ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠠᠵᠤ  ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠲᠠᠢ ᠬᠠᠮᠲᠤᠷᠠᠨ ︽ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠬᠠᠤᠯᠢ ᠴᠠᠭᠠᠵᠠ ᠠᠵᠤ ᠠᠬᠤᠶᠢᠯᠠᠯ ᠭᠠᠷ ᠬᠤᠯᠪᠣᠨ ᠬᠠᠮᠲᠤ ᠪᠠᠷ ᠤᠷᠤᠭᠰᠢᠯᠠᠬᠤ︾ ᠲᠤᠰᠬᠠᠶ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/1/3
    ᠬᠠᠤᠯᠢᠴᠢ ᠶᠢᠨ ᠠᠵᠢᠯ ᠲᠥᠷᠥᠯ ᠤᠨ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠥᠷᠭᠡᠴᠡ ᠪᠠ ᠭᠦᠨᠴᠡ ᠶᠢ ᠲᠠᠰᠤᠷᠠᠯᠲᠠ ᠦᠭᠡᠶ ᠥᠷᠭᠡᠳᠬᠡᠵᠦ᠂ ᠦᠢᠯᠡᠴᠢᠯᠡᠭᠡᠨ ᠤ ᠲᠤᠰᠬᠠᠶ ᠮᠡᠷᠭᠡᠵᠢᠯ ᠤᠨ ᠴᠢᠨᠠᠷ᠂ ᠨᠠᠷᠢᠯᠢᠭ ᠣᠨᠣᠴᠠᠲᠠᠶ ᠴᠢᠨᠠᠷ᠂ ᠳᠥᠭᠦᠮ ᠳᠥᠲᠡ ᠴᠢᠨᠠᠷ᠂ ᠪᠣᠳᠠᠲᠤ ᠦᠷ᠎ᠡ ᠠᠰᠢᠭᠲᠤ ᠴᠢᠨᠠᠷ ᠲᠠᠰᠤᠷᠠᠯᠲᠠ ᠦᠭᠡᠶ ᠴᠢᠩᠭᠠᠷᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠣᠭᠲᠠᠭᠠᠯ ᠳᠤ ᠨᠡᠶᠢᠴᠡᠭᠰᠡᠨ ᠵᠠᠰᠠᠯᠲᠠ ᠶᠢᠨ ᠲᠣᠭᠲᠠᠴᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠬᠠᠤᠯᠢ ᠶᠣᠰᠣᠭᠠᠷ ᠡᠵᠡᠩᠨᠡᠨ ᠬᠠᠮᠢᠶᠠᠷᠬᠤ ᠲᠦᠪᠰᠢᠨ ᠦᠷᠭᠦᠯᠵᠢᠯᠡᠨ ᠳᠡᠭᠡᠭᠰᠢᠯᠡᠵᠦ᠂ 12 ᠰᠠᠷ᠎ᠠ ᠶᠢᠨ 27 ᠤ ᠡᠳᠦᠷ᠂ ᠵᠠᠯᠠᠨ ᠠᠶᠢᠯ ᠬᠤᠳᠠ ᠶᠢᠨ ᠬᠠᠤᠯᠢ ᠴᠠᠭᠠᠵᠠ ᠶᠢᠨ ᠲᠣᠪᠴᠢᠶ᠎ᠠ ᠬᠤᠳᠠ ᠶᠢᠨ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ ᠲᠣᠪᠴᠢᠶ᠎ᠠ ᠲᠠᠢ ᠬᠠᠮᠲᠤᠷᠠᠨ ︽ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠬᠠᠤᠯᠢ ᠴᠠᠭᠠᠵᠠ ᠠᠵᠤ ᠠᠬᠤᠶᠢᠯᠠᠯ ᠭᠠᠷ ᠬᠤᠯᠪᠣᠨ ᠤᠷᠤᠭᠰᠢᠯᠠᠬᠤ︾ ᠲᠤᠰᠬᠠᠢ ᠠᠵᠢᠯᠯᠠᠭ᠎ᠠ ᠥᠷᠨᠢᠭᠦᠯᠵᠦ᠂ ᠬᠠᠤᠯᠢ ᠴᠠᠭᠠᠵᠠ ᠶᠢᠨ ᠲᠣᠪᠴᠢᠶ᠎ᠠ ᠪᠣᠯᠤᠨ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠳᠠᠭᠠᠭᠤᠯᠵᠤ᠂ ᠬᠥᠯᠥᠨ ᠪᠤᠶᠢᠷ ᠬᠤᠳᠠ ᠶᠢᠨ ᠳᠠᠷᠤᠭ᠎ᠠ ᠵᠧᠩ ᠤᠮᠳᠠᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠤᠨ ᠵᠠᠯᠠᠨ ᠠᠶᠢᠯ ᠬᠤᠳᠠ ᠶᠢᠨ ᠵᠧᠨ ᠭᠦᠸᠧ ᠢᠳᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠠᠷ ᠰᠤᠷᠪᠤᠯᠵᠢᠯᠠᠪᠠ᠃      ᠶᠠᠷᠢᠯᠴᠠᠬᠤ ᠬᠤᠷᠠᠯ ᠢᠶᠠᠷ ᠲᠠᠮᠵᠢᠨ᠂ ᠬᠠᠤᠯᠢᠴᠢ ᠭᠤᠣᠯᠳᠠᠭᠤ ᠠᠵᠤ ᠠᠬᠤᠶᠢᠯᠠᠯ ᠤᠨ ᠡᠵᠡᠩᠨᠡᠯᠲᠡ ᠶᠢᠨ ᠳᠤᠮᠳᠠ ᠠᠮᠠᠷᠬᠠᠨ ᠡᠭᠦᠰᠴᠦ ᠤᠯᠠᠨ ᠡᠭᠦᠰᠳᠡᠭ ᠰᠲ᠋ᠣᠺ ᠤᠨ ᠡᠷᠬᠡ ᠶᠢᠨ ᠵᠢᠭᠤᠷᠠᠯᠳᠤᠭᠠᠨ᠂ ᠭᠡᠷ᠎ᠡ ᠶᠢᠨ ᠪᠣᠯᠵᠤᠭ᠎ᠠ ᠶᠢ ᠵᠥᠷᠢᠴᠡᠬᠦ᠂ ᠠᠪᠴᠠᠭᠠᠨ ᠤ ᠡᠷᠬᠡ ᠶᠢ ᠨᠡᠬᠡᠮᠵᠢᠯᠡᠨ ᠠᠪᠬᠤ᠂ ᠬᠥᠳᠡᠯᠮᠦᠷᠢ ᠠᠵᠢᠯᠴᠢᠨ ᠬᠡᠷᠡᠭᠯᠡᠬᠦ ᠵᠡᠷᠭᠡ ᠬᠦᠷᠢᠶᠡᠨ ᠳᠠᠬᠢ ᠬᠠᠤᠯᠢ ᠴᠠᠭᠠᠵᠠ ᠶᠢᠨ ᠠᠰᠠᠭᠤᠳᠠᠯ ᠪᠠ ᠠᠵᠤ ᠦᠢᠯᠡᠰ ᠤᠨ ᠬᠥᠭᠵᠢᠯᠲᠡ ᠶᠢᠨ ᠳᠤᠮᠳᠠ ᠢᠯᠡᠷᠡᠭᠰᠡᠨ ᠰᠢᠨ᠎ᠡ ᠪᠠᠶᠢᠳᠠᠯ ᠰᠢᠨ᠎ᠡ ᠠᠰᠠᠭᠤᠳᠠᠯ ᠤᠨ ᠲᠣᠭᠤᠷᠢᠨ ᠳᠤ ᠬᠠᠤᠯᠢ ᠴᠠᠭᠠᠵᠠ ᠶᠢᠨ ᠰᠠᠨᠠᠯ ᠪᠠ ᠰᠠᠨᠠᠭᠤᠯᠭ᠎ᠠ ᠳᠤᠷᠠᠳᠪᠠ᠃ ︽ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ︾ ᠶᠢᠨ ᠠᠵᠢᠯᠯᠠᠭ᠎ᠠ ᠪᠠᠷ ᠳᠠᠮᠵᠢᠭᠤᠯᠤᠨ᠂ ᠡᠵᠡᠩᠨᠡᠯᠲᠡ ᠬᠠᠮᠢᠶᠠᠷᠤᠯᠲᠠ ᠶᠢᠨ ᠳᠤᠮᠳᠠ ᠣᠷᠣᠰᠢᠵᠤ ᠪᠠᠶᠢᠭ᠎ᠠ ᠡᠯ᠎ᠡ ᠵᠦᠢᠯ ᠤᠨ ᠬᠠᠤᠯᠢ ᠴᠠᠭᠠᠵᠠ ᠶᠢᠨ ᠳᠤᠲᠠᠭᠳᠠᠯ ᠪᠠ ᠠᠶᠤᠯ ᠲᠦᠭᠰᠢᠭᠦᠷᠢ ᠶᠢᠨ ᠴᠡᠭ ᠢ ᠡᠷᠢᠨ ᠡᠮᠬᠢᠯᠡᠵᠦ᠂ ᠲᠤᠰᠬᠠᠶ ᠮᠡᠷᠭᠡᠵᠢᠯ ᠤᠨ ᠲᠠᠯ᠎ᠠ ᠠᠴᠠ ᠠᠷᠭᠠᠴᠠᠬᠤ ᠰᠠᠨᠠᠭᠤᠯᠭ᠎ᠠ ᠪᠠ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠨ᠎ᠠ᠃     ᠳᠠᠷᠠᠭᠠᠴᠢ ᠶᠢᠨ ᠠᠯᠬᠤᠮ ᠳᠤ᠂ ᠬᠠᠤᠯᠢ ᠴᠠᠭᠠᠵᠠ ᠶᠢᠨ ᠲᠣᠪᠴᠢᠶ᠎ᠠ ᠪᠣᠯᠤᠨ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ ᠲᠤᠪᠴᠢᠶ᠎ᠠ ᠨᠢᠭᠲᠠ ᠬᠠᠮᠵᠢᠯᠴᠠᠨ ᠠᠵᠢᠯᠯᠠᠵᠤ᠂ ᠠᠵᠤ ᠦᠢᠯᠡᠰ ᠤᠨ ᠬᠥᠭᠵᠢᠯᠲᠡ ᠶᠢᠨ ᠬᠠᠤᠯᠢ ᠴᠠᠭᠠᠵᠠ ᠶᠢᠨ ᠬᠡᠷᠡᠭᠴᠡᠭᠡ ᠶᠢ ᠣᠨᠣᠪᠴᠢᠲᠠᠢ ᠵᠣᠯᠭᠠᠭᠤᠯᠵᠤ᠂ ᠬᠤᠯᠪᠣᠭᠳᠠᠯ ᠪᠦᠬᠦᠢ ᠠᠵᠤ ᠠᠬᠤᠶᠢᠯᠠᠯ ᠳᠤ ᠥᠨᠳᠥᠷ ᠪᠦᠲᠦᠮᠵᠢᠲᠡᠢ ᠳᠥᠭᠦᠮ ᠳᠥᠲᠡ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ