ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠰᠢᠨ᠎ᠡ ᠵᠢᠯ᠂ ᠡᠪᠦᠯ ᠤᠨ ᠠᠮᠠᠷᠠᠯᠲᠠ ᠪᠠ ᠴᠠᠭᠠᠨ ᠰᠠᠷ᠎ᠠ ᠶᠢᠨ ᠬᠤᠭᠤᠴᠠᠭᠠᠨ ᠳᠠᠬᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠠᠳᠬᠤᠨ᠎ᠠ
ᠨᠡᠶᠢᠲᠡᠯᠡᠭᠰᠡᠨ ᠴᠠᠭ᠄
2024/1/2
    ᠵᠢᠯ ᠤᠨ ᠡᠴᠦᠰ ᠵᠢᠯ ᠤᠨ ᠡᠬᠢᠨ ᠵᠢᠴᠢ ᠠᠷᠪᠠᠨ‌‍ᠲ᠋ᠦ᠋ᠷᠪᠡᠳᠤᠭᠡᠷ  ᠬᠤᠭᠤᠴᠠᠭᠠᠨ ᠤ ᠪᠦᠬᠦ  ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ  ᠤᠨ ᠲᠦᠭᠰᠢᠭᠦᠷᠢ ᠶᠢ ᠰᠡᠷᠭᠡᠶᠢᠯᠡᠬᠦ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠢᠯᠠᠩᠭᠤᠶ᠎ᠠ ᠰᠢᠨ᠎ᠡ ᠵᠢᠯ᠂ ᠡᠪᠦᠯ ᠤᠨ ᠠᠮᠠᠷᠠᠯᠲᠠ ᠪᠠ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠪᠠᠶᠢᠬᠤ ᠶᠢ ᠪᠠᠲᠤᠯᠠᠬᠤ ᠶᠢᠨ ᠲᠥᠯᠥᠭᠡ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠳᠲᠡᠷ ᠲᠦᠷᠭᠡᠨ ᠳᠣᠭᠢᠷᠠᠭᠤᠯᠤᠨ ᠪᠠᠶᠢᠷᠢᠯᠠᠭᠤᠯᠵᠤ᠂ ᠪᠠᠭᠰᠢ ᠰᠤᠷᠤᠭᠴᠢᠳ ᠤᠨ ᠠᠮᠤᠷ ᠠᠮᠤᠭᠤᠯᠠᠩ ᠢ ᠦᠨᠡᠨ ᠬᠦ ᠪᠠᠲᠤᠯᠠᠪᠠ᠃     ᠨᠢᠭᠡ ᠳᠤ ᠬᠤᠷᠠᠯ ᠬᠤᠷᠠᠯᠳᠤᠭᠤᠯᠵᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠭᠤᠷᠪᠠ ᠶᠢ ᠬᠠᠮᠢᠶᠠᠷᠬᠤ ᠭᠤᠷᠪᠠ ᠶᠢ ᠡᠷᠬᠡᠪᠰᠢ ᠬᠡᠷᠡᠭᠵᠢᠭᠦᠯᠬᠦ﹀ ᠲᠣᠭᠲᠠᠭᠠᠯ ᠤᠳ︾ ᠢ ᠰᠤᠷᠤᠯᠴᠠᠬᠤ ᠶᠢᠨ ᠬᠠᠮᠲᠤ᠂ ᠰᠤᠷᠭᠠᠭᠤᠯᠢ ᠶᠢᠨ ᠡᠨᠡ ᠡᠪᠦᠯ ᠢᠷᠡᠬᠦ ᠬᠠᠪᠤᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ᠂ ᠰᠢᠨ᠎ᠡ ᠵᠢᠯ᠂ ᠡᠪᠦᠯ ᠤᠨ ᠠᠮᠠᠷᠠᠯᠲᠠ ᠪᠠ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠮᠤᠷ ᠲᠦᠪᠰᠢᠨ ᠤ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠰᠤᠷᠭᠠᠭᠤᠯᠢ ᠶᠢ ᠠᠵᠢᠯ ᠤᠨ ᠡᠭᠦᠷᠭᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠵᠢᠯ ᠤᠨ ᠬᠠᠷᠠᠯᠲᠠ ᠪᠠᠨ ᠴᠢᠩᠭ᠎ᠠ ᠠᠳᠬᠤᠨ᠂ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠰᠡᠷᠭᠡᠶᠢᠯᠡᠯᠲᠡ ᠶᠢ ᠦᠨᠡᠨ ᠬᠦ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃     ᠬᠤᠶᠠᠷ ᠲᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠡᠯ᠎ᠡ ᠦᠨᠳᠦᠰᠦᠨ ᠱᠠᠲᠤᠨ ᠤ ᠰᠤᠷᠭᠠᠭᠤᠯᠢ ᠶᠢᠨ ᠬᠢᠨ ᠡᠨᠡ ᠡᠪᠦᠯ ᠢᠷᠡᠬᠦ ᠬᠠᠪᠤᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠤᠨ ᠠᠮᠤᠷ ᠲᠦᠪᠰᠢᠨ ᠤ ᠬᠡᠮ ᠰᠣᠭᠤᠭ ᠤᠨ ᠶᠡᠭᠡ ᠪᠠᠶᠢᠴᠠᠭᠠᠯᠲᠠ ᠶᠢ ᠢᠳᠡᠪᠬᠢᠲᠡᠶ ᠥᠷᠨᠢᠭᠦᠯᠵᠦ᠂ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠵᠤ᠂ ᠲᠦᠷᠢᠮ ᠠᠴᠠ ᠵᠥᠷᠢᠴᠡᠨ ᠠᠵᠢᠯᠯᠠᠭᠰᠠᠨ᠂ ᠠᠶᠤᠯ ᠲᠠᠢ ᠬᠢᠮᠢ ᠶᠢᠨ ᠪᠣᠳᠠᠰ ᠤᠨ ᠬᠡᠷᠡᠭᠯᠡᠯᠲᠡ ᠵᠢᠷᠤᠮᠵᠢᠯ ᠥᠭᠡᠢ᠂ ᠴᠠᠬᠢᠯᠭᠠᠨ ᠱᠤᠭᠤᠮ ᠬᠠᠭᠤᠴᠢᠷᠠᠭᠰᠠᠨ᠂ ᠳᠠᠭᠠᠭᠠᠴᠠ ᠠᠴᠠ ᠬᠡᠲᠦᠷᠡᠲᠡᠯ᠎ᠡ ᠴᠠᠬᠢᠯᠭᠠᠨ ᠬᠡᠷᠡᠭᠯᠡᠭᠰᠡᠨ᠂ ᠳᠤᠷ᠎ᠠ ᠪᠠᠷ ᠢᠶᠠᠨ ᠬᠡᠯᠬᠢᠶ᠎ᠡ ᠲᠠᠲᠠᠵᠤ ᠳᠤᠷ᠎ᠠ ᠪᠠᠷ ᠢᠶᠠᠨ ᠵᠠᠯᠭᠠᠭᠰᠠᠨ᠂ ᠲᠠᠷᠬᠠᠭᠠᠨ ᠶᠠᠪᠤᠭᠤᠯᠬᠤ ᠨᠡᠪᠳᠡᠷᠡᠯ ᠵᠠᠮ ᠢ ᠡᠵᠡᠯᠡᠨ ᠬᠡᠷᠡᠭᠯᠡᠭᠰᠡᠨ᠂ ᠭᠠᠯ ᠤᠨᠲᠠᠷᠠᠭᠠᠭᠤᠷ ᠬᠦᠴᠦᠨ ᠥᠭᠡᠢ ᠪᠣᠯᠤᠭᠰᠠᠨ᠂ ᠪᠠᠴᠢᠮ ᠪᠠᠶᠢᠳᠠᠯ ᠢ ᠠᠷᠭᠠᠴᠠᠬᠤ ᠭᠡᠷᠡᠯᠲᠦᠭᠦᠯᠭᠡ ᠶᠢᠨ ᠳ᠋ᠧᠩ ᠵᠡᠷᠭᠡ ᠭᠠᠯ ᠤᠨᠲᠠᠷᠠᠭᠠᠬᠤ ᠪᠡᠯᠡᠳᠬᠡᠮᠵᠢ ᠡᠪᠳᠡᠭᠳᠡᠭᠰᠡᠨ᠂ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠭᠰᠡᠨ ᠴᠠᠬᠢᠯᠭᠠᠨ ᠬᠡᠷᠡᠭᠯᠡᠭᠰᠡᠨ ᠬᠡᠢ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠲᠣᠭᠲᠠᠭᠠᠯ ᠠᠴᠠ ᠵᠥᠷᠢᠴᠡᠨ ᠴᠠᠬᠢᠯᠭᠠᠨ ᠴᠡᠨᠡᠭᠯᠡᠭᠰᠡᠨ᠂ ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠪᠣᠯᠪᠠᠰᠤᠷᠠᠭᠤᠯᠤᠯ ᠰᠣᠷᠢᠯᠲᠠ ᠶᠢ ᠪᠣᠳᠠᠲᠠᠶᠢᠵᠢᠭᠤᠯᠤᠭᠰᠠᠨ ᠥᠭᠡᠢ᠂ ᠪᠠᠶᠢᠴᠠᠭᠠᠯᠲᠠ ᠶᠢ ᠨᠠᠶᠢᠳᠠᠪᠤᠷᠢᠵᠢᠭᠤᠯᠤᠭᠰᠠᠨ ᠥᠭᠡᠢ ᠵᠡᠷᠭᠡ ᠠᠰᠠᠭᠤᠳᠠᠯ᠃ ᠡᠭᠦᠨ ᠤ ᠬᠠᠮᠲᠤ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠤ ᠬᠠᠮᠢᠶᠠᠷᠠᠯᠳᠠ ᠶᠢ ᠪᠠᠢᠴᠠᠭᠠᠪᠠ᠃    ᠭᠤᠷᠪᠠ ᠳᠤ᠂ ᠡᠯ᠎ᠡ ᠦᠨᠳᠦᠰᠦᠨ ᠱᠠᠲᠤᠨ ᠤ ᠰᠤᠷᠭᠠᠭᠤᠯᠢ ᠵᠢᠴᠢ ᠲᠣᠰᠬᠤᠨ ᠤ ᠴᠡᠭ ᠤᠨ ᠰᠤᠷᠭᠠᠭᠤᠯᠢ ᠳᠤ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠥᠷᠨᠢᠭᠦᠯᠦᠨ᠎ᠡ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ᠂ ᠰᠤᠷᠭᠠᠭᠤᠯᠢ ᠶᠢ ᠴᠠᠭ ᠲᠤᠬᠠᠶ ᠳᠤᠨᠢ ᠠᠷᠭ᠎ᠠ ᠬᠡᠮᠵᠢᠶ᠎ᠡ ᠠᠪᠴᠤ ᠪᠠᠶᠢᠭᠠᠳ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠤ ᠳᠠᠯᠳᠠ ᠬᠡᠮ ᠢ ᠪᠥᠬᠦ ᠲᠠᠯ᠎ᠠ ᠪᠠᠷ ᠠᠷᠢᠯᠭᠠᠨ᠂ ᠰᠤᠷᠭᠠᠭᠤᠯᠢ ᠶᠢᠨ ᠠᠮᠤᠷ ᠲᠦᠪᠰᠢᠨ ᠤ ᠵᠠᠰᠠᠯᠲᠠ ᠶᠢᠨ ᠴᠢᠳᠠᠪᠤᠷᠢ ᠪᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠷᠭᠠᠭᠤᠯᠢ ᠶᠢᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ ᠭᠡᠵᠦ ᠱᠠᠭᠠᠷᠳᠠᠪᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ