︽ᠠᠷᠪᠠᠨ ᠳᠦᠷᠪᠡᠳᠦᠭᠡᠷ ᠬᠤᠭᠤᠴᠠᠭᠠᠨ ᠤ  ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾  ᠤ ᠵᠠᠯᠠᠨ ᠠᠶᠢᠯ ᠤᠨ ᠤᠷᠤᠯᠳᠤᠭᠠᠨ ᠤ ᠲᠣᠭᠤᠷᠢᠭ ᠤᠨ ᠭᠦᠢᠴᠡᠳᠭᠡᠬᠦ ᠵᠥᠪᠯᠡᠯ ᠲᠠᠪᠤᠳᠤᠭᠠᠷ ᠤᠳᠠᠭᠠᠨ ᠤ ᠪᠥᠬᠦᠳᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/24
    1 ᠰᠠᠷ᠎ᠠ ᠶᠢᠨ 15 ᠤ ᠡᠳᠦᠷ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ︽ᠠᠷᠪᠠᠨ ᠳᠦᠷᠪᠡᠳᠦᠭᠡᠷ ᠬᠤᠭᠤᠴᠠᠭᠠᠨ  ᠤ  ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾  ᠤ ᠵᠠᠯᠠᠨ ᠠᠶᠢᠯ ᠤᠷᠤᠯᠳᠤᠭᠠᠨ ᠤ ᠲᠣᠭᠤᠷᠢᠭ ᠤᠨ ᠭᠦᠢᠴᠡᠳᠬᠡᠬᠦ ᠺᠣᠮᠢᠰ ᠤᠨ ᠡᠷᠬᠢᠯᠡᠭᠴᠢ ᠸᠠᠩ ᠪᠥᠸᠧ ᠵᠠᠯᠠᠨ ᠠᠶᠢᠯ ᠤᠷᠤᠯᠳᠤᠭᠠᠨ ᠤ ᠲᠣᠭᠤᠷᠢᠭ ᠤᠨ ᠭᠦᠢᠴᠡᠳᠬᠡᠬᠦ ᠺᠣᠮᠢᠰ ᠤᠨ ᠲᠠᠪᠤᠳᠤᠭᠠᠷ ᠪᠥᠬᠦᠳᠡ ᠬᠤᠷᠠᠯ ᠢ ᠡᠷᠬᠢᠯᠡᠨ ᠬᠤᠷᠠᠯᠳᠤᠭᠤᠯᠪᠠ᠃ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠨᠠᠷ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠢᠷᠢ ᠬᠡᠮ ᠤᠨ ᠤᠷᠤᠯᠳᠤᠭᠠᠨ ᠤ ᠪᠦᠬᠦᠯᠢ ᠴᠣᠭᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠥᠬᠦᠶ ᠵᠥᠪᠯᠡᠬᠦ ᠰᠡᠳᠦᠪ ᠢ ᠰᠤᠳᠤᠯᠤᠨ ᠬᠢᠨᠠᠨ ᠶᠠᠷᠢᠯᠴᠠᠵᠤ᠂ ᠲᠠᠷᠠᠭᠠᠴᠢ ᠶᠢᠨ  ᠭᠤᠯᠳᠣᠯᠭ᠎ᠠ ᠲᠠᠢ ᠠᠵᠢᠯ ᠢ ᠲᠦᠯᠦᠪᠯᠡᠨ  ᠲᠣᠭᠲᠠᠭᠠᠪᠠ᠃    ᠬᠤᠷᠠᠯ ᠠᠴᠠ᠂ ︽ᠠᠷᠪᠠᠨ ᠳᠦᠷᠪᠡᠳᠦᠭᠡᠷ ᠬᠤᠭᠤᠴᠠᠭᠠᠨ  ᠤ  ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠵᠢᠩᠬᠢᠨᠢ ᠪᠠᠷ ᠡᠬᠢᠯᠡᠬᠦ ᠭᠡᠵᠦ ᠪᠠᠶᠢᠨ᠎ᠠ᠂ ᠡᠯ᠎ᠡ ᠵᠦᠢᠯ ᠤᠨ ᠠᠵᠢᠯ ᠤᠨ ᠡᠬᠢ ᠠᠳᠠᠭ ᠤᠯᠠᠨ᠂ ᠴᠠᠭ ᠪᠠᠴᠢᠮ᠂ ᠡᠭᠦᠷᠭᠡ ᠬᠦᠨᠳᠦ ᠪᠠᠶᠢᠨ᠎ᠠ᠂ ᠤᠯᠠᠨ ᠢᠶᠠᠷ ᠢᠶᠠᠨ ᠡᠷᠬᠡᠪᠰᠢ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠱᠤᠭᠤᠮ ᠳᠠᠷᠤᠵᠤ ᠰᠢᠪᠲᠤᠯᠤᠯᠲᠠ ᠬᠢᠵᠦ ᠪᠡᠯᠡᠳᠬᠡᠯ ᠠᠵᠢᠯ ᠢ ᠰᠠᠶᠢᠲᠤᠷ ᠬᠢᠵᠦ᠂ ︽ᠠᠷᠪᠠᠨ ᠳᠦᠷᠪᠡᠳᠦᠭᠡᠷ ᠬᠤᠭᠤᠴᠠᠭᠠᠨ  ᠤ  ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾  ᠤ ᠠᠮᠤᠷ ᠲᠦᠪᠰᠢᠨ᠂ ᠭᠤᠶᠢᠳᠠ ᠰᠠᠶᠢᠬᠠᠨ᠂ ᠲᠡᠭᠦᠰ ᠠᠮᠵᠢᠯᠲᠠ ᠲᠠᠢ ᠪᠠᠶᠢᠬᠤ ᠶᠢ ᠪᠠᠲᠤᠯᠠᠬᠤ ᠬᠡᠷᠡᠭᠲᠡᠶ᠃     ᠬᠤᠷᠠᠯ ᠠᠴᠠ᠂ ᠭᠦᠢᠴᠡᠳᠬᠡᠬᠦ ᠵᠥᠪᠯᠡᠯ ᠤᠨ ᠪᠦᠬᠦ ᠪᠦᠷᠢᠯᠳᠦᠬᠦᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠳᠤᠲᠠᠭᠤ ᠶᠢ ᠪᠠᠶᠢᠴᠠᠭᠠᠨ ᠳᠤᠲᠠᠭᠤ ᠶᠢ ᠨᠥᠬᠦᠪᠥᠷᠢᠯᠡᠵᠦ᠂ ᠲᠤᠷᠰᠢᠯᠭ᠎ᠠ ᠪᠠᠨ ᠡᠮᠬᠢᠯᠡᠵᠦ ᠳ᠋ᠦᠩᠨᠡᠨ᠂ ᠭᠤᠣᠯᠯᠠᠭᠴᠢ ᠦᠢᠯᠡᠳᠦᠯ ᠢᠶᠠᠨ ᠪᠠᠳᠠᠷᠠᠭᠤᠯᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠵᠤ᠂ ᠦᠢᠯᠡᠴᠢᠯᠡᠭᠡᠨ ᠤ ᠪᠠᠲᠤᠯᠠᠭ᠎ᠠ ᠶᠢ ᠰᠢᠯᠢᠳᠡᠭᠵᠢᠭᠦᠯᠵᠦ᠂ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠤᠷᠤᠯᠳᠤᠭᠠᠨ ᠡᠷᠬᠢᠯᠡᠬᠦ ᠦᠢᠯᠡᠳᠦᠯ ᠢ ᠥᠷᠭᠡᠳᠬᠡᠵᠦ᠂ ᠬᠤᠳᠠ ᠶᠢᠨ ᠴᠢᠨᠠᠷ ᠴᠢᠨᠰᠠᠭ᠎ᠠ ᠶᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃     ᠬᠤᠷᠠᠯ ᠠᠴᠠ᠂ ︽ᠠᠷᠪᠠᠨ ᠳᠦᠷᠪᠡᠳᠦᠭᠡᠷ ᠬᠤᠭᠤᠴᠠᠭᠠᠨ  ᠤ  ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾  ᠤ ᠡᠯ᠎ᠡ ᠵᠦᠢᠯ ᠤᠨ ᠪᠡᠯᠡᠳᠬᠡᠯ ᠠᠵᠢᠯ ᠨᠢᠭᠡᠨᠲᠡ ᠪᠦᠬᠦ ᠬᠦᠴᠦᠨ ᠢᠶᠠᠷ ᠢᠶᠠᠨ ᠰᠢᠪᠲᠤᠯᠤᠯᠲᠠ ᠬᠢᠬᠦ᠂ ᠪᠦᠬᠦ ᠲᠠᠯ᠎ᠠ ᠪᠠᠷ ᠪᠡᠯᠡᠳᠬᠡᠬᠦ᠂ ᠰᠢᠢᠳᠪᠦᠷᠢᠲᠦ ᠳᠠᠶᠢᠯᠠᠯᠳᠤᠭᠠᠨ ᠰᠢᠢᠳᠪᠦᠷᠢᠲᠦ ᠢᠯᠠᠯᠲᠠ ᠶᠢ ᠤᠯᠬᠤ ᠵᠠᠩᠭᠢᠯᠠᠭ᠎ᠠ ᠶᠢᠨ ᠴᠠᠭ ᠦᠶ᠎ᠡ ᠳᠤ ᠣᠷᠣᠵᠠᠢ᠂ ᠤᠯᠠᠨ ᠢᠶᠠᠷ ᠢᠶᠠᠨ ᠡᠷᠬᠡᠪᠰᠢ ︽ᠦᠨᠡᠨᠬᠦ ᠠᠳᠬᠤᠨ ᠪᠣᠳᠠᠲᠠᠢ ᠠᠵᠢᠯᠯᠠᠵᠤ᠂ ᠴᠢᠩᠭ᠎ᠠ ᠠᠳᠬᠤᠨ ᠲᠦᠷᠭᠡᠨ ᠭᠦᠢᠴᠡᠳᠬᠡᠬᠦ︾ ᠲᠡᠮᠡᠴᠡᠯ ᠤᠨ ᠣᠪᠣᠷ ᠢᠶᠠᠷ᠂ ᠤᠷᠤᠯᠳᠤᠭᠠᠨ ᠢ ᠭᠤᠶᠢᠳᠠ ᠰᠠᠶᠢᠬᠠᠨ ᠡᠷᠬᠢᠯᠡᠭᠰᠡᠨ᠂ ᠤᠷᠤᠯᠳᠤᠭᠠᠨ ᠳᠤ ᠣᠷᠣᠯᠴᠠᠵᠤ ᠭᠤᠶᠢᠳᠠ ᠰᠠᠶᠢᠬᠠᠨ ᠠᠮᠵᠢᠯᠲᠠ ᠪᠦᠲᠦᠮᠵᠢ ᠣᠯᠤᠭᠰᠠᠨ᠂ ᠦᠢᠯᠡᠴᠢᠯᠡᠭᠡ ᠨᠢ ᠭᠤᠶᠢᠳᠠ ᠰᠠᠶᠢᠬᠠᠨ᠂ ᠤᠯᠠᠨ ᠲᠦᠮᠡᠨ ᠤ ᠮᠠᠭᠲᠠᠭᠠᠯ ᠰᠠᠶᠢᠰᠢᠶᠠᠯ ᠢ ᠣᠯᠤᠭᠰᠠᠨ᠂ ᠬᠥᠭᠵᠢᠯᠲᠡ ᠳᠤ ᠭᠤᠶᠢᠳᠠ ᠰᠠᠶᠢᠬᠠᠨ ᠰᠢᠯᠢᠳᠡᠭ ᠰᠢᠯᠭᠠᠯᠲᠠ ᠶᠢᠨ ᠬᠠᠭᠤᠳᠠᠰᠤ ᠶᠢ ᠴᠢᠷᠮᠠᠶᠢᠨ ᠲᠤᠰᠢᠶᠠᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ