ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠡᠷᠦᠬᠡ ᠳᠤ ᠣᠷᠣᠵᠤ ︽ᠡᠭᠦᠳᠡ ᠲᠣᠭᠰᠢᠵᠤ ᠬᠠᠤᠯᠢ ᠴᠠᠭᠠᠵᠠ ᠬᠦᠷᠭᠡᠬᠦ︾ ᠠᠷᠭ᠎ᠠ ᠬᠡᠮᠵᠢᠶ᠎ᠡ ᠠᠪᠴᠤ᠂ ᠰᠠᠭᠤᠭᠠᠯᠢ ᠠᠷᠠᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠳᠡᠭᠡᠭᠰᠢᠯᠡᠭᠦᠯᠵᠦ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠪᠠ
ᠨᠡᠶᠢᠲᠡᠯᠡᠭᠰᠡᠨ ᠴᠠᠭ᠄
2024/1/23
    ᠰᠠᠭᠤᠭᠠᠯᠢ ᠠᠷᠠᠳ ᠤᠯᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠬᠠᠤᠯᠢᠵᠢᠯ ᠤᠨ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠤᠢᠢᠷ᠎ᠠ ᠳᠤ᠂ ᠭᠤᠤ ᠲᠠᠢ ᠽᠢ ᠶᠢᠨ ᠬᠠᠤᠯᠢ ᠴᠠᠭᠠᠵᠠ ᠶᠢᠨ ᠭᠠᠵᠠᠷ ᠤᠨ ᠬᠢᠨ ᠰᠢᠬᠢᠷ ᠤᠨ ᠦᠢᠯᠡᠳᠪᠦᠷᠢ ᠶᠢᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠲᠠᠢ ᠬᠠᠮᠲᠤᠷᠠᠨ ︽ᠡᠭᠦᠳᠡ ᠶᠢ ᠨᠢ ᠲᠣᠭᠰᠢᠵᠤ ᠬᠠᠤᠯᠢ ᠶᠢ ᠬᠦᠷᠭᠡᠬᠦ︾ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃    ᠲᠤᠰ ᠤᠳᠠᠭᠠᠨ ᠤ ᠤᠬᠠᠭᠤᠯᠭ᠎ᠠ ᠳᠤ ︽ᠴᠠᠭ ᠢᠮᠠᠭᠲᠠ ᠬᠠᠤᠯᠢ ᠶᠢ ᠰᠠᠬᠢᠵᠤ᠂ ᠬᠥᠮᠦᠨ ᠪᠣᠯᠭᠠᠨ ᠪᠡᠶ᠎ᠡ ᠪᠠᠨ ᠪᠠᠷᠢᠵᠤ᠂ ᠠᠮᠤᠷ ᠲᠠᠶᠢᠪᠤᠩ ᠪᠠᠶᠢᠬᠤ︾ ᠪᠠᠷ ᠭᠤᠣᠯ ᠵᠣᠷᠢᠯᠲᠠ ᠪᠣᠯᠭᠠᠵᠤ᠂ ᠣᠯᠠᠨ ᠢᠶᠠᠷ ᠢᠶᠠᠨ ᠡᠩ ᠤᠨ ᠴᠠᠭ ᠲᠠᠭᠠᠨ ᠬᠠᠤᠯᠢ ᠰᠤᠷᠴᠤ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠡᠷᠢᠵᠦ᠂ ᠵᠥᠷᠢᠴᠡᠯ ᠢ ᠰᠢᠢᠳᠪᠦᠷᠢᠯᠡᠬᠦ ᠳᠤ ᠬᠠᠤᠯᠢ ᠶᠢ ᠲᠦᠰᠢᠭᠯᠡᠬᠦ ᠬᠡᠷᠡᠭᠲᠡᠶ᠂ ᠬᠠᠤᠯᠢ ᠴᠠᠭᠠᠵᠠ ᠶᠢᠨ ᠭᠠᠵᠠᠷ ᠤᠨ ᠠᠵᠢᠯᠲᠠᠨ ᠰᠠᠭᠤᠭᠠᠯᠢ ᠠᠷᠠᠳ ᠲᠤ ︽ᠢᠷᠭᠡᠨ ᠤ ᠬᠠᠤᠯᠢ ᠶᠢᠨ ᠪᠢᠴᠢᠭ ᠢ ᠨᠡᠶᠢᠭᠡᠮ ᠲᠣᠭᠤᠷᠢᠭ ᠲᠤ ᠣᠷᠣᠭᠤᠯᠬᠤ︾᠂ ︽ᠠᠷᠠᠳ ᠢᠷᠭᠡᠨ ᠤ ᠬᠠᠤᠯᠢ ᠰᠤᠷᠬᠤ ᠭᠠᠷ ᠳᠡᠪᠲᠡᠷ︾ ᠵᠢᠴᠢ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠬᠠᠭᠤᠳᠠᠰᠤ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠮᠠᠲ᠋ᠧᠷᠢᠶᠠᠯ ᠢ ᠲᠠᠷᠬᠠᠭᠠᠵᠤ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠠᠵᠢᠯᠯᠠᠭ᠎ᠠ ᠶᠢᠨ ᠭᠤᠣᠯ ᠣᠨᠴᠠᠯᠢᠭ ᠰᠢᠨᠵᠢ᠂ ᠪᠠᠶᠢᠩᠭᠤ ᠲᠣᠬᠢᠶᠠᠯᠳᠤᠬᠤ ᠠᠷᠭ᠎ᠠ ᠪᠠᠷᠢᠯ ᠪᠠ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠪᠠ ᠮᠥᠩᠭᠦᠨ ᠭᠦᠢᠯᠭᠡᠭᠡᠨ ᠤ ᠮᠡᠬᠡᠯᠡᠯ ᠬᠢᠬᠦ ᠶᠢ ᠬᠡᠷᠬᠢᠨ ᠰᠡᠷᠭᠡᠶᠢᠯᠡᠬᠦ ᠶᠢ ᠰᠠᠭᠤᠭᠠᠯᠢ ᠠᠷᠠᠳ ᠲᠤ ᠭᠤᠣᠯᠳᠠᠯᠭ᠎ᠠ ᠲᠠᠢ ᠪᠠᠷ ᠤᠬᠠᠭᠤᠯᠬᠤ ᠶᠢᠨ ᠬᠠᠮᠲᠤ ᠤᠢᠢᠷ᠎ᠠ ᠶᠢᠨ ᠵᠢᠯ ᠤᠳ ᠲᠤ ᠤᠯᠠᠨ ᠲᠦᠮᠡᠨ ᠤ ᠳᠡᠷᠭᠡᠳᠡ ᠡᠭᠦᠰᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠤᠯᠠᠨ ᠲᠦᠮᠡᠨ ᠢ ᠬᠠᠪᠰᠤᠷᠤᠨ ᠮᠡᠬᠡᠯᠡᠯ ᠢ ᠨᠢ ᠲᠠᠨᠢᠭᠤᠯᠵᠤ᠂ ᠡᠳ᠋ ᠬᠦᠷᠦᠩᠭᠡ ᠶᠢᠨ ᠬᠤᠬᠢᠷᠠᠯ ᠤᠴᠠᠷᠠᠭᠤᠯᠬᠤ ᠠᠴᠠ ᠵᠠᠶᠢᠯᠠᠰᠬᠢᠬᠦ ᠬᠡᠷᠡᠭᠲᠡᠶ᠃   ᠠᠵᠢᠯᠯᠠᠭ᠎ᠠ ᠳᠤ ᠨᠡᠶᠢᠲᠡ 30 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠲᠤᠬᠠᠶ ᠶᠢᠨ ᠲᠠᠯᠠᠪᠤᠷ ᠲᠤ ᠣᠯᠠᠨ ᠲᠦᠮᠡᠨ ᠤ ᠮᠠᠳᠠᠭ ᠲᠠᠢ ᠠᠰᠠᠭᠤᠯᠲᠠ ᠶᠢ 10  ᠤᠳᠠᠭ᠎ᠠ ᠬᠠᠷᠢᠭᠤᠯᠵᠤ᠂ ᠰᠠᠭᠤᠭᠠᠯᠢ ᠠᠷᠠᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠪᠦᠲᠦᠮᠵᠢᠲᠡᠶ ᠪᠠᠷ ᠳᠡᠭᠡᠭᠰᠢᠯᠡᠭᠦᠯᠦᠨ᠂ ᠬᠠᠷᠢᠶᠠᠲᠤ ᠣᠷᠣᠨ ᠤ ᠠᠮᠤᠷ ᠲᠦᠪᠰᠢᠨ᠂ ᠲᠣᠭᠲᠠᠭᠤᠨ᠂ ᠡᠶ᠎ᠡ ᠵᠣᠬᠢᠴᠠᠯ ᠢ ᠬᠠᠮᠠᠭᠠᠯᠠᠬᠤ ᠳᠤ ᠬᠠᠤᠯᠢ ᠪᠠᠷ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ