ᠵᠠᠯᠠᠨ ᠠᠶᠢᠯ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠰᠢᠨᠵᠢᠯᠡᠭᠡᠨ ᠤ ᠲᠥᠷᠥᠯ ᠤᠨ ᠪᠤᠰᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠵᠡᠷᠭᠡ ᠬᠥᠮᠦᠨ ᠣᠯᠠᠨ ᠴᠤᠭᠯᠠᠷᠠᠳᠠᠭ ᠲᠠᠯᠠᠪᠤᠷ ᠤᠨ ᠠᠶᠤᠯᠭᠦᠶ ᠦᠢᠯᠡᠳᠪᠦᠷᠢᠯᠡᠯ ᠤᠨ ᠲᠤᠰᠬᠠᠶ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/1/24
    ᠰᠣᠶᠣᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠲᠠᠯᠠᠪᠤᠷ ᠭᠠᠵᠠᠷ ᠤᠨ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠡᠷᠡᠭ ᠶᠠᠪᠤᠳᠠᠯ ᠢ ᠪᠠᠭ᠎ᠠ ᠳᠡᠭᠡᠷ᠎ᠡ ᠨᠢ ᠰᠡᠷᠭᠡᠶᠢᠯᠡᠨ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠶᠢᠨ ᠲᠥᠯᠥᠭᠡ᠂ 1 ᠰᠠᠷ᠎ᠠ ᠶᠢᠨ 21 ᠤ ᠡᠳᠦᠷ᠂ ᠵᠠᠯᠠᠨ ᠠᠶᠢᠯ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠠᠶᠤᠯᠭᠦᠶ ᠦᠢᠯᠡᠳᠪᠦᠷᠢᠯᠡᠯ  ᠤᠨ ᠲᠤᠰᠬᠠᠶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠵᠦ᠂ ᠬᠤᠲᠠ ᠶᠢᠨ ᠳᠣᠲᠣᠷᠠᠬᠢ ᠰᠢᠨᠵᠢᠯᠡᠭᠡᠨ ᠤ ᠲᠥᠷᠥᠯ ᠤᠨ ᠪᠤᠰᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠵᠡᠷᠭᠡ ᠬᠥᠮᠦᠨ ᠣᠯᠠᠨ ᠴᠤᠭᠯᠠᠷᠠᠳᠠᠭ ᠲᠠᠯᠠᠪᠤᠷ ᠲᠤ ᠲᠣᠤᠷ ᠲᠠᠲᠠᠬᠤ ᠮᠠᠶ᠋ᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠪᠠ᠃      ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠳ ᠡᠯ᠎ᠡ ᠡᠵᠡᠩᠨᠡᠯᠲᠡ ᠶᠢᠨ ᠭᠠᠵᠠᠷ ᠲᠤ ᠭᠦᠨᠵᠡᠭᠡᠶᠢᠷᠡᠵᠦ᠂ ᠬᠤᠯᠪᠣᠭᠳᠠᠬᠤ ᠡᠯ᠎ᠡ ᠣᠷᠣᠨ ᠪᠦᠰᠡ ᠳᠤ᠂ ᠠᠮᠤᠷ ᠲᠦᠪᠰᠢᠨ ᠪᠤᠰᠤ ᠲᠠᠯᠳᠠ ᠭᠡᠮ ᠣᠷᠣᠰᠢᠵᠤ ᠪᠠᠶᠢᠬᠤ ᠡᠰᠡᠬᠦ᠂ ᠭᠠᠯ ᠤᠨᠲᠠᠷᠠᠭᠠᠬᠤ ᠨᠡᠪᠳᠡᠷᠡᠯ ᠵᠠᠮ ᠰᠠᠭᠠᠳ ᠦᠭᠡᠢ ᠨᠡᠪᠲᠡᠷᠡᠵᠦ ᠪᠠᠶᠢᠬᠤ ᠡᠰᠡᠬᠦ᠂ ᠭᠠᠯ ᠤᠨᠲᠠᠷᠠᠭᠠᠬᠤ ᠪᠡᠯᠡᠳᠬᠡᠮᠵᠢ ᠶᠢ ᠬᠡᠪ ᠵᠢᠨ‌‍ᠶᠣᠰᠣᠭᠠᠷ ᠬᠡᠷᠡᠭᠯᠡᠵᠦ ᠳᠡᠶᠢᠯᠬᠦ ᠡᠰᠡᠬᠦ᠂ ᠭᠠᠯ ᠴᠠᠬᠢᠯᠭᠠᠨ ᠬᠡᠷᠡᠭᠯᠡᠬᠦ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠭᠰᠠᠨ ᠡᠰᠡᠬᠦ᠂ ᠠᠶᠤᠯ ᠥᠭᠡᠢ ᠦᠢᠯᠡᠳᠪᠦᠷᠢᠯᠡᠯ  ‍ᠦᠨ‌ᠬᠠᠮᠢᠶᠠᠷᠤᠯᠲᠠ ᠶᠢᠨ ᠲᠥᠷᠢᠮ ᠪᠠᠶᠢᠭᠤᠯᠤᠭᠰᠠᠨ ᠡᠰᠡᠬᠦ᠂ ᠭᠠᠯ ᠤᠨᠲᠠᠷᠠᠭᠠᠬᠤ ᠠᠮᠤᠷ ᠲᠦᠪᠰᠢᠨ  ᠤ ᠰᠣᠷᠢᠯᠲᠠ ᠬᠢᠭᠰᠡᠨ ᠡᠰᠡᠬᠦ ᠵᠡᠷᠭᠡ ᠪᠠᠶᠢᠳᠠᠯ  ᠲᠤ ᠴᠢᠭᠯᠡᠭᠦᠯᠦᠨ᠂ ᠪᠠᠷᠢᠮᠵᠢᠶ᠎ᠠ ᠬᠦᠰᠦᠨᠦᠭᠲᠦ ᠶᠢ ᠬᠠᠷᠭᠤᠭᠤᠯᠵᠤ᠂ ᠵᠦᠢᠯ ᠳᠠᠷᠠᠭᠠᠯᠠᠨ ᠲᠠᠯᠳᠠ ᠭᠡᠮ  ᠢ ᠵᠢᠭᠰᠠᠭᠠᠨ ᠪᠠᠶᠢᠴᠠᠭᠠᠵᠤ᠂ ᠶᠠᠪᠤᠳᠠᠯ  ᠪᠥᠬᠦᠨ  ᠶᠢ ᠪᠠᠶᠢᠴᠠᠭᠠᠨ ᠲᠤᠳᠤᠯᠠᠬᠤ᠂ ᠣᠨᠣᠪᠴᠢᠲᠠᠶ ᠪᠠᠶᠢᠴᠠᠭᠠᠬᠤ᠂ ᠣᠷᠣᠨ ᠪᠠᠶᠢᠷᠢ ᠳᠤᠨᠢ ᠬᠦᠷᠲᠡᠯ᠎ᠡ ᠪᠠᠶᠢᠴᠠᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃     ᠲᠣᠰ ᠤᠳᠠᠭ᠎ᠠ 10 ᠬᠠᠤᠯᠢ ᠬᠡᠷᠡᠭᠵᠢᠭᠦᠯᠬᠦ ᠠᠵᠢᠯᠲᠠᠨ ᠰᠢᠨᠵᠢᠯᠡᠭᠡᠨ ᠤ ᠲᠥᠷᠥᠯ ᠤᠨ ᠪᠤᠰᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ᠂1 ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠂ 1 ᠴᠠᠰᠤᠨ ᠳᠤ ᠭᠤᠯᠭᠤᠬᠤ ᠲᠠᠯᠠᠪᠠᠶ ᠂ 48 ᠬᠥᠮᠦᠨ ᠤᠳᠠᠭ᠎ᠠ ᠪᠠᠶᠢᠴᠠᠭᠠᠯᠲᠠ ᠬᠢᠪᠠ᠃ ᠪᠠᠶᠢᠴᠠᠭᠠᠯᠲᠠ ᠶᠢᠨ ᠦᠷ᠎ᠡ ᠳ᠋ᠦᠩ ᠤᠨ ᠶᠡᠷᠦᠩᠬᠡᠶ ᠪᠠᠶᠢᠳᠠᠯ ᠨᠢ ᠨᠡᠯᠢᠶᠡᠳ ᠰᠠᠶᠢᠨ ᠪᠠᠶᠢᠵᠤ᠂ ᠡᠭᠦᠨ ᠳᠤ ᠬᠤᠶᠠᠷ ᠲᠠᠯᠠᠪᠤᠷ ᠭᠠᠵᠠᠷ ᠲᠤ ᠲᠠᠷᠬᠠᠭᠠᠬᠤ ᠵᠢᠭᠠᠯᠲᠠ ᠲᠡᠮᠳᠡᠭ ᠡᠪᠳᠡᠷᠡᠵᠦ᠂ ᠭᠠᠯ ᠤᠨᠲᠠᠷᠠᠭᠠᠬᠤ ᠵᠠᠮ ᠲᠦᠭᠵᠢᠷᠡᠭᠰᠡᠨ ᠵᠡᠷᠭᠡ ᠠᠰᠠᠭᠤᠳᠠᠯ ᠣᠷᠣᠰᠢᠵᠤ᠂ ᠨᠢᠭᠡᠨᠲᠡ ᠲᠠᠯᠠᠪᠤᠷ ᠭᠠᠵᠠᠷ ᠢ ᠵᠠᠷᠯᠢᠭᠳᠠᠨ ᠲᠡᠷᠡ ᠳᠠᠷᠤᠶ ᠳᠤᠨᠢ ᠥᠭᠡᠷᠡᠴᠢᠯᠡᠵᠦ᠂ ᠣᠲᠣ ᠨᠢᠭᠡᠨᠲᠡ ᠴᠡᠭᠴᠡᠯᠡᠨ ᠵᠠᠰᠠᠵᠤ ᠳᠠᠭᠤᠰᠬᠠᠪᠠ᠃     ᠬᠠᠤᠯᠢ ᠬᠡᠷᠡᠭᠵᠢᠭᠦᠯᠬᠦ ᠠᠩᠬᠢ ᠶᠢᠨ ᠭᠡᠰᠢᠭᠦᠳ ᠨᠢᠭᠡ ᠲᠠᠯ᠎ᠠ ᠪᠠᠷ ᠲᠤᠬᠠᠢ ᠶᠢᠨ ᠲᠠᠯᠠᠪᠠᠢ ᠶᠢᠨ ᠠᠮᠤᠷ ᠲᠦᠪᠰᠢᠨ ᠢ ᠠᠳᠬᠤᠵᠤ᠂ ᠨᠢᠭᠡ ᠲᠠᠯ᠎ᠠ ᠪᠠᠷ ᠤᠬᠠᠭᠤᠯᠭ᠎ᠠ ᠬᠥᠮᠦᠵᠢᠯ ᠢ ᠲᠠᠯᠠᠪᠤᠷ ᠤᠨ ᠬᠠᠷᠢᠭᠤᠴᠠᠯᠭᠠᠲᠠᠨ ᠢ ᠠᠶᠤᠯᠭᠦᠶ ᠦᠢᠯᠡᠳᠪᠦᠷᠢᠯᠡᠯ ᠤᠨ ᠠᠵᠢᠯ ᠢ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠲᠠᠯᠳᠠ ᠭᠡᠮ ᠢ ᠥᠪᠡᠰᠦᠪᠡᠨ ᠪᠠᠶᠢᠴᠠᠭᠠᠬᠤ ᠶᠢ ᠪᠠᠶᠢᠩᠭᠤ ᠶᠢᠨ ᠴᠢᠨᠠᠷᠲᠠᠶ ᠪᠠᠷ ᠥᠷᠨᠢᠭᠦᠯᠬᠦ ᠶᠢ ᠪᠠᠷᠢᠮᠲᠠᠯᠠᠵᠤ᠂ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠰᠣᠷᠢᠯᠲᠠ ᠪᠣᠯᠪᠠᠰᠤᠷᠠᠯ ᠪᠠ ᠪᠣᠯᠪᠠᠰᠤᠷᠠᠭᠤᠯᠤᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠠᠶᠤᠯᠭᠦᠶ ᠦᠢᠯᠡᠳᠪᠦᠷᠢᠯᠡᠯ ᠤᠨ ᠬᠢᠵᠠᠭᠠᠷ ᠱᠤᠭᠤᠮ ᠢ ᠴᠠᠭ ᠢᠮᠠᠭᠲᠠ ᠪᠠᠲᠤᠳᠬᠠᠬᠤ ᠬᠡᠷᠡᠭᠲᠡᠶ ᠭᠡᠵᠦ ᠱᠠᠭᠠᠷᠳᠠᠵᠠᠶ᠃ ᠲᠡᠷᠡᠴᠢᠯᠡᠨ ᠵᠠᠷᠢᠮ ᠮᠡᠷᠭᠡᠵᠢᠯ ᠤᠨ ᠴᠢᠨᠠᠷᠲᠠᠶ ᠠᠰᠠᠭᠤᠳᠠᠯ ᠤᠨ ᠲᠠᠯ᠎ᠠ ᠪᠠᠷ ᠲᠤᠬᠠᠶ ᠶᠢᠨ ᠭᠠᠵᠠᠷ ᠲᠤᠨᠢ ᠠᠵᠢᠯᠲᠠᠳ ᠢ ᠵᠠᠯᠠᠷᠠᠭᠤᠯᠤᠨ ᠵᠢᠯᠣᠭᠤᠳᠤᠭᠠᠳ ᠮᠠᠰᠢ ᠰᠠᠶᠢᠨ ᠦᠷ᠎ᠡ ᠪᠦᠲᠦᠮᠵᠢ ᠣᠯᠵᠠᠶ᠃     ᠳᠠᠷᠠᠭᠠᠴᠢ ᠶᠢᠨ ᠠᠯᠬᠤᠮ ᠳᠤ᠂ ᠵᠠᠯᠠᠨ ᠠᠶᠢᠯ ᠬᠤᠳᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ  ᠲᠣᠪᠴᠢᠶ᠎ᠠ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠬᠥᠮᠦᠨ ᠤᠯᠠᠨ ᠴᠤᠭᠯᠠᠷᠠᠭᠰᠠᠨ ᠲᠠᠯᠠᠪᠤᠷ ᠤᠨ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠪᠠᠶᠢᠴᠠᠭᠠᠬᠤ ᠡᠷᠴᠢᠮ ᠢᠶᠠᠨ ᠳᠠᠰᠤᠷᠠᠯᠳᠠ ᠦᠬᠡᠢ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠪᠰᠢᠨ ᠢᠶᠠᠨ ᠳᠠᠰᠤᠷᠠᠯᠳᠠ ᠦᠬᠡᠢ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠤᠬᠠᠭᠤᠯᠭ᠎ᠠ ᠶᠢ ᠴᠢᠩᠭᠠᠳᠬᠠᠵᠤ᠂ ᠰᠣᠶᠣᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠡᠮᠬᠢ ᠳᠢᠭᠯᠢᠮ ᠲᠠᠢ ᠡᠷᠡᠭᠦᠯ ᠢᠶᠠᠷ ᠬᠥᠭᠵᠢᠬᠦ ᠶᠢ ᠪᠠᠲᠤᠯᠠᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ