︽  ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ‍ᠦᠨ‌ᠤᠯᠠᠷᠢᠯ ‍ᠤᠨ‌‍ᠪᠡᠶ᠎ᠡ ᠵᠢᠨ‌‍ᠲ᠋ᠠᠮᠢᠷ ‍ᠤᠨ‌‍ᠴᠤᠭᠯᠠᠭᠠᠨ︾  ᠤ ᠵᠠᠯᠠᠨ ᠠᠶᠢᠯ ᠤᠨ ᠤᠷᠤᠯᠳᠤᠭᠠᠨ ᠤ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠤᠷᠤᠯᠳᠤᠭᠠᠨ ᠤ ᠦᠢᠯᠡᠴᠢᠯᠡᠭᠡᠨ ᠤ ᠪᠠᠲᠤᠯᠠᠭ᠎ᠠ ᠶᠢᠨ ᠡᠳ᠋ ᠪᠣᠳᠠᠰ ᠢ  ᠪᠣᠳᠠᠲᠠᠶᠢᠵᠢᠭᠤᠯᠪᠠ
ᠨᠡᠶᠢᠲᠡᠯᠡᠭᠰᠡᠨ ᠴᠠᠭ᠄
2024/1/23
    ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ‍ᠤᠨ‌‍ᠪᠡᠶ᠎ᠡ ᠶᠢᠨ ᠲᠠᠮᠢᠷ  ᠤᠨ ᠴᠤᠭᠯᠠᠭᠠᠨ  ᠳᠤ ᠬᠦᠴᠦᠨ ᠨᠡᠮᠡᠷᠢᠯᠡᠬᠦ ᠶᠢᠨ ᠲᠥᠯᠥᠭᠡ᠂ ᠵᠠᠯᠠᠨ ᠠᠶᠢᠯ ᠤᠨ ᠤᠷᠤᠯᠳᠤᠭᠠᠨ ᠤ ᠲᠣᠭᠤᠷᠢᠭ ᠲᠤ 41990 ᠲᠥᠭᠦᠷᠢᠭ ᠤᠨ ᠥᠷᠲᠡᠭ ᠪᠥᠬᠦᠶ ᠤᠷᠤᠯᠳᠤᠭᠠᠨ ᠤ ᠦᠢᠯᠡᠴᠢᠯᠡᠭᠡᠨ ᠤ ᠪᠠᠲᠤᠯᠠᠭ᠎ᠠ ᠶᠢᠨ ᠡᠳ᠋ ᠪᠣᠳᠠᠰ ᠪᠠᠭᠤᠯᠭᠠᠪᠠ᠃    ᠡᠳ᠋ ᠪᠣᠳᠠᠰ ᠢ ᠣᠯᠤᠭᠰᠠᠨ ᠤ ᠳᠠᠷᠠᠭ᠎ᠠ᠂ ᠵᠠᠯᠠᠨ ᠠᠶᠢᠯ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠡᠷᠡ ᠳᠠᠷᠤᠶ ᠳᠤᠨᠢ ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ‌ᠤᠯᠤᠰ ‍ᠤᠨ‌ᠡᠪᠦᠯ ‍ᠦᠨ‌ᠤᠯᠠᠷᠢᠯ ‍ᠤᠨ‌‍ᠪᠡᠶ᠎ᠡ ᠵᠢᠨ‌‍ᠲ᠋ᠠᠮᠢᠷ ‍ᠤᠨ‌‍ᠴᠤᠭᠯᠠᠭᠠᠨ︾  ᠤ ᠵᠠᠯᠠᠨ ᠠᠶᠢᠯ ᠤᠷᠤᠯᠳᠤᠭᠠᠨ ᠤ ᠲᠣᠭᠤᠷᠢᠭ ᠤᠨ ᠵᠣᠬᠢᠶᠠᠨ ᠪᠠᠶᠢᠭᠤᠯᠬᠤ ᠺᠣᠮᠢᠰ ᠲᠠᠢ ᠵᠣᠯᠭᠠᠭᠤᠯᠤᠭᠰᠠᠨ ᠪᠥᠭᠡᠳ ᠤᠷᠤᠯᠳᠤᠭᠠᠨ ᠤ  ᠦᠢᠯᠡᠴᠢᠯᠡᠭᠡᠨ ᠤ ᠪᠠᠲᠤᠯᠠᠭ᠎ᠠ ᠶᠢᠨ ᠡᠳ᠋ ᠪᠣᠳᠠᠰ ᠢ ᠤᠷᠤᠯᠳᠤᠭᠠᠨ ᠤ ᠲᠠᠯᠠᠪᠤᠷ ᠲᠤ ᠠᠮᠤᠷ ᠲᠦᠪᠰᠢᠨ ᠢᠶᠠᠷ ᠬᠦᠷᠭᠡᠭᠰᠡᠨ ᠪᠠᠶᠢᠨ᠎ᠠ᠃  ᠣᠶᠢᠯᠠᠭᠠᠭᠰᠠᠨ ᠢᠶᠠᠷ᠂ ︽ᠠᠷᠪᠠᠨ ᠳᠦᠷᠪᠡᠳᠦᠭᠡᠷ ᠬᠤᠭᠤᠴᠠᠭᠠᠨ ‍ᠤ‌‍ᠪᠦ᠋ᠬᠦ ᠤᠯᠤᠰ ᠤᠨ ᠡᠪᠦᠯ  ᠤᠨ ᠤᠯᠠᠷᠢᠯ  ᠤᠨ ᠪᠡᠶ᠎ᠡ ᠵᠢᠨ‌‍ᠲ᠋ᠠᠮᠢᠷ ‍ᠤᠨ‌‍ᠴᠤᠭᠯᠠᠭᠠᠨ︾ ᠪᠣᠯ ᠵᠠᠯᠠᠨ ᠠᠶᠢᠯ ᠬᠤᠲᠠ ᠶᠢᠨ ᠠᠩᠬᠠᠳᠠᠭᠴᠢ ᠤᠳᠠᠭᠠᠨ ᠤ ᠪᠥᠬᠦ ᠤᠯᠤᠰ ᠤᠨ ᠴᠢᠨᠠᠷᠲᠠᠶ ᠲᠣᠮᠣ ᠬᠡᠯᠪᠡᠷᠢ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠪᠣᠳᠠᠲᠠᠶ ᠪᠠᠷ ᠳᠠᠭᠠᠭᠠᠴᠢᠯᠠᠨ ᠡᠷᠭᠢᠯᠡᠵᠦ ᠪᠠᠶᠢᠭ᠎ᠠ ᠶᠠᠪᠤᠳᠠᠯ ᠮᠥᠨ᠂ ᠡᠨᠡ ᠨᠢ ᠵᠠᠯᠠᠨ ᠠᠶᠢᠯ ᠢ ᠳᠡᠯᠭᠡᠨ ᠦᠵᠡᠭᠦᠯᠬᠦ᠂ ᠵᠠᠯᠠᠨ ᠠᠶᠢᠯ ᠢ ᠤᠬᠠᠭᠤᠯᠬᠤ᠂ ᠵᠠᠯᠠᠨ ᠠᠶᠢᠯ ᠢ ᠬᠥᠭᠵᠢᠭᠦᠯᠬᠦ ᠳᠤ ᠣᠯᠳᠠᠬᠤᠶ᠎ᠠ ᠪᠡᠷᠬᠡ ᠠᠵᠠ ᠲᠣᠬᠢᠶᠠᠯ ᠠᠪᠴᠢᠷᠠᠵᠤ ᠥᠭᠭᠦᠭᠰᠡᠨ ᠶᠤᠮ᠃ ᠳᠠᠷᠠᠭᠠᠴᠢ ᠶᠢᠨ ᠠᠯᠬᠤᠮ ᠳᠤ ᠵᠠᠯᠠᠨ ᠠᠶᠢᠯ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ‌ᠤᠯᠤᠰ ‍ᠤᠨ‌ᠡᠪᠦᠯ ᠤᠨ ᠤᠯᠠᠷᠢᠯ  ᠤᠨ ᠪᠡᠶ᠎ᠡ  ᠶᠢᠨ ᠲᠠᠮᠢᠷ  ᠤᠨ ᠴᠤᠭᠯᠠᠭᠠᠨ  ᠤ ᠤᠯᠠᠷᠢᠯ ᠳᠤ ᠦᠷᠭᠦᠯᠵᠢᠯᠡᠨ ᠬᠦᠴᠦ ᠨᠡᠮᠡᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠠᠵᠢᠯᠲᠠᠨ ᠠᠵᠢᠯᠴᠢᠨ ᠢ ᠳᠤᠯᠠᠭᠠᠯᠠᠵᠤ᠂ ᠬᠠᠶᠢᠷ᠎ᠠ ᠬᠠᠯᠠᠮᠵᠢ ᠶᠢ ᠳᠠᠮᠵᠢᠭᠤᠯᠬᠤ ᠪᠣᠯᠤᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ