ᠰᠠᠮᠠᠬᠢᠷ ᠡᠸᠡᠩᠬᠢ ᠦᠨᠳᠦᠰᠦᠲᠡᠨ ᠤ ᠰᠢᠶᠠᠩ 2024 ᠣᠨ ᠤ ᠡᠳ᠋ ᠤᠨ ᠵᠠᠰᠠᠭ ᠤᠨ ᠱᠠᠩᠨᠠᠯ ᠨᠥᠬᠦᠪᠥᠷᠢ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠠᠵᠢᠯ ᠢ ᠪᠠᠶᠢᠷᠢᠯᠠᠭᠤᠯᠤᠨ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/24
    ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠦᠲᠦᠭᠡᠨ ᠪᠠᠶᠢᠭᠤᠯᠤᠯᠲᠠ ᠵᠢᠨ‌ᠵᠦ᠋ᠢᠯᠡᠰ ᠤᠨ ᠪᠦᠲᠦᠭᠡᠨ ᠪᠠᠶᠢᠭᠤᠯᠤᠯᠲᠠ  ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠡᠮᠬᠢ  ᠵᠢᠷᠤᠮ ᠲᠠᠢ ᠪᠠᠷ ᠬᠦᠭᠵᠢᠭᠦᠯᠪᠡ᠃1 ᠰᠠᠷ᠎ᠠ ᠶᠢᠨ 10 ᠤ ᠡᠳᠦᠷ᠂  ᠰᠠᠮᠠᠬᠢᠷ ᠡᠸᠡᠩᠬᠢ ᠦᠨᠳᠦᠰᠦᠲᠡᠨ ᠤ ᠰᠢᠶᠠᠩ 2024 ᠣᠨ ᠤ ᠡᠳ᠋ ᠤᠨ ᠵᠠᠰᠠᠭ ᠤᠨ ᠱᠠᠩᠨᠠᠵᠤ ᠲᠤᠰᠠᠯᠠᠬᠤ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠠᠵᠢᠯ ᠤᠨ ᠪᠠᠶᠢᠷᠢᠯᠠᠭᠤᠯᠤᠯᠲᠠ ᠶᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠵᠤ᠂  ᠰᠠᠮᠠᠬᠢᠷ ᠡᠸᠡᠩᠬᠢ ᠦᠨᠳᠦᠰᠦᠲᠡᠨ ᠤ ᠰᠢᠶᠠᠩ ᠤᠨ ᠨᠠᠮ ᠵᠠᠰᠠᠭ ᠤᠨ ᠪᠠᠭ ᠤᠨ ᠪᠦᠷᠢᠯᠳᠦᠬᠦᠨ᠂ ᠪᠠᠶᠢᠭᠤᠯᠤᠯᠭ᠎ᠠ ᠶᠢᠨ ᠪᠥᠬᠦ ᠺᠠᠲᠡᠷ ᠵᠢᠴᠢ ᠡᠯ᠎ᠡ ᠲᠣᠰᠬᠤᠨ ᠤ ᠱᠦᠵᠢ ᠬᠤᠷᠠᠯ ᠳᠤ ᠣᠷᠣᠯᠴᠠᠵᠠᠶ᠃      ᠬᠤᠷᠠᠯ ᠳᠡᠭᠡᠷ᠎ᠡ᠂  ᠰᠠᠮᠠᠬᠢᠷ ᠡᠸᠡᠩᠬᠢ ᠦᠨᠳᠦᠰᠦᠲᠡᠨ ᠤ ᠰᠢᠶᠠᠩ ᠤᠨ ᠳᠡᠳ᠋ ᠳᠠᠷᠤᠭ᠎ᠠ ᠵᠠᠶ ᠬᠦᠶ ᠲᠤᠤ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠲᠣᠰᠬᠤᠨ ᠤ ᠱᠠᠲᠤᠨ ᠤ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠡᠳ᠋ ᠤᠨ ᠵᠠᠰᠠᠭ ᠤᠨ ᠱᠠᠩᠨᠠᠵᠤ ᠲᠤᠰᠠᠯᠠᠬᠤ ᠵᠦᠢᠯᠡᠰ ᠢ ᠭᠤᠶᠤᠴᠢᠯᠠᠨ ᠮᠡᠳᠡᠭᠦᠯᠬᠦ  ᠳᠤ ᠠᠩᠬᠠᠷᠬᠤ  ᠵᠦᠢᠯᠡᠰ ᠲᠤ ᠴᠢᠭᠯᠡᠭᠦᠯᠦᠨ ᠲᠣᠳᠣᠷᠬᠠᠶᠢᠯᠠᠯᠲᠠ ᠬᠢᠪᠠ᠃ ᠬᠤᠷᠠᠯ ᠠᠴᠠ ᠱᠠᠭᠠᠷᠳᠠᠭᠰᠠᠨ ᠨᠢ᠂ ᠳᠣᠣᠷ᠎ᠠ ᠠᠴᠠ ᠳᠡᠭᠡᠭᠰᠢ᠂ ᠲᠣᠰᠬᠤᠨ ᠤ ᠠᠷᠠᠳ ︽ᠨᠢᠭᠡ ᠬᠡᠷᠡᠭ ᠢ ᠨᠢᠭᠡ ᠵᠥᠪᠯᠡᠬᠦ︾ ᠠᠷᠠᠳᠴᠢᠯᠠᠯ ᠢᠶᠠᠷ ᠵᠥᠪᠯᠡᠨ ᠲᠣᠭᠲᠠᠭᠠᠬᠤ ᠵᠠᠷᠴᠢᠮ ᠢ ᠪᠠᠷᠢᠮᠲᠠᠯᠠᠵᠤ᠂ ᠡᠯ᠎ᠡ ᠲᠣᠰᠬᠤᠨ ᠤ ᠬᠢᠨ ᠲᠣᠰᠬᠤᠨ ᠤ ᠳᠤᠭᠤᠶᠢᠯᠠᠩ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠠᠶᠢᠴᠠᠭᠠᠨ ᠪᠠᠶᠢᠳᠠᠯ ᠢ ᠣᠶᠢᠯᠠᠭᠠᠵᠤ᠂ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠡᠷᠡᠭᠴᠡᠭᠡ ᠬᠠᠮᠤᠭ ᠠᠴᠠ ᠲᠤᠯᠭᠠᠮ᠎ᠠ ᠪᠠᠶᠢᠭ᠎ᠠ᠂ ᠲᠤᠰᠬᠠᠯ ᠬᠠᠮᠤᠭ ᠤᠨ ᠴᠢᠩᠭ᠎ᠠ᠂ ᠠᠰᠢᠭ ᠣᠯᠵᠠᠪᠤᠷᠢ ᠶᠢᠨ ᠪᠦᠷᠬᠦᠴᠡ ᠥᠷᠭᠡᠨ ᠪᠠᠶᠢᠬᠤ ᠱᠠᠭᠠᠷᠳᠠᠯᠭ᠎ᠠ ᠶᠣᠰᠣᠭᠠᠷ᠂ ᠲᠦᠷᠦᠯ ᠵᠦᠢᠯ ᠢ ᠭᠤᠣᠯᠳᠠᠯᠭ᠎ᠠ ᠲᠠᠢ ᠰᠢᠯᠢᠨ ᠰᠣᠩᠭᠤᠵᠤ᠂ ᠲᠠᠷᠢᠶᠠᠴᠢᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠢ᠃      ᠰᠠᠮᠠᠬᠢᠷ ᠡᠸᠡᠩᠬᠢ ᠦᠨᠳᠦᠰᠦᠲᠡᠨ ᠤ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠩ ᠤᠨ ᠳᠠᠷᠤᠭ᠎ᠠ ᠬᠠᠨ ᡁᠢ ᠯᠢ᠂ ᠡᠯ᠎ᠡ ᠲᠣᠰᠬᠤᠨ ᠤ ᠬᠢᠨ 2024 ᠣᠨ ᠤ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠡᠳ᠋ ᠤᠨ ᠵᠠᠰᠠᠭ ᠤᠨ ᠱᠠᠩᠨᠠᠵᠤ ᠨᠥᠬᠦᠪᠥᠷᠢᠯᠡᠬᠦ ᠲᠦᠷᠦᠯ ᠵᠦᠢᠯ ᠢ ᠡᠷᠲᠡ ᠠᠴᠠ ᠲᠥᠯᠥᠪᠵᠢᠭᠦᠯᠵᠦ᠂ ᠡᠷᠲᠡ ᠠᠴᠠ ᠲᠤᠬᠢᠷᠠᠭᠤᠯᠵᠤ᠂ ᠡᠷᠲᠡ ᠠᠴᠠ ᠨᠠᠶᠢᠳᠠᠪᠤᠷᠢᠵᠢᠭᠤᠯᠬᠤ ᠬᠡᠷᠡᠭᠲᠡᠢ᠃ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠲᠠᠯ᠎ᠠ ᠪᠠᠷ ︽ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ ᠲᠦᠷᠢᠮ ᠢ ᠴᠢᠩᠭ᠎ᠠ ᠬᠡᠷᠡᠭᠵᠢᠭᠦᠯᠵᠦ᠂ ᠲᠠᠷᠢᠶᠠᠴᠢᠳ ᠤᠨ ᠬᠦᠰᠡᠯ ᠰᠠᠨᠠᠭ᠎ᠠ ᠶᠢ ᠬᠦᠨᠳᠦᠳᠬᠡᠬᠦ ᠶᠢ ᠪᠠᠷᠢᠮᠲᠠᠯᠠᠨ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠯᠠᠪᠳᠠᠭᠤᠨ ᠢᠶᠠᠷ ᠠᠬᠢᠭᠤᠯᠬᠤ᠂ ᠢᠯᠡ ᠪᠠᠷ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠣᠯᠠᠨ ᠲᠦᠮᠡᠨ ᠤ ᠬᠦᠰᠡᠯ ᠰᠠᠨᠠᠭ᠎ᠠ ᠪᠠᠷ ᠬᠠᠮᠤᠭ ᠤᠨ ᠲᠤᠯᠭᠠᠮ᠎ᠠ᠂ ᠠᠰᠢᠭ ᠭᠥᠷᠳᠡᠬᠦ ᠪᠠᠷ ᠬᠠᠮᠤᠭ ᠤᠨ ᠰᠢᠭᠤᠳ ᠲᠥᠷᠥᠯ ᠵᠦᠢᠯ ᠢ ᠤᠷᠢᠳᠠᠪᠠᠷ ᠰᠣᠩᠭᠤᠵᠤ᠂ ᠠᠷᠠᠳ ᠤᠨ ᠠᠮᠢᠳᠤᠷᠠᠯ ᠢ ᠬᠦᠴᠦᠯᠡᠨ ᠰᠠᠶᠢᠵᠢᠷᠠᠭᠤᠯᠵᠤ᠂ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠳᠤ ᠬᠦᠴᠦᠨ ᠨᠡᠮᠡᠷᠢᠯᠡᠨ᠎ᠡ᠃ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ