ᠰᠢᠩ ᠬᠤᠸᠠ ᠵᠡᠭᠡᠯᠢ ᠭᠤᠳᠤᠮᠵᠢ ︽ᠣᠶ ᠰᠢᠭᠤᠶ ᠶᠢ ᠲᠣᠭᠤᠷᠢᠨ ᠪᠠᠶᠢᠴᠠᠭᠠᠬᠤ ᠬᠠᠷᠢᠭᠤᠴᠠᠯᠭ᠎ᠠ ᠲᠠᠢ  ᠣᠶ ᠰᠢᠭᠤᠶ ᠶᠢ ᠬᠠᠮᠠᠭᠠᠯᠠᠨ ᠭᠠᠮᠰᠢᠭ ᠢ ᠰᠡᠷᠭᠡᠶᠢᠯᠡᠬᠦ︾ ᠣᠶ ᠰᠢᠭᠤᠶ ᠶᠢ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/1/24
    ᠬᠠᠷᠢᠶᠠᠲᠤ ᠣᠷᠣᠨ ᠤ ᠡᠪᠦᠯ ᠤᠨ ᠤᠯᠠᠷᠢᠯ ᠤᠨ ᠣᠶ ᠰᠢᠭᠤᠶ ᠶᠢᠨ ᠳᠠᠷᠤᠭ᠎ᠠ ᠶᠢᠨ ᠲᠦᠷᠢᠮ ᠪᠠ ᠣᠶᠢᠲᠤ ᠭᠠᠵᠠᠷ ᠤᠨ ᠭᠠᠯ ᠰᠡᠷᠭᠡᠶᠢᠯᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠣᠶᠢᠲᠤ ᠭᠠᠵᠠᠷ ᠤᠨ ᠡᠬᠢ ᠪᠠᠶᠠᠯᠢᠭ ᠪᠠ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ 1 ᠰᠠᠷ᠎ᠠ ᠶᠢᠨ 10 ᠤ ᠡᠳᠦᠷ᠂ ᠰᠢᠩ ᠬᠤᠸᠠ ᠵᠡᠭᠡᠯᠢ ᠭᠤᠳᠤᠮᠵᠢ ᠶᠢᠨ ᠰᠢᠦ ᠱᠦᠢ ᠨᠡᠶᠢᠭᠡᠮ ᠲᠣᠭᠤᠷᠢᠭ ᠤᠨ ᠳᠠᠭᠠᠭᠠᠴᠢᠯᠠᠨ ᠰᠠᠭᠤᠬᠤ ᠤᠳᠤᠷᠢᠳᠤᠯᠭ᠎ᠠ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠳᠠᠨ᠂ ᠰᠠᠶᠢᠨ ᠳᠤᠷ᠎ᠠ ᠶᠢᠨ ᠠᠵᠢᠯᠯᠠᠭᠰᠠᠳ ᠢ ᠵᠣᠬᠢᠶᠠᠨ ᠪᠠᠶᠢᠭᠤᠯᠤᠨ ᠬᠠᠷᠢᠶ᠎ᠠ ᠲᠣᠭᠤᠷᠢᠭ ᠲᠤ ᠭᠦᠨᠵᠡᠭᠡᠶᠢᠷᠡᠨ ᠤᠢ ᠰᠢᠭᠤᠢ ᠶᠢ ᠲᠣᠭᠤᠷᠢᠨ ᠪᠠᠶᠢᠴᠠᠭᠠᠬᠤ᠂ ᠤᠢ ᠰᠢᠭᠤᠢ ᠶᠢ ᠬᠠᠮᠠᠭᠠᠯᠠᠨ ᠪᠠᠶᠢᠴᠠᠭᠠᠬᠤ ᠪᠠᠶᠢᠩᠭᠤ ᠶᠢᠨ ᠠᠵᠢᠯ ᠢ ᠥᠷᠨᠢᠭᠦᠯᠵᠦ᠂ ᠤᠢ ᠰᠢᠭᠤᠢ ᠶᠢᠨ ᠳᠠᠷᠤᠭ᠎ᠠ ᠶᠢᠨ ᠲᠦᠷᠢᠮ ᠤᠨ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠪᠠ᠃     ᠲᠣᠰ ᠤᠳᠠᠭᠠᠨ ᠤ ᠲᠣᠭᠤᠷᠢᠨ ᠪᠠᠶᠢᠴᠠᠭᠠᠬᠤ ᠳᠤ ᠬᠠᠷᠢᠶ᠎ᠠ ᠣᠷᠣᠨ ᠤ ᠳᠣᠲᠣᠷᠠᠬᠢ ᠣᠶ ᠶᠢᠨ ᠪᠦᠰᠡ ᠳᠤ ᠭᠠᠯ ᠤᠨ ᠡᠬᠢ ᠪᠤᠶᠤ ᠳᠠᠯᠳᠠ ᠬᠡᠮ ᠪᠠᠶᠢᠬᠤ ᠡᠰᠡᠬᠦ ᠵᠢᠴᠢ ᠭᠠᠯ ᠢ ᠰᠡᠷᠭᠡᠶᠢᠯᠡᠬᠦ ᠰᠡᠷᠡᠮᠵᠢ ᠶᠢᠨ ᠫᠠᠶᠢᠰᠠ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠨ ᠦᠵᠡᠵᠦ᠂ ᠪᠠᠰᠠ ᠬᠠᠷᠢᠶ᠎ᠠ ᠣᠷᠣᠨ ᠤ ᠣᠶᠢᠲᠤ ᠭᠠᠵᠠᠷ ᠢ ᠳᠤᠷ᠎ᠠ ᠪᠠᠷ ᠢᠶᠠᠨ ᠣᠭᠲᠣᠯᠵᠤ ᠬᠤᠯᠠᠭᠠᠶᠢᠯᠠᠨ ᠣᠭᠲᠣᠯᠤᠭᠰᠠᠨ ᠡᠰᠡᠬᠦ᠂ ᠳᠤᠷ᠎ᠠ ᠪᠠᠷ ᠢᠶᠠᠨ ᠪᠠᠷᠢᠵᠤ ᠪᠠᠶᠢᠭᠤᠯᠤᠭᠰᠠᠨ ᠡᠰᠡᠬᠦ ᠵᠡᠷᠭᠡ ᠦᠵᠡᠭᠳᠡᠯ ᠢ ᠭᠦᠨᠵᠡᠭᠡᠶ ᠲᠣᠭᠤᠷᠢᠨ ᠪᠠᠶᠢᠴᠠᠭᠠᠪᠠ᠃     ᠡᠭᠦᠨ ᠤ ᠬᠠᠮᠲᠤ᠂ ᠨᠡᠶᠢᠭᠡᠮ ᠲᠣᠭᠤᠷᠢᠭ ᠤᠨ ᠠᠵᠢᠯᠲᠠᠳ ᠰᠦᠯᠵᠢᠶᠡᠨ ᠤ ᠪᠦᠯᠦᠭᠯᠡᠯ ᠵᠡᠷᠭᠡ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ ︽ᠣᠶ ᠰᠢᠭᠤᠶ ᠶᠢᠨ ᠳᠠᠷᠤᠭ᠎ᠠ ᠶᠢᠨ ᠲᠦᠷᠢᠮ︾ ᠤᠨ ᠤᠬᠠᠭᠤᠯᠭ᠎ᠠ ᠶᠢᠨ ᠮᠡᠳᠡᠭᠡ ᠵᠠᠩᠭᠢ ᠶᠢ ᠨᠡᠶᠢᠲᠡᠯᠡᠵᠦ᠂ ᠰᠠᠭᠤᠭᠠᠯᠢ ᠠᠷᠠᠳ ᠲᠤ ᠡᠪᠦᠯ ᠤᠨ ᠤᠯᠠᠷᠢᠯ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠠᠯᠢᠪᠠ ᠭᠠᠯ ᠤᠨ ᠡᠬᠢ᠂ ᠨᠣᠴᠣᠮᠠᠲᠠᠭᠠᠶ ᠳᠡᠯᠪᠡᠷᠡᠮᠡᠲᠡᠭᠡᠶ ᠵᠡᠷᠭᠡ ᠠᠶᠤᠯᠲᠠᠶ ᠪᠣᠳᠠᠰ ᠢ ᠰᠢᠭᠤᠶᠢᠲᠤ ᠣᠷᠣᠨ ᠳᠤ ᠠᠪᠴᠤ ᠣᠷᠣᠬᠤ ᠶᠢ ᠴᠢᠩᠭ᠎ᠠ ᠴᠠᠭᠠᠵᠠᠯᠠᠵᠤ᠂ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠨ᠂ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠤᠬᠠᠭᠳᠠᠬᠤᠨ ᠢ ᠰᠠᠭᠤᠭᠠᠯᠢ ᠠᠷᠠᠳ ᠤᠨ ᠰᠡᠳᠬᠢᠯ ᠳᠤ ᠬᠠᠳᠠᠩᠰᠢᠭᠤᠯᠬᠤ ᠶᠢ ᠰᠠᠭᠤᠭᠠᠯᠢ ᠠᠷᠠᠳ ᠲᠤ ᠮᠡᠳᠡᠭᠳᠡᠵᠡᠶ᠃     ᠳᠠᠷᠠᠭᠠᠴᠢ ᠶᠢᠨ ᠠᠯᠬᠤᠮ ᠳᠤ᠂ ᠰᠢᠤᠱᠦ᠋ᠢ ᠨᠡᠶᠢᠭᠡᠮ ᠲᠣᠭᠤᠷᠢᠭ ᠤᠨ ᠬᠢᠨ ᠤᠢ ᠰᠢᠭᠤᠢ ᠶᠢ ᠲᠣᠭᠤᠷᠢᠨ ᠪᠠᠶᠢᠴᠠᠭᠠᠵᠤ ᠤᠢ ᠰᠢᠭᠤᠢ ᠶᠢ ᠬᠠᠮᠠᠭᠠᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠰᠠᠭᠤᠳᠠᠯ ᠢ ᠢᠯᠡᠷᠡᠭᠦᠯᠪᠡᠯ ᠴᠠᠭ ᠲᠤᠬᠠᠢ ᠳᠤᠨᠢ ᠰᠢᠢᠳᠪᠦᠷᠢᠯᠡᠵᠦ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠡᠯ᠎ᠡ ᠵᠦᠢᠯ ᠤᠨ ᠠᠵᠢᠯ ᠢ ᠨᠠᠷᠢᠨ ᠪᠣᠳᠠᠲᠠᠢ ᠬᠢᠬᠦ ᠶᠢᠨ ᠬᠠᠮᠲᠤ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠰᠠᠭᠤᠭᠠᠯᠢ ᠠᠷᠠᠳ ᠤᠯᠠᠨ ᠤ ᠤᠢ ᠰᠢᠭᠤᠢ ᠶᠢ ᠬᠠᠶᠢᠷᠠᠯᠠᠵᠤ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠢ ᠬᠦᠳᠦᠯᠦᠨ ᠵᠢᠯᠣᠭᠤᠳᠴᠤ ᠪᠠᠶᠢᠭᠠᠳ ᠰᠠᠶᠢᠨ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠢ ᠠᠬᠤᠢ ᠶᠢᠨ ᠣᠷᠴᠢᠨ ᠲᠣᠭᠤᠷᠢᠨ ᠢ ᠪᠤᠢ ᠪᠣᠯᠭᠠᠬᠤ ᠳᠤ ᠬᠦᠴᠦ ᠨᠡᠮᠡᠷᠢᠯᠡᠨ᠎ᠡ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ