ᠰᠠᠮᠠᠬᠢᠷ ᠡᠸᠡᠩᠬᠢ ᠦᠨᠳᠦᠰᠦᠲᠡᠨ ᠤ ᠰᠢᠶᠠᠩ 2024 ᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/24
    1 ᠰᠠᠷ᠎ᠠ ᠶᠢᠨ 8 ᠤ ᠡᠳᠦᠷ᠂  ᠰᠠᠮᠠᠬᠢᠷ ᠡᠸᠡᠩᠬᠢ ᠦᠨᠳᠦᠰᠦᠲᠡᠨ ᠤ ᠰᠢᠶᠠᠩ 2024 ᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂  ᠰᠠᠮᠠᠬᠢᠷ ᠡᠸᠡᠩᠬᠢ ᠦᠨᠳᠦᠰᠦᠲᠡᠨ ᠤ ᠰᠢᠶᠠᠩ ᠤᠨ ᠨᠠᠮ ᠵᠠᠰᠠᠭ ᠤᠨ ᠪᠠᠭ ᠤᠨ ᠪᠦᠷᠢᠯᠳᠦᠬᠦᠨ᠂ ᠪᠠᠶᠢᠭᠤᠯᠤᠯᠭ᠎ᠠ ᠶᠢᠨ ᠪᠥᠬᠦ ᠺᠠᠲᠡᠷ ᠵᠢᠴᠢ ᠡᠯ᠎ᠡ ᠲᠣᠰᠬᠤᠨ ᠤ ᠱᠦᠵᠢ᠂ ᠣᠶ ᠰᠢᠭᠤᠶ ᠶᠢᠨ ᠲᠠᠯᠠᠪᠠᠶ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃      ᠬᠤᠷᠠᠯ ᠳᠡᠭᠡᠷ᠎ᠡ᠂  ᠰᠠᠮᠠᠬᠢᠷ ᠡᠸᠡᠩᠬᠢ ᠦᠨᠳᠦᠰᠦᠲᠡᠨ ᠤ ᠰᠢᠶᠠᠩ ᠤᠨ ᠳᠡᠳ᠋ ᠳᠠᠷᠤᠭ᠎ᠠ ᠯᠢ ᠸᠤᠨ ᠪᠦᠦ ᠮᠠᠨ ᠤ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠶᠢᠨ ᠪᠠᠶᠢᠭᠤᠯᠤᠯᠲᠠ ᠶᠢᠨ ᠪᠠᠶᠢᠳᠠᠯ ᠢ ᠲᠠᠨᠢᠯᠴᠠᠭᠤᠯᠵᠤ᠂ ᠲᠦᠷᠦᠭᠦᠤ ᠨᠢᠭᠡ ᠵᠢᠯ ᠤᠨ  ᠰᠠᠮᠠᠬᠢᠷ ᠡᠸᠡᠩᠬᠢ ᠦᠨᠳᠦᠰᠦᠲᠡᠨ ᠤ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠵᠢᠴᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭᠰᠠᠨ ᠠᠰᠠᠭᠤᠳᠠᠯ ᠢ ᠵᠠᠷᠯᠠᠨ ᠮᠡᠳᠡᠭᠳᠡᠵᠦ᠂ 2024 ᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠳᠣᠭᠢᠷᠠᠭᠤᠯᠤᠨ ᠪᠠᠶᠢᠷᠢᠯᠠᠭᠤᠯᠬᠤ ᠶᠢᠨ ᠬᠠᠮᠲᠤ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠳᠤ ᠱᠠᠭᠠᠷᠳᠠᠯᠭ᠎ᠠ ᠳᠤᠷᠠᠳᠪᠠ᠃     ᠨᠢᠭᠡ ᠳᠤ ᠲᠤᠰᠢᠶᠠᠯ ᠬᠠᠷᠢᠭᠤᠴᠠᠯᠭ᠎ᠠ ᠪᠠᠨ ᠲᠣᠳᠣᠷᠬᠠᠶ ᠵᠠᠭᠠᠭᠯᠠᠨ ᠲᠣᠭᠲᠠᠭᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠤᠬᠠᠮᠰᠠᠷ ᠢᠶᠠᠨ ᠴᠢᠩᠭᠠᠳᠬᠠᠵᠤ᠂ ᠵᠢᠷᠤᠮᠵᠢᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠭᠠᠷᠳᠠᠬᠤ ᠴᠡᠭ ᠪᠣᠯᠭᠠᠵᠤ᠂ ᠬᠠᠤᠯᠢ ᠪᠠᠷ ᠵᠠᠰᠠᠬᠤ ᠠᠷᠭ᠎ᠠ ᠵᠠᠮ ᠪᠠ ᠠᠷᠭ᠎ᠠ ᠪᠠᠷᠢᠯ ᠳᠤ ᠲᠦᠰᠢᠭᠯᠡᠨ ᠨᠡᠶᠢᠭᠡᠮ ᠤᠨ ᠵᠥᠷᠢᠴᠡᠯ ᠢ ᠰᠢᠢᠳᠪᠦᠷᠢᠯᠡᠵᠦ᠂ ᠨᠡᠶᠢᠭᠡᠮ ᠤᠨ ᠬᠠᠮᠢᠶᠠᠷᠤᠯᠲᠠ ᠶᠢ ᠴᠢᠩᠭᠠᠳᠬᠠᠵᠤ ᠂ ᠡᠷᠬᠡ ᠲᠡᠭᠰᠢ ᠲᠥᠪ ᠭᠤᠣᠯᠴᠢ ᠣᠷᠴᠢᠨ ᠨᠥᠬᠦᠴᠡᠯ᠂ ᠦᠨᠡᠨᠴᠢ ᠢᠲᠡᠭᠡᠮᠵᠢᠲᠡᠶ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠶ ᠃    ᠬᠤᠶᠠᠷ ᠲᠤ ᠲᠤᠬᠠᠶᠢᠯᠠᠭᠰᠠᠨ ᠠᠵᠢᠯ ᠢᠶᠠᠨ ᠴᠢᠷᠮᠠᠶᠢᠨ ᠰᠤᠳᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠠᠤᠯᠢ ᠬᠡᠷᠡᠭᠵᠢᠭᠦᠯᠬᠦ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠬᠠᠤᠯᠢ ᠬᠡᠷᠡᠭᠵᠢᠭᠦᠯᠬᠦ ᠵᠢᠷᠤᠮ ᠤᠨ ᠵᠢᠷᠤᠮᠵᠢᠯᠲᠠ ᠶᠢ ᠲᠦᠯᠬᠢᠨ ᠠᠬᠢᠭᠤᠯᠵᠤ᠂ ᠵᠢᠷᠤᠮ ᠶᠣᠰᠣᠭᠠᠷ ᠬᠠᠤᠯᠢ ᠬᠡᠷᠡᠭᠵᠢᠭᠦᠯᠵᠦ ᠬᠡᠷᠡᠭ ᠡᠷᠬᠢᠯᠡᠬᠦ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠴᠢᠳᠠᠬᠤ ᠶᠢᠨ ᠴᠢᠨᠡᠭᠡ ᠪᠠᠷ ᠪᠤᠢ ᠪᠣᠯᠭᠠᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠬᠤ ᠬᠡᠷᠡᠭᠲᠡᠶ ᠃    ᠭᠤᠷᠪᠠ ᠳᠤ ᠬᠠᠤᠯᠢ ᠪᠠᠷ ᠵᠠᠰᠠᠬᠤ ᠰᠡᠳᠬᠢᠬᠦᠶ ᠶᠢ ᠴᠢᠬᠤᠯᠠᠴᠢᠯᠠᠵᠤ᠂ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠬᠠᠤᠯᠢ ᠬᠡᠷᠡᠭᠵᠢᠭᠦᠯᠬᠦ ᠠᠵᠢᠯᠳᠠᠨ ᠬᠠᠤᠯᠢ ᠶᠣᠰᠣᠭᠠᠷ ᠵᠠᠰᠠᠭ ᠶᠠᠪᠤᠭᠤᠯᠬᠤ ᠪᠠᠷ ᠰᠠᠭᠤᠷᠢ ᠪᠣᠯᠭᠠᠵᠤ᠂ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠲᠦᠷᠢᠮ︾ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠵᠢᠷᠤᠮᠯᠠᠨ ᠪᠠᠶᠢᠩᠭᠤᠵᠢᠭᠤᠯᠤᠨ ᠬᠠᠤᠯᠢ ᠬᠡᠷᠡᠭᠵᠢᠭᠦᠯᠵᠦ᠂ ᠵᠠᠷᠴᠢᠮ ᠢ ᠪᠠᠷᠢᠮᠲᠠᠯᠠᠨ᠂ ᠵᠣᠷᠢᠭᠲᠠᠶ ᠪᠠᠷ ᠠᠳᠬᠤᠨ ᠴᠢᠳᠠᠮᠠᠭᠠᠶ ᠪᠠᠷ ᠬᠠᠮᠢᠶᠠᠷᠴᠤ᠂ ᠵᠢᠷᠤᠮᠯᠠᠬᠤ ᠬᠠᠤᠯᠢ ᠲᠠᠢ ᠪᠠᠶᠢᠬᠤ᠂ ᠬᠠᠤᠯᠢ ᠶᠢ ᠵᠠᠪᠠᠯ ᠴᠢᠩᠭ᠎ᠠ ᠬᠡᠷᠡᠭᠵᠢᠭᠦᠯᠬᠦ ᠶᠢ ᠭᠦᠢᠴᠡᠳᠬᠡᠵᠦ᠂ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠰᠠᠶᠢᠨ ᠰᠠᠶᠢᠬᠠᠨ ᠲᠦᠷᠢ ᠲᠥᠷᠬᠦ ᠶᠢ ᠪᠤᠢ ᠪᠣᠯᠭᠠᠬᠤ ᠬᠡᠷᠡᠭᠲᠡᠶ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ