— ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ ᠤᠨ ᠡᠷᠬᠢᠯᠡᠭᠴᠢ ᠵᠦ ᠵᠢᠶᠠᠨ ᠭᠦᠸᠧ ᠶᠢ ᠰᠤᠷᠪᠤᠯᠵᠢᠯᠠᠭᠰᠠᠨ ᠨᠢ | ᠬᠥᠬᠡᠬᠤᠲᠠ ᠶᠢᠨ ᠡᠳᠦᠷ ᠤᠨ ᠰᠣᠨᠢᠨ ᠤ ᠰᠤᠷᠪᠤᠯᠵᠢᠯᠠᠭᠴᠢ ᠯᠢᠦ ᠯᠢ ᠰᠢᠶᠠ | ︽ᠬᠤᠷᠢᠨᠭᠡᠷ ᠰᠢᠨ᠎ᠡ ᠲᠣᠭᠤᠷᠢᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠠᠢ ᠳᠤ ᠰᠠᠭᠤᠷᠢᠯᠠᠨ᠂ ᠴᠢᠨᠠᠷ ᠰᠠᠶᠢᠲᠠᠢ ᠬᠥᠭᠵᠢᠯᠲᠡ ᠶᠢ ᠲᠦᠯᠬᠢᠨ | ᠠᠬᠢᠭᠤᠯᠬᠤ ᠡᠨᠡᠬᠦ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠲᠡᠭᠦᠯᠳᠡᠷ᠂ ᠣᠨᠣᠪᠴᠢᠲᠠᠢ᠂ ᠪᠦᠬᠦ | ᠲᠠᠯ᠎ᠠ ᠪᠠᠷ ᠲᠤᠭᠤᠰᠢᠯᠠᠭᠤᠯᠵᠤ᠂ ᠪᠦᠲᠦᠴᠡ ᠶᠢ ᠲᠣᠬᠢᠷᠠᠭᠤᠯᠬᠤ᠂ ᠬᠥᠳᠡᠯᠭᠡᠬᠦ ᠡᠨᠧᠷᠭᠢ ᠶᠢ ᠬᠤᠪᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠳᠤ ᠪᠦᠬᠦ | ᠬᠦᠴᠦᠨ ᠢᠶᠠᠷ ᠢᠶᠠᠨ ᠴᠢᠷᠮᠠᠶᠢᠵᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ ᠪᠠᠶᠢᠨ᠎ᠠ︾᠃ | ᠣᠶᠢᠷ᠎ᠠ ᠳᠤ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ ᠤᠨ ᠡᠷᠬᠢᠯᠡᠭᠴᠢ ᠵᠦ ᠵᠢᠶᠠᠨ ᠭᠦᠸᠧ ᠰᠤᠷᠪᠤᠯᠵᠢᠯᠠᠭᠴᠢ ᠶᠢᠨ ᠲᠤᠰᠬᠠᠢ ᠰᠣᠷᠪᠤᠯᠵᠢᠯᠠᠭ᠎ᠠ ᠶᠢ ᠬᠦᠯᠢᠶᠡᠬᠦ ᠳᠡᠭᠡᠨ᠂ ᠬᠤᠷᠢᠨᠭᠡᠷ ᠰᠢᠨ᠎ᠡ ᠲᠣᠭᠤᠷᠢᠭ ᠤᠨ ᠬᠢᠨ | ᠪᠦᠬᠦ ᠬᠤᠳᠠ ᠶᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠠᠬᠤᠢ | ᠲᠠᠯᠠᠪᠠᠢ ᠶᠢᠨ ᠬᠤᠷᠠᠯ ᠤᠨ ᠠᠰᠢᠭᠲᠠᠢ ᠠᠵᠠ ᠲᠣᠬᠢᠶᠠᠯ ᠢ ᠠᠮᠵᠢᠵᠤ᠂ ᠬᠤᠷᠠᠯ ᠢᠶᠠᠷ ᠰᠢᠨ᠎ᠡ ᠶᠢ ᠡᠭᠦᠳᠬᠦ ᠶᠢ ᠠᠬᠢᠭᠤᠯᠵᠤ᠂ ᠪᠦᠬᠦ ᠵᠢᠯ ᠤᠨ ᠡᠭᠦᠷᠭᠡ ᠬᠠᠷᠠᠯᠲᠠ | ᠪᠣᠯᠣᠨ ᠭᠤᠣᠯᠳᠠᠯᠭ᠎ᠠ ᠲᠠᠢ ᠠᠵᠢᠯ ᠢ ᠴᠢᠩᠭ᠎ᠠ ᠠᠩᠬᠠᠷᠴᠤ᠂ ᠴᠢᠷᠮᠠᠶᠢᠨ ᠠᠵᠢᠯᠯᠠᠵᠤ᠂ ᠡᠯ᠎ᠡ ᠲᠦᠷᠦᠯ ᠤᠨ ᠠᠵᠢᠯ ᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ | ᠯᠠᠪᠳᠠᠭᠤᠨ ᠪᠠᠲᠤᠲᠠᠢ ᠠᠬᠢᠭᠤᠯᠪᠠ ᠭᠡᠯᠡ᠃ | ᠵᠦ ᠵᠢᠶᠠᠨ ᠭᠦᠸᠧ ᠲᠠᠨᠢᠯᠴᠠᠭᠤᠯᠬᠤ ᠳᠠᠭᠠᠨ᠂ ᠲᠦᠷᠦᠭᠦᠤ ᠭᠤᠷᠪᠠᠨ ᠤᠯᠠᠷᠢᠯ ᠳᠤ ᠬᠤᠷᠢᠨᠭᠡᠷ ᠰᠢᠨ᠎ᠡ ᠲᠣᠭᠤᠷᠢᠭ ᠤᠨ ᠡᠵᠡᠩᠨᠡᠯᠲᠡ ᠶᠢᠨ ᠣᠷᠣᠯᠭ᠎ᠠ 107.47 | ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 20.58% ᠪᠠᠷ ᠨᠡᠮᠡᠭᠳᠡᠨ᠂ ᠵᠢᠯ ᠤᠨ ᠡᠭᠦᠷᠭᠡ ᠪᠠᠨ 89.56% ᠪᠠᠷ ᠪᠡᠶᠡᠯᠡᠭᠦᠯᠵᠡᠢ᠃ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 95.17 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 62.32% | ᠨᠡᠮᠡᠭᠳᠡᠪᠡ᠃ ᠰᠢᠨ᠎ᠡ ᠪᠠᠷ ᠭᠡᠷ᠎ᠡ ᠲᠣᠭᠲᠠᠭᠰᠠᠨ ᠠᠵᠤ ᠦᠢᠯᠡᠰ ᠤᠨ ᠲᠥᠷᠥᠯ ᠵᠦᠢᠯ 64 ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 266.7 ᠳ᠋ᠦᠩᠰᠢᠭᠤᠷ | ᠲᠥᠭᠦᠷᠢᠭ ᠬᠦᠷᠴᠦ᠂ ᠡᠭᠦᠨ ᠳᠤ ᠰᠢᠨ᠎ᠡ ᠪᠠᠷ ᠣᠷᠣᠭᠤᠯᠤᠭᠰᠠᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 37 ᠪᠠᠶᠢᠨ᠎ᠠ᠃ | ᠵᠦ ᠵᠢᠶᠠᠨ ᠭᠦᠸᠧ ᠬᠡᠯᠡᠭᠰᠡᠨ ᠨᠢ᠂ ᠳᠠᠷᠠᠭᠠᠴᠢ ᠶᠢᠨ ᠠᠯᠬᠤᠮ ᠳᠤ᠂ ᠬᠤᠷᠢᠨᠭᠡᠷ ᠰᠢᠨ᠎ᠡ ᠲᠣᠭᠤᠷᠢᠭ ᠤᠨ ᠬᠢᠨ ᠪᠣᠳᠣᠯᠭ᠎ᠠ ᠶᠢᠨ ᠬᠦᠴᠦᠨ ᠤ ᠠᠵᠤ ᠦᠢᠯᠡᠰ ᠤᠨ | ᠬᠡᠯᠬᠢᠶ᠎ᠡ ᠶᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠤᠯᠤᠰ ᠤᠨ ︽ᠵᠡᠭᠦᠨ ᠪᠡᠶ᠎ᠡ ᠶᠢᠨ ᠲᠤᠭ᠎ᠠ ᠶᠢ ᠪᠠᠷᠠᠭᠤᠨ ᠪᠡᠶ᠎ᠡ ᠳᠤ ᠪᠤᠳᠤᠬᠤ︾ ᠲᠤᠭ᠎ᠠ ᠪᠠᠷᠢᠮᠲᠠ ᠶᠢᠨ | ᠲᠥᠪ ᠤᠨ ᠪᠥᠭᠡᠮᠨᠡᠷᠡᠯ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠲᠣᠮᠣ ᠳ᠋ᠠᠶᠢᠲ᠋ᠠ᠂ ᠡᠭᠦᠯᠡᠨ ᠪᠣᠳᠣᠯᠲᠠ ᠪᠠᠷ ᠣᠨᠴᠠᠯᠢᠭ ᠪᠣᠯᠭᠠᠭᠰᠠᠨ ᠡᠯᠧᠺᠳ᠋ᠷᠣᠨ | ᠮᠡᠳᠡᠭᠡ ᠵᠠᠩᠭᠢ ᠶᠢᠨ ᠠᠵᠤ ᠦᠢᠯᠡᠰ ᠤᠨ ᠪᠥᠭᠡᠮᠨᠡᠷᠡᠯ ᠢ ᠪᠤᠶᠢᠵᠢᠭᠤᠯᠵᠤ᠂ ︽ᠳᠡᠭᠡᠳᠦ ᠤᠷᠤᠰᠬᠠᠯ ᠢ ᠪᠤᠵᠠᠭᠠᠶᠢᠷᠠᠭᠤᠯᠬᠤ᠂ ᠳᠤᠮᠳᠠ ᠤᠷᠤᠰᠬᠠᠯ ᠢ ᠰᠢᠯᠢᠳᠡᠭᠵᠢᠭᠦᠯᠬᠦ᠂ | ᠳᠣᠣᠷᠠᠳᠤ ᠤᠷᠤᠰᠬᠠᠯ ᠢ ᠰᠠᠶᠢᠲᠤᠷ ᠬᠢᠬᠦ︾ ᠪᠠᠷ ᠴᠢᠭᠯᠡᠯ ᠪᠣᠯᠭᠠᠨ᠂ ᠳᠤᠮᠳᠠᠳᠤ ᠤᠯᠤᠰ ᠤᠨ ᠪᠠᠩᠬᠢ᠂ ᠲᠠᠷᠢᠶᠠᠯᠠᠩ ᠤᠨ ᠪᠠᠩᠬᠢ᠂ ᠪᠢᠩ ᠰᠢᠩ ᠰᠢᠨᠵᠢᠯᠡᠬᠦ ᠤᠬᠠᠭᠠᠨ | ᠮᠡᠷᠭᠡᠵᠢᠯ᠂ ᠤᠯᠤᠰ ᠤᠨ ᠴᠠᠭ ᠠᠭᠤᠷ ᠤᠨ ᠲᠣᠪᠴᠢᠶ᠎ᠠ ︵ᠪᠠᠷᠠᠭᠤᠨ ᠣᠷᠣᠨ︶ ᠶᠢᠨ ᠪᠤᠳᠤᠬᠤ ᠬᠦᠴᠦᠨ ᠤ ᠲᠥᠪ ᠵᠡᠷᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠵᠤ᠂ ᠪᠤᠳᠤᠬᠤ ᠠᠷᠭ᠎ᠠ᠂ ᠪᠣᠳᠣᠯᠭ᠎ᠠ ᠶᠢᠨ ᠡᠯᠧᠮᠧᠨ᠋ᠲ᠂ ᠪᠤᠳᠤᠬᠤ ᠬᠦᠴᠦᠨ ᠤ ᠪᠥᠬᠦ ᠠᠵᠤ ᠦᠢᠯᠡᠰ ᠤᠨ | ᠬᠡᠯᠬᠢᠶ᠎ᠡ ᠶᠢᠨ ᠬᠥᠭᠵᠢᠯᠲᠡ ᠶᠢ ᠠᠬᠢᠭᠤᠯᠤᠨ᠎ᠠ᠃ ᠬᠤᠷᠠᠮᠠᠯ ᠴᠠᠬᠢᠯᠭᠠᠨ ᠬᠡᠯᠬᠢᠶ᠎ᠡ ᠶᠢᠨ ᠠᠵᠤ ᠦᠢᠯᠡᠰ ᠤᠨ ᠬᠡᠯᠬᠢᠶ᠎ᠡ ᠶᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ | ᠪᠣᠳᠣᠯᠭ᠎ᠠ ᠶᠢᠨ ᠬᠦᠴᠦᠨ ᠤ ᠠᠵᠤ ᠦᠢᠯᠡᠰ ᠤᠨ ᠬᠡᠯᠬᠢᠶ᠎ᠡ ᠶᠢᠨ ᠰᠠᠶᠢᠨ ᠰᠠᠭᠤᠷᠢ ᠳᠤ ᠰᠠᠭᠤᠷᠢᠯᠠᠨ᠂ ᠪᠣᠳᠣᠯᠭ᠎ᠠ ᠶᠢᠨ ᠬᠦᠴᠦᠨ ᠤ ᠠᠵᠤ ᠦᠢᠯᠡᠰ ᠤᠨ ᠬᠡᠯᠬᠢᠶ᠎ᠡ ᠶᠢ | ᠬᠠᠭᠠᠰ ᠳᠠᠮᠵᠢᠭᠤᠯᠤᠭᠴᠢ ᠶᠢᠨ ᠠᠵᠤ ᠦᠢᠯᠡᠰ ᠲᠡᠶᠢᠰᠢ ᠤᠷᠲᠤᠳᠬᠠᠵᠤ᠂ ᠰᠢᠶᠠᠨ ᠬᠤᠩ SMT ᠬᠠᠪᠲᠠᠰᠤ ᠶᠢᠨ ᠦᠢᠯᠡᠳᠪᠦᠷᠢᠯᠡᠯ ᠵᠡᠷᠭᠡ ᠡᠳ᠋ ᠪᠠᠷᠠᠭᠠᠨ ᠤ | ᠮᠡᠳᠡᠭᠡ ᠵᠠᠩᠭᠢ ᠶᠢᠨ ᠰᠦᠯᠵᠢᠶ᠎ᠡ ᠶᠢᠨ ᠦᠵᠦᠭᠦᠷ ᠤᠨ ᠲᠥᠬᠦᠭᠡᠷᠦᠮᠵᠢ ᠦᠢᠯᠡᠳᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠬᠤᠷᠠᠮᠠᠯ ᠴᠠᠬᠢᠯᠭᠠᠨ ᠬᠡᠯᠬᠢᠶ᠎ᠡ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ | ᠦᠢᠯᠡᠰ ᠤᠨ ᠬᠡᠯᠬᠢᠶ᠎ᠡ ᠶᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠬᠤᠷᠢᠨᠭᠡᠷ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠲᠥᠪ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠥᠪᠥᠷ ᠮᠣᠩᠭᠤᠯ ᠤᠨ ᠡᠭᠦᠯᠡᠨ ᠬᠥᠨᠳᠡᠢ ᠶᠢᠨ ᠲᠣᠭᠠᠴᠢᠯᠠᠭᠰᠠᠨ ᠬᠥᠮᠥᠨ ᠤ ᠬᠦᠴᠦᠨ ᠤ ᠡᠬᠢ | ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢᠶᠠᠷ ᠭᠠᠷᠳᠠᠴᠠ ᠪᠣᠯᠭᠠᠵᠤ᠂ ᠲᠣᠭᠠᠴᠢᠯᠠᠭᠰᠠᠨ ᠠᠵᠤ ᠦᠢᠯᠡᠰ ᠪᠠ ᠰᠤᠷᠭᠠᠨ ᠬᠥᠮᠦᠵᠢᠯ ᠢ | ᠠᠭᠤᠰᠤᠯᠴᠠᠭᠤᠯᠬᠤ ᠬᠡᠯᠪᠡᠷᠢ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠥᠪᠡᠷᠲᠡᠭᠡᠨ ᠵᠠᠰᠠᠬᠤ | ᠣᠷᠣᠨ ᠪᠠ ᠣᠷᠣᠨ ᠤ ᠲᠥᠪ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠵᠤ᠂ ᠣᠷᠣᠨ ᠤ | ᠲᠥᠪ ᠤᠨ ︽ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠳᠤ ᠬᠦᠴᠦᠨ ᠨᠡᠮᠡᠷᠢᠯᠡᠨ᠎ᠡ᠃ ᠠᠭᠠᠷ ᠤᠨ ᠠᠵᠤ ᠠᠬᠤᠢ ᠶᠢᠨ ᠠᠵᠤ | ᠦᠢᠯᠡᠰ ᠤᠨ ᠬᠡᠯᠬᠢᠶ᠎ᠡ ᠶᠢ ᠪᠥᠬᠦ ᠬᠦᠴᠦᠨ ᠢᠶᠠᠷ ᠪᠠᠶᠢᠭᠤᠯᠤᠨ᠎ᠠ᠃ ᠠᠭᠠᠷ ᠤᠨ ᠠᠵᠤ ᠠᠬᠤᠢ ᠶᠢᠨ ᠣᠷᠣᠨ ᠢ ᠲᠦᠷᠭᠡᠳᠬᠡᠨ ᠪᠠᠶᠢᠭᠤᠯᠵᠤ᠂ ᠤᠯᠤᠰ ᠤᠨ ᠠᠭᠠᠷ ᠤᠨ | ᠠᠶᠠᠯᠠᠯ ᠤᠨ ᠺᠣᠮᠫᠠᠨᠢ ᠶᠢᠨ ᠥᠪᠥᠷ ᠮᠣᠩᠭᠤᠯ ᠤᠨ ᠺᠣᠮᠫᠠᠨᠢ ᠶᠢᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠪᠠ ᠮᠠᠰᠢᠨ ᠰᠡᠯᠪᠢᠨ ᠵᠠᠰᠠᠬᠤ ᠰᠠᠭᠤᠷᠢᠨ ᠭᠠᠵᠠᠷ ᠵᠡᠷᠭᠡ | ᠪᠣᠯᠪᠠᠰᠤᠷᠠᠭᠤᠯᠬᠤ ᠪᠠ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠵᠤ᠂ ᠶᠡᠷᠦᠩᠬᠡᠶᠢᠯᠡᠭᠰᠡᠨ ᠭᠠᠶᠢᠯᠢ | ᠪᠠᠲᠤᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠠᠷ ᠰᠦᠪᠡᠭᠴᠢᠯᠡᠨ ᠠᠬᠢᠭᠤᠯᠵᠤ᠂ ᠠᠭᠠᠷ ᠤᠨ ᠠᠵᠤ ᠦᠢᠯᠡᠰ ᠤᠨ ᠬᠥᠭᠵᠢᠯᠲᠡ ᠶᠢᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ | ᠡᠭᠦᠨ ᠠᠴᠠ ᠭᠠᠳᠠᠨ᠎ᠠ᠂ ᠬᠤᠷᠢᠨᠭᠡᠷ ᠰᠢᠨ᠎ᠡ ᠲᠣᠭᠤᠷᠢᠭ ᠨᠢ ᠠᠵᠤ ᠦᠢᠯᠡᠰ ᠤᠨ ᠲᠣᠭᠠᠴᠢᠯᠠᠭᠰᠠᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ ᠪᠠᠶᠢᠨ᠎ᠠ᠃ ᠳᠡᠭᠡᠳᠦ ᠲᠡᠰ ᠤᠨ ᠠᠮᠢᠳᠤ ᠪᠣᠳᠠᠰ ᠤᠨ ᠮᠡᠷᠭᠡᠵᠢᠯ ᠤᠨ ᠠᠵᠤ ᠦᠢᠯᠡᠰ ᠤᠨ ᠲᠥᠷᠥᠯ ᠵᠦᠢᠯ ᠤᠨ ᠪᠠᠶᠢᠷᠢᠰᠢᠭᠤᠯᠤᠯᠲᠠ ᠶᠢ ᠠᠬᠢᠭᠤᠯᠵᠤ᠂ | ᠪᠥᠸᠧ ᠤᠣ ᠠᠨᠠᠭᠠᠬᠤ ᠤᠬᠠᠭᠠᠨ ᠤ ᠰᠢᠯᠭᠠᠨ ᠪᠠᠶᠢᠴᠠᠭᠠᠯᠲᠠ᠂ ᠲᠧᠷᠦ᠋ᠢᠯ ᠠᠮᠢᠳᠤ ᠪᠣᠳᠠᠰ᠂ ᠬᠤᠸᠠ ᠢᠦᠢ ᠠᠮᠢᠳᠤ ᠪᠣᠳᠠᠰ ᠵᠡᠷᠭᠡ ᠨᠢᠭᠡᠨᠲᠡ ᠠᠰᠢᠭᠯᠠᠯᠲᠠ ᠳᠤ | ᠣᠷᠣᠭᠰᠠᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠦ᠂ ᠪᠥᠸᠧ ᠬᠤᠶ ᠠᠮᠢᠳᠤ ᠪᠣᠳᠠᠰ᠂ ᠺᠧ ᠲᠦᠸᠧ ᠠᠮᠢᠳᠤ ᠪᠣᠳᠠᠰ᠂ ᠥᠪᠥᠷ ᠮᠣᠩᠭᠤᠯ ᠤᠨ ᠶᠡᠭᠡ | ᠰᠤᠷᠭᠠᠭᠤᠯᠢ ᠶᠢᠨ ᠭᠡᠷ ᠤᠨ ᠲᠡᠵᠢᠭᠡᠪᠦᠷᠢ ᠶᠢᠨ ᠡᠭᠦᠯᠳᠡᠷ ᠤᠨ ᠰᠢᠨ᠎ᠡ ᠶᠢ ᠡᠭᠦᠳᠬᠦ ᠪᠠ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ᠂ ᠣᠯᠠᠨ ᠤᠯᠤᠰ ᠤᠨ | ᠮᠣᠩᠭᠤᠯ ᠡᠮᠨᠡᠯᠭᠡ ᠶᠢᠨ ᠬᠤᠷᠢᠶ᠎ᠠ ᠶᠢᠨ ᠤᠯᠤᠰ ᠤᠨ ᠮᠣᠩᠭᠤᠯ ᠡᠮ ᠤᠨ ᠨᠠᠶᠢᠷᠠᠯᠠᠭ᠎ᠠ ᠶᠢᠨ ᠲᠥᠪ ᠵᠡᠷᠭᠡ ᠲᠥᠷᠥᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠨ᠎ᠡ᠃ | ᠳᠡᠭᠡᠳᠦ ᠲᠠᠰ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ | ᠥᠪᠥᠷ ᠮᠣᠩᠭᠤᠯ ᠳᠠᠬᠢ ᠬᠤᠪᠢᠶᠠᠷᠢ ᠺᠣᠮᠫᠠᠨᠢ ᠶᠢᠨ ᠣᠷᠣᠨ ᠪᠦᠰᠡ ᠶᠢᠨ ᠶᠡᠷᠦᠩᠬᠡᠢ ᠬᠡᠯᠲᠡᠰ ᠤᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠦᠲᠦᠭᠡᠨ | ᠪᠠᠶᠢᠭᠤᠯᠬᠤ ᠶᠢ ᠠᠬᠢᠭᠤᠯᠵᠤ᠂ ᠶᠦᠨ ᠵᠥᠩ ᠱᠧᠩ ᠯᠧ ᠠᠮᠠᠷᠠᠯᠲᠠ ᠶᠢᠨ ᠣᠷᠣᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠶᠦᠨ ᠳ᠋ᠡ | ᠲᠦᠷᠭᠡᠨ ᠬᠦᠷᠭᠡᠯᠲᠡ᠂ ᠰᠢ ᠪᠧᠢ ᠵᠢᠶᠠ ᠭᠦᠸᠧ ᠯᠦᠩ ᠭᠦᠩ ᠹᠦ᠋ ᠨᠣᠭᠤᠭ᠎ᠠ᠂ ᠱᠧᠨ ᠲᠦᠩ ᠲᠦᠷᠭᠡᠨ ᠬᠦᠷᠭᠡᠯᠲᠡ ᠵᠡᠷᠭᠡ ᠲᠥᠷᠥᠯ ᠵᠦᠢᠯ ᠢ ᠡᠷᠲᠡᠬᠡᠨ | ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠰᠣᠶᠣᠯ ᠪᠡᠶ᠎ᠡ ᠶᠢᠨ ᠲᠠᠮᠢᠷ ᠤᠨ ᠪᠦᠲᠦᠭᠡᠯᠴᠢ ᠲᠥᠰᠥᠪᠯᠡᠯ ᠤᠨ ᠬᠦᠷᠢᠶᠡᠯᠡᠩ ᠲᠣᠭᠤᠷᠢᠭ ᠢ ᠡᠬᠢᠯᠡᠨ ᠪᠦᠲᠦᠭᠡᠨ | ᠪᠠᠶᠢᠭᠤᠯᠤᠨ᠎ᠠ᠃ ᠳᠡᠭᠡᠳᠦ ᠲᠠᠰ ᠤᠨ ᠣᠶᠣᠨᠲᠤ ᠦᠢᠯᠡᠳᠬᠦ ᠦᠢᠯᠡᠰ ᠤᠨ ᠬᠥᠭᠵᠢᠯᠲᠡ ᠶᠢ ᠠᠬᠢᠭᠤᠯᠵᠤ᠂ ᠣᠶᠣᠨᠲᠤ ᠦᠢᠯᠡᠳᠬᠦ ᠠᠵᠤ ᠦᠢᠯᠡᠰ ᠤᠨ | ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢ ᠺᠦ᠋ ᠴᠠᠬᠢᠯᠭᠠᠨ᠂ ᠫᠠᠶᠢᠰᠧᠨ᠂ ᠠᠢ ᠰᠢᠨ ᠳ᠋ᠡ᠂ | ᠬᠤᠸᠠᠨ ᠲᠧᠦ ᠰᠠᠨ ᠾᠧ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ | ᠪᠠᠶᠢᠷᠢᠰᠢᠭᠤᠯᠵᠤ᠂ ᠬᠢᠮᠡᠯ ᠤᠶᠤᠨ᠂ ᠤᠶᠠᠨ ᠡᠯᠧᠺᠳ᠋ᠷᠣᠨ᠂ ᠭᠡᠷᠡᠯ ᠤᠨ ᠰᠠᠷᠠᠯᠵᠢ ᠶᠢᠨ ᠣᠶᠤᠨᠴᠢ ᠦᠢᠯᠡᠳᠬᠡᠯ ᠤᠨ ᠲᠣᠭᠤᠷᠢᠨ ᠳᠤ ᠲᠦᠷᠦᠯ ᠵᠦᠢᠯ ᠢ | ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠶᠢ ᠲᠦᠷᠭᠡᠳᠬᠡᠨ᠎ᠡ᠃ ᠡᠭᠦᠨ ᠤ ᠬᠠᠮᠲᠤ᠂ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ | ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠴᠠᠬᠢᠯᠭᠠᠨ ᠬᠦᠴᠦᠨ ᠤ ᠢᠨᠵᠧᠨᠧᠷᠢᠩ᠂ ᠰᠢᠭᠤᠳ ᠤᠤᠭᠤᠬᠤ | ᠤᠰᠤᠨ ᠤ ᠥᠷᠲᠡᠭᠡ᠂ ᠰᠢᠲᠠᠮᠠᠬᠠᠢ ᠬᠡᠢ ᠶᠢᠨ ᠢᠯᠴᠢ ᠬᠠᠩᠭᠠᠬᠤ ᠬᠤᠭᠤᠯᠠᠢ ᠶᠢᠨ ᠲᠣᠣᠷ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠠᠳᠠᠯ | ᠦᠢᠯᠡᠰ ᠴᠣᠭᠴᠠᠯᠠᠬᠤ ᠳᠡᠭᠡᠳᠦ ᠰᠤᠷᠭᠠᠭᠤᠯᠢ᠂ ᠬᠤᠷᠢᠨᠭᠡᠷ ᠰᠢᠨ᠎ᠡ ᠲᠣᠭᠤᠷᠢᠭ ᠤᠨ ᠲᠤᠷᠰᠢᠯᠲᠠ ᠶᠢᠨ ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠡᠷᠭᠡ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠣᠯᠠᠨ ᠨᠡᠶᠢᠲᠡ ᠶᠢᠨ ᠦᠢᠯᠡᠴᠢᠯᠡᠭᠡ ᠪᠠ ᠬᠥᠮᠥᠨ ᠠᠮᠠ ᠶᠢᠨ ᠴᠤᠭᠯᠠᠷᠠᠯ ᠤᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ | ᠵᠦ ᠵᠢᠶᠠᠨ ᠭᠦᠸᠧ᠂ ᠬᠤᠷᠢᠨᠭᠡᠷ ᠰᠢᠨ᠎ᠡ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ᠂ ᠵᠠᠩᠭᠢᠯᠠᠭ᠎ᠠ ᠨᠢ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠶᠢ ᠠᠳᠬᠤᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠷᠭ᠎ᠠ ᠬᠡᠯᠪᠡᠷᠢ ᠳᠤ ᠰᠢᠨ᠎ᠡ ᠶᠢ ᠡᠭᠦᠳᠴᠦ᠂ ᠤᠯᠠᠮᠵᠢᠯᠠᠯᠲᠤ ᠰᠡᠳᠬᠢᠬᠦᠢ ᠶᠢ | ᠡᠪᠳᠡᠨ᠂ ᠥᠭᠡᠷᠡᠴᠢᠯᠡᠯᠲᠡ ᠶᠢᠨ ᠰᠡᠳᠬᠢᠬᠦᠢ᠂ ᠨᠡᠭᠡᠭᠡᠯᠲᠡᠲᠤ ᠰᠡᠳᠬᠢᠬᠦᠢ᠂ ᠵᠠᠬ᠎ᠠ ᠳᠡᠯᠭᠡᠭᠦᠷ ᠤᠨ ᠰᠡᠳᠬᠢᠬᠦᠢ ᠪᠠᠷ ᠵᠠᠰᠠᠭ ᠠᠵᠤ ᠠᠬᠤᠶᠢᠯᠠᠯ ᠢ ᠨᠢᠭᠡ | ᠴᠣᠭᠴᠠᠵᠢᠭᠤᠯᠬᠤ᠂ ᠵᠠᠬᠢᠶᠠᠯᠠᠭ᠎ᠠ᠂ ᠬᠦᠴᠦᠨ ᠵᠦᠢᠯ ᠢᠶᠠᠷ ᠬᠥᠳᠡᠯᠭᠡᠭᠦᠷ ᠪᠣᠯᠭᠠᠬᠤ ᠬᠡᠯᠪᠡᠷᠢ᠂ ᠬᠥᠷᠥᠩᠭᠡ ᠪᠠᠷ ᠡᠨᠧᠷᠭᠢ ᠣᠯᠭᠤᠬᠤ ᠬᠡᠯᠪᠡᠷᠢ ᠶᠢᠨ ᠬᠤᠳᠠᠯᠳᠤᠭᠠᠴᠢᠨ | ᠤᠷᠢᠬᠤ ᠶᠢ ᠭᠤᠣᠯᠳᠠᠯᠭ᠎ᠠ ᠲᠠᠢ ᠠᠬᠢᠭᠤᠯᠵᠤ᠂ ᠨᠡᠩ ᠤᠯᠠᠨ ᠰᠠᠶᠢᠨ ᠲᠦᠷᠦᠯ ᠵᠦᠢᠯ ᠢ ᠨᠠᠶᠢᠳᠠᠪᠤᠷᠢᠵᠢᠭᠤᠯᠤᠨ ᠬᠥᠭᠵᠢᠭᠦᠯᠦᠨ᠎ᠡ ᠭᠡᠯᠡ᠃ |