ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠦᠨᠳᠦᠰᠦᠨ ᠪᠤᠳᠤᠯᠭ᠎ᠠ ᠴᠢᠭᠯᠡᠯᠲᠡ ᠶᠢ ᠨᠢᠭᠡᠨᠲᠡ ᠲᠤᠬᠳᠠᠭᠠᠵᠠᠢ᠂ ᠵᠠᠩᠭᠢᠯᠠᠭ᠎ᠠ ᠨᠢ ᠨᠠᠶᠢᠳᠠᠪᠤᠷᠢᠵᠢᠭᠤᠯᠤᠯᠲᠠ ᠶᠢ | ᠰᠠᠶᠢᠲᠤᠷ ᠠᠳᠬᠤᠬᠤ ᠳᠤ ᠪᠠᠶᠢᠨ᠎ᠠ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠨᠠᠶᠢᠳᠠᠪᠤᠷᠢᠵᠢᠭᠤᠯᠤᠯᠲᠠ ᠶᠢ | ᠠᠳᠬᠤᠬᠤ ᠶᠢᠨ ᠲᠣᠭᠤᠷᠢᠨ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ︽ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ︾᠂ ︽ | ᠪᠤᠰᠢᠭᠤ ᠱᠠᠯᠠᠮᠠᠭᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ︾᠂ ︽ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ ᠨᠠᠶᠢᠳᠠᠪᠤᠷᠢᠵᠢᠭᠤᠯᠤᠯᠲᠠ ᠶᠢ | ᠠᠳᠬᠤᠬᠤ ᠬᠡᠷᠡᠭᠲᠡᠢ︾᠂ ︽ᠵᠣᠷᠢᠭᠲᠠᠢ ᠬᠢᠵᠦ ᠴᠢᠳᠠᠮᠠᠭᠠᠢ ᠬᠢᠵᠦ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ︾ ᠭᠡᠵᠦ ᠴᠢᠬᠤᠯᠠᠴᠢᠯᠠᠪᠠ᠂ ᠡᠨᠡ ᠨᠢ ᠠᠵᠤ | ᠠᠬᠤᠢ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ | ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠳᠤ ᠴᠢᠬᠤᠯᠠ ᠠᠷᠭ᠎ᠠ ᠶᠢᠨ ᠵᠢᠯᠤᠭᠤᠳᠤᠯᠭ᠎ᠠ ᠬᠠᠩᠭᠠᠭᠰᠠᠨ ᠪᠥᠭᠡᠳ ᠪᠠᠰᠠ ᠪᠢᠳᠡᠨ ᠤ ᠰᠢᠨ᠎ᠡ | ᠴᠠᠭ ᠦᠶ᠎ᠡ ᠰᠢᠨ᠎ᠡ ᠠᠶᠠᠨ ᠵᠠᠮ ᠳᠠᠭᠠᠨ ᠰᠢᠨ᠎ᠡ ᠲᠡᠦᠬᠡ ᠶᠢᠨ ᠠᠭᠤᠤ ᠦᠢᠯᠡᠰ ᠢ ᠡᠭᠦᠳᠬᠦ ᠳᠤ ᠴᠢᠷᠮᠠᠶᠢᠬᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ | ᠦᠵᠦ ᠲᠥᠯᠥᠪᠯᠡᠭᠡ ᠶᠢᠨ ᠲᠠᠯ᠎ᠠ ᠪᠠᠷ ᠬᠢ ᠰᠢᠨᠵᠢᠯᠡᠬᠦ ᠤᠬᠠᠭᠠᠨᠴᠢ ᠪᠠᠶᠢᠷᠢᠯᠠᠭᠤᠯᠤᠯᠲᠠ ᠪᠠᠶᠢᠬᠤ ᠮᠥᠷᠲᠡᠭᠡᠨ ᠪᠠᠰᠠ ᠨᠠᠶᠢᠳᠠᠪᠤᠷᠢᠵᠢᠭᠤᠯᠤᠯᠲᠠ ᠶᠢ ᠠᠳᠬᠤᠬᠤ | ᠢᠵᠢ ᠪᠦᠷᠢᠨ ᠲᠦᠷᠢᠮ ᠲᠣᠭᠲᠠᠴᠠ ᠪᠠᠶᠢᠬᠤ ᠪᠣᠯ ᠮᠠᠨ ᠤ ᠨᠠᠮ ᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠴᠢᠬᠤᠯᠠ ᠳᠠᠪᠠᠭᠤᠯᠢᠭ ᠪᠣᠯᠤᠨ᠎ᠠ᠃ ᠰᠢᠨ᠎ᠡ ᠴᠠᠭ | ᠦᠶ᠎ᠡ ᠠᠴᠠ ᠨᠠᠭᠠᠰᠢ᠂ ᠮᠠᠨ ᠤ ᠨᠠᠮ ᠲᠦᠭ ᠲᠦᠮᠡᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠤᠷᠳᠤ ᠬᠤᠭᠤᠴᠠᠭ᠎ᠠ ᠪᠠᠷ ᠰᠢᠢᠳᠪᠦᠷᠢᠯᠡᠵᠦ ᠳᠡᠶᠢᠯᠦᠭᠡᠳᠦᠢ | ᠪᠠᠶᠢᠭᠰᠠᠨ ᠮᠠᠰᠢ ᠤᠯᠠᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠯᠤᠰ ᠬᠡᠳᠤ ᠳᠤ ᠬᠤᠯᠪᠣᠭᠳᠠᠬᠤ ᠮᠠᠰᠢ ᠤᠯᠠᠨ ᠶᠡᠭᠡ ᠶᠠᠪᠤᠳᠠᠯ ᠴᠢᠬᠤᠯᠠ ᠶᠠᠪᠤᠳᠠᠯ ᠢ | ᠪᠦᠲᠦᠭᠡᠵᠦ ᠴᠢᠳᠠᠭᠰᠠᠨ ᠤ ᠨᠢᠭᠡᠨ ᠲᠦᠢᠯ ᠤᠨ ᠴᠢᠬᠤᠯᠠ ᠲᠠᠯ᠎ᠠ ᠨᠢ ᠳᠠᠷᠤᠢ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠪᠠᠶᠢᠷᠢᠯᠠᠭᠤᠯᠤᠯᠲᠠ ᠶᠢ ᠠᠳᠬᠤᠵᠤ᠂ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠱᠠᠯᠠᠪᠳᠠᠭᠤᠯᠤᠨ ᠪᠠᠶᠢᠴᠠᠭᠠᠬᠤ ᠶᠢ ᠠᠳᠬᠤᠵᠤ᠂ ᠪᠦᠷᠢᠨ ᠢᠯᠠᠯᠲᠠ ᠤᠯᠬᠤ ᠦᠭᠡᠢ ᠪᠣᠯ ᠶᠠᠭᠠᠬᠢᠭᠰᠠᠨ ᠴᠤ ᠴᠡᠷᠢᠭ ᠢᠶᠠᠨ | ᠲᠠᠲᠠᠵᠤ ᠦᠭᠡᠢ ᠪᠠᠶᠢᠬᠤ ᠳᠤ ᠪᠤᠢ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ | ᠬᠦᠴᠦᠷᠭᠡᠭᠵᠢᠭᠦᠯᠭᠦ ᠪᠠᠶᠢᠭᠤᠯᠤᠯᠳᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠠᠤᠭ᠎ᠠ ᠲᠥᠰᠦᠪ ᠢ | ᠵᠢᠷᠤᠭᠯᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠬᠢ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ | ᠲᠣᠳᠣᠷᠬᠠᠶᠢᠯᠠᠪᠠ᠃ ᠣᠳᠣᠬᠠᠨ ᠳᠤ ᠮᠠᠨ ᠤ ᠤᠯᠤᠰ ᠤᠨ ᠬᠥᠭᠵᠢᠯᠲᠡ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠪᠠ ᠠᠶᠤᠯ ᠲᠦᠭᠰᠢᠭᠦᠷᠢ ᠥᠷᠢᠰᠥᠯᠳᠦᠭᠡᠨ | ᠵᠡᠷᠭᠡ ᠪᠠᠷ ᠤᠷᠤᠰᠢᠬᠤ᠂ ᠵᠢᠱᠢᠬᠦᠶ᠎ᠡ ᠪᠡᠷᠬᠡ ᠬᠦᠴᠦᠨ ᠵᠦᠢᠯ ᠨᠡᠮᠡᠭᠳᠡᠵᠦ ᠪᠠᠶᠢᠭ᠎ᠠ ᠴᠠᠭ ᠦᠶ᠎ᠡ ᠳᠤ ᠣᠷᠣᠭᠠᠳ ᠪᠠᠶᠢᠨ᠎ᠠ᠃ ᠪᠠᠶᠢᠳᠠᠯ ᠪᠤᠳᠤᠯᠢᠶᠠᠨᠲᠠᠢ ᠪᠣᠯᠬᠤ | ᠲᠤᠳᠤᠮ᠂ ᠡᠭᠦᠷᠭᠡ ᠬᠠᠲᠠᠭᠤ ᠪᠡᠷᠬᠡ ᠪᠣᠯᠬᠤ ᠲᠤᠳᠤᠮ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢᠨ ᠤᠯᠤᠰ ᠲᠦᠷᠦ ᠶᠢᠨ ᠳᠠᠪᠠᠭᠤᠯᠢᠭ | ᠪᠣᠯᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ ᠤᠯᠠᠮ ᠪᠠᠳᠠᠷᠠᠭᠤᠯᠵᠤ᠂ ᠨᠠᠮ ᠤᠨ ᠤᠳᠤᠷᠢᠳᠤᠯᠭ᠎ᠠ ᠳᠣᠣᠷ᠎ᠠ | ᠪᠦᠯᠬᠦᠮᠳᠡᠨ ᠨᠢᠭᠡᠳᠴᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠲᠡᠢ᠃ | ︽ᠵᠥᠪ ᠠᠷᠭ᠎ᠠ ᠶᠢ ᠰᠣᠩᠭᠤᠵᠤ ᠠᠵᠢᠯ ᠢᠶᠠᠨ ᠰᠠᠶᠢᠲᠤᠷ ᠬᠢᠬᠦ ᠶᠢᠨ ᠨᠢᠭᠡᠨ ᠮᠠᠰᠢ ᠭᠦᠨ ᠲᠦᠷᠦᠭᠳᠡᠯ ᠪᠣᠯ ᠳᠠᠷᠤᠢ ᠨᠠᠮ ᠤᠨ ᠲᠥᠪ ᠬᠤᠷᠢᠶᠠᠨ ᠤ ᠴᠢᠬᠤᠯᠠ | ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠶᠠᠪᠤᠳᠠᠯ ᠪᠣᠯᠤᠨ᠎ᠠ︾᠃ ᠶᠡᠷᠦᠩᠬᠡᠢ ᠱᠦᠵᠢ ᠰᠢ ᠶᠢᠨ ᠫᠢᠩ | ᠵᠠᠷᠢᠮ ᠤᠳᠤᠷᠢᠳᠬᠤ ᠺᠠᠳ᠋ᠷ ᠤᠨ ᠪᠣᠳᠠᠲᠠᠢ ᠲᠦᠷᠦᠭᠳᠡᠯ ᠢ ᠣᠨᠴᠠᠭᠠᠶᠢᠯᠠᠨ ᠶᠠᠷᠢᠵᠤ᠂ ︽ᠠᠵᠤ ᠠᠬᠤᠢ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ | ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠨᠢ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠤᠶᠢᠯᠠᠭᠠᠨ ᠡᠵᠡᠮᠰᠢᠭᠦ ᠶᠢ ᠱᠠᠭᠠᠷᠳᠠᠵᠤ ᠪᠠᠶᠢᠨ᠎ᠠ︾ | ᠭᠡᠵᠦ ᠴᠢᠬᠤᠯᠠᠴᠢᠯᠠᠪᠠ᠃ ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠯᠲᠠ ᠶᠢ ᠠᠳᠬᠤᠬᠤ ᠳᠤ ᠡᠩ ᠲᠡᠷᠢᠭᠦᠨ ᠳᠤ ᠪᠦᠷᠢᠨ ᠪᠦᠲᠦᠨ ᠵᠥᠪ ᠣᠨᠣᠪᠴᠢᠲᠠᠢ ᠪᠦᠬᠦ | ᠲᠠᠯ᠎ᠠ ᠪᠠᠷ ᠡᠵᠡᠮᠳᠡᠬᠦ ᠳᠡᠭᠡᠷ᠎ᠡ ᠬᠦᠴᠦ ᠲᠠᠯᠪᠢᠵᠤ᠂ ︽ᠤᠯᠤᠰ ᠤᠨ ᠲᠤᠮᠤ ᠶᠠᠪᠤᠳᠠᠯ︾ ᠢ ᠲᠤᠤᠱᠳᠠᠢ ᠣᠶᠢᠯᠠᠭᠠᠵᠤ᠂ ᠶᠠᠭᠤ ᠪᠤᠯᠬᠤ᠂ ᠶᠠᠭᠤ ᠬᠢᠬᠦ᠂ ᠶᠠᠭᠠᠬᠢᠵᠤ ᠬᠢᠭᠦ | ᠲᠤᠬᠠᠢ ᠬᠡᠬᠦᠳᠡᠭ ᠴᠡᠭᠡᠵᠢᠨ ᠳᠡᠭᠡᠨ ᠲᠤᠳᠤ ᠮᠡᠳᠡᠵᠦ᠂ ᠨᠠᠮ ᠤᠨ ᠲᠥᠪ ᠬᠤᠷᠢᠶᠠᠨ ᠤ ᠦᠨᠳᠦᠰᠦᠨ ᠪᠤᠳᠤᠯᠭ᠎ᠠ ᠴᠢᠭᠯᠡᠯᠲᠡ ᠪᠣᠯᠤᠨ ᠪᠠᠶᠢᠯᠳᠤᠬᠤ ᠪᠤᠳᠤᠯᠭ᠎ᠠ ᠶᠢᠨ | ᠪᠠᠶᠢᠷᠢᠯᠠᠭᠤᠯᠤᠯᠲᠠ ᠶᠢᠨ ᠲᠡᠦᠬᠡᠨ ᠯᠣᠭᠢᠭ᠂ ᠤᠨᠤᠯ ᠤᠨ ᠯᠣᠭᠢᠭ᠂ ᠦᠢᠯᠡᠳᠦᠯᠭᠡ ᠶᠢᠨ ᠯᠣᠭᠢᠭ ᠢ ᠭᠦᠨᠵᠡᠭᠡᠢ ᠣᠶᠢᠯᠠᠭᠠᠵᠤ᠂ ᠤᠴᠢᠷ ᠶᠠᠪᠤᠳᠠᠯ ᠢ ᠨᠢ ᠮᠡᠳᠡᠬᠦ ᠪᠠᠷ | ᠪᠠᠷᠠᠬᠤ ᠦᠭᠡᠢ ᠨᠡᠩ ᠴᠤ ᠤᠴᠢᠷ ᠰᠢᠯᠲᠠᠭᠠᠨ ᠢ ᠨᠢ ᠮᠡᠳᠡᠬᠦ ᠪᠣᠯᠭᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠪᠠᠲᠤ ᠰᠠᠭᠤᠷᠢ ᠶᠢ ᠲᠠᠯᠪᠢᠬᠤ ᠬᠡᠷᠡᠭᠲᠡᠢ᠃ | ᠠᠵᠤ ᠠᠬᠤᠢ ᠶᠢᠨ ᠠᠵᠢᠯ ᠪᠣᠯ ᠶᠡᠷᠦ ᠠᠴᠠ ᠬᠡᠶᠢᠰᠪᠦᠷᠢ᠂ ᠭᠠᠭᠴᠠᠭᠠᠷᠳᠠᠮᠠᠯ ᠪᠢᠰᠢ᠂ ᠬᠠᠷᠢᠨ ᠪᠣᠳᠠᠲᠠᠢ᠂ ᠬᠤᠯᠪᠤᠭ᠎ᠠ ᠲᠠᠢ ᠪᠠᠶᠢᠳᠠᠭ᠃ ᠭᠠᠭᠴᠠ ᠬᠦ ᠤᠯᠤᠰ | ᠲᠦᠷᠦ ᠶᠢᠨ ᠦᠨᠳᠦᠷᠴᠡ ᠠᠴᠠ ᠦᠵᠡᠪᠡᠯ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠡᠩ ᠨᠡᠪᠲᠡᠷᠬᠡᠢ | ᠣᠶᠢᠯᠠᠭᠠᠵᠤ ᠴᠢᠳᠠᠨ᠎ᠠ᠂ ᠠᠵᠢᠯᠯᠠᠵᠤ ᠡᠬᠢᠯᠡᠪᠡᠯ ᠰᠠᠶ᠋ᠢ ᠨᠡᠩ ᠶᠡᠭᠡ ᠤᠷᠢᠳᠴᠢᠯᠠᠨ ᠮᠡᠳᠡᠬᠦ ᠴᠢᠨᠠᠷ ᠪᠠ ᠰᠠᠨᠠᠭᠠᠴᠢᠯᠠᠭᠠᠲᠤ ᠴᠢᠨᠠᠷ ᠲᠠᠢ ᠪᠤᠯᠵᠤ ᠴᠢᠳᠠᠨ᠎ᠠ᠃ ᠡᠯ᠎ᠡ | ᠱᠠᠲᠤᠨ ᠤ ᠤᠳᠤᠷᠢᠳᠬᠤ ᠺᠠᠳ᠋ᠷᠴᠤᠳ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ | ᠭᠦᠢᠴᠡᠳᠭᠡᠭᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠲᠦᠷᠦ ᠶᠢᠨ ᠲᠠᠯ᠎ᠠ ᠠᠴᠠ ᠠᠰᠠᠭᠤᠳᠠᠯ ᠢ ᠠᠵᠢᠭᠯᠠᠬᠤ ᠪᠠ ᠰᠢᠢᠳᠪᠦᠷᠢᠯᠡᠬᠦ ᠳᠡᠭᠡᠨ | ᠴᠢᠳᠠᠮᠠᠭᠠᠢ ᠪᠠᠶᠢᠵᠤ᠂ ᠨᠠᠮ ᠤᠨ ᠲᠥᠪ ᠬᠤᠷᠢᠶᠠᠨ ᠤ ᠦᠨᠳᠦᠰᠦᠨ ᠪᠤᠳᠤᠯᠭ᠎ᠠ ᠴᠢᠭᠯᠡᠯᠲᠡ ᠶᠢ ᠦᠨᠡᠨ ᠬᠦ ᠨᠡᠪᠲᠡᠷᠬᠡᠢ ᠣᠶᠢᠯᠠᠭᠠᠵᠤ᠂ ᠨᠠᠮ ᠤᠨ ᠲᠥᠪ ᠬᠤᠷᠢᠶᠠᠨ ᠤ | ᠵᠣᠷᠢᠭ ᠰᠠᠨᠠᠭ᠎ᠠ ᠶᠢ ᠲᠤᠤᠱᠯᠠᠭᠤᠯᠬᠤ ᠶᠢ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢ ᠲᠥᠯᠥᠪᠵᠢᠭᠦᠯᠬᠦ᠂ ᠴᠢᠬᠤᠯᠠ ᠶᠡᠭᠡ ᠲᠦᠷᠦ ᠶᠢᠨ ᠪᠤᠳᠤᠯᠭ᠎ᠠ ᠶᠢ ᠲᠣᠭᠲᠠᠭᠠᠬᠤ᠂ | ᠴᠢᠬᠤᠯᠠ ᠶᠡᠭᠡ ᠡᠭᠦᠷᠭᠡ ᠶᠢ ᠪᠠᠶᠢᠷᠢᠯᠠᠭᠤᠯᠬᠤ᠂ ᠴᠢᠬᠤᠯᠠ ᠶᠡᠭᠡ ᠠᠵᠢᠯ ᠢ ᠠᠬᠢᠭᠤᠯᠬᠤ ᠦᠢᠯᠡᠳᠦᠯᠭᠡ ᠶᠢᠨ ᠳᠤᠮᠳᠠ ᠢᠯᠡᠷᠡᠭᠦᠯᠬᠦ ᠬᠡᠷᠡᠭᠲᠡᠢ᠃ | ᠲᠡᠷᠡ ᠶᠤᠰᠤᠭᠠᠷ ᠨᠢ ᠨᠠᠶᠢᠳᠠᠪᠤᠷᠢᠵᠢᠭᠤᠯᠤᠯᠳᠠ ᠶᠢ ᠠᠳᠬᠤᠬᠤ ᠶᠢᠨ ᠵᠠᠩᠭᠢᠯᠠᠭ᠎ᠠ ᠨᠢ ᠤᠨᠤᠪᠴᠢᠳᠠᠢ ᠠᠳᠬᠤᠵᠤ ᠨᠠᠶᠢᠳᠠᠪᠤᠷᠢᠵᠢᠭᠤᠯᠬᠤ ᠳᠤ ᠪᠠᠶᠢᠨ᠎ᠠ᠃ ᠨᠠᠮ ᠤᠨ | ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠡᠯ᠎ᠡ ᠲᠠᠯ᠎ᠠ ᠳᠤ ᠬᠤᠯᠪᠣᠭᠳᠠᠵᠤ᠂ ᠲᠣᠭᠲᠠᠭᠠᠭᠰᠠᠨ ᠬᠠᠷᠠᠯᠲᠠ ᠡᠭᠦᠷᠭᠡ ᠳᠤ ᠤᠢᠢᠷ᠎ᠠ ᠶᠢᠨ | ᠬᠤᠭᠤᠴᠠᠭᠠᠨ ᠤ ᠬᠢ ᠪᠤᠢ᠂ ᠳᠤᠮᠳᠠ ᠬᠤᠭᠤᠴᠠᠭᠠᠨ ᠤ ᠬᠢ ᠪᠤᠢ᠂ ᠤᠷᠳᠤ ᠬᠤᠭᠤᠴᠠᠭᠠᠨ ᠤ ᠬᠢ ᠴᠦ ᠪᠤᠢ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠪᠠᠯ ᠬᠡᠯᠪᠠᠶᠢᠵᠦ ᠦᠭᠡᠷᠡᠳᠦᠭᠦ ᠦᠭᠡᠢ ᠶᠤᠮ᠃ ᠵᠢᠱᠢᠶᠡᠯᠡᠪᠡᠯ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠪᠣᠯ ᠨᠢᠭᠡᠨ ᠪᠦᠬᠦᠯᠢ ᠴᠣᠭᠴᠠ ᠮᠥᠨ᠂ ᠠᠵᠢᠯ ᠤᠨ ᠳᠤᠮᠳᠠ ᠪᠠᠨ ᠴᠥᠮ ᠠᠩᠬᠠᠷᠴᠤ᠂ ᠲᠡᠭᠦᠨ ᠢ ᠬᠠᠮᠵᠢᠯᠴᠠᠭᠤᠯᠤᠨ ᠬᠦᠴᠦᠯᠡᠭᠦᠯᠵᠦ᠂ | ᠬᠠᠮᠳᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠂ ᠬᠦᠨᠳᠦ ᠬᠦᠡᠭᠭᠡᠨ ᠢ ᠨᠢ ᠲᠡᠩᠴᠡᠭᠦᠷᠢ ᠦᠭᠡᠢ ᠪᠠᠶᠢᠯᠭᠠᠵᠤ ᠪᠣᠯᠬᠤ ᠦᠭᠡᠢ᠂ ᠥᠷᠥᠭᠡᠰᠦᠭᠡᠯ ᠢᠶᠠᠷ ᠪᠦᠬᠦ | ᠲᠠᠯ᠎ᠠ ᠶᠢ ᠬᠤᠷᠢᠶᠠᠩᠭᠤᠶᠢᠯᠠᠵᠤ ᠪᠣᠯᠬᠤ ᠦᠭᠡᠢ︔ ᠡᠯ᠎ᠡ ᠭᠠᠵᠠᠷ ᠣᠷᠣᠨ ᠲᠣᠰ ᠪᠡᠶ᠎ᠡ ᠶᠢᠨ ᠨᠥᠬᠦᠴᠡᠯ ᠪᠠ ᠪᠣᠯᠤᠯᠴᠠᠭ᠎ᠠ ᠪᠠᠨ ᠦᠨᠳᠦᠰᠦᠯᠡᠨ᠂ ᠰᠢᠨ᠎ᠡ | ᠬᠥᠭᠵᠢᠯᠲᠡ ᠶᠢᠨ ᠤᠶᠢᠯᠠᠭᠠᠬᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠥᠬᠦ ᠲᠠᠯ᠎ᠠ ᠪᠠᠷ ᠲᠤᠤᠱᠯᠠᠭᠤᠯᠬᠤ ᠮᠥᠷᠲᠡᠭᠡᠨ ᠪᠠᠰᠠ ᠳᠤᠲᠠᠭᠤᠳᠠᠯ ᠪᠠ ᠪᠠᠭᠤᠷᠠᠶ | ᠲᠠᠯ᠎ᠠ ᠪᠠᠨ ᠠᠳᠬᠤᠨ ᠭᠤᠤᠯᠳᠠᠯᠭ᠎ᠠ ᠲᠠᠢ ᠠᠬᠢᠭᠤᠯᠬᠤ ᠬᠡᠷᠡᠭᠲᠡᠶ᠂ ᠪᠣᠳᠠᠲᠠᠶ ᠠᠴᠠ ᠰᠠᠯᠤᠩᠭᠢᠷᠠᠨ ᠰᠤᠬᠤᠷ ᠪᠠᠯᠠᠢ ᠪᠠᠷ ᠠᠵᠢᠯᠯᠠᠵᠤ ᠪᠣᠯᠬᠤ ᠥᠬᠡᠶ᠂ ᠨᠠᠩ ᠴᠤ | ᠠᠵᠢᠯ ᠤᠨ ᠠᠮᠵᠢᠯᠲᠠ ᠪᠦᠲᠦᠮᠵᠢ ᠭᠠᠷᠭᠠᠬᠤ ᠶᠢᠨ ᠲᠥᠯᠥᠭᠡ ᠨᠥᠬᠦᠴᠡᠯ ᠢ ᠬᠠᠮᠢᠶᠠᠷᠬᠤ ᠥᠬᠡᠶ ᠪᠠᠷ ᠶᠠᠭᠤ ᠶᠢ ᠴᠤ ᠬᠢᠬᠦ ᠭᠡᠵᠦ ᠪᠤᠳᠤᠵᠤ ᠪᠣᠯᠬᠤ ᠥᠬᠡᠶ᠃ ᠪᠠᠰᠠ | ᠵᠢᠱᠢᠶᠡᠯᠡᠪᠡᠯ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠤᠬᠴᠠᠵᠢᠬᠰᠡᠨ ᠬᠥᠭᠵᠢᠯᠲᠡ ᠶᠢ ᠭᠦᠨᠵᠡᠭᠡᠢ ᠠᠬᠢᠭᠤᠯᠬᠤ ᠳᠤ᠂ ᠨᠢᠭᠡ ᠴᠤᠬᠴᠠᠵᠢᠯᠳᠠ ᠪᠠ ᠴᠢᠨᠠᠷ | ᠰᠠᠶᠢᠲᠠᠢ ᠭᠡᠬᠦ ᠬᠤᠶᠠᠷ ᠵᠠᠩᠭᠢᠯᠠᠭ᠎ᠠ ᠶᠢᠨ ᠦᠭᠡ ᠶᠢ ᠴᠢᠩᠭ᠎ᠠ ᠡᠵᠡᠮᠳᠡᠵᠦ᠂ ᠨᠢᠭᠡ ᠴᠤᠬᠴᠠᠵᠢᠯᠳᠠ ᠶᠢᠨ ᠰᠡᠳᠬᠢᠮᠵᠢ ᠪᠠ ᠠᠷᠭ᠎ᠠ ᠬᠡᠮᠵᠢᠶ᠎ᠡ ᠪᠠᠷ ᠵᠠᠰᠠᠭ ᠵᠠᠬᠢᠷᠭᠠᠨ ᠤ | ᠬᠤᠷᠢᠭ᠎ᠠ ᠪᠠᠬᠢᠯᠡᠯᠲᠡ ᠶᠢ ᠡᠪᠳᠡᠵᠦ᠂ ᠲᠦᠷᠦ ᠶᠢᠨ ᠪᠤᠳᠤᠯᠭ᠎ᠠ ᠶᠢᠨ ᠬᠠᠮᠵᠢᠯᠴᠠᠭ᠎ᠠ ᠶᠢ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠠᠶᠠᠨ ᠵᠠᠮ ᠳᠤ᠂ ᠪᠢᠳᠡ ᠨᠠᠮ ᠤᠨ | ᠣᠨᠣᠯ ᠪᠠ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠡᠷᠡᠰ ᠲᠤᠤᠱᠯᠠᠭᠤᠯᠤᠨ ᠬᠡᠷᠡᠭᠵᠢᠭᠦᠯᠵᠦ᠂ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠭᠡᠬᠦ ᠡᠨᠡ ᠬᠦ | ᠭᠤᠤᠯ ᠠᠵᠢᠯ ᠪᠠ ᠴᠢᠨᠠᠷ ᠰᠠᠶᠢᠲᠠᠶ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠲᠥᠪ ᠬᠤᠷᠢᠶᠠᠨ ᠤ | ᠲᠣᠳᠣᠷᠬᠠᠶ ᠲᠣᠭᠲᠠᠭᠠᠭᠰᠠᠨ ᠬᠠᠷᠠᠯᠲᠠ ᠡᠭᠦᠷᠭᠡ᠂ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠭᠤᠤᠯ ᠰᠢᠪᠲᠤᠯᠬᠤ ᠴᠢᠭᠯᠡᠯ ᠲᠠᠢ ᠨᠢᠭᠲᠠ ᠤᠶᠠᠯᠳᠤᠭᠤᠯᠤᠨ | ᠂ ᠴᠠᠭ ᠦᠶ᠎ᠡ ᠶᠢᠨ ᠬᠥᠭᠵᠢᠯᠲᠡ ᠶᠢᠨ ᠰᠤᠳᠠᠰᠤ ᠪᠠ ᠡᠯ᠎ᠡ ᠭᠠᠵᠠᠷ ᠣᠷᠣᠨ ᠤ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ | ᠶᠡᠷᠦᠩᠬᠡᠶ ᠱᠦᠵᠢ ᠰᠢ ᠶᠢᠨ ᠫᠢᠩ᠄ ︽ᠳᠤᠲᠠᠭᠤ ᠳᠣᠷᠭᠤᠨ ᠬᠢᠬᠦ ᠪᠣᠯ ᠬᠡᠯᠪᠡᠷᠢ ᠶᠢ ᠨᠢ ᠬᠤᠪᠢᠷᠠᠭᠤᠯᠤᠨ ᠦᠭᠡᠷᠡᠳᠦᠭᠦᠯᠵᠦ ᠪᠠᠶᠢᠭ᠎ᠠ ᠶᠠᠪᠤᠳᠠᠯ ᠮᠥᠨ᠂ ᠱᠠᠲᠤ | ᠱᠠᠲᠤ ᠪᠠᠷ ᠨᠡᠮᠡᠭᠦ ᠪᠤᠯ ᠪᠠᠰᠠ ᠴᠤ ᠬᠡᠯᠪᠡᠷᠢ ᠶᠢ ᠨᠢ ᠬᠤᠪᠢᠷᠠᠭᠤᠯᠤᠨ ᠦᠭᠡᠷᠡᠳᠦᠭᠦᠯᠵᠦ ᠪᠠᠶᠢᠭ᠎ᠠ ᠶᠠᠪᠤᠳᠠᠯ ᠮᠥᠨ᠃ ᠵᠠᠩᠭᠢᠯᠠᠭ᠎ᠠ ᠨᠢ ᠡᠴᠦᠰ ᠤᠨ ᠦᠷ᠎ᠡ | ᠪᠦᠲᠦᠮᠵᠢ ᠨᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠵᠣᠷᠢᠯᠲᠠ ᠳᠤ ᠨᠡᠶᠢᠴᠡᠬᠦ ᠬᠡᠷᠡᠭᠲᠡᠢ︾ ᠭᠡᠵᠦ ᠴᠢᠬᠤᠯᠠᠴᠢᠯᠠᠪᠠ᠃ ᠡᠨᠡ ᠨᠢ ᠲᠡᠷᠡ | ᠶᠤᠰᠤᠭᠠᠷ ᠨᠢ ᠨᠠᠶᠢᠳᠠᠪᠤᠷᠢᠵᠢᠭᠤᠯᠤᠯᠲᠠ ᠶᠢ ᠠᠳᠬᠤᠬᠤ ᠳᠤ ᠪᠦᠷᠢᠨ ᠪᠦᠲᠦᠨ ᠵᠦᠪ ᠣᠨᠣᠪᠴᠢᠲᠠᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠡᠷᠡᠭᠵᠢᠭᠦᠯᠬᠦ ᠳᠡᠭᠡᠨ | ᠬᠡᠯᠪᠠᠶᠢᠯᠭᠡᠭᠦ ᠦᠭᠡᠢ᠂ ᠬᠤᠪᠢᠷᠠᠭᠤᠯᠬᠤ ᠦᠭᠡᠢ᠂ ᠦᠭᠡᠷᠡᠳᠦᠭᠦᠯᠭᠦ ᠦᠭᠡᠢ ᠪᠠᠶᠢᠬᠤ ᠶᠢ ᠪᠠᠲᠤᠯᠠᠬᠤ ᠪᠠᠷ ᠪᠠᠷᠠᠬᠤ ᠦᠭᠡᠢ ᠪᠠᠰᠠ ᠬᠠᠷᠠᠯᠲᠠ ᠪᠠᠷ ᠤᠳᠤᠷᠢᠳᠤᠮᠵᠢ | ᠪᠣᠯᠭᠠᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠤ᠂ ᠪᠦᠲᠦᠭᠡᠯᠴᠢ ᠴᠢᠨᠠᠷᠲᠠᠢ ᠠᠵᠢᠯ ᠢᠶᠠᠷ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠳᠡᠭ ᠢ ᠪᠢᠳᠡᠨ ᠳᠤ ᠬᠡᠯᠡᠵᠦ ᠥᠭᠴᠡᠢ᠃ ᠬᠡᠯᠪᠡᠷᠢ ᠶᠢ ᠨᠢ | ᠬᠤᠪᠢᠷᠠᠭᠤᠯᠤᠨ ᠥᠭᠡᠷᠡᠲᠦᠭᠦᠯᠵᠦ᠂ ᠰᠠᠶᠢᠨ ᠨᠣᠮᠯᠠᠯ ᠢ ᠭᠠᠵᠢᠭᠤᠳᠠᠭᠤᠯᠬᠤ ᠶᠠᠪᠤᠳᠠᠯ ᠢ ᠨᠢᠭᠡ ᠯᠡ ᠦᠭᠡ ᠪᠠᠷ ᠬᠡᠯᠡᠪᠡᠯ ᠬᠡᠯᠪᠡᠷᠢᠴᠢ ᠦᠵᠡᠯ᠂ ᠨᠣᠶᠠᠨᠴᠢ | ᠰᠤᠷᠲᠠᠯ ᠠᠴᠠ ᠪᠣᠯᠤᠭᠰᠠᠨ ᠶᠤᠮ᠂ ᠡᠨᠡ ᠪᠣᠯ ᠠᠵᠢᠯ ᠢᠶᠠᠨ ᠦᠯᠦ ᠬᠢᠬᠦ᠂ ᠳᠤᠷ᠎ᠠ ᠪᠠᠷ ᠢᠶᠠᠨ ᠬᠢᠬᠦ ᠶᠠᠪᠤᠳᠠᠯ ᠪᠠᠶᠢᠵᠤ᠂ ᠨᠠᠮ ᠪᠠ ᠤᠯᠤᠰ ᠤᠨ ᠠᠵᠢᠯ ᠦᠢᠯᠡᠰ ᠢ | ᠰᠠᠭᠠᠳᠠᠭᠠᠵᠤ᠂ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠶᠢ ᠬᠤᠬᠢᠷᠠᠭᠤᠯᠵᠤ᠂ ᠬᠤᠣᠷ ᠬᠥᠨᠥᠭᠡᠯ ᠨᠢ ᠲᠦᠢᠯ ᠤᠨ ᠶᠡᠭᠡ ᠶᠤᠮ᠃ ᠵᠠᠷᠯᠢᠭ ᠪᠠᠶᠢᠲᠠᠯ᠎ᠠ | ᠬᠡᠷᠡᠭᠵᠢᠭᠦᠯᠬᠦ ᠦᠭᠡᠢ᠂ ᠴᠠᠭᠠᠵᠠᠯᠠᠵᠤ ᠪᠠᠶᠢᠲᠠᠯ᠎ᠠ ᠵᠣᠭᠰᠣᠬᠤ ᠦᠭᠡᠢ ᠪᠠᠶᠢᠬᠤ ᠦᠢᠯᠡ ᠠᠵᠢᠯᠯᠠᠭ᠎ᠠ ᠶᠢ ᠴᠠᠭ ᠲᠤᠬᠠᠢ ᠳᠤᠨᠢ ᠣᠨᠣᠪᠴᠢᠲᠠᠢ ᠢᠯᠡᠷᠡᠭᠦᠯᠵᠦ᠂ | ᠲᠤᠤᠱᠯᠠᠭᠤᠯᠤᠨ ᠬᠡᠷᠡᠭᠵᠢᠭᠦᠯᠬᠦ ᠳᠤᠮᠳᠠᠬᠢ ᠲᠦᠭᠵᠢᠷᠡᠯ ᠪᠠ ᠬᠦᠴᠢᠷ ᠠᠰᠠᠭᠤᠳᠠᠯ ᠢ ᠦᠨᠡᠨ ᠬᠦ ᠢ ᠰᠢᠯᠤᠭᠤᠳᠬᠠᠨ ᠰᠢᠢᠳᠪᠦᠷᠢᠯᠡᠵᠦ᠂ ᠨᠠᠮ ᠤᠨ ᠲᠥᠪ ᠬᠤᠷᠢᠶᠠᠨ ᠤ | ᠰᠠᠨᠠᠭᠠᠴᠢᠯᠠᠭ᠎ᠠ ᠶᠢ ᠡᠷᠡᠰ ᠴᠤᠤᠷᠢᠶᠠᠲᠤᠨ ᠲᠠᠭᠠᠵᠦ᠂ ᠨᠠᠮ ᠤᠨ ᠲᠥᠪ ᠬᠤᠷᠢᠶᠠᠨ ᠤ ᠲᠣᠭᠲᠠᠭᠠᠯ ᠢ ᠡᠷᠡᠰ ᠬᠡᠷᠡᠭᠵᠢᠭᠦᠯᠵᠦ᠂ ᠨᠠᠮ ᠤᠨ ᠲᠥᠪ ᠬᠤᠷᠢᠶᠠᠨ ᠤ | ᠴᠠᠭᠠᠵᠠᠯᠠᠭᠰᠠᠨ ᠢ ᠡᠷᠡᠰ ᠬᠢᠬᠦ ᠦᠭᠡᠢ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ | ︽ᠵᠥᠪ ᠪᠠᠶᠢᠯᠳᠤᠬᠤ ᠪᠤᠳᠤᠯᠭ᠎ᠠ ᠶᠢ ᠵᠥᠪ ᠪᠠᠶᠢᠯᠳᠤᠬᠤ ᠠᠷᠭ᠎ᠠ ᠪᠠᠷ ᠨᠠᠶᠢᠳᠠᠪᠤᠷᠢᠵᠢᠭᠤᠯᠤᠨ ᠬᠡᠷᠡᠭᠵᠢᠭᠦᠯᠬᠦ ᠬᠡᠷᠡᠭᠲᠡᠢ᠂ ᠨᠠᠶᠢᠳᠠᠪᠤᠷᠢᠵᠢᠭᠤᠯᠪᠠᠯ ᠰᠠᠶ᠋ᠢ ᠠᠮᠵᠢᠯᠲᠠ | ᠪᠦᠲᠦᠮᠵᠢ ᠭᠠᠷᠭᠠᠵᠤ᠂ ᠬᠡᠷᠡᠭᠵᠢᠭᠦᠯᠪᠡᠯ ᠰᠠᠶ᠋ᠢ ᠦᠷ᠎ᠡ ᠪᠦᠲᠦᠮᠵᠢ ᠣᠯᠵᠤ ᠴᠢᠳᠠᠨ᠎ᠠ᠃ ᠶᠠᠮᠠᠷᠪᠠ ᠨᠢᠭᠡᠨ ᠠᠵᠢᠯ ᠢ ᠬᠢᠬᠦ ᠳᠤ ᠪᠢᠳᠡ ᠬᠠᠰᠢ ᠶᠠᠰᠢ ᠪᠠᠷ ᠬᠠᠨᠳᠤᠵᠤ᠂ | ᠪᠠᠷᠰ ᠤᠨ ᠲᠣᠯᠣᠭᠠᠢ ᠪᠠᠷ ᠡᠬᠢᠯᠡᠭᠡᠳ ᠮᠣᠭᠠᠢ ᠶᠢᠨ ᠰᠡᠭᠦᠯ ᠢᠶᠠᠷ ᠳᠠᠭᠤᠰᠬᠠᠵᠤ ᠪᠣᠯᠬᠤ ᠦᠭᠡᠢ᠂ ᠬᠠᠷᠢᠨ ᠦᠨᠡᠨ ᠬᠦ ᠠᠳᠬᠤᠨ ᠪᠣᠳᠠᠲᠠᠢ ᠪᠠᠷ ᠬᠢᠵᠦ᠂ ᠰᠠᠶᠢᠲᠤᠷ | ᠬᠢᠵᠦ ᠰᠠᠶᠢᠲᠤᠷ ᠪᠦᠲᠦᠭᠡᠬᠦ ᠬᠡᠷᠡᠭᠲᠡᠢ︾᠃ ᠰᠢᠨ᠎ᠡ ᠠᠶᠠᠨ ᠳᠤ᠂ ᠪᠢᠳᠠ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ︽ᠬᠤᠶᠠᠷ ᠢ ᠲᠣᠭᠲᠠᠭᠠᠬᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ | ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠦᠨᠡᠨ ᠬᠦ ᠠᠳᠬᠤᠬᠤ ᠪᠣᠳᠠᠲᠤ ᠬᠦᠴᠦᠨ᠂ ᠵᠣᠷᠢᠭᠲᠠᠢ ᠠᠳᠬᠤᠬᠤ ᠴᠢᠩᠭ᠎ᠠ ᠬᠦᠴᠦᠨ᠂ ᠴᠢᠳᠠᠮᠠᠭᠠᠢ | ᠠᠳᠬᠤᠬᠤ ᠤᠷᠠᠨ ᠬᠦᠴᠦᠨ᠂ ᠪᠠᠶᠢᠩᠭᠤ ᠠᠳᠬᠤᠬᠤ ᠬᠠᠳᠠᠨ ᠵᠣᠷᠢᠭ ᠢᠶᠠᠷ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ | ᠶᠣᠰᠣᠭᠠᠷ ᠨᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠯᠬᠤᠮ ᠠᠯᠬᠤᠮ ᠢᠶᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠠᠶᠢᠨ ᠰᠠᠶᠢᠬᠠᠨ | ᠵᠢᠷᠤᠭ ᠲᠥᠰᠦᠪ ᠢ ᠪᠣᠳᠠᠲᠤ ᠠᠬᠤᠢ ᠪᠣᠯᠭᠠᠨ ᠬᠤᠪᠢᠷᠠᠭᠤᠯᠰᠤᠭᠠᠢ᠃ |