ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/24
    1 ᠰᠠᠷ᠎ᠠ ᠶᠢᠨ 19 ᠤ ᠡᠳᠦᠷ ᠾᠧᠨᠠᠨ ᠮᠤᠵᠢ ᠶᠢᠨ ᠨᠠᠨᠶᠠᠩ ᠬᠤᠲᠠ ᠶᠢᠨ ᠨᠢᠭᠡᠨ ᠰᠤᠷᠭᠠᠭᠤᠯᠢ ᠶᠢᠨ ᠪᠠᠶᠢᠷᠢ ᠳᠤ ᠭᠠᠯ ᠤᠨ ᠠᠶᠤᠯ ᠭᠠᠷᠴᠤ᠂ 13 ᠬᠥᠮᠦᠨ ᠠᠳᠡᠵᠦ᠂ 1 ᠬᠥᠮᠦᠨ ᠰᠢᠷᠬᠠᠲᠤᠵᠠᠶ᠃ ᠠᠳᠡᠯ ᠤᠨ ᠰᠤᠷᠭᠠᠮᠵᠢ ᠶᠢ ᠭᠦᠨᠵᠡᠭᠡᠶ ᠰᠢᠩᠭᠡᠭᠡᠨ ᠠᠪᠬᠤ ᠶᠢᠨ ᠲᠤᠰᠠᠳᠠ᠂ ᠬᠡᠷᠡᠭ ᠢᠶᠠᠷ ᠲᠣᠯᠢ ᠪᠣᠯᠭᠠᠵᠤ᠂ ᠨᠢᠭᠡ ᠠᠴᠠ ᠵᠦᠢᠴᠢᠯᠡᠵᠦ ᠨᠥᠬᠦᠭᠡ ᠶᠢ ᠮᠡᠳᠡᠵᠦ᠂ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠵᠤ᠂ ᠪᠥᠬᠦ ᠬᠤᠲᠠ ᠶᠢᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ  ᠤ ᠰᠡᠷᠭᠡᠶᠢᠯᠡᠯᠲᠡ  ᠶᠢᠨ ᠱᠤᠭᠤᠮ  ᠢ ᠪᠠᠬᠢᠵᠢᠭᠦᠯᠦᠨ᠎ᠡ᠃ 1 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠠᠷᠤᠭ᠎ᠠ ᠵᠠᠩ ᠶᠦᠩ ᠱᠧᠩ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠠᠵᠢᠯ ᠤᠨ ᠪᠠᠶᠢᠷᠢᠯᠠᠭᠤᠯᠤᠯᠲᠠ ᠬᠢᠵᠦ᠂ ᠭᠤᠷᠪᠠᠨ ᠲᠤᠰᠬᠠᠶ ᠪᠠᠶᠢᠴᠠᠭᠠᠬᠤ ᠳᠤᠭᠤᠶᠢᠯᠠᠩ ᠲᠣᠮᠢᠯᠠᠨ ᠰᠤᠷᠭᠠᠭᠤᠯᠢ ᠳᠤ ᠭᠦᠨᠵᠡᠭᠡᠶᠢᠷᠡᠭᠦᠯᠦᠨ ᠠᠮᠤᠷ ᠲᠦᠪᠰᠢᠨ ᠤ ᠠᠵᠢᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃      ᠪᠠᠶᠢᠴᠠᠭᠠᠬᠤ ᠳᠤᠭᠤᠶᠢᠯᠠᠩ ᠨᠢ ᠲᠤᠬᠠᠶ ᠶᠢᠨ ᠭᠠᠵᠠᠷ ᠲᠤᠨᠢ ᠯᠠᠪᠯᠠᠨ ᠠᠰᠠᠭᠤᠬᠤ ᠪᠠ ᠲᠤᠬᠠᠶ ᠶᠢᠨ ᠭᠠᠵᠠᠷ ᠲᠤᠨᠢ ᠬᠠᠶᠢᠨ ᠪᠠᠶᠢᠴᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠠᠯ ᠤᠨᠲᠠᠷᠠᠭᠠᠬᠤ ᠪᠡᠯᠡᠳᠬᠡᠮᠵᠢ ᠲᠥᠬᠦᠭᠡᠷᠦᠮᠵᠢ᠂ ᠭᠠᠯ ᠤᠨᠲᠠᠷᠠᠭᠠᠬᠤ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠰᠤᠷᠭᠠᠭᠤᠯᠢ ᠶᠢᠨ ᠪᠠᠶᠢᠷᠢ ᠶᠢᠨ ᠪᠠᠷᠢᠯᠭ᠎ᠠ ᠵᠡᠷᠭᠡ ᠰᠤᠷᠭᠠᠭᠤᠯᠢ ᠶᠢᠨ ᠬᠦᠷᠢᠶᠡᠨ ᠤ ᠳᠠᠯᠳᠠ ᠬᠡᠮ ᠤᠨ ᠲᠣᠭᠤᠷᠢᠨ ᠳᠤ ᠲᠣᠤᠷ ᠲᠠᠲᠠᠬᠤ ᠮᠠᠶ᠋ᠢᠭ ᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠭᠤᠤᠯᠳᠠᠯᠭ᠎ᠠ ᠲᠠᠢ ᠥᠷᠨᠢᠭᠦᠯᠵᠦ᠂ ᠲᠠᠷᠬᠠᠭᠠᠬᠤ ᠵᠠᠮ ᠪᠥᠭᠯᠡᠷᠡᠬᠦ᠂ ᠪᠠᠴᠢᠮ ᠪᠠᠶᠢᠳᠠᠯ ᠢ ᠠᠷᠭᠠᠴᠠᠬᠤ ᠲᠠᠷᠬᠠᠭᠠᠬᠤ ᠲᠡᠮᠳᠡᠭ ᠵᠢᠷᠤᠮᠵᠢᠯ ᠥᠬᠡᠶ ᠪᠠᠶᠢᠬᠤ ᠵᠡᠷᠭᠡ ᠠᠰᠠᠭᠤᠳᠠᠯ ᠢ ᠡᠷᠡᠰ ᠬᠤᠷᠢᠭᠯᠠᠬᠤ ᠬᠡᠷᠡᠭᠲᠡᠶ᠃ ᠤᠰᠤ ᠴᠠᠬᠢᠯᠭᠠᠨ ᠤ ᠠᠮᠤᠷ ᠲᠦᠪᠰᠢᠨ᠂ ᠤᠳᠤᠷᠢᠳᠤᠯᠭ᠎ᠠ ᠡᠭᠡᠯᠵᠢ ᠳᠠᠭᠠᠭᠤᠯᠤᠭᠰᠠᠨ ᠪᠠ 24 ᠴᠠᠭ ᠢᠶᠠᠷ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ᠂ ᠰᠤᠷᠭᠠᠭᠤᠯᠢ ᠶᠢᠨ ᠬᠦᠷᠢᠶᠡᠨ ᠤ ᠡᠳᠦᠷ ᠲᠤᠲᠤᠮ ᠤᠨ ᠲᠣᠭᠤᠷᠢᠨ ᠪᠠᠶᠢᠴᠠᠭᠠᠭᠰᠠᠨ ᠪᠠᠶᠢᠳᠠᠯ ᠵᠡᠷᠭᠡ ᠳᠤ ᠪᠠᠶᠢᠴᠠᠭᠠᠯᠲᠠ ᠬᠢᠵᠦ᠂ ᠪᠠᠶᠢᠴᠠᠭᠠᠬᠤ ᠳᠤᠭᠤᠶᠢᠯᠠᠩ ᠠᠴᠠ ᠵᠢᠵᠢᠭᠦᠷᠯᠡᠭᠴᠢ ᠶᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠪᠠ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠮᠡᠳᠡᠭᠦᠯᠬᠦ ᠲᠦᠷᠢᠮ ᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠡᠯ᠎ᠡ  ᠵᠦᠢᠯ ᠤᠨ ᠡᠭᠡᠯᠵᠢ ᠲᠤᠰᠢᠶᠠᠭᠰᠠᠨ ᠪᠠ ᠭᠥᠯᠢᠶᠡᠨ ᠠᠪᠤᠭᠰᠠᠨ ᠲᠡᠮᠳᠡᠭᠯᠡᠯ ᠪᠠ ᠲᠣᠭᠤᠷᠢᠨ ᠪᠠᠶᠢᠴᠠᠭᠠᠭᠰᠠᠨ ᠲᠡᠮᠳᠡᠭᠯᠡᠯ ᠢ ᠰᠠᠶᠢᠲᠤᠷ ᠬᠢᠵᠦ᠂ ᠴᠢᠳᠠᠯ ᠶᠡᠬᠡᠲᠡᠶ ᠴᠠᠬᠢᠯᠭᠠᠨ ᠬᠡᠷᠡᠭᠰᠡᠯ ᠬᠡᠷᠡᠭᠯᠡᠬᠦ ᠶᠢ ᠴᠠᠭᠠᠵᠠᠯᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠵᠦ ᠱᠠᠭᠠᠷᠳᠠᠪᠠ᠃     ᠲᠠᠷᠠᠭᠠᠴᠢ ᠶᠢᠨ ᠠᠯᠬᠤᠮ ᠳᠤ᠂ ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠮᠠᠨ ᠤ ᠬᠤᠲᠠ ᠶᠢᠨ ︽ᠡᠪᠦᠯ ᠬᠠᠪᠤᠷ ᠤᠨ ᠤᠯᠠᠷᠢᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ︾ ᠠᠵᠢᠯ ᠲᠠᠢ ᠤᠶᠠᠯᠳᠤᠭᠤᠯᠤᠨ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠬᠡᠷ ᠤᠨ ᠠᠬᠠᠮᠠᠳ᠂ ᠨᠡᠶᠢᠲᠡ ᠶᠢᠨ ᠳ᠋ᠤᠭᠠᠷ ᠵᠡᠷᠭᠡ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢᠶᠠᠷ ᠳᠠᠮᠵᠢᠭᠤᠯᠤᠨ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠰᠤᠷᠤᠭᠴᠢᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠠᠳᠡᠯ ᠭᠠᠷᠬᠤ ᠶᠢ ᠲᠠᠰᠤ ᠵᠣᠭᠰᠣᠭᠠᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ