ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ‌ᠢ ᠪᠠᠶᠠᠷᠯᠠᠨ ᠤᠭᠲᠤᠵᠤ  ᠮᠥᠰᠥ ᠴᠠᠰᠤᠨ ᠤ ᠪᠣᠯᠵᠤᠭ᠎ᠠ ᠶᠢ ᠬᠠᠮᠲᠤᠪᠠᠷ ᠪᠡᠶᠡᠯᠡᠭᠦᠯᠦᠨ᠎ᠡ — ᠵᠠᠯᠠᠨ ᠠᠶᠢᠯ ᠬᠤᠳᠠ ᠶᠢᠨ ᠡᠯᠪᠡᠭ ᠪᠠᠶᠠᠯᠢᠭ ᠤᠯᠠᠨ ᠡᠰᠢᠲᠦ ᠵᠤᠭᠠᠴᠠᠯ ᠤᠨ ᠦᠢᠯᠡᠰ ᠤᠨ ᠬᠡᠯᠪᠡᠷᠢ ᠪᠠᠶᠢᠳᠠᠯ ᠡᠪᠦᠯ ᠤᠨ ᠤᠯᠠᠷᠢᠯ ᠤᠨ ᠵᠤᠭᠠᠴᠠᠯ ᠤᠨ ᠰᠢᠨ᠎ᠡ ᠬᠢᠯᠠᠰ ᠴᠡᠭ ᠢ ᠡᠭᠦᠳᠪᠡ
ᠨᠡᠶᠢᠲᠡᠯᠡᠭᠰᠡᠨ ᠴᠠᠭ᠄
2024/1/8
    ᠴᠠᠰᠤ ᠠᠭᠤᠯᠠ ᠤᠰᠤ  ᠶᠢ ᠪᠦᠷᠬᠦᠵᠦ᠂ ᠮᠥᠰᠥ ᠴᠠᠰᠤ ᠵᠢᠷᠤᠭ ᠲᠤ ᠣᠷᠣᠵᠤ ᠢᠷᠡᠪᠡ᠃ ᠬᠤᠷᠴᠠ ᠤᠯᠠᠭᠠᠨ ᠴᠡᠴᠡᠭ ᠤᠨ ᠭᠠᠯ ᠳᠦᠷᠡᠯᠵᠡᠵᠦ ᠭᠠᠷᠤᠭᠰᠠᠨ ᠠᠴᠠ ᠠᠪᠤᠭᠠᠳ ᠰᠣᠶᠣᠯ ᠤᠨ ᠦᠪᠡᠳᠡᠭᠰᠢ ᠨᠠᠶᠢᠷ ᠲᠤ ᠪᠡᠶ᠎ᠡ ᠪᠠᠨ ᠵᠠᠰᠠᠵᠤ ᠴᠢᠮᠡᠬᠦ ᠬᠦᠷᠲᠡᠯ᠎ᠡ︔ ᠣᠷᠭᠢᠯᠤᠮ᠎ᠠ ᠬᠠᠯᠠᠭᠤᠨ ᠰᠡᠳᠬᠢᠯᠭᠡ ᠶᠢᠨ ᠬᠦᠪᠦᠯᠲᠡ ᠶᠢ ᠡᠳ᠋ᠯᠡᠭᠰᠡᠨ ᠠᠴᠠ ᠠᠯᠳᠠᠨ ᠨᠠᠮᠤᠷ ᠤᠨ ᠲᠠᠩᠰᠤᠭ ᠰᠠᠶᠢᠬᠠᠨ ᠦᠷ᠎ᠡ ᠵᠢᠮᠢᠰ ᠠᠩᠬᠢᠯᠤᠮ᠎ᠠ ᠦᠨᠦᠷ ᠬᠠᠩᠬᠤᠯᠤᠭᠰᠠᠨ ᠬᠦᠷᠲᠡᠯ᠎ᠡ᠃ ᠡᠪᠦᠯ ᠤᠨ ᠤᠯᠠᠷᠢᠯ ᠳᠤ ᠵᠠᠯᠠᠨ ᠤ ᠡᠬᠡ ᠭᠠᠵᠠᠷ ᠲᠤ ᠵᠠᠯᠭᠠᠭ᠎ᠠ ᠪᠠᠷ ︽ᠮᠥᠩᠭᠦᠨ ᠬᠤᠪᠴᠠᠰᠤ︾ ᠰᠦᠯᠵᠢᠶᠡᠨ ᠳᠤ ᠣᠷᠣᠵᠤ᠂ ᠠᠭᠤᠯᠠᠨ ᠤ ᠥᠩᠭᠡ ᠨᠢ ᠬᠥᠬᠡᠮᠳᠦᠭ ᠨᠣᠭᠤᠭᠠᠨ ᠪᠠᠶᠢᠭᠰᠠᠨ ᠠᠴᠠ ᠪᠠᠨ ᠮᠥᠩᠭᠦᠨ ᠬᠤᠪᠴᠠᠰᠤ ᠪᠣᠯᠵᠣ᠂ ᠴᠡᠪᠡᠷ ᠴᠡᠮᠴᠡᠭᠡᠷ ᠪᠣᠯᠵᠣ᠂ ᠰᠦᠷ ᠳᠠᠯᠠᠶᠢᠴᠠᠲᠠᠶ ᠪᠠᠷ ᠨᠡᠮᠡᠭᠳᠡᠵᠦ᠂ ᠵᠣᠷᠴᠢᠭᠴᠢᠳ ᠲᠠᠰᠤᠷᠠᠰᠢ ᠥᠬᠡᠶ ᠣᠯᠠᠰᠢᠷᠠᠵᠤ᠂ ᠦᠵᠡᠮᠵᠢ ᠶᠢᠨ ᠣᠷᠣᠨ ᠤ ᠠᠷᠠᠳ ᠤᠨ ᠣᠷᠣᠨ ᠰᠠᠭᠤᠴᠠ ᠶᠢᠨ ᠬᠥᠮᠦᠰ ᠨᠠᠰᠢ ᠴᠠᠰᠢ ᠰᠦᠯᠵᠢᠯᠳᠦᠵᠦ ᠪᠠᠶᠢᠨ᠎ᠠ᠃ ᠳᠤᠮᠳᠠᠳᠤ ᠤᠯᠤᠰ ᠤᠨ ᠰᠢᠯᠢᠳᠡᠭ ᠵᠤᠭᠠᠴᠠᠯ ᠤᠨ ᠬᠤᠳᠠ ᠪᠣᠯᠤᠭᠰᠠᠨ ᠤ ᠬᠤᠪᠢ ᠳᠤ᠂ ᠡᠨᠡ ᠡᠪᠦᠯ᠂ ᠵᠠᠯᠠᠨ ᠠᠶᠢᠯ ᠬᠤᠳᠠ ᠶᠢᠨ ᠡᠯ᠎ᠡ ᠶᠡᠭᠡ ᠦᠵᠡᠮᠵᠢ ᠶᠢᠨ ᠣᠷᠣᠨ ᠤ ᠬᠢᠨ ᠲᠡᠷᠢᠭᠦᠨ ᠳᠤ ᠣᠷᠣᠬᠤ ᠪᠠᠷ ᠮᠡᠷᠡᠶᠢᠨ ᠴᠢᠷᠮᠠᠶᠢᠵᠤ᠂ ᠤᠯᠠᠮᠵᠢᠯᠠᠯᠲᠤ ᠵᠠᠭᠪᠤᠷ ᠠᠴᠠ ᠰᠠᠯᠵᠤ᠂ ᠦᠵᠡᠮᠵᠢ ᠶᠢᠨ ᠣᠷᠣᠨ ᠤ ᠲᠣᠭᠯᠠᠯᠲᠠ ᠶᠢᠨ ᠠᠷᠭ᠎ᠠ ᠶᠢ ᠪᠠᠶᠠᠯᠢᠭᠵᠢᠭᠤᠯᠵᠤ᠂ ᠶᠡᠷᠦᠩᠬᠡᠶᠢᠯᠡᠭᠰᠡᠨ ᠮᠠᠶ᠋ᠢᠭ ᠤᠨ ᠪᠡᠶᠡᠴᠢᠯᠡᠨ ᠣᠶᠢᠯᠠᠭᠠᠬᠤ ᠠᠷᠭ᠎ᠠ ᠶᠢ ᠡᠭᠦᠳᠴᠦ᠂ ᠰᠣᠶᠣᠯ ᠵᠤᠭᠠᠴᠠᠯ ᠤᠨ ᠵᠠᠬ᠎ᠠ ᠳᠡᠯᠭᠡᠭᠦᠷ ᠤᠨ ᠤᠯᠠᠨ ᠲᠠᠯ᠎ᠠ ᠶᠢᠨ ᠴᠡᠴᠡᠭᠯᠡᠯᠲᠡ ᠶᠢ ᠪᠡᠶᠡᠯᠡᠭᠦᠯᠵᠦ᠂ ᠡᠪᠦᠯ ᠤᠨ ᠤᠯᠠᠷᠢᠯ ᠤᠨ ᠮᠥᠰᠥ ᠴᠠᠰᠤᠨ ᠤ ᠵᠤᠭᠠᠴᠠᠯ ᠤᠨ ᠦᠵᠡᠰᠬᠦᠯᠡᠩᠲᠦ ᠰᠠᠶᠢᠬᠠᠨ ᠵᠢᠷᠤᠭ ᠢ ᠵᠠᠯᠠᠨ ᠠᠶᠢᠯ ᠬᠤᠳᠠ ᠳᠤ ᠠᠯᠭᠤᠷᠬᠠᠨ ᠢᠶᠠᠷ ᠳᠡᠯᠭᠡᠨ ᠦᠵᠡᠭᠦᠯᠵᠦ ᠪᠠᠶᠢᠨ᠎ᠠ ᠁        ᠨᠠᠢᠮᠠᠨ ᠵᠣᠪᠬᠢᠰ ᠠᠴᠠ ᠢᠷᠡᠭᠰᠡᠨ ᠵᠣᠴᠢᠳ ᠢ ᠦᠨᠡᠨ ᠰᠡᠳᠬᠢᠯ ᠠᠴᠠ ᠪᠠᠨ ᠤᠷᠢᠵᠤ᠂ ᠦᠪᠡᠳᠡᠭᠰᠢ ᠨᠠᠶᠢᠷ ᠢ ᠬᠠᠮᠲᠤ ᠪᠠᠷ ᠡᠳ᠋ᠯᠡᠶ᠎ᠡ     ︽ᠠᠷᠪᠠᠨ  ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠢ ᠪᠠᠶᠠᠷᠯᠠᠨ ᠤᠭᠲᠤᠬᠤ ᠶᠢᠨ ᠲᠥᠯᠥᠭᠡ᠂ ᠡᠷᠡᠭᠦᠯ ᠥᠭᠡᠳᠡᠷᠬᠡᠭ᠂ ᠴᠠᠭ ᠦᠶ᠎ᠡ ᠶᠢᠨ  ᠠᠶᠢᠵᠢᠮ ᠢᠶᠠᠷ ᠪᠢᠯᠬᠠᠮ᠎ᠠ᠂ ᠥᠯᠵᠡᠢ ᠪᠡᠯᠭᠡ ᠲᠠᠢ ᠪᠠᠶᠠᠷ ᠪᠠᠶᠠᠰᠤᠯ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠪᠣᠳᠠᠲᠠᠶᠢᠵᠢᠭᠤᠯᠵᠤ᠂ ᠵᠤᠭᠠᠴᠠᠯ ᠤᠨ ᠰᠢᠨ᠎ᠡ ᠪᠠᠶᠢᠳᠠᠯ ᠢ ᠪᠤᠢ ᠪᠣᠯᠭᠠᠨ᠎ᠠ᠃ ᠡᠨᠡ ᠡᠪᠦᠯ᠂ ᠵᠠᠯᠠᠨ ᠠᠶᠢᠯ ︽ᠡᠪᠦᠯ ᠤᠨ ᠠᠶᠠᠯᠭᠤᠲᠤ ᠵᠠᠯᠠᠨ · ᠰᠢᠨ᠎ᠡ ᠵᠢᠯ ᠤᠨ ᠳ᠋ᠧᠩᠯᠦ ᠶᠢᠨ ᠴᠤᠭᠯᠠᠭᠠᠨ︾ ᠤ ︽ᠰᠢᠨ᠎ᠡ ᠪᠡᠶ᠎ᠡ ᠭᠠᠷᠤᠯ︾ ᠢᠶᠠᠷ ᠢᠶᠠᠨ ᠵᠠᠯᠠᠨ ᠤ ᠵᠢᠵᠢᠭ ᠬᠤᠲᠠ ᠶᠢᠨ ᠳᠡᠭᠦᠵᠢᠩ ᠬᠥᠭᠦᠷᠭᠡ ᠶᠢᠨ ᠴᠡᠴᠡᠷᠯᠢᠭ ᠲᠤ ᠢᠯᠡᠷᠡᠪᠡ᠃      ᠳᠡᠭᠦᠵᠢᠩ ᠬᠥᠭᠦᠷᠭᠡ ᠶᠢᠨ ᠴᠡᠴᠡᠷᠯᠢᠭ ᠲᠤ ᠣᠷᠣᠭᠠᠳ ᠴᠡᠴᠡᠭᠲᠦ ᠳ᠋ᠧᠩ ᠤᠨ ︽ᠦᠪᠡᠳᠡᠭᠰᠢ ᠨᠠᠶᠢᠷ︾ ᠳᠣᠣᠷ᠎ᠠ ᠪᠠᠨ ᠬᠥᠮᠦᠰ ᠤᠨ ᠨᠢᠳᠦᠨ ᠳᠤ ᠲᠣᠳᠣᠷᠠᠵᠤ᠂ ᠭᠡᠷᠡᠯ ᠰᠡᠭᠦᠳᠡᠷ ᠤᠨ ᠡᠷᠭᠢᠯᠲᠡ ᠲᠦᠮᠡᠨ ᠤᠯᠠᠨ ᠤ ᠠᠩᠬᠠᠷᠤᠯ ᠢ ᠲᠠᠲᠠᠵᠤ᠂ 2023 ᠣᠨ ᠤ 12 ᠰᠠᠷ᠎ᠠ ᠶᠢᠨ 30 ᠤ ᠡᠳᠦᠷ᠂ ︽ᠡᠪᠦᠯ ᠤᠨ ᠤᠯᠠᠷᠢᠯ ᠤᠨ ᠠᠶᠠᠯᠭᠤᠲᠤ ᠵᠠᠯᠠᠨ · ᠰᠢᠨ᠎ᠡ ᠵᠢᠯ ᠤᠨ ᠳ᠋ᠧᠩᠯᠦ ᠶᠢᠨ ᠴᠤᠭᠯᠠᠭᠠᠨ︾ ᠵᠠᠯᠠᠨ ᠤ ᠵᠢᠵᠢᠭ ᠬᠤᠳᠠ ᠳᠤ ᠬᠥᠰᠢᠭᠡ ᠪᠠᠨ ᠰᠡᠬᠦᠵᠦ᠂ ︽ᠬᠠᠪᠤᠷ ᠤᠨ ᠪᠣᠯᠵᠤᠭ᠎ᠠ᠂ ᠴᠠᠰᠤᠨ ᠤ ᠵᠡᠭᠦᠳᠦ᠂ ᠬᠡᠦᠬᠡᠳ ᠤᠨ ᠰᠣᠨᠢᠷᠬᠠᠯ᠂ ᠬᠠᠶᠢᠷ᠎ᠠ  ᠳᠤᠷᠠᠯᠠᠯ᠂ ᠮᠥᠰᠥᠨ ᠤ ᠬᠡᠯᠡᠯᠭᠡ᠂ ᠠᠷᠠᠳ ᠤᠨ ᠴᠡᠩᠭᠡᠯ︾ ᠭᠡᠬᠦ ᠵᠢᠷᠭᠤᠭᠠᠨ ᠲᠤᠮᠤ ᠭᠤᠣᠯ ᠰᠡᠳᠦᠪᠲᠦ ᠴᠡᠴᠡᠭᠲᠦ ᠳ᠋ᠧᠩ ᠵᠡᠷᠭᠡᠪᠡᠷ ᠳᠡᠯᠭᠡᠷᠡᠵᠦ᠂ ᠡᠷᠲᠡᠨ ᠤ ᠬᠡᠪ ᠨᠠᠮᠪᠠ ᠶᠢᠨ ᠳ᠋ᠧᠩᠯᠦ ᠶᠢᠨ ᠴᠢᠮᠡᠭᠯᠡᠯ ᠤᠨ ᠳᠣᠣᠷ᠎ᠠ᠂ ᠬᠦᠷ ᠬᠥᠭᠵᠢᠶᠡᠨ ᠲᠠᠢ ᠪᠠᠶᠠᠷ ᠤᠨ ᠡᠳᠦᠷ ᠤᠨ ᠦᠵᠡᠮᠵᠢ ᠶᠢ ᠡᠭᠦᠳᠴᠦ᠂ ︽ᠪᠣᠭᠤᠮᠲᠠ ᠶᠢᠨ ᠭᠠᠳᠠᠨᠠᠬᠢ ᠰᠦᠵᠧᠦ ᠬᠠᠩᠵᠧᠦ ᠶᠢᠨ ᠤᠮᠠᠷᠠᠲᠤ ᠣᠷᠣᠨ ᠤ ᠵᠢᠶᠠᠩᠨᠠᠨ ᠣᠷᠣᠨ︾ ᠭᠡᠬᠦ ᠢᠷᠠᠭᠤ ᠠᠯᠳᠠᠷ ᠢ ᠳᠠᠬᠢᠨᠲᠠ ᠭᠠᠶᠢᠬᠠᠭᠤᠯᠪᠠ᠃      ᠲᠣᠰ ᠤᠳᠠᠭᠠᠨ ᠤ ᠳ᠋ᠧᠩ ᠤᠨ ᠴᠤᠭᠯᠠᠭᠠᠨ ᠨᠢ ᠴᠡᠴᠡᠷᠯᠢᠭ ᠲᠤ ᠭᠡᠷᠡᠯᠲᠦᠭᠦᠯᠦᠨ ᠴᠣᠭᠴᠠᠯᠠᠬᠤ᠂ ᠴᠡᠴᠡᠭᠲᠦ ᠳ᠋ᠧᠩ ᠤᠨ ᠮᠥᠰᠥᠨ ᠰᠡᠶᠢᠯᠦᠮᠡᠯ ᠤᠨ ᠦᠵᠡᠭᠦᠯᠦᠯᠭᠡ ᠶᠢᠨ ᠳ᠋ᠧᠩ᠂ ᠬᠡᠷ ᠤᠨ ᠭᠠᠳᠠᠨᠠᠬᠢ ᠳ᠋ᠧᠩ ᠤᠨ ᠬᠡᠷᠡᠯ ᠤᠨ ᠦᠵᠡᠭᠦᠯᠦᠯᠭᠡ᠂ ᠤᠯᠠᠮᠵᠢᠯᠠᠯᠲᠤ ᠠᠷᠠᠳ ᠤᠨ ᠵᠠᠩ  ᠦᠢᠯᠡ ᠶᠢᠨ ᠦᠵᠡᠭᠦᠯᠦᠯᠭᠡ᠂ ᠮᠥᠰᠥᠨ ᠳᠡᠭᠡᠷ᠎ᠡ ᠳᠠᠭᠤᠯᠠᠨ ᠳᠡᠪᠬᠡᠷᠬᠦ ᠵᠡᠷᠭᠡ ᠣᠯᠠᠨ‌ᠵᠦ᠋ᠢᠯ ᠤᠨ ᠬᠡᠯᠪᠡᠷᠢ ᠪᠠᠷ ᠵᠠᠯᠠᠨ ᠠᠶᠢᠯ ᠬᠤᠲᠠ ᠶᠢᠨ ᠥᠪᠡᠷᠮᠢᠴᠡ ᠰᠣᠶᠣᠯ ᠤᠨ ᠷᠢᠳᠢ ᠰᠢᠳᠢ ᠵᠢᠴᠢ ᠡᠪᠦᠯ ᠤᠨ ᠤᠯᠠᠷᠢᠯ ᠤᠨ ᠵᠢᠭᠤᠯᠴᠢᠯᠠᠯ ᠤᠨ ᠡᠬᠢ ᠪᠠᠶᠠᠯᠢᠭ ᠢ ᠪᠥᠬᠦ ᠲᠠᠯ᠎ᠠ ᠪᠠᠷ᠂ ᠪᠣᠰᠤᠭ᠎ᠠ ᠴᠣᠭᠴᠠᠲᠤ ᠳᠡᠯᠭᠡᠨ ᠦᠵᠡᠭᠦᠯᠦᠨ᠎ᠡ︔ ᠬᠦᠷᠢᠶᠡᠯᠡᠩ ᠤᠨ ᠺᠤᠹᠤ ᠶᠢᠨ ᠮᠤᠬᠤᠯᠠᠭ᠂ ᠰᠣᠶᠣᠯ ᠤᠨ ᠡᠭᠦᠳᠦᠯᠲᠡ ᠶᠢᠨ ᠦᠵᠡᠭᠦᠯᠦᠯᠭᠡ ᠶᠢᠨ ᠲᠢᠩᠬᠢᠮ᠂ ᠬᠦᠷᠢᠶᠡᠲᠦ ᠵᠤᠤᠬ᠎ᠠ ᠪᠠᠷ ᠴᠠᠢ ᠴᠢᠨᠠᠬᠤ ᠳᠤ ᠥᠪᠡᠷᠮᠢᠴᠡ ᠦᠨᠦᠷ ᠠᠮᠲᠠ ᠶᠢ ᠢᠯᠡᠷᠡᠭᠦᠯᠵᠦ᠂ ᠬᠦᠷᠢᠶᠡᠯᠡᠩ ᠤᠨ ᠭᠠᠳᠠᠨᠠᠬᠢ ᠴᠤᠤᠲᠠᠢ ᠵᠢᠵᠢᠭ ᠢᠳᠡᠭᠡᠨ ᠤ ᠵᠡᠭᠡᠯᠢ ᠳᠤ ᠬᠤᠸᠠᠷ ᠫᠤᠤᠵᠢᠩ ᠤᠨ ᠦᠨᠦᠷ ᠬᠠᠩᠬᠤᠯᠵᠤ᠂ ᠵᠠᠯᠠᠨ ᠠᠶᠢᠯ ᠬᠤᠳᠠ ᠶᠢᠨ ᠬᠢᠨ ᠳ᠋ᠧᠩ ᠤᠨ ᠭᠡᠷᠡᠯ ᠢᠶᠠᠷ ᠨᠠᠶᠢᠵᠠ ᠨᠠᠷ ᠲᠠᠢ ᠪᠠᠨ ᠠᠭᠤᠯᠵᠠᠵᠤ᠂ ᠬᠤᠷᠠᠯ ᠢᠶᠠᠷ ᠬᠤᠳᠠ ᠶᠢ ᠮᠠᠨᠳᠤᠭᠤᠯᠵᠤ᠂ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠵᠤᠭᠠᠴᠠᠭᠰᠠᠳ ᠲᠤ ᠣᠷᠣᠨ ᠪᠦᠰᠡ ᠠᠯᠤᠰᠯᠠᠭᠰᠠᠨ ᠬᠠᠷᠠᠭᠠᠨ ᠤ ᠰᠡᠷᠡᠯ ᠤᠨ ᠦᠪᠡᠳᠡᠭᠰᠢ ᠳᠠᠶᠢᠯᠠᠯᠭ᠎ᠠ ᠶᠢ ᠰᠣᠨᠢᠷᠬᠠᠭᠤᠯᠪᠠ᠃      ᠪᠦᠷᠢᠳᠬᠡᠯ ᠢ ᠦᠨᠳᠦᠰᠦᠯᠡᠪᠡᠯ᠂ 2023 ᠣᠨ ᠤ 12 ᠰᠠᠷ᠎ᠠ ᠶᠢᠨ 30 ᠤ ᠡᠳᠦᠷ ᠠᠴᠠ 2024 ᠣᠨ ᠤ 1 ᠰᠠᠷ᠎ᠠ ᠶᠢᠨ 5 ᠤ ᠡᠳᠦᠷ ᠪᠣᠯᠲᠠᠯ᠎ᠠ᠂ ᠵᠠᠯᠠᠨ ᠠᠶᠢᠯ ᠬᠤᠳᠠ ᠶᠢᠨ ᠳᠡᠭᠦᠵᠢᠩ ᠬᠥᠭᠦᠷᠭᠡ ᠶᠢᠨ ᠴᠡᠴᠡᠷᠯᠢᠭ ᠤᠨ ᠬᠦᠯᠢᠶᠡᠨ ᠠᠪᠤᠭᠰᠠᠨ ᠵᠤᠭᠠᠴᠠᠯ ᠤᠨ ᠪᠦᠬᠦ ᠬᠥᠮᠦᠨ ᠤ ᠲᠤᠭ᠎ᠠ 23.6 ᠲᠦᠮᠡᠨ ᠬᠥᠮᠦᠨ ᠤᠳᠠᠭ᠎ᠠ ᠳᠤ ᠬᠦᠷᠴᠦ᠂ ᠪᠦᠬᠦ ᠬᠤᠳᠠ ᠶᠢᠨ ᠵᠤᠭᠠᠴᠠᠯ ᠤᠨ ᠶᠡᠷᠦᠩᠬᠡᠢ ᠣᠷᠣᠯᠭ᠎ᠠ 1.66 ᠳ᠋ᠦᠩᠰᠢᠭᠤᠷ ᠲᠥᠭᠦᠷᠢᠭ ᠲᠤ ᠬᠦᠷᠴᠦ᠂ ᠪᠣᠳᠠᠲᠤ ᠦᠷ᠎ᠡ ᠪᠦᠲᠦᠮᠵᠢ ᠪᠠᠷ ᠢᠶᠠᠨ ᠰᠣᠶᠣᠯ ᠵᠤᠭᠠᠴᠠᠯ ᠤᠨ ᠬᠥᠭᠵᠢᠯᠲᠡ ᠶᠢᠨ ᠴᠣ᠋ ᠰᠢᠨ᠎ᠡ ᠬᠠᠭᠤᠳᠠᠰᠤ ᠶᠢ ᠪᠢᠴᠢᠭᠯᠡᠵᠡᠢ᠃     ᠳᠡᠯᠡᠬᠡᠶ ᠳ᠋ᠠᠬᠢᠨ ᠤ ᠵᠣᠴᠢᠳ ᠢ ᠥᠷᠭᠡᠨ ᠢᠶᠠᠷ ᠴᠤᠭᠯᠠᠭᠤᠯᠵᠤ᠂ ᠮᠥᠰᠥ ᠴᠠᠰᠤᠨ ᠤ ᠭᠡᠷ᠎ᠡ ᠳᠤ ᠬᠠᠮᠲᠤ ᠪᠠᠷ ᠣᠴᠢᠬᠤ     ᠶᠢᠨ ᠯᠦᠩ ᠱᠠᠨ ᠤ ᠰᠡᠯᠡᠭᠦᠴᠡᠯ ᠵᠤᠭᠠᠴᠠᠯ ᠤᠨ ᠣᠷᠣᠨ ᠨᠢ ᠤᠯᠤᠰ ᠤᠨ 4A ᠳᠡᠰ ᠤᠨ ᠵᠤᠭᠠᠴᠠᠯ ᠤᠨ ᠦᠵᠡᠮᠵᠢ ᠶᠢᠨ ᠣᠷᠣᠨ ᠪᠣᠯᠤᠭᠰᠠᠨ ᠤ ᠬᠤᠪᠢ ᠳᠤ᠂ ᠭᠤᠣᠯ ᠲᠣᠭᠤᠷᠢᠭ ᠤᠨ ᠶᠢᠨ ᠯᠦᠩ ᠱᠠᠨ ᠤ ᠴᠠᠰᠤᠨ ᠳᠤ ᠭᠤᠯᠭᠤᠬᠤ ᠲᠠᠯᠠᠪᠠᠢ ᠶᠢᠨ ᠲᠠᠯᠠᠪᠠᠢ ᠨᠢ ᠪᠠᠷᠤᠭ 25 ᠲᠡᠭᠰᠢ ᠳᠥᠷᠪᠡᠯᠵᠢᠨ ᠺᠢᠯᠤᠮᠧᠳ᠋ᠷ ᠪᠠᠶᠢᠵᠤ᠂ ᠨᠡᠶᠢᠲᠡ 18 ᠴᠠᠰᠤᠨ ᠵᠠᠮ᠂ 6 ᠤᠷᠤᠯᠳᠤᠭᠠᠨ ᠤ ᠲᠠᠯᠠᠪᠠᠢ ᠲᠠᠢ᠂ ᠶᠡᠷᠦᠩᠬᠡᠢ ᠲᠠᠯᠠᠪᠠᠢ ᠨᠢ 100 ᠾᠧᠺᠲ᠋ᠠᠷ ᠲᠤ ᠬᠦᠷᠴᠦ᠂ ᠲᠠᠲᠠᠭᠤᠷ ᠲᠡᠷᠭᠡᠨ ᠤ ᠳᠡᠭᠦᠵᠢᠩ ᠵᠠᠮ᠂ ᠰᠢᠳᠢᠲᠦ ᠲᠠᠩᠰᠠ᠂ ᠬᠠᠯᠠᠭᠤᠨ ᠷᠠᠰᠢᠶᠠᠨ ᠤ ᠪᠠᠭᠤᠳᠠᠯ᠂ ᠲᠠᠮᠢᠷᠴᠢᠨ ᠤ ᠨᠡᠶᠢᠲᠡ ᠶᠢᠨ ᠪᠠᠶᠢᠷᠢ᠂ ᠰᠤᠷᠭᠠᠨ ᠬᠥᠮᠦᠵᠢᠯ ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ᠂ ᠮᠠᠰᠢᠨ ᠲᠡᠷᠭᠡᠨ ᠤ ᠪᠠᠭᠤᠴᠠ ᠵᠡᠷᠭᠡ ᠶᠢ ᠲᠤᠬᠢᠷᠠᠭᠤᠯᠵᠤ᠂ ᠡᠳᠦᠷ ᠤᠨ ᠬᠦᠯᠢᠶᠡᠨ ᠠᠪᠬᠤ ᠵᠤᠭᠠᠴᠠᠭᠰᠠᠳ ᠤᠨ ᠣᠷᠴᠢᠨ ᠲᠣᠭᠤᠷᠢᠨ ᠤ ᠪᠠᠭᠲᠠᠭᠠᠮᠵᠢ ᠨᠢ ᠪᠠᠷᠤᠭ 5000 ᠬᠥᠮᠦᠨ ᠳᠤ ᠬᠦᠷᠴᠡᠢ᠃    ᠶᠢᠨ ᠯᠦᠩ ᠱᠠᠨ ᠠᠭᠤᠯᠠᠨ ᠤ ᠴᠠᠨ᠎ᠠ ᠶᠢᠨ ᠲᠠᠯᠠᠪᠠᠶ ᠳᠤ ᠣᠷᠣᠭᠠᠳ᠂ ᠮᠥᠰᠥ ᠴᠠᠰᠤᠨ ᠤ ︽ᠬᠦᠴᠦᠲᠦ ᠳᠠᠪᠠᠯᠭᠠᠨ︾ ᠳᠣᠣᠷ᠎ᠠ ᠪᠠᠨ ᠬᠥᠮᠦᠰ ᠤᠨ ᠨᠢᠳᠦᠨ ᠳᠤ ᠲᠣᠳᠣᠬᠠᠨ ᠬᠠᠷᠠᠭᠳᠠᠨ᠎ᠠ᠃ ᠮᠥᠩᠭᠦ ᠣᠪᠣᠭᠠᠯᠠᠨ ᠬᠠᠰ ᠢ ᠭᠡᠶᠢᠭᠦᠯᠵᠦ ︽ᠪᠠᠶ ᠱᠤᠸᠠᠩ ᠭᠠᠵᠠᠷ ᠳᠡᠪᠢᠰᠦᠭᠰᠡᠨ︾ ᠭᠡᠵᠦ 2023 ᠣᠨ ᠤ 12 ᠰᠠᠷ᠎ᠠ ᠶᠢᠨ 22 ᠤᠨ ᠵᠠᠯᠠᠨ ᠠᠶᠢᠯ ᠬᠤᠲᠠ ᠶᠢᠨ ᠬᠢᠨ ︽ᠠᠷᠪᠠᠨ‌‍ᠲ᠋ᠦ᠋ᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾   ᠤ ᠮᠥᠰᠥ ᠴᠠᠰᠤᠨ ᠤ ᠪᠠᠶᠠᠷ ᠳᠤᠷᠠᠰᠬᠠᠯ ᠢ ᠤᠭᠲᠤᠬᠤ ᠰᠢᠷᠢᠰ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠦᠪᠡᠳᠡᠭᠰᠢ ᠶᠡᠭᠡ ᠪᠠᠷ ᠶᠠᠪᠤᠭᠳᠠᠭᠤᠯᠵᠤ᠂ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠥᠩᠭᠡᠲᠦ ᠲᠤᠭ ᠥᠩᠭᠡᠲᠦ ᠪᠥᠮᠪᠦᠭᠡ ᠰᠠᠯᠬᠢᠨ ᠤ ᠠᠶ᠎ᠠ ᠪᠠᠷ ᠨᠠᠮᠢᠷᠠᠵᠤ᠂ ᠰᠦᠷ ᠵᠢᠪᠬᠤᠯᠠᠩᠲᠤ ᠬᠠᠷᠠᠩᠭ᠎ᠠ ᠬᠡᠩᠭᠡᠷᠭᠡ ᠶᠢᠨ ᠪᠠᠭ ᠲᠡᠷᠢ ᠲᠡᠭᠰᠢ ᠵᠢᠭᠰᠠᠵᠤ᠂ ᠲᠤᠬᠠᠢ ᠶᠢᠨ ᠲᠠᠯᠠᠪᠠᠢ ᠶᠢᠨ ᠬᠥᠮᠦᠰ ᠤᠯᠠᠨ ᠲᠦᠮᠡᠨ ᠤ ᠥᠨᠳᠥᠷ ᠠᠭᠤᠯᠠ ᠶᠢᠨ ᠴᠠᠰᠤᠨ ᠳᠤ ᠭᠤᠯᠭᠤᠬᠤ ᠲᠣᠭᠯᠠᠯᠲᠠ ᠶᠢ ᠰᠣᠨᠢᠷᠬᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠮᠠᠰᠢ ᠬᠥᠭᠵᠢᠶᠡᠨᠲᠡᠢ ᠭᠠᠶᠢᠬᠠᠭᠤᠯᠵᠤ᠂ ᠬᠤᠲᠠ ᠶᠢᠨ ᠠᠷᠠᠳ ᠲᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠥᠪᠡᠷᠮᠢᠴᠡ ᠷᠢᠳᠢ ᠰᠢᠳᠢ ᠶᠢ ᠭᠦᠢᠴᠡᠳ ᠮᠡᠳᠡᠷᠡᠭᠦᠯᠵᠦ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠠᠪᠴᠢᠷᠠᠭᠰᠠᠨ ᠪᠠᠶᠠᠷ ᠪᠠᠶᠠᠰᠤᠯ ᠢ ᠡᠳ᠋ᠯᠡᠭᠦᠯᠵᠡᠢ᠃     ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠤᠪᠢᠶᠠᠷᠢ ᠤᠷᠤᠯᠳᠤᠭᠠᠨ ᠤ ᠣᠷᠣᠨ ᠪᠣᠯᠤᠭᠰᠠᠨ ᠤ ᠬᠤᠪᠢ ᠳᠤ᠂ ᠣᠶᠢᠷ᠎ᠠ ᠳᠤ᠂ 2023 — 2024 ᠤᠷᠤᠯᠳᠤᠭᠠᠨ ᠤ ᠤᠯᠠᠷᠢᠯ ᠤᠨ ᠪᠥᠬᠦ ᠤᠯᠤᠰ ᠤᠨ ᠴᠢᠯᠥᠭᠡᠲᠦ ᠴᠡᠨᠡᠯᠡᠯᠲᠡ ᠶᠢᠨ ᠠᠭᠠᠷ ᠤᠨ ᠮᠡᠷᠭᠡᠵᠢᠯ᠂ ᠲᠠᠩ ᠴᠡᠨᠡᠯᠡᠯᠲᠡ ᠶᠢᠨ ᠲᠠᠪᠴᠠᠩ ᠪᠠ ᠨᠠᠯᠠᠤ ᠶᠢᠨ ᠰᠠᠭᠠᠳ ᠤᠨ ᠮᠡᠷᠭᠡᠵᠢᠯ᠂ ᠴᠢᠯᠥᠭᠡᠲᠦ ᠴᠡᠨᠡᠯᠡᠯᠲᠡ ᠶᠢᠨ ᠲᠠᠪᠴᠠᠩ ᠪᠠ ᠨᠠᠯᠠᠤ ᠶᠢᠨ ᠰᠠᠭᠠᠳ ᠤᠨ ᠮᠡᠷᠭᠡᠵᠢᠯ ᠵᠡᠷᠭᠡ ᠭᠤᠷᠪᠠᠨ  ᠵᠦᠢᠯ ᠤᠨ ᠮᠠᠩᠯᠠᠶ ᠰᠢᠯᠭᠠᠷᠠᠭᠤᠯᠬᠤ ᠤᠷᠤᠯᠳᠤᠭᠠᠨ ᠠᠳᠡ ᠡᠬᠢᠯᠡᠵᠦ᠂ ᠪᠥᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠤᠷᠤᠯᠳᠤᠭᠠᠨ ᠳᠤ ᠣᠷᠣᠯᠴᠠᠭᠰᠠᠨ ᠬᠡᠳᠦᠨ ᠠᠷᠪᠠᠨ ᠠᠩᠭᠢ ᠠᠳᠡ ᠰᠢᠷᠦᠭᠦᠨ ᠥᠷᠢᠰᠥᠯᠳᠦᠭᠡᠨ ᠶᠠᠪᠤᠭᠤᠯᠪᠠ᠃ ᠰᠠᠶ᠋ᠢᠬᠠᠨ ᠲᠡᠭᠦᠰᠦᠭᠰᠡᠨ 2023 — 2024 ᠤᠷᠤᠯᠳᠤᠭᠠᠨ ᠤ ᠤᠯᠠᠷᠢᠯ ᠤᠨ ᠪᠥᠬᠦ ᠤᠯᠤᠰ ᠤᠨ ᠴᠢᠯᠥᠭᠡᠲᠦ ᠴᠠᠰᠤᠨ ᠳᠤ ᠭᠤᠯᠭᠤᠬᠤ ᠤᠷᠠᠨ ᠮᠡᠷᠭᠡᠵᠢᠯ ᠤᠨ ᠮᠠᠩᠯᠠᠶ ᠰᠢᠯᠭᠠᠷᠠᠭᠤᠯᠬᠤ ᠤᠷᠤᠯᠳᠤᠭᠠᠨ ᠳᠤ᠂ ᠪᠡᠭᠡᠵᠢᠩ ᠤᠨ ᠡᠪᠦᠯ ᠤᠨ ᠣᠯᠧᠮᠫᠢᠺ ᠴᠤᠭᠯᠠᠭᠠᠨ ᠶᠢᠨ ᠮᠠᠩᠯᠠᠶ᠂ ᠤᠯᠤᠰ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠳᠡᠯᠭᠡᠷᠡᠭᠦᠯᠬᠦ ᠡᠯᠴᠢᠨ ᠰᠠᠶᠢᠳ ᠰᠢᠤᠢ ᠮᠤᠩ ᠲᠤᠤ ᠣᠷᠣᠯᠴᠠᠭᠰᠠᠨ ᠬᠤᠶᠠᠷ  ᠵᠦᠢᠯ ᠤᠨ ᠤᠷᠤᠯᠳᠤᠭᠠᠨ ᠳᠤ ᠴᠥᠮ ᠠᠯᠲᠠᠨ ᠮᠧᠳᠠᠯ ᠤᠯᠪᠠ᠃ 2023 ᠣᠨ ᠤ 12 ᠰᠠᠷ᠎ᠠ ᠶᠢᠨ 29 ᠤ ᠡᠳᠦᠷ᠂ ᠵᠠᠯᠠᠨ ᠠᠶᠢᠯ ᠬᠤᠳᠠ ᠶᠢᠨ ᠬᠢᠨ ᠰᠢᠤᠢ ᠮᠧᠩ ᠲᠤᠤ ᠶᠢ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠦᠷᠢ ᠲᠥᠷᠬᠦ ᠶᠢᠨ ᠡᠯᠴᠢᠨ ᠰᠠᠶᠢᠳ ᠢᠶᠠᠷ ᠵᠢᠩᠬᠢᠨᠢ ᠪᠠᠷ ᠤᠷᠢᠨ ᠲᠣᠮᠢᠯᠠᠵᠤ᠂ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠡᠦᠬᠡᠨ ᠳᠤ ᠦᠩᠭᠡ ᠪᠤᠳᠤᠭ ᠢᠶᠠᠷ ᠪᠢᠯᠬᠠᠭᠤᠯᠤᠭᠰᠠᠨ ᠪᠠᠶᠢᠨ᠎ᠠ᠃     2023 ᠣᠨ ᠠᠴᠠ ᠨᠠᠰᠢ᠂ ᠵᠠᠯᠠᠨ ᠠᠶᠢᠯ ᠬᠤᠲᠠ ᠶᠢᠨ ᠬᠢᠨ ︽ᠢᠳᠡᠬᠦ ᠰᠠᠭᠤᠬᠤ ᠶᠠᠪᠤᠬᠤ ᠵᠤᠭᠠᠴᠠᠬᠤ ᠬᠤᠳᠠᠯᠳᠤᠨ ᠠᠪᠬᠤ ᠵᠤᠭ᠎ᠠ ᠴᠡᠩᠭᠡᠯ︾ ᠤᠨ ᠵᠢᠷᠭᠤᠭᠠᠨ ᠡᠯᠧᠮᠧᠨ᠋ᠲ ᠲᠤ ᠠᠩᠬᠠᠷᠤᠯ ᠢᠶᠠᠨ ᠲᠥᠪᠯᠡᠷᠡᠭᠦᠯᠵᠦ᠂ ᠢᠳᠡᠬᠦ ᠶᠢᠨ ᠴᠢᠨᠠᠷ ᠴᠢᠨᠰᠠᠭ᠎ᠠ ᠶᠢᠨ ᠮᠡᠳᠡᠷᠡᠮᠵᠢ᠂ ᠰᠠᠭᠤᠬᠤ ᠶᠢᠨ ᠲᠠᠭᠠᠯᠠᠮᠵᠢ ᠶᠢᠨ ᠬᠡᠮᠵᠢᠶ᠎ᠡ᠂ ᠠᠶᠠᠯᠠᠬᠤ ᠶᠢᠨ ᠳᠥᠭᠦᠮ ᠳᠥᠲᠡ ᠴᠢᠨᠠᠷ᠂ ᠵᠢᠭᠤᠯᠴᠢᠯᠠᠬᠤ ᠶᠢᠨ ᠤᠬᠠᠭᠠᠯᠢᠭ ᠴᠢᠨᠠᠷ᠂ ᠬᠤᠳᠠᠯᠳᠤᠨ ᠠᠪᠬᠤ ᠶᠢᠨ ᠬᠡᠷᠡᠭᠯᠡᠭᠡᠨ ᠤ ᠳᠤᠷᠠᠰᠢᠯ᠂ ᠵᠤᠭ᠎ᠠ ᠴᠡᠩᠭᠡᠯ ᠤᠨ ᠰᠢᠨᠤᠯᠲᠠᠶ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠂ ᠡᠨᠡ ᠨᠢ ᠵᠠᠯᠠᠨ ᠠᠶᠢᠯ ᠬᠤᠲᠠ ᠶᠢᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠥᠭᠵᠢᠶᠡᠨ ᠲᠠᠢ ︽ᠤᠷᠤᠰᠴᠠ ᠶᠢᠨ ᠨᠢᠭᠤᠴᠠ ᠲᠡᠮᠳᠡᠭ︾ ᠪᠣᠯᠵᠣ᠂ ᠪᠥᠬᠦ ᠵᠢᠯ ᠳᠤ 310 ᠲᠦᠮᠡᠨ ᠬᠥᠮᠦᠨ ᠤᠳᠠᠭ᠎ᠠ ᠶᠢ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 42% ᠨᠡᠮᠡᠭᠳᠡᠵᠦ᠂ ᠵᠢᠭᠤᠯᠴᠢᠯᠠᠯ ᠤᠨ ᠣᠷᠣᠯᠭ᠎ᠠ ᠶᠢ 26 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 35% ᠪᠠᠷ ᠨᠡᠮᠡᠭᠳᠡᠪᠡ᠃ ᠡᠪᠦᠯ ᠪᠣᠯᠤᠭᠰᠠᠨ ᠠᠴᠠ ᠨᠠᠰᠢ᠂ ᠵᠠᠯᠠᠨ ᠠᠶᠢᠯ ᠬᠤᠲᠠ ᠶᠢᠨ ᠴᠢᠨᠠᠷ ᠰᠠᠶᠢᠲᠠᠶ ᠮᠥᠰᠥ ᠴᠠᠰᠤᠨ ᠤ ᠡᠬᠢ ᠪᠠᠶᠠᠯᠢᠭ ᠤᠨ  ᠬᠤᠪᠢᠷᠠᠭᠤᠯᠤᠯᠲᠠ ᠳᠤ ᠲᠦᠰᠢᠭᠯᠡᠨ᠂ ᠬᠤᠲᠠ ᠶᠢᠨ ᠬᠡᠪᠴᠢᠶᠡᠨ ᠳᠠᠬᠢ ᠡᠯ᠎ᠡ ᠲᠣᠮᠣ ᠵᠣᠴᠢᠳ ᠤᠨ ᠪᠠᠭᠤᠳᠠᠯ᠂  ᠠᠷᠠᠳ ᠤᠨ ᠣᠷᠣᠨ ᠰᠠᠭᠤᠴᠠ ᠶᠢᠨ ︽ᠨᠢᠭᠡ ᠥᠷᠥᠭᠡ ᠴᠦ ᠣᠯᠳᠠᠬᠤ ᠦᠭᠡᠶ︾᠂ ᠡᠯ᠎ᠡ ᠲᠣᠮᠣ ᠢᠳᠡᠭᠡᠨ ᠤᠮᠳᠠᠭᠠᠨ ᠤ ᠭᠠᠵᠠᠷ ᠲᠤ ︽ᠬᠥᠮᠦᠨ ᠣᠯᠠᠨ︾ ᠪᠠᠶᠢᠵᠤ᠂  ᠶᠢᠨ ᠯᠦᠩ ᠱᠠᠨ ᠤ ᠴᠠᠰᠤᠨ ᠳᠤ ᠭᠤᠯᠭᠤᠬᠤ ᠲᠠᠯᠠᠪᠠᠶ ᠶᠢᠨ ᠭᠥᠯᠢᠶᠡᠨ ᠠᠪᠬᠤ ᠲᠢᠩᠬᠢᠮ ᠳᠠᠬᠢ ᠡᠯ᠎ᠡ ᠵᠦᠢᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠴᠥᠮ ᠮᠠᠰᠢ ᠰᠠᠶᠢᠨ ᠬᠥᠭᠵᠢᠯᠲᠡ ᠶᠢᠨ ᠬᠠᠨᠳᠤᠰᠢ ᠲᠠᠢ ᠪᠣᠯᠵᠣ᠂ ᠢᠳᠡᠭᠡᠨ ᠤᠮᠳᠠᠭᠠᠨ ᠤ ᠲᠣᠭᠤᠷᠢᠭ᠂ ᠰᠣᠶᠣᠯ ᠤᠨ ᠡᠭᠦᠳᠦᠯᠲᠡ ᠶᠢᠨ ᠦᠵᠡᠭᠦᠯᠦᠯᠭᠡ ᠶᠢᠨ ᠲᠣᠭᠤᠷᠢᠭ᠂ ᠤᠯᠤᠰ ᠤᠨ ᠬᠤᠪᠴᠠᠰᠤ ᠬᠤᠳᠠᠯᠳᠤᠬᠤ ᠲᠣᠭᠤᠷᠢᠭ ᠨᠠᠩ ᠴᠤ ᠡᠭᠦᠳᠡ ᠡᠷᠦᠬᠡ ᠲᠠᠢ ᠪᠣᠯᠵᠣ᠂ ︽ᠨᠢᠭᠡ  ᠦᠢᠯᠡᠰ ᠢᠶᠠᠷ ᠵᠠᠭᠤᠨ  ᠦᠢᠯᠡᠰ ᠢ ᠬᠥᠭᠵᠢᠭᠦᠯᠬᠦ︾ ᠬᠤᠯᠪᠣᠭᠠᠯᠠᠨ ᠬᠥᠳᠡᠯᠦᠯᠴᠡᠬᠦ  ᠦᠢᠯᠡᠳᠦᠯ ᠢ  ᠭᠦᠢᠴᠡᠳ ᠪᠠᠳᠠᠷᠠᠭᠤᠯᠵᠤ᠂ ᠵᠠᠯᠠᠨ ᠠᠶᠢᠯ ᠬᠤᠲᠠ ᠶᠢᠨ ᠵᠢᠭᠤᠯᠴᠢᠯᠠᠯ ᠤᠨ  ᠦᠢᠯᠡᠰ ᠤᠨ ᠨᠠᠷᠠᠲᠤ ᠲᠡᠮᠳᠡᠭᠴᠢᠯᠡᠬᠦ᠂ ᠴᠢᠨᠠᠷᠵᠢᠭᠤᠯᠬᠤ᠂ ᠣᠨᠴᠠᠯᠢᠬᠵᠢᠭᠤᠯᠬᠤ ᠬᠥᠭᠵᠢᠯᠲᠡ ᠶᠢ ᠤᠯᠠᠮ ᠨᠢᠭᠡ ᠠᠯᠬᠤᠮ ᠳᠥᠯᠭᠢᠨ  ᠠᠬᠢᠭᠤᠯᠪᠠ᠃     ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠰᠢᠨ᠎ᠡ ᠠᠶᠠᠨ ᠳᠠᠭᠠᠨ ᠮᠣᠷᠳᠠᠬᠤ ᠳᠤ᠂ ᠵᠠᠯᠠᠨ ᠠᠶᠢᠯ ᠬᠤᠲᠠ ᠶᠢᠨ ᠬᠢᠨ ᠠᠰᠢᠭᠲᠠᠶ ᠪᠠᠶᠢᠳᠠᠯ ᠢ ᠠᠮᠵᠢᠨ ᠤᠷᠤᠭᠰᠢᠯᠠᠵᠤ᠂ ᠬᠦᠴᠦᠨ ᠢᠶᠠᠨ ᠬᠤᠷᠠᠮᠳᠤᠭᠤᠯᠤᠨ ᠬᠥᠭᠵᠢᠬᠦ ᠪᠣᠯᠤᠨ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠳᠠᠭᠠᠭᠠᠴᠢᠯᠠᠨ ᠡᠷᠭᠢᠯᠡᠬᠦ ᠡᠨᠡᠬᠦ ᠣᠯᠳᠠᠰᠢ ᠦᠭᠡᠶ ᠲᠡᠦᠬᠡᠨ ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ︽ᠲᠡᠮᠡᠴᠡᠭᠴᠢ︾ ᠶᠢᠨ ᠳᠦᠷᠢ ᠪᠠᠶᠢᠳᠠᠯ ᠢᠶᠠᠷ ᠰᠢᠨ᠎ᠡ ᠥᠷᠢᠰᠥᠯᠳᠦᠭᠡᠨ ᠢ ᠤᠭᠲᠤᠵᠤ᠂ ︽ᠰᠢᠯᠭᠠᠯᠲᠠ ᠳᠤ ᠣᠷᠣᠯᠴᠠᠭᠰᠠᠳ︾ ᠤᠨ ᠰᠢᠨᠲᠠᠷᠠᠰᠢ ᠦᠭᠡᠶ ᠪᠠᠷ ᠰᠢᠨ᠎ᠡ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠵᠦ᠂ ᠦᠵᠡᠮᠵᠢ ᠶᠢᠨ ᠣᠷᠣᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠰᠣᠶᠣᠯ ᠤᠨ ᠬᠡᠶ ᠶᠢ ᠳᠡᠭᠡᠭᠰᠢᠯᠡᠭᠦᠯᠬᠦ᠂ ᠨᠠᠷᠠᠲᠤ ᠲᠡᠮᠳᠡᠭᠲᠦ ᠶᠢ ᠳᠡᠭᠡᠭᠰᠢᠯᠡᠭᠦᠯᠬᠦ᠂  ᠦᠢᠯᠡᠴᠢᠯᠡᠭᠡᠨ ᠤ ᠲᠠᠩᠰᠠ ᠡᠪᠬᠡᠮᠡᠯ ᠢ ᠳᠡᠭᠡᠭᠰᠢᠯᠡᠭᠦᠯᠬᠦ᠂ ᠬᠡᠷᠡᠭᠯᠡᠭᠡᠨ ᠤ ᠲᠠᠰ ᠢ ᠳᠡᠭᠡᠭᠰᠢᠯᠡᠭᠦᠯᠬᠦ ᠶᠢ ᠲᠦᠷᠭᠡᠳᠬᠡᠨ ᠠᠬᠢᠭᠤᠯᠵᠤ᠂ ᠨᠠᠩ ᠣᠯᠠᠨ ᠵᠤᠭᠠᠴᠠᠭᠰᠠᠳ ᠢ ᠵᠠᠯᠠᠨ ᠠᠶᠢᠯ ᠳᠤ ᠣᠴᠢᠭᠤᠯᠤᠨ ᠲᠠᠩᠰᠤᠭ ᠰᠠᠶᠢᠬᠠᠨ ᠵᠠᠩ  ᠦᠢᠯᠡ ᠶᠢ ᠡᠳ᠋ᠯᠡᠭᠦᠯᠵᠦ᠂ ᠮᠥᠰᠥ ᠴᠠᠰᠤᠨ ᠤ ᠣᠷᠭᠢᠯᠤᠮ᠎ᠠ ᠬᠠᠯᠠᠭᠤᠨ ᠰᠡᠳᠬᠢᠯᠭᠡ ᠶᠢ ᠡᠳ᠋ᠯᠡᠭᠦᠯᠵᠦ᠂ ᠬᠦᠴᠦᠨ ᠢᠶᠠᠨ ᠲᠥᠪᠯᠡᠷᠡᠭᠦᠯᠦᠨ ︽ᠬᠥᠯᠥᠨ ᠪᠤᠶᠢᠷ ᠬᠤᠲᠠ ᠶᠢᠨ ᠰᠣᠶᠣᠯ ᠵᠢᠭᠤᠯᠴᠢᠯᠠᠯ ᠤᠨ ᠠᠵᠤ  ᠦᠢᠯᠡᠰ ᠤᠨ ᠪᠥᠬᠦ ᠴᠠᠷᠠᠭ᠎ᠠ ᠪᠥᠬᠦ ᠤᠯᠠᠷᠢᠯ ᠤᠨ ᠪᠥᠬᠦ ᠠᠵᠢᠯ  ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ᠂ ᠥᠪᠥᠷ ᠮᠣᠩᠭᠤᠯ ᠤᠨ ᠵᠡᠭᠦᠨ ᠬᠡᠰᠡᠭ ᠤᠨ ᠠᠮᠠᠷᠠᠯᠲᠠ ᠰᠡᠯᠡᠭᠦᠴᠡᠯ ᠵᠢᠭᠤᠯᠴᠢᠯᠠᠯ ᠤᠨ ᠴᠢᠬᠤᠯᠠ ᠵᠣᠷᠢᠭᠰᠠᠨ ᠭᠠᠵᠠᠷ︾ ᠢ ᠪᠠᠶᠢᠭᠤᠯᠬᠤ ᠬᠠᠷᠠᠯᠲᠠ ᠶᠢ ᠲᠣᠭᠲᠠᠭᠠᠵᠤ ᠲᠣᠮᠣ ᠠᠯᠬᠤᠮ ᠢᠶᠠᠷ ᠤᠷᠤᠭᠰᠢᠯᠠᠭᠤᠯᠤᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ