ᠵᠠᠯᠠᠨ ᠠᠶᠢᠯ ᠬᠤᠲᠠ ᠶᠢᠨ ᠠᠷᠪᠠᠨ ᠳᠦᠷᠪᠡᠳᠤᠭᠡᠷ  ᠬᠤᠭᠤᠴᠠᠭᠠᠨ ᠤ ᠪᠦᠬᠦ  ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ  ᠤ ᠤᠯᠠᠷᠢᠯ ᠤᠨ ᠪᠠᠲᠤᠯᠠᠭ᠎ᠠ ᠶᠢ ᠡᠮᠬᠢ ᠵᠢᠷᠤᠮ ᠲᠠᠢ ᠠᠬᠢᠭᠤᠯᠵᠤ ᠮᠥᠰᠥ ᠴᠠᠰᠤᠨ ᠳᠤ ᠪᠥᠬᠦ ᠲᠠᠯ᠎ᠠ ᠪᠠᠷ ᠬᠦᠴᠦᠨ ᠨᠡᠮᠡᠷᠢᠯᠡᠬᠦ ᠪᠣᠯᠵᠤᠭ᠎ᠠ ᠶᠢ ᠪᠥᠬᠦ ᠲᠠᠯ᠎ᠠ ᠪᠠᠷ ᠠᠬᠢᠭᠤᠯᠪᠠ
ᠨᠡᠶᠢᠲᠡᠯᠡᠭᠰᠡᠨ ᠴᠠᠭ᠄
2024/1/2
    2023 — 2024 ᠤᠷᠤᠯᠳᠤᠭᠠᠨ ᠤ ᠤᠯᠠᠷᠢᠯ ᠤᠨ ᠪᠥᠬᠦ ᠤᠯᠤᠰ ᠤᠨ ᠴᠢᠯᠥᠭᠡᠲᠦ ᠴᠠᠰᠤᠨ ᠳᠤ ᠭᠤᠯᠭᠤᠬᠤ ᠠᠭᠠᠷ ᠤᠨ ᠮᠡᠷᠭᠡᠵᠢᠯ ᠤᠨ ᠮᠠᠩᠯᠠᠶ ᠰᠢᠯᠭᠠᠷᠠᠭᠤᠯᠬᠤ ᠤᠷᠤᠯᠳᠤᠭᠠᠨ ᠵᠢᠴᠢ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠴᠢᠯᠥᠭᠡᠲᠦ ᠴᠠᠰᠤᠨ ᠳᠤ ᠭᠤᠯᠭᠤᠬᠤ ᠠᠭᠠᠷ ᠤᠨ ᠮᠡᠷᠭᠡᠵᠢᠯ ᠤᠨ ᠬᠢᠷᠢ ᠬᠡᠮ ᠤᠨ ᠤᠷᠤᠯᠳᠤᠭᠠᠨ ᠤ ᠠᠮᠤᠷ ᠲᠦᠪᠰᠢᠨ ᠲᠠᠭᠠᠯᠠᠮᠵᠢᠲᠠᠶ ᠤᠷᠤᠯᠳᠤᠭᠠᠨ ᠤ ᠣᠷᠴᠢᠨ ᠨᠥᠬᠦᠴᠡᠯ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠶ ᠰᠠᠶᠢᠲᠤᠷ ᠬᠢᠬᠦ ᠶᠢᠨ ᠲᠥᠯᠥᠭᠡ᠂ ᠵᠠᠯᠠᠨ ᠠᠶᠢᠯ ᠬᠤᠲᠠ ᠶᠢᠨ ᠡᠯ᠎ᠡ ᠰᠠᠯᠠᠭ᠎ᠠ ᠮᠥᠴᠢᠷ ᠤᠳ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂  ᠦᠢᠯᠡᠴᠢᠯᠡᠭᠡᠨ ᠤ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠷᠤᠯᠳᠤᠭᠠᠨ ᠤ ᠲᠡᠭᠦᠰ ᠠᠮᠵᠢᠯᠲᠠ ᠲᠠᠢ ᠶᠠᠪᠤᠭᠳᠠᠬᠤ ᠶᠢ ᠦᠨᠡᠨ ᠬᠦ ᠪᠠᠲᠤᠯᠠᠨ᠎ᠠ᠃     ᠤᠷᠤᠯᠳᠤᠭᠠᠨ ᠶᠠᠪᠤᠭᠳᠠᠵᠤ ᠪᠠᠶᠢᠭ᠎ᠠ ᠬᠤᠭᠤᠴᠠᠭᠠᠨ ᠳᠤ᠂ ᠵᠠᠯᠠᠨ ᠠᠶᠢᠯ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠵᠢᠯᠣᠭᠤᠳᠤᠨ ᠲᠣᠬᠢᠷᠠᠭᠤᠯᠬᠤ ᠠᠵᠢᠯ ᠤᠨ ᠪᠠᠶᠢᠷᠢ᠂ ᠬᠠᠷᠠᠭᠠᠨ ᠳᠠᠪᠲᠠᠮᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠪᠠᠶᠢᠷᠢ᠂ ᠡᠷᠬᠢᠨ ᠲᠣᠭᠤᠷᠢᠨ ᠤ ᠰᠠᠬᠢᠨ ᠬᠠᠮᠠᠭᠠᠯᠠᠬᠤ ᠠᠵᠢᠯ ᠤᠨ ᠪᠠᠶᠢᠷᠢ᠂ ᠣᠷᠣᠵᠤ ᠭᠠᠷᠬᠤ ᠭᠠᠵᠠᠷ ᠢ ᠡᠵᠡᠮᠳᠡᠬᠦ ᠠᠵᠢᠯ ᠤᠨ ᠪᠠᠶᠢᠷᠢ᠂ ᠲᠠᠯᠠᠪᠤᠷ ᠤᠨ ᠡᠮᠬᠢ ᠵᠢᠷᠤᠮ ᠢ ᠬᠠᠮᠠᠭᠠᠯᠠᠬᠤ ᠠᠵᠢᠯ ᠤᠨ ᠪᠠᠶᠢᠷᠢ᠂ ᠦᠵᠡᠭᠴᠢᠳ ᠤᠨ ᠡᠮᠬᠢ ᠵᠢᠷᠤᠮ ᠢ ᠬᠠᠮᠠᠭᠠᠯᠠᠬᠤ ᠠᠵᠢᠯ ᠤᠨ ᠪᠠᠶᠢᠷᠢ᠂ ᠵᠠᠮ ᠬᠠᠷᠢᠯᠴᠠᠭ᠎ᠠ ᠶᠢ ᠵᠢᠯᠣᠭᠤᠳᠤᠨ ᠵᠢᠯᠣᠭᠤᠳᠬᠤ ᠠᠵᠢᠯ ᠤᠨ ᠪᠠᠶᠢᠷᠢ᠂ ᠪᠠᠴᠢᠮ ᠪᠠᠶᠢᠳᠠᠯ ᠢ ᠠᠷᠭᠠᠴᠠᠬᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠠᠵᠢᠯ ᠤᠨ ᠪᠠᠶᠢᠷᠢ᠂ ᠴᠠᠭᠳᠠᠭᠠᠨ ᠤ ᠶᠠᠪᠤᠳᠠᠯ ᠤᠨ ᠪᠠᠲᠤᠯᠠᠭ᠎ᠠ ᠶᠢᠨ ᠠᠵᠢᠯ ᠤᠨ ᠪᠠᠶᠢᠷᠢ ᠳᠤ ᠨᠡᠶᠢᠲᠡ 10 ᠠᠮᠤᠷ ᠢ ᠬᠠᠮᠠᠭᠠᠯᠠᠬᠤ ᠡᠭᠦᠷᠭᠡ ᠴᠢᠳᠠᠪᠤᠷᠢᠲᠤ ᠠᠵᠢᠯ ᠤᠨ ᠪᠠᠶᠢᠷᠢ ᠶᠢ ᠨᠢᠭᠡᠳᠦᠯᠲᠡᠶ ᠲᠣᠬᠢᠷᠠᠭᠤᠯᠵᠤ᠂ ᠡᠳᠦᠷ ᠪᠦᠷᠢ ᠠᠮᠤᠷ ᠢ ᠬᠠᠮᠠᠭᠠᠯᠠᠬᠤ ᠲᠤᠬᠠᠶ ᠶᠢᠨ ᠲᠠᠯᠠᠪᠤᠷ ᠤᠨ ᠵᠢᠵᠢᠭᠦᠷᠯᠡᠬᠦ ᠴᠠᠭᠳᠠᠭᠠᠨ ᠤ ᠬᠦᠴᠦᠨ ᠢ ᠨᠡᠶᠢᠲᠡ 110 ᠭᠠᠷᠤᠶ ᠬᠥᠮᠦᠨ ᠲᠠᠲᠠᠵᠤ ᠲᠣᠬᠢᠷᠠᠭᠤᠯᠪᠠ᠃ ᠤᠷᠤᠯᠳᠤᠭᠠᠨ ᠤ ᠬᠤᠭᠤᠴᠠᠭᠠᠨ ᠳᠠᠬᠢ ᠠᠮᠤᠷ ᠢ ᠬᠠᠮᠠᠭᠠᠯᠠᠬᠤ ᠡᠯ᠎ᠡ  ᠵᠦᠢᠯ ᠤᠨ ᠨᠠᠷᠢᠨ ᠠᠷᠭ᠎ᠠ ᠬᠡᠮᠵᠢᠶ᠎ᠡ ᠶᠢ ᠪᠣᠳᠠᠲᠠᠶ ᠨᠠᠶᠢᠳᠠᠪᠤᠷᠢᠵᠢᠭᠤᠯᠬᠤ ᠶᠢ ᠬᠠᠮᠤᠭ ᠤᠨ  ᠶᠡᠭᠡ ᠬᠦᠴᠦᠨ ᠢᠶᠠᠷ ᠪᠠᠳᠣᠯᠠᠨ᠎ᠠ᠃    ᠢᠳᠡᠭᠡᠨ ᠤ ᠠᠮᠤᠷ ᠲᠦᠪᠰᠢᠨ ᠤ ᠲᠠᠯ᠎ᠠ ᠪᠠᠷ᠂ ᠵᠠᠯᠠᠨ ᠠᠶᠢᠯ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠳ ︽ᠣᠷᠣᠬᠤ ᠪᠣᠭᠤᠮᠲᠠ︾ ᠶᠢ ᠴᠢᠩᠭ᠎ᠠ ᠠᠳᠬᠤᠵᠤ᠂ ᠲᠤᠬᠠᠶ ᠶᠢᠨ ᠲᠠᠯᠠᠪᠤᠷ ᠲᠤ ᠪᠠᠶᠢᠴᠠᠭᠠᠯᠲᠠ ᠬᠢᠬᠦ᠂ ᠨᠡᠪᠲᠡᠷᠡᠯᠴᠡᠵᠦ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠢᠨᠠᠯᠲᠠ ᠪᠠᠶᠢᠴᠠᠭᠠᠯᠲᠠ ᠬᠢᠵᠦ᠂ ᠬᠤᠳᠠᠯᠳᠤᠨ ᠠᠪᠤᠭᠰᠠᠨ ᠢᠳᠡᠭᠡᠨ ᠤ ᠲᠦᠭᠦᠬᠡᠶ ᠮᠠᠲ᠋ᠧᠷᠢᠶᠠᠯ ᠲᠤᠰᠠᠯᠠᠬᠤ ᠮᠠᠲ᠋ᠧᠷᠢᠶᠠᠯ᠂ ᠬᠤᠭᠤᠯᠠᠨ ᠤ ᠰᠠᠪᠠ ᠬᠡᠷᠡᠭᠰᠡᠯ ᠳᠤ ᠲᠦᠷᠭᠡᠨ ᠪᠠᠶᠢᠴᠠᠭᠠᠯᠲᠠ ᠬᠢᠵᠦ᠂ ᠪᠤᠯᠭᠤᠭᠰᠠᠨ ᠢᠳᠡᠭᠡᠨ ᠤ ᠪᠦᠲᠦᠭᠡᠭᠳᠡᠬᠦᠨ ᠢ ᠪᠠᠶᠢᠴᠠᠭᠠᠨ ᠰᠢᠯᠭᠠᠬᠤ ᠲᠥᠪ ᠤᠨ ᠳᠤᠯᠠᠭᠠᠨ ᠤ ᠬᠡᠮᠵᠢᠶ᠎ᠡ᠂ ᠢᠳᠡᠭᠡᠨ ᠢ ᠪᠣᠯᠪᠠᠰᠤᠷᠠᠭᠤᠯᠤᠨ ᠦᠢᠯᠡᠳᠬᠦ ᠡᠯ᠎ᠡ ᠭᠤᠭᠴᠣᠭᠠᠨ ᠳᠤ ᠪᠥᠬᠦ ᠶᠠᠪᠤᠴᠠ ᠳᠤ ᠬᠥᠳᠡᠯᠦᠩᠭᠦᠶ ᠬᠢᠨᠠᠯᠲᠠ ᠲᠠᠯᠪᠢᠬᠤ ᠶᠢ ᠬᠡᠷᠡᠭᠵᠢᠭᠦᠯᠪᠡ︔ ᠢᠳᠡᠭᠡᠨ ᠤᠮᠳᠠᠭᠠᠨ ᠤ  ᠦᠢᠯᠡᠴᠢᠯᠡᠭᠡᠨ ᠤ ᠠᠵᠢᠯᠲᠠᠨ ᠤ ᠢᠳᠡᠭᠡᠨ ᠤᠮᠳᠠᠭᠠᠨ ᠤ ᠦᠢᠯᠡᠴᠢᠯᠡᠭᠡᠨ ᠤ ᠠᠵᠢᠯᠯᠠᠭᠠᠨ ᠤ ᠵᠢᠷᠤᠮᠵᠢᠯ ᠢ ᠨᠠᠶᠢᠳᠠᠪᠤᠷᠢᠵᠢᠭᠤᠯᠬᠤ ᠶᠢ ᠴᠢᠩᠭ᠎ᠠ ᠱᠠᠭᠠᠷᠳᠠᠵᠤ᠂ ᠢᠳᠡᠰᠢᠨ ᠨᠣᠭᠤᠭ᠎ᠠ ᠨᠢᠭᠡᠪᠦᠷᠢ ᠶᠢᠨ ᠶᠠᠰᠤ ᠴᠢᠨᠠᠷ ᠤᠨ ᠠᠮᠤᠷ ᠲᠦᠪᠰᠢᠨ ᠢ ᠦᠨᠡᠨᠬᠦ ᠪᠠᠲᠤᠯᠠᠨ᠂ ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠬᠢᠵᠢᠭᠦᠯᠵᠦ᠂ ᠤᠷᠤᠯᠳᠤᠭᠠᠨ ᠤ ᠤᠷᠤᠭᠰᠢᠲᠠᠶ ᠶᠠᠪᠤᠭᠳᠠᠬᠤ ᠶᠢ ᠪᠠᠳᠣᠯᠠᠨ᠎ᠠ᠃    ᠤᠷᠤᠯᠳᠤᠭᠠᠨ ᠤ ᠴᠠᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠠᠵᠢᠯ ᠢ ᠦᠨᠡᠨᠬᠦ ᠰᠠᠶᠢᠲᠤᠷ ᠬᠢᠬᠦ ᠶᠢᠨ ᠲᠥᠯᠥᠭᠡ᠂ ᠵᠠᠯᠠᠨ ᠠᠶᠢᠯ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ FOP ᠡᠮ ᠡᠮᠨᠡᠯᠭᠡ ᠶᠢᠨ ᠠᠵᠢᠯ ᠤᠨ ᠶᠠᠪᠤᠴᠠ ᠶᠢ ᠲᠣᠭᠲᠠᠭᠠᠵᠤ᠂ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠲᠦᠷᠭᠡᠨ ᠡᠮᠨᠡᠬᠦ ᠰᠠᠯᠠᠭ᠎ᠠ᠂ ᠵᠢᠷᠦᠬᠡᠨ ᠤ ᠳᠣᠲᠣᠷ ᠡᠮᠨᠡᠯᠭᠡ᠂ ᠶᠠᠰᠤᠨ ᠤ ᠭᠠᠳᠠᠷ ᠡᠮᠨᠡᠯᠭᠡ ᠵᠡᠷᠭᠡ ᠣᠯᠠᠨ ᠲᠤᠰᠬᠠᠶ ᠮᠡᠷᠭᠡᠵᠢᠯ ᠤᠨ ᠨᠡᠶᠢᠲᠡ 101 ᠨᠡᠷᠡᠰ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠡᠮᠨᠡᠯᠭᠡ ᠶᠢᠨ ᠠᠵᠢᠯᠲᠠᠨ ᠢ ᠰᠣᠩᠭᠤᠨ ᠲᠣᠮᠢᠯᠠᠭᠰᠠᠨ ᠪᠥᠭᠡᠳ ᠭᠤᠷᠪᠠᠨ ᠲᠦᠷᠭᠡᠨ ᠠᠪᠤᠷᠠᠯᠳᠠ ᠶᠢᠨ ᠲᠡᠷᠭᠡ ᠲᠣᠮᠢᠯᠠᠭᠰᠠᠨ ᠪᠠᠶᠢᠨ᠎ᠠ︔ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠶᠢ ᠤᠷᠤᠯᠳᠤᠭᠠᠨ ᠤ ᠲᠣᠭᠲᠠᠮᠠᠯ ᠴᠡᠭ ᠤᠨ ᠡᠮᠨᠡᠯᠭᠡ ᠶᠢᠨ ᠬᠤᠷᠢᠶ᠎ᠠ ᠪᠣᠯᠭᠠᠬᠤ ᠶᠢᠨ ᠬᠠᠮᠲᠤ ᠰᠠᠭᠠᠳ ᠥᠬᠡᠶ ᠨᠡᠪᠲᠡᠷᠡᠬᠦ ᠵᠠᠮ ᠢ ᠨᠡᠭᠡᠭᠡᠵᠦ᠂ ᠤᠷᠤᠯᠳᠤᠭᠠᠨ ᠤ ᠡᠮᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠬᠦ ᠳᠤ ᠬᠦᠴᠦᠲᠡᠶ ᠲᠤᠯᠭᠠᠭᠤᠷᠢᠯᠠᠯ ᠪᠣᠯᠣᠭᠰᠠᠨ ᠪᠠᠶᠢᠨ᠎ᠠ᠃    ︽ᠠᠷᠪᠠᠨ ᠳᠦᠷᠪᠡᠳᠤᠭᠡᠷ  ᠬᠤᠭᠤᠴᠠᠭᠠᠨ ᠤ ᠪᠦᠬᠦ  ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾  ᠤ ᠡᠯ᠎ᠡ ᠵᠦᠢᠯ ᠤᠨ ᠦᠢᠯᠡᠴᠢᠯᠡᠭᠡ ᠶᠢ ᠰᠠᠶᠢᠲᠤᠷ ᠬᠢᠬᠦ ᠶᠢᠨ ᠲᠥᠯᠥᠭᠡ᠂ ᠰᠠᠶᠢᠨ ᠳᠤᠷ᠎ᠠ ᠶᠢᠨ ᠠᠵᠢᠯᠯᠠᠭᠰᠠᠳ ︽ᠪᠢᠴᠢᠬᠠᠨ ᠴᠠᠰᠤᠨ ᠪᠥᠭᠡᠮ︾ ᠤᠨ ᠰᠠᠶᠢᠨ ᠳᠤᠷ᠎ᠠ ᠶᠢᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠷᠤᠯᠳᠤᠭᠠᠨ ᠤ ᠦᠶ᠎ᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠦᠨᠡᠨᠬᠦ ᠰᠠᠶᠢᠲᠤᠷ ᠬᠢᠵᠦ᠂ ︽ᠠᠷᠪᠠᠨ‌‍ᠲ᠋ᠦ᠋ᠷᠪᠡᠳᠤᠭᠡᠷ  ᠬᠤᠭᠤᠴᠠᠭᠠᠨ ᠤ ᠪᠦᠬᠦ  ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠢ ᠲᠡᠭᠦᠰ ᠠᠮᠵᠢᠯᠲᠠ ᠲᠠᠢ ᠡᠷᠬᠢᠯᠡᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ