ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠪᠠᠶᠠᠷᠲᠠᠢ ᠪᠠᠷ ᠡᠳ᠋ᠯᠡᠵᠦ᠂ ᠣᠷᠭᠢᠯᠤᠮ᠎ᠠ ᠰᠡᠳᠬᠢᠯᠭᠡ ᠪᠠᠷ ︽ᠠᠷᠪᠠᠨ‌‍ᠲ᠋ᠦ᠋ᠷᠪᠡᠳᠦᠭᠡᠷ  ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠢ ᠳᠡᠮᠵᠢᠨ᠎ᠡ — ᠵᠠᠯᠠᠨ ᠠᠶᠢᠯ ᠬᠤᠳᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠥᠭᠵᠢᠯᠲᠡ ᠶᠢ ᠦᠷᠭᠦᠯᠵᠢᠯᠡᠨ ᠠᠬᠢᠭᠤᠯᠵᠤ ᠪᠤᠢ
ᠨᠡᠶᠢᠲᠡᠯᠡᠭᠰᠡᠨ ᠴᠠᠭ᠄
2024/1/8
    ᠰᠢ  ᠶᠢᠨ ᠫᠢᠩ ᠶᠡᠷᠦᠩᠬᠡᠶ ᠱᠦᠵᠢ ᠶᠢᠨ ︽ᠭᠤᠷᠪᠠᠨ ᠳ᠋ᠦᠩᠰᠢᠭᠤᠷ ᠬᠥᠮᠦᠨ ᠢ ᠳᠠᠶᠢᠴᠢᠯᠠᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ︾ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ︽ᠠᠷᠪᠠᠨ‌‍ᠲ᠋ᠦ᠋ᠷᠪᠡᠳᠦᠭᠡᠷ  ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ︾ ᠳᠤ ᠬᠦᠴᠦᠨ ᠨᠡᠮᠡᠷᠢᠯᠡᠵᠦ᠂ ᠰᠤᠷᠤᠭᠴᠢᠳ ᠤᠨ ᠬᠢᠴᠢᠶᠡᠯ ᠤᠨ ᠭᠠᠳᠠᠨᠠᠬᠢ‌ᠠᠵᠢᠯᠯᠠᠭ᠎ᠠ ᠵᠢᠨ‌ᠠᠭᠤᠯᠭ᠎ᠠ  ᠶᠢ ᠪᠠᠶᠠᠯᠢᠭᠵᠢᠭᠤᠯᠬᠤ  ᠶᠢᠨ ᠲᠥᠯᠥᠭᠡ᠂ ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠢᠴᠢᠶᠡᠯ ᠂ ᠮᠥᠰᠥ ᠴᠠᠰᠤᠨ ᠤ ᠰᠤᠳᠤᠯᠤᠯᠲᠠ ᠶᠢᠨ ᠦᠢᠯᠡᠳᠦᠯᠭᠡ ᠵᠡᠷᠭᠡ ᠰᠢᠷᠢᠰ ᠠᠵᠢᠯᠯᠠᠭ᠎ᠠ ᠶᠢ ᠥᠷᠨᠢᠭᠦᠯᠪᠡ᠃      ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠮᠥᠰᠥ ᠴᠠᠰᠤ ᠶᠢ ᠲᠦᠯᠬᠢᠨ᠎ᠡ᠃ ᠵᠠᠯᠠᠨ ᠠᠶᠢᠯ ᠬᠤᠲᠠ ᠣᠷᠴᠢᠨ ᠲᠣᠭᠤᠷᠢᠨ ᠤ ᠳᠠᠪᠠᠭᠤᠯᠢᠭ ᠢᠶᠠᠨ ᠪᠠᠳᠠᠷᠠᠭᠤᠯᠵᠤ᠂ ᠵᠢᠯ ᠪᠦᠷᠢ ᠡᠯ᠎ᠡ ᠰᠤᠷᠭᠠᠭᠤᠯᠢ ᠶᠢᠨ ᠮᠥᠰᠥ ᠴᠠᠰᠤᠨ ᠤ ᠲᠠᠮᠢᠷ ᠤᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ᠂ ᠮᠥᠰᠥᠨ ᠲᠠᠯᠠᠪᠠᠶ ᠵᠢᠨ‌ᠠᠷᠪᠠ ᠭᠠᠷᠤᠶ ᠬᠡᠰᠡᠭ ᠢ ᠨᠠᠷᠢᠯᠢᠭ ᠲᠥᠯᠥᠪᠯᠡᠨ ᠪᠠᠶᠢᠷᠢᠰᠢᠭᠤᠯᠵᠤ᠂ ᠡᠪᠦᠯ ᠤᠨ ᠤᠯᠠᠷᠢᠯ ᠤᠨ ᠬᠡᠷ ᠤᠨ ᠭᠠᠳᠠᠨᠠᠬᠢ ᠲᠠᠮᠢᠷ ᠤᠨ ᠬᠥᠳᠡᠯᠭᠡᠭᠡᠨ ᠤ ᠳᠤᠲᠠᠭᠳᠠᠵᠤ ᠪᠠᠶᠢᠭ᠎ᠠ ᠪᠠᠶᠢᠳᠠᠯ ᠢ ᠨᠥᠬᠦᠪᠥᠷᠢᠯᠡᠵᠦ᠂ ᠮᠥᠰᠥᠨ ᠳᠡᠭᠡᠷᠡᠬᠢ ᠲᠦᠷᠭᠡᠨ ᠲᠡᠰᠢᠯᠲᠡ ᠵᠢᠴᠢ ᠮᠥᠰᠥᠨ ᠠᠨᠵᠢᠰᠤ᠂ ᠲᠤᠭᠤᠷᠠᠭᠤᠯ ᠵᠡᠷᠭᠡ ᠰᠣᠨᠢᠷᠬᠠᠯᠲᠤ ᠲᠠᠮᠢᠷ ᠤᠨ ᠬᠥᠳᠡᠯᠭᠡᠭᠡᠨ ᠢ ᠢᠳᠡᠪᠬᠢᠲᠡᠶ ᠥᠷᠨᠢᠭᠦᠯᠵᠦ ᠪᠠᠶᠢᠨ᠎ᠠ᠃ ᠰᠤᠷᠤᠭᠴᠢᠳ ᠢ ᠡᠬᠡ ᠪᠠᠶᠢᠭᠠᠯᠢ ᠳᠤ ᠡᠭᠡᠭᠦᠯᠵᠦ᠂ ᠮᠥᠰᠥ ᠴᠠᠰᠤᠨ ᠤ ᠮᠥᠩᠭᠦᠨ ᠶᠢᠷᠲᠢᠨᠴᠦ ᠳᠤ ᠡᠭᠡᠭᠦᠯᠵᠦ᠂ ᠴᠢᠯᠥᠭᠡᠲᠡᠶ ᠨᠢᠰᠬᠡᠵᠦ᠂ ᠥᠪᠡᠷ ᠢ ᠪᠠᠨ ᠥᠷᠢᠰᠥᠯᠳᠦᠭᠦᠯᠦᠨ᠎ᠡ᠃     ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠢ ᠨᠡᠶᠢᠯᠡᠭᠦᠯᠦᠨ ᠦᠷ᠎ᠡ ᠪᠦᠲᠦᠭᠡᠯ ᠭᠠᠷᠭᠠᠨ᠎ᠠ᠃ ᠮᠥᠰᠥ ᠴᠠᠰᠤᠨ ᠤ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ ᠪᠠᠭᠰᠢ ᠶᠢ ᠢᠳᠡᠪᠬᠢᠲᠡᠶ ᠬᠥᠮᠦᠵᠢᠭᠦᠯᠵᠦ᠂ ᠪᠡᠶ᠎ᠡ ᠶᠢᠨ ᠲᠠᠮᠢᠷ ᠤᠨ ᠬᠢᠴᠢᠶᠡᠯ ᠤᠨ ᠵᠢᠭᠠᠨ ᠰᠤᠷᠭᠠᠯᠲᠠ ᠬᠢᠭᠡᠳ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠣᠷᠭᠠᠨᠢᠭ ᠢᠶᠠᠷ ᠤᠶᠠᠯᠳᠤᠭᠤᠯᠤᠨ᠂ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠲᠦᠷᠭᠡᠨ ᠲᠡᠰᠢᠯᠲᠡ ᠵᠢᠴᠢ ᠰᠣᠨᠢᠷᠬᠠᠯᠲᠤ ᠮᠥᠰᠥᠨ ᠳᠡᠭᠡᠷᠡᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠡᠳᠦᠷ ᠲᠤᠲᠤᠮ ᠤᠨ ᠵᠢᠭᠠᠨ ᠰᠤᠷᠭᠠᠯᠲᠠ ᠳᠤ ᠣᠷᠣᠭᠤᠯᠵᠤ᠂ ᠵᠠᠯᠠᠨ ᠠᠶᠢᠯ ᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ᠂ ᠶᠡᠷᠦᠩᠬᠡᠶᠢᠯᠡᠭᠰᠡᠨ ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠲᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠪᠦᠯ ᠤᠨ ᠠᠮᠠᠷᠠᠯᠲᠠ ᠶᠢᠨ ᠲᠦᠷᠭᠡᠨ ᠲᠡᠰᠢᠯᠲᠡ᠂ ᠴᠠᠰᠤᠨ ᠳᠤ ᠭᠤᠯᠭᠤᠬᠤ ᠡᠪᠦᠯ ᠤᠨ ᠠᠮᠠᠷᠠᠯᠲᠠ ᠶᠢᠨ ᠠᠵᠢᠯᠯᠠᠭ᠎ᠠ ᠶᠢ ᠥᠷᠨᠢᠭᠦᠯᠦᠨ᠎ᠡ᠃ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠠᠭᠰᠢ ᠪᠠᠲᠤᠯᠠᠭ᠎ᠠ ᠲᠠᠢ᠂ ᠰᠤᠷᠤᠭᠴᠢᠳ ᠤᠨ ᠠᠮᠤᠷ ᠲᠦᠪᠰᠢᠨ ᠢ ᠪᠠᠲᠤᠯᠠᠭ᠎ᠠ ᠲᠠᠢ ᠪᠠᠶᠢᠯᠭᠠᠵᠤ᠂ ᠰᠤᠷᠤᠭᠴᠢᠳ ᠤᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠳᠤᠷ᠎ᠠ ᠰᠣᠨᠢᠷᠬᠠᠯ ᠢ ᠬᠥᠮᠦᠵᠢᠭᠦᠯᠵᠦ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ   ᠬᠦᠳᠡᠯᠭᠡᠨ ᠰᠣᠷᠭᠠᠭᠤᠯᠢ ᠶᠢᠨ ᠬᠦᠷᠢᠶᠡᠨ ᠳᠤ ᠢᠳᠡᠪᠢᠳᠡᠢ ᠶᠠᠪᠤᠭᠳᠠᠬᠤ ᠶᠢ ᠠᠬᠢᠭᠤᠯᠤᠨ᠎ᠠ᠃    ᠴᠠᠭ ᠦᠶ᠎ᠡ ᠶᠢᠨ ᠪᠠᠶᠢᠳᠠᠯ ᠳᠤᠨᠢ ᠲᠣᠬᠢᠷᠠᠭᠤᠯᠤᠨ ᠲᠠᠪᠴᠠᠩ ᠪᠠᠶᠢᠭᠤᠯᠬᠤ ᠬᠡᠷᠡᠭᠲᠡᠶ᠃ ᠬᠥᠯᠥᠨ ᠪᠤᠶᠢᠷ ᠬᠤᠲᠠ ᠶᠢᠨ ᠶᠡᠷᠦᠩᠬᠡᠶᠢᠯᠡᠭᠰᠡᠨ ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ᠂  ᠶᠢᠨ ᠯᠦᠩ ᠱᠠᠨ ᠤ ᠴᠠᠰᠤᠨ ᠳᠤ ᠭᠤᠯᠭᠤᠬᠤ ᠲᠠᠯᠠᠪᠠᠶ ᠳᠤ ᠲᠦᠰᠢᠭᠯᠡᠨ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠮᠥᠰᠥ ᠴᠠᠰᠤᠨ ᠤ ᠰᠤᠳᠤᠯᠭᠠᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠦᠷᠭᠡᠨ ᠲᠡᠰᠢᠯᠲᠡ᠂ ᠴᠠᠰᠤᠨ ᠳᠤ ᠭᠤᠯᠭᠤᠬᠤ᠂ ᠴᠠᠰᠤᠨ ᠰᠡᠶᠢᠯᠦᠮᠡᠯ᠂ ᠮᠥᠰᠥᠨ ᠰᠡᠶᠢᠯᠦᠮᠡᠯ᠂ ᠴᠠᠰᠤᠨ ᠴᠠᠭᠠᠷᠢᠭ ᠵᠡᠷᠭᠡ ᠡᠯ᠎ᠡ ᠲᠥᠷᠥᠯ ᠤᠨ ᠠᠵᠢᠯᠯᠠᠭ᠎ᠠ ᠶᠢ ᠥᠷᠨᠢᠭᠦᠯᠵᠦ᠂ ᠮᠥᠰᠥ ᠴᠠᠰᠤᠨ ᠳᠤ ᠪᠠᠭ᠋ᠠᠲᠠᠶ ᠰᠤᠷᠤᠭᠴᠢᠳ ᠲᠤ ᠰᠣᠯᠢᠯᠴᠠᠬᠤ ᠪᠠ ᠳᠡᠯᠭᠡᠨ ᠦᠵᠡᠭᠦᠯᠬᠦ ᠲᠠᠪᠴᠠᠩ ᠪᠠᠶᠢᠭᠤᠯᠵᠤ ᠥᠭᠭᠦᠨ᠎ᠡ᠃     ᠣᠯᠠᠨ ᠶᠠᠩᠵᠤ ᠶᠢᠨ ᠬᠥᠳᠡᠯᠭᠡᠭᠡᠨ ᠨᠢ ᠡᠪᠦᠯ ᠤᠨ ᠤᠯᠠᠷᠢᠯ ᠤᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠴᠤᠭᠯᠠᠭᠠᠨ᠂ ᠤᠷᠠᠯᠢᠭ ᠤᠨ ᠦᠵᠡᠭᠦᠯᠦᠯᠭᠡ ᠶᠢᠨ ᠲᠣᠭᠯᠠᠯᠲᠠ᠂ ᠲᠤᠬᠠᠶ ᠶᠢᠨ ᠲᠠᠯᠠᠪᠤᠷ ᠤᠨ ᠬᠠᠭᠤᠯᠤᠨ ᠵᠢᠷᠤᠬᠤ ᠵᠡᠷᠭᠡ ᠠᠵᠢᠯᠯᠠᠭ᠎ᠠ ᠶᠢ ᠡᠷᠬᠢᠯᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠴᠤᠭ ᠪᠠᠳᠠᠷᠠᠩᠭᠤᠶ᠂ ᠥᠭᠡᠳᠡᠷᠬᠡᠭ ᠪᠠᠶᠠᠰᠤᠩᠭᠤᠶ ᠤᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠭᠦᠯᠵᠦ᠂ ᠪᠡᠶ᠎ᠡ ᠰᠡᠳᠬᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃    ᠤᠯᠠᠨ ᠲᠠᠯ᠎ᠠ ᠶᠢᠨ ᠬᠢᠨ ᠬᠤᠯᠪᠣᠭᠠᠯᠠᠵᠤ ᠪᠠᠶᠢᠭᠠᠳ ᠳᠡᠭᠡᠭᠰᠢᠯᠡᠭᠦᠯᠬᠦ ᠶᠢ ᠠᠬᠢᠭᠤᠯᠪᠠ᠃ ᠵᠠᠯᠠᠨ ᠠᠶᠢᠯ ᠬᠤᠳᠠ ᠶᠢᠨ ᠰᠤᠷᠭᠠᠨ ᠬᠥᠮᠦᠵᠢᠯ ᠤᠨ  ᠲᠣᠪᠴᠢᠶ᠎ᠠ ᠨᠢ ᠰᠣᠶᠣᠯ ᠪᠡᠶ᠎ᠡ ᠶᠢᠨ ᠲᠠᠮᠢᠷ ᠵᠤᠭᠠᠴᠠᠯ ᠷᠠᠳᠢᠣ᠋ ᠲᠧᠯᠸᠢᠰ ᠤᠨ ᠲᠤᠪᠴᠢᠶ᠎ᠠ᠂ ᠠᠵᠢᠯ ᠤᠨ ᠴᠢᠯᠥᠭᠡᠨ ᠤ ᠲᠠᠮᠢᠷ ᠤᠨ ᠰᠤᠷᠭᠠᠭᠤᠯᠢ ᠲᠠᠢ ᠭᠠᠷ ᠬᠤᠯᠪᠣᠯᠴᠠᠵᠤ᠂ ᠲᠠᠩ ᠴᠠᠰᠤᠨ ᠳᠤ ᠭᠤᠯᠭᠤᠬᠤ U ᠬᠡᠯᠪᠡᠷᠢ ᠶᠢᠨ ᠲᠠᠯᠠᠪᠤᠷ ᠵᠡᠷᠭᠡ ᠴᠠᠰᠤᠨ ᠳᠡᠭᠡᠷᠡᠬᠢ ᠲᠦᠷᠦᠯ ᠵᠦᠢᠯ ᠢ ᠢᠳᠡᠪᠬᠢᠲᠡᠢ ᠥᠷᠨᠢᠭᠦᠯᠬᠦ ᠶᠢᠨ ᠬᠠᠮᠲᠤ ᠵᠠᠯᠠᠨ ᠠᠶᠢᠯ ᠬᠤᠳᠠ ᠶᠢᠨ ᠲᠠᠩ ᠴᠠᠰᠤᠨ ᠳᠤ ᠭᠤᠯᠭᠤᠬᠤ ᠠᠩᠬᠢ ᠶᠢ ᠪᠠᠶᠢᠭᠤᠯᠪᠠ᠃ ᠣᠶᠢᠷ᠎ᠠ ᠶᠢᠨ ᠵᠢᠯ ᠳᠤ᠂ 23 ᠤᠳᠠᠭ᠎ᠠ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ ᠤ ᠤᠷᠤᠯᠳᠤᠭᠠᠨ ᠳᠤ ᠣᠷᠣᠯᠴᠠᠵᠤ᠂ 13 ᠮᠠᠩᠯᠠᠶ ᠳᠤ ᠰᠢᠯᠭᠠᠷᠠᠵᠤ᠂ ᠤᠯᠤᠰ ᠤᠨ ᠠᠩᠭᠢ ᠳᠤ 4 ᠰᠢᠯᠢᠳᠡᠭ ᠲᠠᠮᠢᠷᠴᠢᠨ ᠢ ᠬᠦᠷᠭᠡᠪᠡ᠃     ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠴᠠᠰᠤᠨ ᠤ ᠲᠠᠮᠢᠷ ᠤᠨ ᠬᠥᠳᠡᠯᠭᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠰᠣᠶᠣᠯ ᠢ ᠤᠯᠠᠮᠵᠢᠯᠠᠵᠤ᠂ ᠰᠢᠨ᠎ᠡ ᠴᠠᠭ ᠦᠶ᠎ᠡ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢ ᠠᠬᠢᠭᠤᠯᠵᠤ᠂ ︽ᠬᠥᠮᠦᠨ ᠪᠦᠬᠦᠨ ᠮᠥᠰᠥ ᠴᠠᠰᠤᠨ ᠳᠤ ᠣᠷᠣᠯᠴᠠᠬᠤ ︾ ᠥᠷᠨᠢᠩᠭᠦᠶ ᠬᠥᠭᠵᠢᠯᠲᠡ ᠶᠢᠨ ᠪᠠᠶᠢᠳᠠᠯ ᠢ ᠪᠣᠶ ᠪᠣᠯᠭᠠᠬᠤ ᠪᠣᠯᠤᠨ᠎ᠠ᠃   ᠰᠢ  ᠶᠢᠨ ᠫᠢᠩ ᠶᠡᠷᠦᠩᠬᠡᠶ ᠱᠦᠵᠢ ᠶᠢᠨ ︽ᠭᠤᠷᠪᠠᠨ ᠳ᠋ᠦᠩᠰᠢᠭᠤᠷ ᠬᠥᠮᠦᠨ ᠢ ᠳᠠᠶᠢᠴᠢᠯᠠᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ︾ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ︽ᠠᠷᠪᠠᠨ‌‍ᠲ᠋ᠦ᠋ᠷᠪᠡᠳᠦᠭᠡᠷ  ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ︾ ᠳᠤ ᠬᠦᠴᠦᠨ ᠨᠡᠮᠡᠷᠢᠯᠡᠵᠦ᠂ ᠰᠤᠷᠤᠭᠴᠢᠳ ᠤᠨ ᠬᠢᠴᠢᠶᠡᠯ ᠤᠨ ᠭᠠᠳᠠᠨᠠᠬᠢ‌ᠠᠵᠢᠯᠯᠠᠭ᠎ᠠ ᠵᠢᠨ‌ᠠᠭᠤᠯᠭ᠎ᠠ  ᠶᠢ ᠪᠠᠶᠠᠯᠢᠭᠵᠢᠭᠤᠯᠬᠤ  ᠶᠢᠨ ᠲᠥᠯᠥᠭᠡ᠂ ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠢᠴᠢᠶᠡᠯ ᠂ ᠮᠥᠰᠥ ᠴᠠᠰᠤᠨ ᠤ ᠰᠤᠳᠤᠯᠤᠯᠲᠠ ᠶᠢᠨ ᠦᠢᠯᠡᠳᠦᠯᠭᠡ ᠵᠡᠷᠭᠡ ᠰᠢᠷᠢᠰ ᠠᠵᠢᠯᠯᠠᠭ᠎ᠠ ᠶᠢ ᠥᠷᠨᠢᠭᠦᠯᠪᠡ᠃      ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠮᠥᠰᠥ ᠴᠠᠰᠤ ᠶᠢ ᠲᠦᠯᠬᠢᠨ᠎ᠡ᠃ ᠵᠠᠯᠠᠨ ᠠᠶᠢᠯ ᠬᠤᠲᠠ ᠣᠷᠴᠢᠨ ᠲᠣᠭᠤᠷᠢᠨ ᠤ ᠳᠠᠪᠠᠭᠤᠯᠢᠭ ᠢᠶᠠᠨ ᠪᠠᠳᠠᠷᠠᠭᠤᠯᠵᠤ᠂ ᠵᠢᠯ ᠪᠦᠷᠢ ᠡᠯ᠎ᠡ ᠰᠤᠷᠭᠠᠭᠤᠯᠢ ᠶᠢᠨ ᠮᠥᠰᠥ ᠴᠠᠰᠤᠨ ᠤ ᠲᠠᠮᠢᠷ ᠤᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ᠂ ᠮᠥᠰᠥᠨ ᠲᠠᠯᠠᠪᠠᠶ ᠵᠢᠨ‌ᠠᠷᠪᠠ ᠭᠠᠷᠤᠶ ᠬᠡᠰᠡᠭ ᠢ ᠨᠠᠷᠢᠯᠢᠭ ᠲᠥᠯᠥᠪᠯᠡᠨ ᠪᠠᠶᠢᠷᠢᠰᠢᠭᠤᠯᠵᠤ᠂ ᠡᠪᠦᠯ ᠤᠨ ᠤᠯᠠᠷᠢᠯ ᠤᠨ ᠬᠡᠷ ᠤᠨ ᠭᠠᠳᠠᠨᠠᠬᠢ ᠲᠠᠮᠢᠷ ᠤᠨ ᠬᠥᠳᠡᠯᠭᠡᠭᠡᠨ ᠤ ᠳᠤᠲᠠᠭᠳᠠᠵᠤ ᠪᠠᠶᠢᠭ᠎ᠠ ᠪᠠᠶᠢᠳᠠᠯ ᠢ ᠨᠥᠬᠦᠪᠥᠷᠢᠯᠡᠵᠦ᠂ ᠮᠥᠰᠥᠨ ᠳᠡᠭᠡᠷᠡᠬᠢ ᠲᠦᠷᠭᠡᠨ ᠲᠡᠰᠢᠯᠲᠡ ᠵᠢᠴᠢ ᠮᠥᠰᠥᠨ ᠠᠨᠵᠢᠰᠤ᠂ ᠲᠤᠭᠤᠷᠠᠭᠤᠯ ᠵᠡᠷᠭᠡ ᠰᠣᠨᠢᠷᠬᠠᠯᠲᠤ ᠲᠠᠮᠢᠷ ᠤᠨ ᠬᠥᠳᠡᠯᠭᠡᠭᠡᠨ ᠢ ᠢᠳᠡᠪᠬᠢᠲᠡᠶ ᠥᠷᠨᠢᠭᠦᠯᠵᠦ ᠪᠠᠶᠢᠨ᠎ᠠ᠃ ᠰᠤᠷᠤᠭᠴᠢᠳ ᠢ ᠡᠬᠡ ᠪᠠᠶᠢᠭᠠᠯᠢ ᠳᠤ ᠡᠭᠡᠭᠦᠯᠵᠦ᠂ ᠮᠥᠰᠥ ᠴᠠᠰᠤᠨ ᠤ ᠮᠥᠩᠭᠦᠨ ᠶᠢᠷᠲᠢᠨᠴᠦ ᠳᠤ ᠡᠭᠡᠭᠦᠯᠵᠦ᠂ ᠴᠢᠯᠥᠭᠡᠲᠡᠶ ᠨᠢᠰᠬᠡᠵᠦ᠂ ᠥᠪᠡᠷ ᠢ ᠪᠠᠨ ᠥᠷᠢᠰᠥᠯᠳᠦᠭᠦᠯᠦᠨ᠎ᠡ᠃     ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠢ ᠨᠡᠶᠢᠯᠡᠭᠦᠯᠦᠨ ᠦᠷ᠎ᠡ ᠪᠦᠲᠦᠭᠡᠯ ᠭᠠᠷᠭᠠᠨ᠎ᠠ᠃ ᠮᠥᠰᠥ ᠴᠠᠰᠤᠨ ᠤ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ ᠪᠠᠭᠰᠢ ᠶᠢ ᠢᠳᠡᠪᠬᠢᠲᠡᠶ ᠬᠥᠮᠦᠵᠢᠭᠦᠯᠵᠦ᠂ ᠪᠡᠶ᠎ᠡ ᠶᠢᠨ ᠲᠠᠮᠢᠷ ᠤᠨ ᠬᠢᠴᠢᠶᠡᠯ ᠤᠨ ᠵᠢᠭᠠᠨ ᠰᠤᠷᠭᠠᠯᠲᠠ ᠬᠢᠭᠡᠳ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠣᠷᠭᠠᠨᠢᠭ ᠢᠶᠠᠷ ᠤᠶᠠᠯᠳᠤᠭᠤᠯᠤᠨ᠂ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠲᠦᠷᠭᠡᠨ ᠲᠡᠰᠢᠯᠲᠡ ᠵᠢᠴᠢ ᠰᠣᠨᠢᠷᠬᠠᠯᠲᠤ ᠮᠥᠰᠥᠨ ᠳᠡᠭᠡᠷᠡᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠡᠳᠦᠷ ᠲᠤᠲᠤᠮ ᠤᠨ ᠵᠢᠭᠠᠨ ᠰᠤᠷᠭᠠᠯᠲᠠ ᠳᠤ ᠣᠷᠣᠭᠤᠯᠵᠤ᠂ ᠵᠠᠯᠠᠨ ᠠᠶᠢᠯ ᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ᠂ ᠶᠡᠷᠦᠩᠬᠡᠶᠢᠯᠡᠭᠰᠡᠨ ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠲᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠪᠦᠯ ᠤᠨ ᠠᠮᠠᠷᠠᠯᠲᠠ ᠶᠢᠨ ᠲᠦᠷᠭᠡᠨ ᠲᠡᠰᠢᠯᠲᠡ᠂ ᠴᠠᠰᠤᠨ ᠳᠤ ᠭᠤᠯᠭᠤᠬᠤ ᠡᠪᠦᠯ ᠤᠨ ᠠᠮᠠᠷᠠᠯᠲᠠ ᠶᠢᠨ ᠠᠵᠢᠯᠯᠠᠭ᠎ᠠ ᠶᠢ ᠥᠷᠨᠢᠭᠦᠯᠦᠨ᠎ᠡ᠃ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠠᠭᠰᠢ ᠪᠠᠲᠤᠯᠠᠭ᠎ᠠ ᠲᠠᠢ᠂ ᠰᠤᠷᠤᠭᠴᠢᠳ ᠤᠨ ᠠᠮᠤᠷ ᠲᠦᠪᠰᠢᠨ ᠢ ᠪᠠᠲᠤᠯᠠᠭ᠎ᠠ ᠲᠠᠢ ᠪᠠᠶᠢᠯᠭᠠᠵᠤ᠂ ᠰᠤᠷᠤᠭᠴᠢᠳ ᠤᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠳᠤᠷ᠎ᠠ ᠰᠣᠨᠢᠷᠬᠠᠯ ᠢ ᠬᠥᠮᠦᠵᠢᠭᠦᠯᠵᠦ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ   ᠬᠦᠳᠡᠯᠭᠡᠨ ᠰᠣᠷᠭᠠᠭᠤᠯᠢ ᠶᠢᠨ ᠬᠦᠷᠢᠶᠡᠨ ᠳᠤ ᠢᠳᠡᠪᠢᠳᠡᠢ ᠶᠠᠪᠤᠭᠳᠠᠬᠤ ᠶᠢ ᠠᠬᠢᠭᠤᠯᠤᠨ᠎ᠠ᠃    ᠴᠠᠭ ᠦᠶ᠎ᠡ ᠶᠢᠨ ᠪᠠᠶᠢᠳᠠᠯ ᠳᠤᠨᠢ ᠲᠣᠬᠢᠷᠠᠭᠤᠯᠤᠨ ᠲᠠᠪᠴᠠᠩ ᠪᠠᠶᠢᠭᠤᠯᠬᠤ ᠬᠡᠷᠡᠭᠲᠡᠶ᠃ ᠬᠥᠯᠥᠨ ᠪᠤᠶᠢᠷ ᠬᠤᠲᠠ ᠶᠢᠨ ᠶᠡᠷᠦᠩᠬᠡᠶᠢᠯᠡᠭᠰᠡᠨ ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ᠂  ᠶᠢᠨ ᠯᠦᠩ ᠱᠠᠨ ᠤ ᠴᠠᠰᠤᠨ ᠳᠤ ᠭᠤᠯᠭᠤᠬᠤ ᠲᠠᠯᠠᠪᠠᠶ ᠳᠤ ᠲᠦᠰᠢᠭᠯᠡᠨ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠮᠥᠰᠥ ᠴᠠᠰᠤᠨ ᠤ ᠰᠤᠳᠤᠯᠭᠠᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠦᠷᠭᠡᠨ ᠲᠡᠰᠢᠯᠲᠡ᠂ ᠴᠠᠰᠤᠨ ᠳᠤ ᠭᠤᠯᠭᠤᠬᠤ᠂ ᠴᠠᠰᠤᠨ ᠰᠡᠶᠢᠯᠦᠮᠡᠯ᠂ ᠮᠥᠰᠥᠨ ᠰᠡᠶᠢᠯᠦᠮᠡᠯ᠂ ᠴᠠᠰᠤᠨ ᠴᠠᠭᠠᠷᠢᠭ ᠵᠡᠷᠭᠡ ᠡᠯ᠎ᠡ ᠲᠥᠷᠥᠯ ᠤᠨ ᠠᠵᠢᠯᠯᠠᠭ᠎ᠠ ᠶᠢ ᠥᠷᠨᠢᠭᠦᠯᠵᠦ᠂ ᠮᠥᠰᠥ ᠴᠠᠰᠤᠨ ᠳᠤ ᠪᠠᠭ᠋ᠠᠲᠠᠶ ᠰᠤᠷᠤᠭᠴᠢᠳ ᠲᠤ ᠰᠣᠯᠢᠯᠴᠠᠬᠤ ᠪᠠ ᠳᠡᠯᠭᠡᠨ ᠦᠵᠡᠭᠦᠯᠬᠦ ᠲᠠᠪᠴᠠᠩ ᠪᠠᠶᠢᠭᠤᠯᠵᠤ ᠥᠭᠭᠦᠨ᠎ᠡ᠃     ᠣᠯᠠᠨ ᠶᠠᠩᠵᠤ ᠶᠢᠨ ᠬᠥᠳᠡᠯᠭᠡᠭᠡᠨ ᠨᠢ ᠡᠪᠦᠯ ᠤᠨ ᠤᠯᠠᠷᠢᠯ ᠤᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠴᠤᠭᠯᠠᠭᠠᠨ᠂ ᠤᠷᠠᠯᠢᠭ ᠤᠨ ᠦᠵᠡᠭᠦᠯᠦᠯᠭᠡ ᠶᠢᠨ ᠲᠣᠭᠯᠠᠯᠲᠠ᠂ ᠲᠤᠬᠠᠶ ᠶᠢᠨ ᠲᠠᠯᠠᠪᠤᠷ ᠤᠨ ᠬᠠᠭᠤᠯᠤᠨ ᠵᠢᠷᠤᠬᠤ ᠵᠡᠷᠭᠡ ᠠᠵᠢᠯᠯᠠᠭ᠎ᠠ ᠶᠢ ᠡᠷᠬᠢᠯᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠴᠤᠭ ᠪᠠᠳᠠᠷᠠᠩᠭᠤᠶ᠂ ᠥᠭᠡᠳᠡᠷᠬᠡᠭ ᠪᠠᠶᠠᠰᠤᠩᠭᠤᠶ ᠤᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠭᠦᠯᠵᠦ᠂ ᠪᠡᠶ᠎ᠡ ᠰᠡᠳᠬᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃    ᠤᠯᠠᠨ ᠲᠠᠯ᠎ᠠ ᠶᠢᠨ ᠬᠢᠨ ᠬᠤᠯᠪᠣᠭᠠᠯᠠᠵᠤ ᠪᠠᠶᠢᠭᠠᠳ ᠳᠡᠭᠡᠭᠰᠢᠯᠡᠭᠦᠯᠬᠦ ᠶᠢ ᠠᠬᠢᠭᠤᠯᠪᠠ᠃ ᠵᠠᠯᠠᠨ ᠠᠶᠢᠯ ᠬᠤᠳᠠ ᠶᠢᠨ ᠰᠤᠷᠭᠠᠨ ᠬᠥᠮᠦᠵᠢᠯ ᠤᠨ  ᠲᠣᠪᠴᠢᠶ᠎ᠠ ᠨᠢ ᠰᠣᠶᠣᠯ ᠪᠡᠶ᠎ᠡ ᠶᠢᠨ ᠲᠠᠮᠢᠷ ᠵᠤᠭᠠᠴᠠᠯ ᠷᠠᠳᠢᠣ᠋ ᠲᠧᠯᠸᠢᠰ ᠤᠨ ᠲᠤᠪᠴᠢᠶ᠎ᠠ᠂ ᠠᠵᠢᠯ ᠤᠨ ᠴᠢᠯᠥᠭᠡᠨ ᠤ ᠲᠠᠮᠢᠷ ᠤᠨ ᠰᠤᠷᠭᠠᠭᠤᠯᠢ ᠲᠠᠢ ᠭᠠᠷ ᠬᠤᠯᠪᠣᠯᠴᠠᠵᠤ᠂ ᠲᠠᠩ ᠴᠠᠰᠤᠨ ᠳᠤ ᠭᠤᠯᠭᠤᠬᠤ U ᠬᠡᠯᠪᠡᠷᠢ ᠶᠢᠨ ᠲᠠᠯᠠᠪᠤᠷ ᠵᠡᠷᠭᠡ ᠴᠠᠰᠤᠨ ᠳᠡᠭᠡᠷᠡᠬᠢ ᠲᠦᠷᠦᠯ ᠵᠦᠢᠯ ᠢ ᠢᠳᠡᠪᠬᠢᠲᠡᠢ ᠥᠷᠨᠢᠭᠦᠯᠬᠦ ᠶᠢᠨ ᠬᠠᠮᠲᠤ ᠵᠠᠯᠠᠨ ᠠᠶᠢᠯ ᠬᠤᠳᠠ ᠶᠢᠨ ᠲᠠᠩ ᠴᠠᠰᠤᠨ ᠳᠤ ᠭᠤᠯᠭᠤᠬᠤ ᠠᠩᠬᠢ ᠶᠢ ᠪᠠᠶᠢᠭᠤᠯᠪᠠ᠃ ᠣᠶᠢᠷ᠎ᠠ ᠶᠢᠨ ᠵᠢᠯ ᠳᠤ᠂ 23 ᠤᠳᠠᠭ᠎ᠠ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ ᠤ ᠤᠷᠤᠯᠳᠤᠭᠠᠨ ᠳᠤ ᠣᠷᠣᠯᠴᠠᠵᠤ᠂ 13 ᠮᠠᠩᠯᠠᠶ ᠳᠤ ᠰᠢᠯᠭᠠᠷᠠᠵᠤ᠂ ᠤᠯᠤᠰ ᠤᠨ ᠠᠩᠭᠢ ᠳᠤ 4 ᠰᠢᠯᠢᠳᠡᠭ ᠲᠠᠮᠢᠷᠴᠢᠨ ᠢ ᠬᠦᠷᠭᠡᠪᠡ᠃     ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠴᠠᠰᠤᠨ ᠤ ᠲᠠᠮᠢᠷ ᠤᠨ ᠬᠥᠳᠡᠯᠭᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠰᠣᠶᠣᠯ ᠢ ᠤᠯᠠᠮᠵᠢᠯᠠᠵᠤ᠂ ᠰᠢᠨ᠎ᠡ ᠴᠠᠭ ᠦᠶ᠎ᠡ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢ ᠠᠬᠢᠭᠤᠯᠵᠤ᠂ ︽ᠬᠥᠮᠦᠨ ᠪᠦᠬᠦᠨ ᠮᠥᠰᠥ ᠴᠠᠰᠤᠨ ᠳᠤ ᠣᠷᠣᠯᠴᠠᠬᠤ ︾ ᠥᠷᠨᠢᠩᠭᠦᠶ ᠬᠥᠭᠵᠢᠯᠲᠡ ᠶᠢᠨ ᠪᠠᠶᠢᠳᠠᠯ ᠢ ᠪᠣᠶ ᠪᠣᠯᠭᠠᠬᠤ ᠪᠣᠯᠤᠨ᠎ᠠ᠃  
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ