ᠣᠯᠢᠮᠫᠢᠺ ᠤᠨ ᠲᠠᠮᠢᠷ ᠤᠨ ᠴᠤᠭᠯᠠᠭᠠᠨ ᠤ ᠮᠠᠩᠯᠠᠶ ᠰᠢᠤᠢ ᠮᠤᠩ ᠲᠤᠤ ᠵᠠᠯᠠᠨ ᠠᠶᠢᠯ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠳᠦᠷᠢ ᠲᠥᠷᠬᠦ ᠶᠢᠨ ᠡᠯᠴᠢᠨ ᠰᠠᠶᠢᠳ ᠪᠣᠯᠪᠠ
ᠨᠡᠶᠢᠲᠡᠯᠡᠭᠰᠡᠨ ᠴᠠᠭ᠄
2024/1/2
    12 ᠰᠠᠷ᠎ᠠ ᠶᠢᠨ 29 ᠤ ᠡᠳᠦᠷ᠂ ᠵᠠᠯᠠᠨ ᠠᠶᠢᠯ ᠬᠤᠲᠠ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠳᠦᠷᠢ ᠲᠥᠷᠬᠦ ᠶᠢᠨ ᠡᠯᠴᠢᠨ ᠰᠠᠶᠢᠳ ᠢ ᠤᠷᠢᠨ ᠲᠣᠮᠢᠯᠠᠬᠤ ᠶᠣᠰᠣᠯᠠᠯ ᠶᠠᠪᠤᠭᠤᠯᠵᠤ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠪᠡᠭᠡᠵᠢᠩ ᠤᠨ ᠡᠪᠦᠯ ᠤᠨ ᠣᠯᠧᠮᠫᠢᠺ ᠴᠤᠭᠯᠠᠭᠠᠨ ᠮᠠᠩᠯᠠᠶ᠂ ᠤᠯᠤᠰ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠳᠡᠯᠭᠡᠷᠡᠭᠦᠯᠬᠦ ᠡᠯᠴᠢᠨ ᠰᠠᠶᠢᠳ ᠰᠢᠤᠢ ᠮᠤᠩ ᠲᠤᠤ  ᠶᠢᠤᠷᠢᠨ ᠲᠣᠮᠢᠯᠠᠭᠰᠠᠨ ᠦᠨᠡᠮᠯᠡᠯ ᠣᠯᠭᠤᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢᠦ ᠭᠦᠸᠧ ᠬᠤᠸᠠ ᠪᠠᠶᠠᠷ ᠤᠨ ᠦᠭᠡ ᠬᠡᠯᠡᠵᠦ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠰᠢᠶᠤᠤ ᠬᠤᠶ ᠶᠣᠰᠣᠯᠠᠯ ᠢ ᠡᠷᠭᠢᠯᠡᠪᠡ᠃     ᠰᠢᠤᠢ ᠮᠤᠩ ᠲᠤᠤ ᠪᠣᠯ ᠳᠤᠮᠳᠠᠳᠤ ᠤᠯᠤᠰ ᠤᠨ ᠴᠠᠰᠤᠨ ᠳᠡᠭᠡᠷᠡᠬᠢ ᠤᠷᠤᠯᠳᠤᠭᠠᠨ ᠤ ᠵᠦᠢᠯ ᠤᠨ ᠬᠠᠮᠤᠭ ᠲᠡᠷᠢᠭᠦᠨ ᠤ ᠪᠦᠷᠢᠨ ᠭᠦᠢᠴᠡᠳ ᠬᠦᠷᠲᠡᠭᠴᠢ ᠮᠥᠨ ᠂ ᠳᠤᠮᠳᠠᠳᠤ ᠤᠯᠤᠰ ᠤᠨ ᠴᠠᠰᠤᠨ ᠳᠡᠭᠡᠷᠡᠬᠢ ᠤᠷᠤᠯᠳᠤᠭᠠᠨ ᠤ ᠵᠦᠢᠯ ᠤᠨ ᠡᠮᠡᠭᠲᠡᠶ ᠶᠢᠨ ᠡᠪᠦᠯ ᠤᠨ ᠤᠯᠠᠷᠢᠯ ᠤᠨ ᠳᠤᠮᠳᠠᠳᠤ ᠤᠯᠤᠰ ᠤᠨ ᠣᠯᠢᠮᠫᠢᠺ ᠤᠨ ᠵᠥᠪᠯᠡᠯ ᠤᠨ ᠲᠠᠮᠢᠷᠴᠢᠳ ᠤᠨ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠺᠣᠮᠢᠰ ᠤᠨ ᠭᠡᠰᠢᠭᠦᠨ᠂ ᠤᠯᠤᠰ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠳᠡᠯᠭᠡᠷᠡᠭᠦᠯᠬᠦ ᠡᠯᠴᠢᠨ ᠰᠠᠶᠢᠳ᠂ ᠣᠯᠠᠨ ᠤᠯᠤᠰ ᠤᠨ ᠴᠠᠰᠤᠨ ᠤ ᠬᠤᠯᠪᠣᠭᠠᠨ ᠤ ᠴᠢᠯᠥᠭᠡᠲᠦ ᠮᠠᠶ᠋ᠢᠭ ᠤᠨ ᠴᠠᠰᠤᠨ ᠳᠤ ᠭᠤᠯᠭᠤᠬᠤ ᠲᠠᠮᠢᠷᠴᠢᠳ ᠤᠨ ᠺᠣᠮᠢᠰ ᠤᠨ ᠭᠡᠰᠢᠭᠦᠨ᠂ ᠪᠡᠭᠡᠵᠢᠩ ᠤᠨ ᠡᠪᠦᠯ ᠤᠨ ᠣᠯᠧᠮᠫᠢᠺ ᠴᠤᠭᠯᠠᠭᠠᠨ᠂ ᠡᠪᠦᠯ ᠤᠨ ᠵᠡᠮᠳᠡᠭᠴᠦᠳ ᠤᠨ ᠣᠯᠠᠮᠫᠢᠺ ᠶᠢᠨ ᠴᠤᠭᠯᠠᠭᠠᠨ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠤᠪᠢ ᠬᠥᠮᠦᠨ᠂ 2022 ᠣᠨ ᠤ ᠳᠤᠮᠳᠠᠳᠤ ᠤᠯᠤᠰ ᠢ ᠳᠣᠭᠳᠣᠯᠤᠭᠤᠯᠤᠭᠰᠠᠨ ᠠᠷᠪᠠᠨ ᠲᠣᠮᠣ ᠬᠥᠮᠦᠨ᠂ ᠳᠤᠮᠳᠠᠳᠤ ᠤᠯᠤᠰ ᠤᠨ ᠰᠠᠶᠢᠨ ᠬᠥᠮᠦᠨ ᠤ ᠠᠵᠢᠯ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠦᠭᠰᠡᠨ ᠱᠠᠩᠨᠠᠯ ᠢ ᠭᠥᠷᠳᠡᠵᠦ᠂ ᠡᠨᠡ ᠤᠳᠠᠭ᠎ᠠ ᠵᠠᠯᠠᠨ ᠠᠶᠢᠯ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠳᠦᠷᠢ ᠲᠥᠷᠬᠦ ᠶᠢᠨ ᠡᠯᠴᠢᠨ ᠰᠠᠶᠢᠳ ᠢᠶᠠᠷ ᠤᠷᠢᠭᠳᠠᠵᠠᠶ᠃ ᠰᠢᠤᠢ ᠮᠤᠩ ᠲᠤᠤ ᠶᠠᠷᠢᠶᠠᠨ ᠳᠠᠭᠠᠨ ᠬᠡᠯᠡᠭᠰᠡᠨ ᠨᠢ᠂ ᠵᠠᠯᠠᠨ ᠠᠶᠢᠯ ᠬᠤᠲᠠ ᠶᠢᠨ ᠣᠯᠭᠤᠭᠰᠠᠨ ᠢᠷᠠᠭᠤ ᠠᠯᠳᠠᠷ ᠪᠠ ᠢᠲᠡᠭᠡᠯ ᠳᠤ ᠮᠠᠰᠢ ᠲᠠᠯᠠᠷᠬᠠᠵᠤ᠂ ᠵᠠᠯᠠᠨ ᠠᠶᠢᠯ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠦᠷᠢ ᠲᠥᠷᠬᠦ ᠶᠢᠨ ᠡᠯᠴᠢᠨ ᠰᠠᠶᠢᠳ ᠭᠡᠬᠦ ᠡᠨᠡᠬᠦ ᠰᠢᠨ᠎ᠡ ᠪᠡᠶ᠎ᠡ ᠶᠢᠨ ᠭᠠᠷᠤᠯ᠂ ᠰᠢᠨ᠎ᠡ ᠳᠦᠷᠢ᠂ ᠰᠢᠨ᠎ᠡ ᠡᠭᠦᠷᠭᠡ ᠶᠢ ᠴᠠᠭ ᠢᠮᠠᠭᠲᠠ ᠪᠠᠲᠤ ᠴᠡᠭᠡᠵᠢᠯᠡᠵᠦ᠂ ᠢᠳᠡᠪᠬᠢᠲᠡᠢ ᠪᠥᠭᠡᠳ ᠡᠷᠡᠭᠦᠯ᠂ ᠴᠢᠷᠮᠠᠶᠢᠨ ᠲᠡᠮᠡᠴᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢ ᠢᠮᠠᠭᠲᠠ ᠪᠠᠲᠤᠯᠠᠵᠤ᠂ ᠵᠠᠯᠠᠨ ᠠᠶᠢᠯ ᠤᠨ ᠰᠣᠶᠣᠯ ᠤᠨ ᠣᠨᠴᠠᠯᠢᠭ ᠪᠣᠯᠤᠨ ᠵᠤᠭᠠᠴᠠᠯ ᠤᠨ ᠡᠬᠢ ᠪᠠᠶᠠᠯᠢᠭ ᠢ ᠢᠳᠡᠪᠬᠢᠲᠡᠢ ᠤᠯᠠᠮᠵᠢᠯᠠᠵᠤ᠂ ᠰᠣᠶᠣᠯ᠂ ᠵᠤᠭᠠᠴᠠᠯ ᠪᠣᠯᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ᠃     ᠣᠳᠣᠬᠠᠨ ᠳᠤ᠂ ᠵᠠᠯᠠᠨ ᠠᠶᠢᠯ ᠬᠤᠲᠠ ᠶᠢᠨ ᠬᠢᠨ ︽ᠨᠢᠭᠡ ᠤᠳᠠᠭᠠᠨ ᠤ ᠬᠤᠷᠠᠯ ᠢ ᠰᠠᠶᠢᠲᠤᠷ ᠡᠷᠭᠢᠯᠡᠵᠦ᠂ ᠨᠢᠭᠡ ᠬᠤᠲᠠ ᠶᠢ ᠳᠡᠭᠡᠭᠰᠢᠯᠡᠭᠦᠯᠬᠦ︾ ᠬᠠᠷᠠᠯᠲᠠ ᠶᠢᠨ ᠲᠣᠭᠤᠷᠢᠨ ᠳᠤ᠂ ︽ᠠᠷᠪᠠᠨ‌‍ᠲ᠋ᠦ᠋ᠷᠪᠡᠳᠤᠭᠡᠷ  ᠬᠤᠭᠤᠴᠠᠭᠠᠨ ᠤ ᠪᠦᠬᠦ  ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾  ᠤ ᠰᠦᠷ ᠳᠠᠯᠠᠶᠢᠴᠠᠲᠠᠶ ᠳᠣᠷᠣᠨ᠎ᠠ ᠶᠢᠨ ᠰᠠᠯᠬᠢᠨ ᠤ ᠠᠶ᠎ᠠ ᠶᠢ ᠠᠰᠢᠭᠯᠠᠨ᠂ ᠰᠣᠶᠣᠯ ᠤᠨ ᠵᠢᠭᠤᠯᠴᠢᠯᠠᠯ ᠤᠨ ᠠᠵᠤ ᠦᠢᠯᠡᠰ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠦᠨ ᠬᠥᠭᠵᠢᠭᠦᠯᠬᠦ ᠶᠢ ᠲᠦᠷᠭᠡᠳᠬᠡᠨ ᠠᠬᠢᠭᠤᠯᠵᠤ᠂ ︽ᠥᠪᠥᠷ ᠮᠣᠩᠭᠤᠯ ᠤᠨ ᠵᠡᠭᠦᠨ ᠬᠡᠰᠡᠭ ᠤᠨ ᠠᠮᠠᠷᠠᠯᠲᠠ ᠰᠡᠯᠡᠭᠦᠴᠡᠯ ᠵᠢᠭᠤᠯᠴᠢᠯᠠᠯ ᠤᠨ ᠴᠢᠬᠤᠯᠠ ᠵᠣᠷᠢᠭᠰᠠᠨ ᠭᠠᠵᠠᠷ︾ ᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠵᠤ ᠪᠠᠶᠢᠨ᠎ᠠ᠃ ᠡᠨᠡ ᠤᠳᠠᠭ᠎ᠠ᠂ ᠵᠠᠯᠠᠨ ᠠᠶᠢᠯ ᠪᠣᠯᠤᠨ ᠰᠢᠤᠢ ᠮᠤᠩ ᠲᠤᠤ ᠭᠠᠷ ᠬᠤᠯᠪᠣᠯᠴᠠᠨ᠂ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠮᠠᠩᠯᠠᠶ ᠰᠢᠤᠢ ᠮᠤᠩ ᠲᠤᠤ ᠶᠢᠨ ᠳᠡᠯᠡᠬᠡᠶ ᠳᠡᠭᠡᠷᠡᠬᠢ ᠨᠥᠯᠥᠭᠡᠯᠡᠬᠦ ᠬᠦᠴᠦᠨ ᠳᠤ ᠲᠦᠰᠢᠭᠯᠡᠨ᠂ ᠪᠥᠬᠦ ᠤᠯᠤᠰ ᠲᠤ ︽ᠬᠡᠭᠡᠨᠴᠢᠷ ᠵᠠᠯᠠᠨ︾ ᠭᠡᠬᠦ ᠬᠡᠷᠡᠯ ᠰᠠᠴᠤᠷᠠᠩᠭᠤᠶ ᠨᠡᠷ᠎ᠡ ᠶᠢᠨ ᠬᠠᠭᠤᠳᠠᠰᠤ ᠶᠢ ᠬᠦᠷᠭᠡᠨ ᠥᠭᠴᠦ᠂ ᠰᠢᠨ᠎ᠡ ᠳᠦᠷᠰᠦ ᠪᠠᠶᠢᠳᠠᠯ᠂ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠶᠢᠯᠭ᠎ᠠ ᠪᠠᠷ ᠵᠠᠯᠠᠨ ᠠᠶᠢᠯ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ ᠳᠥᠯᠭᠢᠨ ᠠᠬᠢᠭᠤᠯᠬᠤ ᠪᠣᠯᠤᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ