶᠢᠨ ᠦᠷ᠎ᠡ ᠪᠦᠲᠦᠮᠵᠢ ᠭᠠᠷᠭᠠᠬᠤ ᠶᠢ | ᠠᠳᠬᠤᠵᠤ᠂ ᠤᠯᠠᠨ ᠲᠦᠮᠡᠨ ᠳᠤ ᠪᠣᠳᠠᠲᠤ ᠦᠷ᠎ᠡ ᠠᠰᠢᠭ ᠢ ᠤᠯᠵᠤ ᠬᠠᠷᠠᠭᠤᠯᠬᠤ ᠬᠡᠷᠡᠭᠲᠡᠢ᠃ | ᠠᠷᠠᠳ ᠲᠦᠮᠡᠨ ᠢᠶᠠᠷ ᠭᠤᠤᠯ ᠪᠣᠯᠭᠠᠬᠤ ᠥᠷᠲᠡᠭ ᠤᠨ ᠬᠥᠭᠡᠭᠡᠴᠡᠯᠳᠦᠯ ᠢ ᠪᠠᠲᠤᠳᠬᠠᠬᠤ ᠬᠡᠷᠡᠭᠲᠡᠶ᠃ ᠠᠯᠢᠪᠠ ᠪᠦᠬᠦᠨ ᠳᠤ ᠠᠷᠠᠳ ᠲᠦᠮᠡᠨ ᠤ ᠲᠥᠯᠥᠭᠡ ᠪᠠᠶᠢᠬᠤ᠂ | ᠠᠯᠢᠪᠠ ᠪᠦᠬᠦᠨ ᠳᠤ ᠠᠷᠠᠳ ᠲᠦᠮᠡᠨ ᠳᠤ ᠲᠦᠰᠢᠭᠯᠡᠬᠦ᠂ ᠨᠠᠮ ᠤᠨ ᠵᠣᠷᠢᠯᠲᠠ ᠶᠢ ᠦᠢᠯᠡᠳᠦᠯᠭᠡᠵᠢᠭᠦᠯᠬᠦ᠂ ᠵᠣᠷᠢᠭ ᠰᠢᠭᠤᠳᠤᠨ ᠠᠷᠠᠳ ᠲᠦᠮᠡᠨ ᠳᠤ ᠪᠤᠶᠠᠨ | ᠦᠢᠯᠡᠳᠬᠦ ᠪᠣᠯ ︽ᠳᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠶᠢᠨ ᠵᠣᠷᠢᠭ ᠰᠠᠨᠠᠭᠠᠨ ᠤ ᠮᠥᠨ ᠴᠢᠨᠠᠷ ᠪᠠ ᠦᠢᠯᠡᠳᠦᠯᠭᠡ ᠶᠢᠨ ᠱᠠᠭᠠᠷᠳᠠᠯᠭ᠎ᠠ ᠮᠥᠨ᠃ | ᠶᠡᠷᠦᠩᠬᠡᠢ ᠱᠦᠵᠢ ᠰᠢ ᠶᠢᠨ ᠫᠢᠩ᠄ ︽ᠳᠤᠮᠳᠠᠳᠤ ᠤᠯᠤᠰ ᠤᠨ ᠡᠪ ᠬᠠᠮᠲᠤ ᠨᠠᠮ ᠪᠣᠯ ᠠᠷᠠᠳ ᠲᠦᠮᠡᠨ ᠳᠤ ᠤᠴᠢᠷ ᠶᠠᠪᠤᠳᠠᠯ ᠪᠦᠲᠦᠭᠡᠵᠦ ᠦᠭᠳᠡᠭ᠂ ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠣᠯ ᠳᠠᠷᠤᠢ ᠪᠢᠳᠡᠨ ᠤ ᠲᠡᠮᠡᠴᠡᠬᠦ ᠬᠠᠷᠠᠯᠲᠠ ᠮᠥᠨ᠂ ᠡᠷᠬᠡᠪᠰᠢ ᠪᠠᠲᠤ ᠰᠠᠬᠢᠬᠤ ᠠᠷᠠᠳ ᠲᠦᠮᠡᠨ ᠤ | ᠰᠡᠳᠬᠢᠯ ᠮᠥᠨ︾ ᠭᠡᠵᠦ ᠴᠢᠬᠤᠯᠠᠴᠢᠯᠠᠪᠠ᠃ ᠤᠷᠤᠭᠰᠢᠯᠠᠯᠲᠠ ᠶᠢᠨ ᠵᠠᠮ ᠳᠡᠭᠡᠷ᠎ᠡ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢᠮᠠᠭᠲᠠ ᠠᠷᠠᠳ ᠲᠦᠮᠡᠨ ᠢ | ᠳᠡᠭᠡᠳᠦᠯᠡᠬᠦ ᠶᠢ ᠪᠠᠷᠢᠮᠲᠠᠯᠠᠵᠤ᠂ ᠢᠮᠠᠭᠲᠠ ᠠᠷᠠᠳ ᠲᠦᠮᠡᠨ ᠢ ᠰᠡᠳᠬᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠠᠷᠠᠳ ᠲᠦᠮᠡᠨ ᠤ | ᠪᠤᠳᠤᠵᠦ ᠪᠠᠶᠢᠭ᠎ᠠ ᠵᠦᠢᠯ ᠢ ᠪᠤᠳᠤᠵᠦ᠂ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠭᠦᠢᠴᠡᠳᠬᠡᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ | ᠡᠷᠡᠮᠡᠯᠵᠡᠯ ᠢ ᠲᠠᠰᠤᠷᠠᠯᠳᠠ ᠦᠭᠡᠢ ᠪᠣᠳᠠᠲᠤ ᠠᠬᠤᠢ ᠪᠣᠯᠭᠠᠬᠤ ᠬᠡᠷᠡᠭᠲᠡᠢ᠃ ᠣᠯᠠᠨ ᠲᠦᠮᠡᠨ ᠲᠠᠢ ᠨᠢᠭᠲᠠ ᠬᠠᠷᠢᠯᠴᠠᠬᠤ ᠠᠵᠢᠯ ᠤᠨ ᠠᠷᠭ᠎ᠠ ᠶᠢ ᠦᠢᠯᠡᠳᠦᠯᠭᠡᠵᠢᠭᠦᠯᠭᠦ | ᠬᠡᠷᠡᠭᠲᠡᠢ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠪᠣᠯ ᠣᠯᠠᠨ ᠲᠦᠮᠡᠨ ᠲᠠᠢ ᠨᠢᠭᠲᠠ ᠬᠠᠷᠢᠯᠴᠠᠬᠤ ᠴᠢᠬᠤᠯᠠ ᠠᠷᠭ᠎ᠠ ᠵᠠᠮ ᠮᠥᠨ᠃ | ᠲᠤᠬᠠᠢ ᠶᠢᠨ ᠵᠢᠯ ᠳᠤ᠂ ᠰᠢ ᠶᠢᠨ ᠫᠢᠩ ᠨᠥᠬᠦᠷ ᠨᠢᠩᠳᠧ ᠶᠢᠨ ᠨᠠᠮ ᠵᠠᠰᠠᠭ ᠤᠨ ᠪᠠᠶᠢᠭᠤᠯᠤᠯᠭ᠎ᠠ ᠶᠢᠨ ᠺᠠᠳ᠋ᠷᠴᠤᠳ ᠢ ᠳᠠᠭᠠᠭᠤᠯᠤᠨ ︽ᠳᠦᠷᠪᠡ ᠶᠢ ᠦᠨᠳᠦᠰᠦᠨ | ᠱᠠᠲᠤᠨ ᠳᠤ ᠪᠠᠭᠤᠯᠭᠠᠬᠤ︾ ᠶᠢ ᠦᠢᠯᠡᠳᠦᠯᠭᠡᠵᠢᠭᠦᠯᠬᠦ ᠪᠠᠷ ᠳᠠᠮᠵᠢᠨ᠂ ᠤᠯᠠᠨ ᠲᠦᠮᠡᠨ ᠤ ᠳᠡᠭᠡᠭᠰᠢ ᠰᠤᠷᠪᠤᠯᠵᠢᠯᠠᠬᠤ ᠶᠢ ᠤᠳᠤᠷᠢᠳᠤᠯᠭ᠎ᠠ ᠶᠢᠨ ᠳᠣᠷᠣᠭᠰᠢ | ᠰᠤᠷᠪᠤᠯᠵᠢᠯᠠᠬᠤ ᠪᠣᠯᠭᠠᠨ ᠬᠤᠪᠢᠷᠠᠭᠤᠯᠵᠤ᠂ ᠰᠠᠨᠠᠭᠠᠴᠢᠯᠠᠭᠠᠲᠤ ᠪᠤᠰᠤ ᠪᠠᠷ ᠦᠢᠯᠡᠴᠢᠯᠡᠬᠦ ᠶᠢ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠣᠯᠭᠠᠨ ᠬᠤᠪᠢᠷᠠᠭᠤᠯᠵᠤ᠂ | ᠨᠠᠮ ᠪᠣᠯᠤᠨ ᠠᠷᠠᠳ ᠲᠦᠮᠡᠨ ᠤ ︽ᠰᠡᠳᠬᠢᠯ ᠤᠨ ᠬᠤᠯᠪᠤᠭᠠᠰᠤ ᠬᠥᠭᠦᠷᠭᠡ︾ ᠶᠢ ᠴᠣᠭᠴᠠᠯᠠᠵᠠᠢ᠃ ᠤᠯᠠᠨ ᠲᠦᠮᠡᠨᠴᠢ ᠱᠤᠭᠤᠮ ᠪᠣᠯ ᠮᠠᠨ ᠤ ᠨᠠᠮ ᠤᠨ ᠠᠮᠢᠨ | ᠰᠤᠳᠠᠰᠤ ᠪᠠ ᠦᠨᠳᠦᠰᠦᠨ ᠠᠵᠢᠯ ᠤᠨ ᠱᠤᠭᠤᠮ ᠮᠥᠨ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠯᠠᠨ ᠲᠦᠮᠡᠨᠴᠢ ᠦᠵᠡᠯᠲᠡ᠂ ᠤᠯᠠᠨ ᠲᠦᠮᠡᠨᠴᠢ | ᠱᠤᠭᠤᠮ ᠢ ᠦᠵᠡᠯ ᠰᠠᠨᠠᠭᠠᠨ ᠳᠠᠭᠠᠨ ᠭᠦᠨ ᠦᠨᠳᠦᠰᠦᠯᠡᠭᠦᠯᠵᠦ᠂ ᠦᠢᠯᠡ ᠠᠵᠢᠯᠯᠠᠭ᠎ᠠ ᠳᠠᠭᠠᠨ ᠪᠣᠳᠠᠲᠠᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠳᠤᠮᠳᠠ | ᠣᠴᠢᠬᠤ᠂ ᠦᠢᠯᠡᠳᠦᠯᠭᠡ ᠶᠢᠨ ᠳᠤᠮᠳᠠ ᠣᠴᠢᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠤ ᠪᠤᠳᠤᠵᠤ ᠬᠦᠰᠡᠵᠦ ᠪᠠᠶᠢᠭ᠎ᠠ ᠵᠦᠢᠯ ᠢ | ᠰᠣᠨᠣᠰᠴᠤ᠂ ᠨᠠᠮ ᠪᠣᠯᠤᠨ ᠠᠷᠠᠳ ᠤᠯᠠᠨ ᠤ ᠴᠢᠰᠤ ᠮᠢᠬᠠᠨ ᠤ ᠬᠠᠷᠢᠴᠠᠭ᠎ᠠ ᠶᠢ ᠢᠮᠠᠭᠲᠠ ᠪᠠᠲᠤᠯᠠᠬᠤ ᠬᠡᠷᠡᠭᠲᠡᠢ᠃ ᠠᠷᠠᠳ ᠲᠦᠮᠡᠨ ᠤ ᠲᠥᠯᠥᠭᠡ ᠠᠵᠢᠯ ᠶᠠᠪᠤᠳᠠᠯ | ᠬᠢᠬᠦ᠂ ᠠᠷᠠᠳ ᠲᠦᠮᠡᠨ ᠳᠤ ᠪᠤᠶᠠᠨ ᠦᠢᠯᠡᠳᠬᠦ ᠶᠢ ᠬᠠᠮᠤᠭ ᠤᠨ ᠴᠢᠬᠤᠯᠠ ᠠᠵᠢᠯ ᠤᠨ ᠪᠦᠲᠦᠮᠵᠢ ᠪᠤᠯᠭᠠᠬᠤ ᠬᠡᠷᠡᠭᠲᠡᠢ᠃ ︽ᠳᠥᠷᠪᠡ ᠶᠢ ᠦᠨᠳᠦᠰᠦᠨ ᠱᠠᠲᠤᠨ ᠳᠤ | ᠪᠠᠭᠤᠯᠭᠠᠬᠤ︾ ᠶᠢᠨ ᠵᠣᠷᠢᠯᠭ᠎ᠠ ᠪᠣᠯ ᠳᠠᠷᠤᠶ ᠠᠷᠠᠳ ᠲᠦᠮᠡᠨ ᠳᠤ ᠦᠢᠯᠡᠴᠢᠯᠡᠵᠦ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ ᠶᠤᠮ᠃ ᠲᠤᠬᠠᠢ ᠶᠢᠨ | ᠵᠢᠯ ᠳᠤ᠂ ᠰᠢ ᠶᠢᠨ ᠫᠢᠩ ᠨᠥᠬᠦᠷ ᠰᠢᠶᠠ ᠳ᠋ᠠᠩ ᠲᠤᠰᠬᠤᠨ ᠳᠤ ᠭᠤᠷᠪᠠᠨᠳᠠ ᠪᠠᠭᠤᠵᠤ ᠶᠠᠳᠠᠭᠤ ᠬᠦᠴᠢᠷᠳᠡᠯᠲᠡᠢ ᠬᠥᠮᠦᠰ ᠢ ᠰᠤᠷᠪᠤᠯᠵᠢᠯᠠᠨ᠂ ᠲᠤᠬᠠᠢ ᠶᠢᠨ | ᠲᠠᠯᠠᠪᠠᠢ ᠳᠤ ᠠᠯᠪᠠᠯᠠᠵᠤ᠂ ᠰᠢᠶᠠ ᠳ᠋ᠠᠩ ᠲᠣᠰᠬᠤᠨ ᠤ ᠵᠠᠰᠠᠮᠠᠯ ᠵᠠᠮ ᠪᠣᠯᠤᠨ ᠤᠰᠤ ᠴᠠᠬᠢᠯᠭᠠᠨ ᠤ ᠪᠦᠳᠦᠭᠡᠨ ᠪᠠᠶᠢᠭᠤᠯᠤᠯᠲᠠ᠂ ᠰᠢᠶᠠ ᠫᠢᠩ ᠹᠧᠩ ᠲᠣᠰᠬᠤᠨ ᠤ | ᠭᠠᠮᠰᠢᠭ ᠤᠨ ᠳᠠᠷᠠᠭᠠᠬᠢ ᠲᠠᠬᠢᠨ ᠪᠦᠳᠦᠭᠡᠨ ᠪᠠᠶᠢᠭᠤᠯᠤᠯᠲᠠ ᠵᠡᠷᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠲᠤᠬᠠᠢ ᠶᠢᠨ ᠭᠠᠵᠠᠷ ᠤᠨ ᠤᠯᠠᠨ ᠲᠦᠮᠡᠨ ᠳᠤ | ᠪᠤᠶᠠᠨ ᠦᠢᠯᠡᠳᠴᠡᠢ᠃ ᠠᠷᠠᠳ ᠤᠨ ᠲᠥᠯᠥᠭᠡ ᠪᠣᠳᠠᠲᠠᠢ ᠠᠵᠢᠯ ᠬᠢᠬᠦ ᠪᠣᠯ ᠭᠤᠣᠯ ᠰᠡᠳᠦᠪᠲᠦ ᠬᠥᠮᠦᠵᠢᠯ ᠤᠨ ᠬᠥᠮᠦᠰ ᠤᠨ ᠰᠡᠳᠬᠢᠯ ᠢ ᠤᠯᠬᠤ᠂ ᠠᠷᠠᠳ ᠤᠨ | ᠰᠡᠳᠬᠢᠯ ᠢ ᠨᠢᠭᠲᠠᠷᠠᠭᠤᠯᠬᠤ ᠶᠢᠨ ᠪᠦᠲᠦᠮᠵᠢᠲᠡᠢ ᠪᠠᠲᠤᠯᠠᠭ᠎ᠠ ᠮᠥᠨ᠃ | ᠰᠢᠨ᠎ᠡ ᠠᠶᠠᠨ ᠵᠠᠮ ᠳᠤ᠂ ᠭᠤᠣᠯ ᠰᠡᠳᠦᠪᠲᠦ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠵᠥᠪ ᠣᠨᠣᠪᠴᠢᠲᠠᠢ ᠠᠵᠢᠯ ᠤᠨ ᠠᠮᠵᠢᠯᠲᠠ ᠶᠢᠨ ᠦᠵᠡᠯᠲᠡ ᠶᠢ | ᠪᠠᠲᠤ ᠪᠤᠢ ᠪᠣᠯᠭᠠᠵᠤ᠂ ᠬᠥᠭᠵᠢᠯᠲᠡ ᠶᠢᠨ ᠬᠡᠷᠡᠭᠴᠡᠭᠡ᠂ ᠥᠭᠡᠷᠡᠴᠢᠯᠡᠯᠲᠡ ᠶᠢᠨ ᠪᠠᠴᠢᠮ ᠱᠠᠭᠠᠷᠳᠠᠯᠭ᠎ᠠ᠂ ᠦᠨᠳᠦᠰᠦᠨ ᠱᠠᠲᠤᠨ ᠤ ᠬᠦᠰᠡᠯ ᠡᠷᠡᠮᠡᠯᠵᠡᠯ᠂ ᠠᠷᠠᠳ ᠤᠨ | ᠰᠡᠳᠬᠢᠯ ᠤᠨ ᠬᠠᠨᠳᠤᠰᠢ ᠶᠢᠨ ᠲᠤᠪᠤᠶᠢᠮ᠎ᠠ ᠠᠰᠠᠭᠤᠳᠠᠯ ᠢ ᠴᠢᠩᠭ᠎ᠠ ᠡᠵᠡᠮᠳᠡᠵᠦ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠶᠢᠳᠠᠨ | ᠬᠥᠮᠦᠵᠢᠭᠦᠯᠬᠦ᠂ ᠨᠠᠰᠤᠵᠢᠯ᠂ ᠣᠷᠣᠨ ᠰᠠᠭᠤᠴᠠ ᠵᠡᠷᠭᠡ ᠲᠠᠯ᠎ᠠ ᠶᠢᠨ ᠤᠯᠠᠨ ᠲᠦᠮᠡᠨ ᠤ ᠪᠠᠴᠢᠮᠳᠠᠨ ᠬᠦᠴᠢᠷᠲᠡᠵᠦ ᠵᠤᠪᠠᠨᠢᠨ ᠬᠦᠰᠡᠵᠦ ᠪᠠᠶᠢᠭ᠎ᠠ ᠠᠰᠠᠭᠤᠳᠠᠯ ᠢ | ᠠᠳᠬᠤᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭᠠᠨ ᠳᠤ ᠨᠡᠶᠢᠴᠡᠭᠦᠯᠬᠦ ᠠᠵᠢᠯ ᠢ | ᠦᠨᠡᠨ ᠬᠦ ᠤᠯᠠᠨ ᠲᠦᠮᠡᠨ ᠰᠡᠳᠬᠢᠯ ᠬᠠᠨᠤᠮᠵᠢᠳᠠᠢ ᠪᠤᠯᠳᠠᠯ᠎ᠠ ᠬᠢᠭᠦ ᠬᠡᠷᠡᠭᠲᠡᠢ᠃ ᠦᠨᠳᠦᠰᠦᠨ ᠱᠠᠳᠤ ᠪᠣᠯ ᠨᠠᠮ ᠤᠨ ᠲᠦᠷᠦ ᠪᠠᠷᠢᠬᠤ ᠰᠠᠭᠤᠷᠢ᠂ ᠬᠦᠴᠦᠨ | ᠴᠢᠳᠠᠯ ᠤᠨ ᠡᠬᠢ ᠰᠤᠷᠪᠤᠯᠵᠢ ᠮᠥᠨ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠨᠢ ᠦᠢᠯᠡᠳᠦᠯᠭᠡ ᠶᠢᠨ ᠳᠤᠮᠳᠠ ᠭᠡᠷᠡᠯ ᠭᠢᠯᠪᠠᠭ᠎ᠠ ᠪᠠᠨ | ᠰᠠᠴᠤᠷᠠᠭᠤᠯᠵᠤ᠂ ᠶᠠᠪᠤᠬᠤ ᠲᠤᠳᠤᠮ ᠰᠢᠨᠡᠳᠴᠦ ᠪᠠᠶᠢᠭ᠎ᠠ ᠴᠠᠭ ᠦᠶ᠎ᠡ ᠶᠢᠨ ᠦᠷᠳᠡᠭ ᠪᠣᠯᠤᠨ ᠦᠢᠯᠡᠳᠦᠯᠭᠡ ᠶᠢᠨ ᠠᠴᠢ ᠬᠤᠯᠪᠣᠭᠳᠠᠯ ᠢ ᠢᠯᠡᠷᠡᠭᠦᠯᠪᠡ᠃ ᠰᠢᠨ᠎ᠡ | ᠠᠶᠠᠨ ᠵᠠᠮ ᠳᠤ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠰᠤᠷᠲᠠᠯ ᠢ ᠤᠯᠠᠮᠵᠢᠯᠠᠨ ᠪᠠᠳᠠᠷᠠᠭᠤᠯᠵᠤ᠂ ᠲᠡᠭᠦᠨ ᠳᠤ ᠠᠭᠤᠯᠤᠭᠳᠠᠵᠤ | ᠪᠠᠶᠢᠭ᠎ᠠ ᠠᠷᠠᠳ ᠲᠦᠮᠡᠨ ᠤ ᠵᠣᠭᠰᠣᠯᠲᠠ᠂ ᠠᠷᠠᠳᠴᠢ ᠰᠡᠳᠬᠢᠯᠭᠡ᠂ ᠤᠳᠤᠷᠢᠳᠬᠤ ᠠᠷᠭ᠎ᠠ᠂ ᠦᠵᠡᠯ ᠰᠠᠨᠠᠭᠠᠨ ᠤ ᠠᠷᠭ᠎ᠠ᠂ ᠠᠵᠢᠯ ᠤᠨ ᠠᠷᠭ᠎ᠠ ᠶᠢ ᠰᠢᠩᠭᠡᠭᠡᠨ | ᠠᠪᠴᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠬᠤ ᠪᠠᠷ | ᠴᠢᠷᠮᠠᠶᠢᠪᠠᠯ ᠯᠠᠪᠲᠠᠢ ᠤᠯᠤᠰ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠳᠤ ᠰᠦᠷ ᠳᠠᠯᠠᠶᠢᠴᠠᠲᠠᠢ ᠬᠦᠴᠦᠨ ᠢ | ᠨᠢᠭᠲᠠᠷᠠᠭᠤᠯᠵᠤ ᠴᠢᠳᠠᠨ᠎ᠠ᠃ |