ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾᠂ ︽ᠰᠢᠨ᠎ᠡ ᠵᠢᠯ︾ ᠤᠨ ᠬᠡᠮᠵᠢᠯᠲᠡ ᠶᠢᠨ ᠪᠠᠭᠠᠵᠢ ᠬᠡᠷᠡᠭᠰᠡᠯ ᠤᠨ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/3
    ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠵᠢᠴᠢ ︽ᠰᠢᠨ᠎ᠡ ᠵᠢᠯ︾ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠡᠮᠵᠢᠯᠲᠡ ᠶᠢᠨ ᠡᠮᠬᠢ ᠵᠢᠷᠤᠮ ᠢ ᠬᠠᠮᠠᠭᠠᠯᠠᠵᠤ᠂ ᠬᠡᠷᠡᠭᠯᠡᠭᠴᠢᠳ ᠤᠨ ᠠᠰᠢᠭ ᠲᠤᠰᠠ ᠶᠢ ᠬᠠᠮᠠᠭᠠᠯᠠᠨ᠂ ᠡᠶ᠎ᠡ ᠵᠣᠬᠢᠴᠠᠯ ᠲᠠᠢ ᠂ ᠲᠥᠪ ᠭᠤᠣᠯᠴᠢ᠂ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠵᠠᠬ᠎ᠠ ᠳᠡᠯᠭᠡᠭᠦᠷ ᠤᠨ ᠠᠷᠠᠯᠵᠢᠶᠠᠨ ᠤ ᠣᠷᠴᠢᠨ ᠨᠥᠬᠦᠴᠡᠯ ᠢ ᠪᠤᠢ ᠪᠣᠯᠭᠠᠵᠤ᠂ ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾  ᠤ ᠤᠷᠤᠭᠰᠢᠲᠠᠶ ᠬᠤᠷᠠᠯᠳᠤᠬᠤ ᠶᠢ ᠪᠠᠲᠤᠯᠠᠬᠤ ᠶᠢᠨ ᠲᠥᠯᠥᠭᠡ  ᠶᠤᠮ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠥᠬᠦ ᠬᠤᠲᠠ ᠶᠢᠨ ᠬᠡᠪᠴᠢᠶᠡᠨ ᠳᠤ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠬᠤᠳᠠᠯᠳᠤᠭᠠᠨ ᠤ ᠳᠡᠯᠭᠡᠭᠦᠷ ᠤᠨ ᠬᠡᠲᠦ ᠳᠡᠯᠭᠡᠭᠦᠷ᠂ ᠲᠣᠰᠣ ᠨᠡᠮᠡᠬᠦ ᠥᠷᠲᠡᠭᠡ ᠵᠡᠷᠭᠡ ᠠᠷᠠᠳ ᠣᠯᠠᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠦᠷᠢᠶ᠎ᠡ ᠴᠠᠷᠠᠭ᠎ᠠ ᠪᠠᠷ ᠳ᠋ᠦᠢᠰᠢᠶᠠᠩ‌‍ᠪᠣᠯᠭᠠᠭᠰᠠᠨ ᠪᠠᠶᠢᠴᠠᠭᠠᠯᠲᠠ ᠶᠢ ᠥᠷᠨᠢᠭᠦᠯᠪᠡ᠃ ᠬᠡᠮᠵᠢᠯᠲᠡ ᠶᠢᠨ ᠪᠠᠭᠠᠵᠢ ᠬᠡᠷᠡᠭᠰᠡᠯ ᠢ ᠬᠡᠷᠡᠭᠯᠡᠵᠦ ᠪᠠᠶᠢᠭ᠎ᠠ ᠨᠢ ᠬᠠᠤᠯᠢ ᠶᠣᠰᠣᠭᠠᠷ ᠠᠯᠪᠠᠳᠠᠯᠭ᠎ᠠ ᠪᠠᠷ ᠰᠢᠯᠭᠠᠨ ᠲᠣᠭᠲᠠᠭᠠᠭᠰᠠᠨ ᠡᠰᠡᠬᠦ᠂ ᠤᠯᠤᠰ ᠠᠴᠠ ᠲᠣᠳᠣᠷᠬᠠᠶ ᠵᠠᠷᠯᠢᠭᠳᠠᠨ ᠰᠢᠭᠰᠢᠭᠳᠡᠭᠦᠯᠦᠭᠰᠡᠨ ᠬᠡᠮᠵᠢᠯᠲᠡ ᠶᠢᠨ ᠪᠠᠭᠠᠵᠢ ᠬᠡᠷᠡᠭᠰᠡᠯ ᠢ ᠬᠡᠷᠡᠭᠯᠡᠭᠰᠡᠨ ᠡᠰᠡᠬᠦ᠂ ᠬᠡᠮᠵᠢᠯᠲᠡ ᠶᠢᠨ ᠬᠡᠮ  ᠦᠢᠯᠡᠳᠬᠦ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ᠂ ᠰᠢᠯᠭᠠᠨ ᠲᠣᠭᠲᠠᠭᠠᠯᠲᠠ ᠶᠢᠨ ᠦᠶᠡᠯᠡᠯ ᠤᠨ ᠬᠤᠭᠤᠴᠠᠭ᠎ᠠ ᠠᠴᠠ ᠬᠡᠲᠦᠷᠡᠭᠦᠯᠦᠨ ᠬᠡᠷᠡᠭᠯᠡᠭᠰᠡᠨ ᠪᠠᠶᠢᠳᠠᠯ ᠣᠷᠣᠰᠢᠵᠤ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠨ᠎ᠠ᠃     ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠬᠡᠮᠵᠢᠯᠲᠡ ᠶᠢᠨ ᠪᠠᠭᠠᠵᠢ ᠬᠡᠷᠡᠭᠰᠡᠯ ᠢ ᠬᠡᠷᠡᠭᠯᠡᠬᠦ ᠨᠢᠭᠡᠴᠡ ᠳᠤ ᠬᠡᠮᠵᠢᠯᠲᠡ ᠶᠢᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠥᠬᠦᠶ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠬᠡᠮᠵᠢᠯᠲᠡ ᠶᠢᠨ ᠪᠠᠭᠠᠵᠢ ᠬᠡᠷᠡᠭᠰᠡᠯ ᠢ ᠬᠡᠷᠡᠭᠯᠡᠬᠦ ᠬᠤᠳᠠᠯᠳᠤᠭᠠᠴᠢᠨ᠂ ᠡᠵᠡᠩᠨᠡᠯᠲᠡ ᠶᠢᠨ ᠡᠷᠦᠬᠡ ᠶᠢ ᠴᠠᠭ ᠲᠤᠬᠠᠶ ᠳᠤᠨᠢ ᠬᠡᠮᠵᠢᠯᠲᠡ ᠶᠢᠨ ᠪᠠᠭᠠᠵᠢ ᠬᠡᠷᠡᠭᠰᠡᠯ ᠢ ᠰᠢᠯᠭᠠᠨ ᠲᠣᠭᠲᠠᠭᠠᠵᠤ᠂ ᠬᠡᠮᠵᠢᠯᠲᠡ ᠶᠢᠨ ᠪᠠᠭᠠᠵᠢ ᠬᠡᠷᠡᠭᠰᠡᠯ ᠢ ᠬᠠᠤᠯᠢ ᠶᠣᠰᠣᠨ ᠤ ᠲᠣᠭᠲᠠᠭᠠᠯ ᠳᠤ ᠨᠡᠶᠢᠴᠡᠭᠦᠯᠦᠨ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃     ᠲᠠᠷᠠᠭᠠᠴᠢ ᠶᠢᠨ ᠠᠯᠬᠤᠮ ᠳᠤ᠂ ᠵᠠᠯᠠᠨ ᠠᠶᠢᠯ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠡᠮᠵᠢᠯᠲᠡ ᠶᠢᠨ ᠪᠠᠭᠠᠵᠢ ᠬᠡᠷᠡᠭᠰᠡᠯ ᠢ ᠬᠢᠨᠠᠨ ᠪᠠᠶᠢᠴᠠᠭᠠᠬᠤ ᠡᠷᠴᠢᠮ ᠪᠠ ᠤᠬᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠬᠡᠮᠵᠢᠯᠲᠡ ᠶᠢᠨ ᠡᠮᠬᠢ ᠵᠢᠷᠤᠮ ᠢ ᠦᠨᠡᠨ ᠬᠦ ᠬᠠᠮᠠᠭᠠᠯᠠᠨ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ