︽ᠳᠥᠷᠪᠡ ᠶᠢ ᠦᠨᠳᠦᠰᠦᠨ ᠱᠠᠲᠤᠨ ᠳᠤ ᠭᠦᠢᠴᠡᠳᠬᠡᠬᠦ︾ ᠪᠣᠯ ᠬᠤᠶᠠᠳᠤᠭᠠᠷ ᠪᠦᠯᠦᠭ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠴᠢᠬᠤᠯᠠ | ᠭᠠᠷᠳᠠᠴᠠ ᠪᠣᠯᠣᠨ᠎ᠠ᠃ ︽ᠳᠥᠷᠪᠡ ᠶᠢ ᠦᠨᠳᠦᠰᠦᠨ ᠱᠠᠲᠤᠨ ᠳᠤ ᠭᠦᠢᠴᠡᠳᠬᠡᠬᠦ︾ ᠭᠡᠳᠡᠭ ᠨᠢ ᠦᠨᠳᠦᠰᠦᠨ ᠱᠠᠲᠤᠨ ᠳᠤ ᠬᠦᠷᠴᠦ ᠨᠠᠮ ᠤᠨ ᠱᠤᠭᠤᠮ᠂ ᠴᠢᠭᠯᠡᠯᠲᠡ | ᠂ ᠲᠦᠷᠦ ᠶᠢᠨ ᠪᠣᠳᠣᠯᠭ᠎ᠠ ᠶᠢ ᠤᠬᠠᠭᠤᠯᠬᠤ᠂ ᠦᠨᠳᠦᠰᠦᠨ ᠱᠠᠲᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠬᠦ᠂ ᠦᠨᠳᠦᠰᠦᠨ ᠱᠠᠲᠤᠨ ᠳᠤ ᠬᠦᠷᠴᠦ ᠵᠠᠬᠢᠳᠠᠯ | ᠰᠤᠷᠪᠤᠯᠵᠢᠯᠠᠯ ᠢ ᠭᠥᠯᠢᠶᠡᠨ ᠠᠪᠬᠤ᠂ ᠦᠨᠳᠦᠰᠦᠨ ᠱᠠᠲᠤᠨ ᠳᠤ ᠬᠦᠷᠴᠦ ᠲᠤᠬᠠᠢ ᠶᠢᠨ ᠲᠠᠯᠠᠪᠤᠷ ᠲᠤ ᠠᠵᠢᠯᠯᠠᠬᠤ ᠶᠢ ᠵᠢᠭᠠᠵᠤ ᠪᠠᠶᠢᠨ᠎ᠠ᠃ | ᠦᠨᠳᠦᠰᠦᠨ ᠱᠠᠲᠤ ᠪᠣᠯ ᠨᠡᠶᠢᠭᠡᠮ ᠤᠨ ᠵᠠᠰᠠᠯᠲᠠ ᠶᠢᠨ ᠭᠦᠨ ᠵᠤᠵᠠᠭᠠᠨ ᠰᠠᠭᠤᠷᠢ ᠪᠠ ᠴᠢᠬᠤᠯᠠ ᠲᠤᠯᠭᠠᠭᠤᠷᠢᠯᠠᠯ ᠮᠥᠨ᠂ ᠪᠠᠰᠠ ᠴᠤ ᠨᠠᠮ ᠪᠠ ᠵᠠᠰᠠᠭ ᠤᠨ | ᠣᠷᠳᠣᠨ ᠤ ᠠᠵᠢᠯ ᠤᠨ ᠨᠢᠭᠡᠳᠦᠭᠡᠷ ᠹᠷᠣᠨᠲ ᠪᠠ ᠬᠠᠮᠤᠭ ᠤᠨ ᠡᠮᠦᠨ᠎ᠡ ᠹᠷᠣᠨᠲ ᠮᠥᠨ᠂ ᠦᠨᠳᠦᠰᠦᠨ ᠱᠠᠲᠤᠨ ᠤ ᠠᠵᠢᠯ ᠢ ᠰᠠᠶᠢᠲᠤᠷ ᠬᠢᠭᠰᠡᠨ ᠡᠰᠡᠬᠦ ᠨᠢ ᠤᠯᠤᠰ | ᠣᠷᠣᠨ ᠤ ᠥᠨᠢ ᠤᠳᠠᠭᠠᠨ ᠠᠮᠤᠷ ᠲᠦᠪᠰᠢᠨ᠂ ᠨᠠᠮ ᠤᠨ ᠲᠦᠷᠦ ᠪᠠᠷᠢᠬᠤ ᠰᠠᠭᠤᠷᠢ ᠵᠢᠴᠢ ᠥᠷᠭᠡᠨ ᠤᠯᠠᠨ ᠠᠷᠠᠳ ᠲᠦᠮᠡᠨ ᠤ ᠠᠰᠢᠭ ᠲᠤᠰᠠ ᠲᠠᠢ ᠰᠢᠭᠤᠳ | ᠬᠤᠯᠪᠣᠭᠳᠠᠵᠤ ᠪᠠᠶᠢᠳᠠᠭ᠃ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠬᠤᠯᠪᠣᠭᠳᠠᠬᠤ ᠬᠦᠷᠢᠶ᠎ᠡ ᠬᠡᠪᠴᠢᠶ᠎ᠡ ᠨᠢ ᠨᠡᠩ ᠥᠷᠭᠡᠨ᠂ ᠭᠥᠯᠢᠶᠡᠨ | ᠠᠪᠤᠭᠴᠢᠳ ᠨᠢ ᠨᠡᠩ ᠤᠯᠠᠨ ᠪᠣᠯᠵᠤ᠂ ᠤᠯᠠᠨ ᠲᠦᠮᠡᠨ ᠳᠤ ᠰᠢᠭᠤᠳ ᠬᠠᠨᠳᠤᠵᠤ ᠪᠠᠶᠢᠳᠠᠭ᠃ | ᠨᠠᠮ ᠤᠨ ᠭᠡᠰᠢᠭᠦᠨ ᠺᠠᠳ᠋ᠷᠴᠤᠳ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠭᠦᠨᠵᠡᠭᠡᠶᠢᠷᠡᠨ᠂ ᠨᠠᠮ ᠤᠨ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠶᠢᠨ | ᠤᠬᠠᠭᠤᠯᠤᠨ ᠲᠠᠶᠢᠯᠪᠤᠷᠢᠯᠠᠯᠲᠠ ᠶᠢ ᠦᠨᠳᠦᠰᠦᠨ ᠱᠠᠲᠤᠨ ᠳᠤ ᠣᠶᠢᠷᠠᠲᠤᠭᠤᠯᠵᠤ᠂ ᠪᠣᠳᠠᠲᠤ ᠪᠠᠶᠢᠳᠠᠯ ᠳᠤ ᠣᠶᠢᠷᠠᠲᠤᠭᠤᠯᠵᠤ᠂ ᠤᠯᠠᠨ ᠲᠦᠮᠡᠨ ᠳᠤ | ᠣᠶᠢᠷᠠᠲᠤᠭᠤᠯᠵᠤ᠂ ᠤᠯᠠᠨ ᠲᠦᠮᠡᠨ ᠤ ᠣᠶᠢᠯᠠᠭᠠᠬᠤ ᠳᠤ ᠲᠦᠭᠦᠮ ᠬᠡᠯᠡᠯᠭᠡ ᠪᠠᠷ ᠤᠬᠠᠭᠤᠯᠤᠨ ᠲᠠᠶᠢᠯᠪᠤᠷᠢᠯᠠᠵᠤ᠂ ᠤᠬᠠᠭᠤᠯᠤᠨ ᠲᠠᠶᠢᠯᠪᠤᠷᠢᠯᠠᠬᠤ ᠠᠷᠭ᠎ᠠ ᠭᠡᠯᠪᠡᠷᠢ | ᠪᠠ ᠠᠭᠤᠯᠭ᠎ᠠ ᠶᠢ ᠪᠣᠳᠠᠲᠠᠶᠢᠵᠢᠭᠤᠯᠵᠤ᠂ ᠤᠯᠠᠨ ᠲᠦᠮᠡᠨ ᠤ ᠳᠡᠷᠭᠡᠳᠡ ᠬᠦᠷᠴᠦ ᠦᠨᠳᠦᠰᠦᠨ ᠱᠠᠲᠤᠨ ᠳᠤ ᠪᠠᠶᠢᠴᠠᠭᠠᠨ ᠰᠤᠳᠤᠯᠤᠯᠲᠠ ᠬᠢᠵᠦ᠂ ᠠᠷᠠᠳ ᠤᠨ | ᠪᠠᠶᠢᠳᠠᠯ ᠢ ᠦᠨᠡᠨ ᠬᠦ ᠣᠶᠢᠯᠠᠭᠠᠨ᠂ ᠠᠷᠠᠳ ᠤᠨ ᠰᠠᠨᠠᠯ ᠢ ᠦᠨᠡᠨ ᠬᠦ ᠰᠣᠨᠣᠰᠴᠤ᠂ ᠠᠷᠠᠳ ᠤᠨ ᠰᠠᠨᠠᠭ᠎ᠠ ᠶᠢ ᠦᠨᠡᠨ ᠬᠦ ᠨᠢᠭᠲᠠᠷᠠᠭᠤᠯᠵᠤ᠂ ᠠᠰᠠᠭᠤᠳᠠᠯ ᠢ ᠰᠡᠳᠬᠢᠯ | ᠲᠠᠯᠪᠢᠨ ᠢᠯᠡᠷᠡᠭᠦᠯᠵᠦ᠂ ᠦᠨᠳᠦᠰᠦᠨ ᠱᠠᠲᠤᠨ ᠤ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢᠨ ᠬᠠᠨᠳᠤᠰᠢ ᠶᠢ ᠣᠶᠢᠯᠠᠭᠠᠵᠤ᠂ ᠦᠨᠳᠦᠰᠦᠨ ᠱᠠᠲᠤᠨ ᠤ ᠦᠨᠡᠨ | ᠪᠣᠳᠠᠲᠠᠢ ᠬᠥᠭᠵᠢᠯᠲᠡ ᠶᠢᠨ ᠪᠠᠶᠢᠳᠠᠯ ᠢ ᠡᠵᠡᠮᠰᠢᠵᠦ᠂ ᠦᠨᠡᠨ ᠪᠣᠳᠠᠲᠠᠢ ᠠᠩᠬᠠᠨ ᠤ ᠮᠠᠲ᠋ᠧᠷᠢᠶᠠᠯ ᠢ ᠴᠤᠭᠯᠠᠭᠤᠯᠵᠤ᠂ ᠦᠨᠳᠦᠰᠦᠨ ᠱᠠᠲᠤᠨ ᠤ ᠡᠮᠦᠨ᠎ᠡ ᠹᠷᠣᠨᠲ ᠠᠴᠠ | ᠠᠰᠠᠭᠤᠳᠠᠯ ᠡᠷᠢᠵᠦ᠂ ᠵᠥᠷᠢᠴᠡᠯ ᠢ ᠴᠤᠬᠤᠶᠢᠯᠳᠠ ᠶᠢᠨ ᠬᠤᠭᠤᠴᠠᠭᠠᠨ ᠳᠤᠨᠢ ᠰᠢᠢᠳᠪᠦᠷᠢᠯᠡᠵᠦ᠂ ᠦᠨᠳᠦᠰᠦᠨ ᠱᠠᠲᠤᠨ ᠤ ᠡᠮᠦᠨ᠎ᠡ ᠹᠷᠣᠨᠲ ᠠᠴᠠ ᠬᠦᠴᠢᠷ | ᠠᠰᠠᠭᠤᠳᠠᠯ ᠢ ᠰᠢᠢᠳᠪᠦᠷᠢᠯᠡᠵᠦ᠂ ᠦᠨᠳᠦᠰᠦᠨ ᠱᠠᠲᠤᠨ ᠤ ᠡᠮᠦᠨ᠎ᠡ ᠹᠷᠣᠨᠲ ᠠᠴᠠ ᠨᠠᠶᠢᠳᠠᠪᠤᠷᠢᠵᠢᠭᠤᠯᠤᠯᠲᠠ ᠶᠢ ᠠᠳᠬᠤᠨ᠂ ᠦᠢᠯᠡᠳᠦᠯᠭᠡ ᠳᠤᠮᠳᠠ ᠠᠴᠠ | ᠬᠠᠮᠤᠭ ᠤᠨ ᠰᠠᠶᠢᠨ ᠠᠷᠭ᠎ᠠ ᠶᠢ ᠣᠯᠵᠤ᠂ ᠠᠮᠢᠳᠤᠯᠢᠭ ᠲᠤᠷᠰᠢᠯᠭ᠎ᠠ ᠶᠢ ᠬᠡᠷᠡᠭᠯᠡᠵᠦ᠂ ᠰᠢᠢᠳᠪᠦᠷᠢᠯᠡᠵᠦ ᠳᠡᠶᠢᠯᠭᠦ ᠠᠰᠠᠭᠤᠳᠠᠯ ᠢ ᠳᠠᠷᠤᠢ ᠳᠤᠨᠢ ᠰᠢᠢᠳᠪᠦᠷᠢᠯᠡᠵᠦ᠂ | ᠳᠠᠷᠤᠢ ᠳᠤᠨᠢ ᠰᠢᠢᠳᠪᠦᠷᠢᠯᠡᠵᠦ ᠳᠡᠶᠢᠯᠭᠦ ᠦᠭᠡᠢ ᠠᠰᠠᠭᠤᠳᠠᠯ ᠢ ᠴᠠᠭ ᠬᠢᠵᠠᠭᠠᠷᠯᠠᠨ ᠰᠢᠢᠳᠪᠦᠷᠢᠯᠡᠪᠡᠯ ᠰᠠᠶ᠋ᠢ ᠨᠠᠮ ᠤᠨ ᠦᠢᠯᠡᠰ ᠤᠨ ᠤᠷᠤᠭᠰᠢ ᠬᠥᠭᠵᠢᠬᠦ ᠶᠢ | ᠲᠠᠰᠤᠷᠠᠯᠳᠠ ᠦᠭᠡᠢ ᠠᠬᠢᠭᠤᠯᠵᠤ ᠴᠢᠳᠠᠨ᠎ᠠ᠃ | ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠠᠷᠠᠳ ᠤᠨ ᠲᠥᠯᠥᠭᠡ ᠵᠢᠳᠬᠦᠬᠦ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ | ᠡᠭᠦᠷᠭᠡᠯᠡᠨ᠂ ᠯᠠᠪᠳᠠᠭᠤᠨ ᠲᠣᠭᠲᠠᠭᠤᠨ ᠢᠶᠠᠷ ᠪᠣᠳᠠᠲᠠᠢ ᠠᠵᠢᠯᠯᠠᠵᠤ᠂ ︽ᠳᠥᠷᠪᠡ ᠶᠢ ᠦᠨᠳᠦᠰᠦᠨ ᠱᠠᠲᠤᠨ ᠳᠤ ᠭᠦᠢᠴᠡᠳᠬᠡᠬᠦ︾ ᠶᠢ ᠣᠯᠠᠨ ᠲᠦᠮᠡᠨ ᠲᠠᠢ ᠨᠢᠭᠲᠠ | ᠬᠠᠷᠢᠯᠴᠠᠬᠤ᠂ ᠰᠢᠨ᠎ᠡ ᠴᠠᠭ ᠦᠶ᠎ᠡ ᠶᠢᠨ ᠣᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠬᠤ ᠶᠢᠨ ᠴᠢᠬᠤᠯᠠ ᠡᠷᠳᠡᠨᠢ ᠪᠤᠯᠭᠠᠵᠤ᠂ ᠠᠵᠢᠯ ᠢ ᠨᠠᠶᠢᠳᠠᠪᠤᠷᠢᠵᠢᠭᠤᠯᠬᠤ᠂ | ᠠᠷᠠᠳ ᠤᠨ ᠲᠥᠯᠥᠭᠡ ᠤᠴᠢᠷ ᠶᠠᠪᠤᠳᠠᠯ ᠰᠢᠢᠳᠪᠦᠷᠢᠯᠡᠬᠦ ᠶᠢᠨ ᠬᠦᠴᠦᠲᠡᠢ ᠭᠠᠷᠳᠠᠴᠠ ᠪᠤᠯᠭᠠᠵᠦ᠂ ᠦᠨᠳᠦᠰᠦ ᠶᠢ ᠪᠠᠬᠢᠵᠢᠭᠦᠯᠦᠨ ᠰᠠᠭᠤᠷᠢ ᠶᠢ ᠪᠠᠲᠤᠳᠬᠠᠬᠤ᠂ | ᠺᠠᠳ᠋ᠷ ᠢ ᠳᠠᠪᠲᠠᠨ ᠪᠤᠯᠪᠠᠰᠤᠷᠠᠭᠤᠯᠬᠤ ᠪᠦᠲᠦᠮᠵᠢᠲᠡᠢ ᠠᠷᠭ᠎ᠠ ᠪᠠᠷᠢᠯ ᠪᠤᠯᠭᠠᠵᠦ᠂ ᠠᠰᠠᠭᠤᠳᠠᠯ ᠢ ᠦᠨᠳᠦᠰᠦᠨ ᠱᠠᠲᠤᠨ ᠳᠤ ᠢᠯᠡᠷᠡᠭᠦᠯᠬᠦ᠂ ᠵᠥᠷᠢᠴᠡᠯ ᠢ ᠦᠨᠳᠦᠰᠦᠨ | ᠱᠠᠲᠤᠨ ᠳᠤ ᠰᠢᠢᠳᠪᠦᠷᠢᠯᠡᠬᠦ᠂ ᠴᠢᠳᠠᠪᠤᠷᠢ ᠶᠢ ᠨᠢᠭᠡᠳᠦᠭᠡᠷ ᠹᠷᠣᠨᠲ ᠲᠤ ᠳᠠᠪᠲᠠᠨ ᠪᠤᠯᠪᠠᠰᠤᠷᠠᠭᠤᠯᠬᠤ ᠶᠢ ᠪᠡᠶᠡᠯᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ | ᠦᠨᠳᠦᠰᠦᠨ ᠱᠠᠲᠤᠨ ᠳᠤ ᠳᠠᠪᠲᠠᠯᠲᠠ ᠪᠠᠷ ᠲᠠᠮᠵᠢᠨ᠂ ᠤᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠦᠨ᠂ ᠰᠢᠯᠢᠳᠡᠭ ᠰᠠᠶᠢᠨ ᠰᠤᠷᠲᠠᠯ ᠢᠶᠠᠷ ᠤᠯᠠᠨ | ᠲᠦᠮᠡᠨ ᠤ ᠮᠠᠭᠲᠠᠭᠠᠯ ᠪᠠ ᠢᠲᠡᠭᠡᠯ ᠢ ᠣᠯᠬᠤ ᠪᠠᠷ ᠴᠢᠷᠮᠠᠶᠢᠶ᠎ᠠ︕ |