ᠣᠶᠢᠷ᠎ᠠ ᠶᠢᠨ ᠵᠢᠯ ᠳᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠯᠳ᠋ᠬᠠᠮᠡᠭᠡᠯ ᠪᠠᠯᠭᠠᠰᠤ ᠶᠢᠨ ᠬᠡᠷᠦᠯᠦᠨ ᠨᠡᠶᠢᠭᠡᠮ ᠲᠣᠭᠤᠷᠢᠭ ᠤᠨ ᠨᠠᠮ ᠤᠨ ᠡᠭᠦᠷ ︽ | ᠵᠢᠷᠭᠤᠭᠠᠨ ᠲᠠᠯ᠎ᠠ ᠪᠠᠷ ᠬᠠᠮᠲᠤ ᠪᠠᠷ ᠵᠥᠪᠯᠡᠬᠦ︾ ᠵᠠᠭᠪᠤᠷ ᠢ ᠡᠭᠦᠳᠦᠨ ᠬᠡᠷᠡᠭᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠪᠣᠳᠠᠲᠤ ᠦᠷ᠎ᠡ ᠪᠦᠳᠦᠮᠵᠢ ᠶᠢ | ᠳᠡᠭᠡᠭᠰᠢᠯᠡᠭᠦᠯᠵᠦ ᠪᠤᠢ᠃ | ︽ᠤᠳᠤ ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠥᠩᠭᠡᠷᠡᠭᠰᠡᠨ ᠠᠴᠠ ᠪᠠᠨ ᠴᠡᠪᠡᠷ ᠴᠡᠮᠴᠡᠭᠡᠷ ᠪᠣᠯᠵᠤ᠂ ᠬᠤᠭ ᠨᠣᠪᠰᠢ ᠳᠤᠷ᠎ᠠ ᠪᠠᠷ | ᠬᠠᠶᠠᠬᠤ᠂ ᠨᠡᠶᠢᠳᠠ ᠶᠢᠨ ᠳᠤᠨᠤᠭ ᠲᠥᠬᠦᠭᠡᠷᠦᠮᠵᠢ ᠶᠢ ᠡᠪᠳᠡᠨ ᠰᠦᠢᠳᠬᠡᠬᠦ ᠵᠡᠷᠭᠡ ᠠᠰᠠᠭᠤᠳᠠᠯ ᠢ ᠴᠢᠩᠭ᠎ᠠ ᠬᠢᠨᠠᠨ ᠬᠠᠮᠢᠶᠠᠷᠤᠭᠰᠠᠨ ᠢᠶᠠᠷ ᠰᠠᠭᠤᠭᠠᠯᠢ ᠠᠷᠠᠳ ᠨᠡᠶᠢᠭᠡᠮ | ᠲᠣᠭᠤᠷᠢᠭ ᠤᠨ ᠠᠵᠢᠯ ᠳᠤ ᠮᠠᠰᠢ ᠬᠠᠨᠤᠮᠵᠢᠳᠠᠢ ᠪᠠᠶᠢᠨ᠎ᠠ︾ ᠭᠡᠵᠦ ᠸᠠᠩ ᠨᠠᠰᠤᠲᠠᠨ ᠨᠡᠶᠢᠭᠡᠮ ᠲᠣᠭᠤᠷᠢᠭ ᠤᠨ ᠠᠵᠢᠯᠲᠠᠨ ᠳᠤ ᠬᠡᠯᠡᠨ᠎ᠡ᠃ | ᠰᠠᠭᠤᠭᠠᠯᠢ ᠠᠷᠠᠳ ᠤᠨ ᠲᠣᠭᠤᠷᠢᠭ ᠲᠤ ᠠᠳᠠᠯ ᠠᠬᠤᠢ ᠶᠢᠨ ᠺᠤᠮᠫᠠᠨᠢ ᠦᠭᠡᠢ ᠵᠡᠷᠭᠡ ᠠᠰᠠᠭᠤᠳᠠᠯ ᠳᠤ ᠴᠢᠭᠯᠡᠭᠦᠯᠦᠨ᠂ ᠰᠢᠨ᠎ᠡ ᠪᠠᠷᠭᠤ ᠪᠠᠷᠠᠭᠤᠨ ᠬᠤᠰᠢᠭᠤᠨ ᠤ | ᠠᠯᠳ᠋ᠬᠠᠮᠡᠭᠡᠯ ᠪᠠᠯᠭᠠᠰᠤ ᠶᠢᠨ ᠬᠡᠷᠦᠯᠦᠨ ᠨᠡᠶᠢᠭᠡᠮ ᠲᠣᠭᠤᠷᠢᠭ ᠤᠨ ᠨᠠᠮ ᠤᠨ ᠡᠭᠦᠷ ︽ᠵᠢᠷᠭᠤᠭᠠᠨ ᠲᠠᠯ᠎ᠠ ᠪᠠᠷ ᠬᠠᠮᠲᠤ ᠪᠠᠷ ᠵᠥᠪᠯᠡᠬᠦ︾ ᠵᠠᠭᠪᠤᠷ ᠢ ᠡᠭᠦᠳᠦᠨ | ᠬᠡᠷᠡᠭᠵᠢᠭᠦᠯᠵᠦ᠂ ︽ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ᠂ ᠰᠠᠭᠤᠭᠠᠯᠢ ᠠᠷᠠᠳ ᠤᠨ ᠵᠥᠪᠯᠡᠯ᠂ ᠬᠠᠮᠲᠤ ᠪᠠᠷ ᠪᠠᠶᠢᠭᠤᠯᠬᠤ ᠨᠢᠭᠡᠴᠡ᠂ ᠠᠳᠠᠯ | ᠠᠬᠤᠢ ᠶᠢᠨ ᠠᠯᠪᠠᠨ ᠭᠡᠷ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ᠂ ᠥᠮᠴᠢᠯᠡᠭᠴᠢ ᠶᠢᠨ ᠺᠣᠮᠢᠰ︾ ᠵᠡᠷᠭᠡ ᠵᠢᠷᠭᠤᠭᠠᠨ ᠲᠠᠯ᠎ᠠ ᠶᠢᠨ ᠬᠦᠴᠦᠨ ᠢ | ᠭᠦᠢᠴᠡᠳ ᠪᠠᠳᠠᠷᠠᠭᠤᠯᠵᠤ᠂ ᠬᠠᠮᠲᠤᠷᠠᠭᠰᠠᠨ ᠬᠤᠷᠠᠯ ᠤᠨ ᠳᠦᠷᠢᠮ ᠢ ᠲᠣᠭᠲᠠᠭᠠᠵᠤ᠂ ᠬᠠᠮᠲᠤ ᠪᠠᠷ ᠵᠥᠪᠯᠡᠬᠦ ᠲᠣᠭᠲᠠᠴᠠ ᠶᠢ ᠪᠦᠷᠢᠯᠳᠦᠭᠦᠯᠵᠦ᠂ ᠨᠡᠶᠢᠭᠡᠮ | ᠲᠣᠭᠤᠷᠢᠭ ᠤᠨ ᠦᠨᠳᠦᠰᠦᠨ ᠱᠠᠲᠤᠨ ᠤ ᠵᠠᠰᠠᠯᠲᠠ ᠶᠢᠨ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠬᠤᠭ ᠨᠣᠪᠰᠢ ᠶᠢ ᠳᠤᠷ᠎ᠠ ᠪᠠᠷ ᠬᠠᠶᠠᠬᠤ᠂ | ᠳᠤᠯᠠᠭᠠᠯᠠᠭ᠎ᠠ ᠶᠢᠨ ᠬᠤᠭᠤᠯᠠᠢ ᠡᠪᠳᠡᠭᠳᠡᠬᠦ ᠪᠠ ᠬᠠᠮᠢᠶᠠᠷᠬᠤ ᠬᠥᠮᠥᠨ ᠦᠭᠡᠢ ᠪᠠᠶᠢᠬᠤ ᠠᠰᠠᠭᠤᠳᠠᠯ ᠢ ᠭᠦᠢᠴᠡᠳ ᠰᠢᠢᠳᠪᠦᠷᠢᠯᠡᠵᠦ᠂ ᠲᠣᠭᠤᠷᠢᠭ ᠤᠨ ᠠᠳᠠᠯ | ᠠᠬᠤᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢᠨ ᠲᠦᠪᠰᠢᠨ ᠢ ᠳᠠᠰᠤᠷᠠᠯᠳᠠ ᠦᠭᠡᠢ | ᠳᠡᠭᠡᠭᠰᠢᠯᠡᠭᠦᠯᠪᠡ᠃ ︽ᠵᠢᠷᠭᠤᠭᠠᠨ ᠲᠠᠯ᠎ᠠ ᠪᠠᠷ ᠬᠠᠮᠲᠤ ᠪᠠᠷ ᠵᠥᠪᠯᠡᠬᠦ︾ ᠵᠠᠭᠪᠤᠷ ᠢ ᠬᠡᠷᠡᠭᠵᠢᠭᠦᠯᠦᠭᠰᠡᠨ ᠠᠴᠠ ᠨᠠᠭᠠᠰᠢ᠂ ᠤᠷᠢᠳ ᠬᠤᠵᠢᠳ ᠬᠠᠮᠢᠶᠠᠷᠤᠯᠲᠠ | ᠬᠦᠷᠦᠯᠴᠡᠬᠦ ᠦᠭᠡᠢ᠂ ᠬᠤᠭ ᠨᠣᠪᠰᠢ ᠳᠤᠷ᠎ᠠ ᠪᠠᠷ ᠬᠠᠶᠠᠬᠤ ᠵᠡᠷᠭᠡ ᠵᠥᠷᠢᠴᠡᠯ ᠵᠠᠭᠤᠷᠠᠯᠳᠤᠭᠠᠨ ᠢ 32 ᠡᠶᠡᠳᠡᠭᠦᠯᠦᠨ ᠰᠢᠢᠳᠪᠦᠷᠢᠯᠡᠵᠦ᠂ ᠬᠠᠮᠢᠶ᠎ᠠ ᠪᠦᠬᠦᠢ 103 | ᠠᠰᠠᠭᠤᠳᠠᠯ ᠢ ᠰᠢᠢᠳᠪᠦᠷᠢᠯᠡᠪᠡ᠃ ᠡᠭᠦᠨ ᠤ ᠬᠠᠮᠲᠤ 10 ᠲᠦᠮᠡᠨ ᠲᠥᠭᠦᠷᠢᠭ ᠤᠨ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠠᠷᠠᠳ | ᠲᠦᠮᠡᠨ ᠳᠤ ᠦᠢᠯᠡᠴᠢᠯᠡᠬᠦ ᠲᠤᠰᠬᠠᠢ ᠪᠡᠯᠡ ᠮᠥᠩᠭᠦ ᠶᠢ ᠨᠠᠶᠢᠳᠠᠪᠤᠷᠢᠵᠢᠭᠤᠯᠵᠤ᠂ ᠰᠠᠭᠤᠭᠠᠯᠢ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠰᠠᠶᠢᠵᠢᠷᠠᠭᠤᠯᠬᠤ ᠳᠤ ᠪᠠᠲᠤᠯᠠᠭ᠎ᠠ ᠬᠠᠩᠭᠠᠭᠰᠠᠨ ᠪᠠᠶᠢᠨ᠎ᠠ᠃ |