ᠣᠶᠢᠷ᠎ᠠ ᠶᠢᠨ ᠵᠢᠯ ᠠᠴᠠ ᠡᠸᠡᠩᠬᠢ ᠬᠤᠰᠢᠭᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠣᠯᠣᠨ ᠮᠠᠯᠵᠢᠬᠤ ᠣᠷᠣᠨ ᠤ ᠦᠨᠳᠦᠰᠦᠨ ᠱᠠᠲᠤᠨ ᠤ | ᠵᠠᠰᠠᠯᠲᠠ ᠶᠢ ᠣᠷᠭᠠᠨᠢᠭ ᠢᠶᠠᠷ ᠠᠭᠤᠰᠤᠯᠴᠠᠭᠤᠯᠬᠤ᠂ ᠬᠠᠷᠢᠯᠴᠠᠨ ᠬᠠᠮᠲᠤᠷᠠᠯᠴᠠᠬᠤ ᠶᠢ ᠪᠠᠷᠢᠮᠲᠠᠯᠠᠵᠤ᠂ ᠨᠠᠮ ᠤᠨ ᠤᠯᠤᠰ ᠲᠦᠷᠦ ᠶᠢᠨ ᠳᠠᠪᠠᠭᠤᠯᠢᠭ ᠪᠣᠯᠣᠨ ᠵᠣᠬᠢᠶᠠᠨ | ᠪᠠᠶᠢᠭᠤᠯᠤᠯᠲᠠ ᠶᠢᠨ ᠳᠠᠪᠠᠭᠤᠯᠢᠭ ᠢ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠠᠷᠠᠳ ᠲᠦᠮᠡᠨ ᠢᠶᠠᠷ | ᠭᠤᠣᠯ ᠪᠤᠯᠭᠠᠬᠰᠠᠨ ᠨᠠᠮ ᠤᠨ ᠪᠠᠶᠢᠭᠤᠯᠤᠯᠲᠠ ᠪᠠᠷ ᠮᠠᠯᠵᠢᠬᠤ ᠣᠷᠣᠨ ᠤ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠢᠳᠡᠪᠬᠢᠲᠡᠢ ᠪᠠᠶᠢᠭᠤᠯᠪᠠ᠃ | ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠳᠤ ᠠᠩᠬᠠᠷᠤᠯ ᠢᠶᠠᠨ ᠬᠠᠨᠳᠤᠭᠤᠯᠵᠤ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠪᠠ᠃ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠪᠠᠷ ᠭᠤᠣᠯ ᠰᠢᠵᠢᠮ ᠪᠤᠯᠭᠠᠵᠤ᠂ ᠠᠵᠢᠯ ᠤᠨ ᠲᠥᠰᠥᠯ ᠪᠠ ᠵᠠᠪᠠᠯ ᠰᠤᠷᠬᠤ ᠨᠠᠷᠢᠨ ᠲᠠᠩᠰᠠ ᠶᠢ | ᠲᠣᠭᠲᠠᠭᠠᠵᠤ᠂ ᠪᠦᠭᠦ ᠬᠤᠰᠢᠭᠤᠨ ᠤ 420 ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠣᠨᠣᠯ ᠤᠨ ᠭᠤᠣᠯ ᠳᠤᠭᠤᠶᠢᠯᠠᠩ᠂ ᠲᠥᠪᠯᠡᠷᠡᠭᠦᠯᠦᠨ | ᠰᠤᠷᠤᠯᠴᠠᠬᠤ ᠵᠡᠷᠭᠡ ᠭᠡᠯᠪᠡᠷᠢ ᠪᠠᠷ ᠲᠦᠮᠡ ᠭᠠᠷᠤᠢ ᠨᠠᠮ ᠤᠨ ᠭᠡᠰᠢᠭᠦᠨ ᠤ ᠰᠤᠷᠤᠯᠴᠠᠯᠭ᠎ᠠ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠪᠡ᠃ | ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠵᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠤᠨ ᠬᠦᠴᠦᠷᠬᠡᠭᠵᠢᠭᠦᠯᠪᠡ᠃ ᠲᠤᠬᠠᠢ ᠶᠢᠨ ᠭᠠᠵᠠᠷ | ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠯᠠᠨ ᠲᠦᠮᠡᠨ ᠳᠤ ᠲᠥᠭᠦᠮ ᠦᠵᠡᠭᠦᠯᠭᠦ᠂ ᠬᠠᠮᠢᠶᠠᠷᠤᠯᠲᠠ ᠳᠤ ᠲᠥᠭᠦᠮ ᠪᠠᠶᠢᠯᠭᠠᠬᠤ ᠵᠠᠷᠴᠢᠮ ᠶᠣᠰᠣᠭᠠᠷ 44 | ᠭᠠᠴᠠᠭ᠎ᠠ ᠶᠢ 187 ᠬᠤᠪᠢᠶᠠᠵᠤ᠂ 213 ᠰᠦᠯᠵᠢᠶᠡᠨ ᠤ ᠠᠵᠢᠯᠲᠠᠨ ᠲᠣᠬᠢᠷᠠᠭᠤᠯᠤᠨ᠂ ᠰᠦᠯᠵᠢᠶᠡᠨ ᠤ ᠦᠢᠯᠡᠴᠢᠯᠡᠭᠡ ᠶᠢ ᠪᠦᠭᠦᠨ ᠢ ᠬᠠᠮᠤᠷᠤᠭᠤᠯᠵᠤ᠂ | ᠬᠠᠮᠢᠶᠠᠷᠤᠯᠲᠠ ᠶᠢ ᠪᠦᠷᠢᠨ ᠪᠦᠷᠬᠦᠭᠦᠯᠪᠡ᠃ ᠲᠠᠩ ᠢᠶᠠᠷ ᠪᠠᠶᠢᠭᠤᠯᠬᠤ᠂ ᠬᠤᠯᠪᠤᠭᠠᠯᠠᠨ ᠪᠠᠶᠢᠭᠤᠯᠬᠤ ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠤᠨ 156 | ᠰᠦᠯᠵᠢᠶᠡᠨ ᠤ ᠨᠠᠮ ᠤᠨ ᠳᠤᠭᠤᠶᠢᠯᠠᠩ ᠢ ᠪᠠᠶᠢᠭᠤᠯᠵᠤ᠂ 175 ︽ᠨᠠᠮ ᠤᠨ ᠭᠡᠰᠢᠭᠦᠨ ᠤ ᠭᠤᠣᠯᠳᠠᠯᠭᠠᠲᠤ ᠡᠷᠦᠭᠡ︾ ᠶᠢ ᠪᠠᠶᠢᠭᠤᠯᠵᠤ᠂ ᠨᠠᠮ ᠤᠨ | ᠪᠠᠶᠢᠭᠤᠯᠤᠯᠲᠠ ᠶᠢ ᠮᠠᠯᠵᠢᠬᠤ ᠣᠷᠣᠨ ᠤ ᠦᠨᠳᠦᠰᠦᠨ ᠱᠠᠲᠤᠨ ᠤ ᠵᠠᠰᠠᠯᠲᠠ ᠶᠢᠨ ︽ᠡᠴᠦᠰ ᠤᠨ ᠨᠢᠭᠡ ᠺᠢᠯᠣᠮᠧᠳ᠋ᠷ︾ ᠭᠦᠷᠲᠡᠯ᠎ᠡ ᠦᠷᠭᠦᠯᠵᠢᠯᠡᠭᠦᠯᠵᠦ᠂ ᠨᠠᠮ ᠤᠨ | ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠰᠦᠯᠵᠢᠶᠡᠨ ᠤ ᠵᠠᠰᠠᠯᠲᠠ ᠶᠢᠨ ᠦᠢᠯᠡᠳᠦᠯ ᠴᠢᠳᠠᠪᠤᠷᠢ ᠪᠣᠯᠭᠠᠨ ᠬᠤᠪᠢᠷᠠᠭᠤᠯᠪᠠ᠃ | ᠰᠤᠯᠠ ᠵᠠᠳᠠᠭᠠᠢ ᠨᠠᠮ ᠤᠨ ᠵᠣᠬᠢᠶᠠᠨ ᠪᠠᠶᠢᠭᠤᠯᠤᠯᠲᠠ ᠶᠢ ᠤᠨᠢᠨ ᠳᠡᠭᠡᠷ᠎ᠡ ᠨᠢ ᠵᠠᠰᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠪᠡ᠃ ᠰᠤᠯᠠ | ᠵᠠᠳᠠᠭᠠᠢ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠴᠡᠭᠴᠡᠯᠡᠬᠦ ᠪᠠᠷ ᠦᠨᠳᠦᠰᠦᠨ ᠱᠠᠲᠤᠨ ᠤ ᠤᠯᠤᠰ ᠲᠥᠷᠥ ᠶᠢᠨ ᠴᠢᠳᠠᠮᠵᠢ ᠶᠢ ᠨᠡᠮᠡᠭᠳᠡᠭᠦᠯᠬᠦ᠂ | ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠬᠦᠴᠦᠨ ᠴᠢᠳᠠᠯ ᠢ ᠳᠡᠭᠡᠭᠰᠢᠯᠡᠭᠦᠯᠭᠦ ᠴᠢᠬᠤᠯᠠ ᠭᠠᠷᠳᠠᠴᠠ ᠪᠤᠯᠭᠠᠵᠤ᠂ 27 ᠬᠤᠰᠢᠭᠤ ᠭᠠᠵᠠᠷ ᠤᠨ | ᠲᠠᠰ ᠤᠨ ᠤᠳᠤᠷᠢᠳᠤᠯᠭ᠎ᠠ ᠲᠦᠷᠦᠭᠦᠯᠡᠨ 44 ᠵᠢᠭᠰᠠᠭᠠᠨ ᠪᠠᠶᠢᠴᠠᠭᠠᠵᠤ ᠴᠡᠭᠴᠡᠯᠡᠬᠦ ᠲᠤᠰᠬᠠᠢ ᠳᠤᠭᠤᠶᠢᠯᠠᠩ ᠢ ᠪᠠᠶᠢᠭᠤᠯᠵᠤ᠂ ᠰᠤᠯᠠ ᠵᠠᠳᠠᠭᠠᠢ ᠨᠠᠮ ᠤᠨ ᠵᠣᠬᠢᠶᠠᠨ | ᠪᠠᠶᠢᠭᠤᠯᠤᠯᠲᠠ ᠶᠢᠨ 7 ᠵᠦᠢᠯ ᠤᠨ ᠪᠠᠶᠢᠳᠠᠯ ᠢ ᠲᠣᠳᠣᠷᠬᠠᠢ ᠮᠠᠭᠠᠳᠯᠠᠨ ᠲᠣᠭᠲᠠᠭᠠᠵᠤ᠂ ᠨᠠᠷᠢᠯᠢᠭ ᠣᠨᠣᠴᠠᠲᠠᠢ ᠪᠠᠷ 2 ᠰᠤᠯᠠ ᠵᠠᠳᠠᠭᠠᠢ ᠨᠠᠮ ᠤᠨ ᠵᠣᠬᠢᠶᠠᠨ | ᠪᠠᠶᠢᠭᠤᠯᠤᠯᠲᠠ ᠶᠢᠨ ᠴᠡᠭᠴᠡᠯᠡᠬᠦ ᠡᠲᠡᠭᠡᠳ ᠢ ᠲᠣᠭᠲᠠᠭᠠᠪᠠ᠃ ᠴᠡᠭᠴᠡᠯᠡᠨ ᠰᠠᠶᠢᠵᠢᠷᠠᠭᠤᠯᠬᠤ ᠡᠲᠡᠭᠡᠳ ᠲᠤ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠯᠲᠡ | ᠬᠢᠵᠦ᠂ ᠬᠥᠳᠡᠯᠦᠩᠭᠦᠢ ᠪᠠᠷ ᠬᠠᠮᠢᠶᠠᠷᠴᠤ᠂ ᠨᠢᠭᠡ ᠨᠢᠭᠡ ᠪᠠᠷ ᠲᠠᠩᠰᠠ ᠡᠯᠭᠦᠨ ᠳ᠋ᠤᠭᠠᠷ ᠢ ᠬᠠᠰᠤᠵᠤ᠂ ᠴᠡᠭᠴᠡᠯᠡᠯᠲᠡ ᠶᠢ ᠶᠣᠰᠣᠨ ᠲᠡᠳᠦᠢ ᠥᠩᠭᠡᠷᠡᠭᠦᠯᠬᠦ ᠦᠭᠡᠢ᠂ | ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠦᠨᠡᠨ ᠬᠦ ᠪᠠᠲᠤᠯᠠᠪᠠ᠃ |