2024 ᠣᠨ ᠤ 5.18 ᠤ ᠣᠯᠠᠨ ᠤᠯᠤᠰ ᠤᠨ ᠮᠦᠽᠧᠢ ᠶᠢᠨ ᠡᠳᠦᠷ ᠥᠪᠥᠷ ᠮᠣᠩᠭᠤᠯ ᠣᠯᠠᠨ ᠵᠦᠢᠯ ᠤᠨ ᠤᠯᠤᠰ ᠤᠨ ᠲᠠᠰ ᠤᠨ ᠲᠣᠮᠣ ᠱᠠᠩᠨᠠᠯ ᠭᠥᠷᠳᠡᠪᠡ
ᠨᠡᠶᠢᠲᠡᠯᠡᠭᠰᠡᠨ ᠴᠠᠭ᠄
2024/10/24
    2024 ᠣᠨ ᠤ 5 ᠳ᠋ᠤᠭᠠᠷ ᠰᠠᠷ᠎ᠠ ᠶᠢᠨ 18 ᠤ ᠡᠳᠦᠷ᠂ 48 ᠳ᠋ᠤᠭᠠᠷ 5.18 ᠤ ᠣᠯᠠᠨ ᠤᠯᠤᠰ ᠤᠨ ᠮᠦᠽᠧᠢ ᠶᠢᠨ ᠡᠳᠦᠷ ᠤᠨ ᠳᠤᠮᠳᠠᠳᠤ ᠤᠯᠤᠰ ᠤᠨ ᠭᠤᠣᠯ ᠬᠤᠷᠠᠯ ᠤᠨ ᠲᠠᠯᠠᠪᠠᠶ ᠶᠢᠨ ᠠᠵᠢᠯᠯᠠᠭ᠎ᠠ ᠱᠠᠨᠰᠢ ᠮᠤᠵᠢ ᠶᠢᠨ ᠰᠢ ᠠᠨ ᠬᠤᠲᠠ ᠳᠤ ᠶᠠᠪᠤᠭᠳᠠᠵᠤ᠂ ᠮᠠᠨ ᠤ ᠣᠷᠣᠨ ᠤ ᠮᠦᠽᠧᠢ ᠣᠯᠠᠨ ᠵᠦᠢᠯ ᠤᠨ ᠤᠯᠤᠰ ᠤᠨ ᠲᠠᠰ ᠤᠨ ᠲᠣᠮᠣ ᠱᠠᠩᠨᠠᠯ ᠢ ᠢᠷᠠᠭᠤ ᠠᠯᠳᠠᠷᠲᠠᠢ ᠪᠠᠷ ᠭᠥᠷᠳᠡᠪᠡ᠃    ᠨᠢᠭᠡ ᠳᠤ᠂ ᠥᠪᠥᠷ ᠮᠣᠩᠭᠤᠯ ᠤᠨ ᠮᠦᠽᠧᠢ 2024 ᠣᠨ ᠤ ︽ᠪᠥᠬᠦ ᠤᠯᠤᠰ ᠤᠨ ᠬᠠᠮᠤᠭ ᠤᠨ ᠰᠢᠨ᠎ᠡ ᠶᠢ ᠡᠭᠦᠳᠬᠦ ᠬᠦᠴᠦᠨ ᠲᠠᠢ ᠮᠦᠽᠧᠢ︾ ᠶᠢᠨ ᠢᠷᠠᠭᠤ ᠠᠯᠳᠠᠷ ᠤᠨ ᠴᠣᠯᠠ ᠶᠢ ᠭᠥᠷᠳᠡᠪᠡ᠃ ᠡᠨᠡ ᠤᠳᠠᠭ᠎ᠠ ᠰᠣᠩᠭᠤᠭᠳᠠᠭᠰᠠᠨ ᠨᠢ ᠥᠪᠥᠷ ᠮᠣᠩᠭᠤᠯ ᠤᠨ ᠮᠦᠽᠧᠢ ᠪᠥᠬᠦ ᠤᠯᠤᠰ ᠤᠨ ᠮᠦᠽᠧᠢ ᠶᠢᠨ ᠨᠢᠭᠡᠳᠦᠭᠡᠷ ᠵᠢᠭᠰᠠᠭᠠᠯ ᠳᠤ ᠣᠷᠣᠭᠰᠠᠨ ᠢ ᠬᠠᠷᠠᠭᠤᠯᠵᠤ ᠪᠠᠶᠢᠨ᠎ᠠ᠃    ᠬᠤᠶᠠᠷ ᠲᠤ᠂ ᠥᠪᠥᠷ ᠮᠣᠩᠭᠤᠯ ᠤᠨ 6 ᠮᠦᠽᠧᠢ ᠶᠢ ᠤᠯᠤᠰ ᠤᠨ ᠨᠢᠭᠡᠳᠦᠭᠡᠷ ᠳᠡᠰ ᠤᠨ ᠮᠦᠽᠧᠢ ᠳᠤ ᠳᠡᠪᠰᠢᠭᠦᠯᠪᠡ᠃ ᠥᠭᠡᠷ᠎ᠡ ᠪᠠᠷ ᠬᠡᠯᠡᠪᠡᠯ ᠥᠪᠥᠷ ᠮᠣᠩᠭᠤᠯ ᠤᠨ ᠪᠠᠶᠢᠭᠠᠯᠢ ᠶᠢᠨ ᠮᠦᠽᠧᠢ᠂ ᠬᠥᠬᠡᠬᠤᠲᠠ ᠶᠢᠨ ᠮᠦᠽᠧᠢ᠂ ᠢᠯᠢ ᠶᠢᠨ ᠲᠠᠯ᠎ᠠ ᠨᠤᠲᠤᠭ ᠤᠨ ᠰᠦᠨ ᠤ ᠰᠣᠶᠣᠯ ᠤᠨ ᠮᠦᠽᠧᠢ᠂ ᠪᠤᠭᠤᠲᠤ ᠶᠢᠨ ᠮᠦᠽᠧᠢ ᠂ ᠬᠥᠯᠥᠨ ᠪᠤᠶᠢᠷ ᠤᠨ ᠮᠦᠽᠧᠢ᠂ ᠠᠯᠠᠱᠠ ᠶᠢᠨ ᠮᠦᠽᠧᠢ ᠵᠡᠷᠭᠡ ᠪᠣᠯᠣᠨ᠎ᠠ᠂ ᠲᠠᠰ ᠳᠡᠪᠰᠢᠭᠰᠡᠨ ᠲᠤᠭ᠎ᠠ ᠨᠢ ᠪᠥᠬᠦ ᠤᠯᠤᠰ ᠲᠤ ᠲᠠᠪᠤᠳᠤᠭᠠᠷ ᠲᠤ ᠣᠷᠣᠨ᠎ᠠ᠃    ᠭᠤᠷᠪᠠ ᠳᠤ᠂ ᠣᠷᠳᠣᠰ ᠬᠤᠳᠠ ᠶᠢᠨ ᠮᠦᠽᠧᠢ ᠶᠢᠨ ︽ᠬᠠᠳᠤᠨ ᠭᠤᠣᠯ ᠲᠠᠯ᠎ᠠ ᠨᠤᠲᠤᠭ ᠢᠶᠠᠷ ᠤᠷᠤᠰᠤᠨ ᠥᠩᠭᠡᠷᠡᠨ᠎ᠡ — ᠣᠷᠳᠣᠰ ᠤᠨ ᠲᠡᠦᠬᠡ ᠰᠣᠶᠣᠯ ᠤᠨ ᠦᠵᠡᠭᠦᠯᠭᠡ︾ ᠪᠦᠬᠦ ᠤᠯᠤᠰ ᠤᠨ ᠮᠦᠽᠧᠢ ᠶᠢᠨ ᠠᠷᠪᠠᠨ ᠶᠡᠭᠡ ᠦᠵᠡᠭᠦᠯᠭᠡ ᠶᠢᠨ ᠰᠣᠳᠣᠨ ᠪᠦᠲᠦᠭᠡᠯ ᠤᠨ ᠱᠠᠩᠨᠠᠯ ᠳᠤ ᠰᠣᠩᠭᠤᠭᠳᠠᠵᠠᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠤ 3 ᠦᠵᠡᠰᠬᠦᠯᠡᠩ ᠪᠦᠬᠦ ᠤᠯᠤᠰ ᠤᠨ ᠮᠦᠽᠧᠢ ᠶᠢᠨ ᠠᠷᠪᠠᠨ ᠶᠡᠭᠡ ᠦᠵᠡᠭᠦᠯᠭᠡ ᠶᠢᠨ ᠰᠣᠳᠣᠨ ᠪᠦᠲᠦᠭᠡᠯ ᠤᠨ ᠨᠡᠷᠡᠰ ᠲᠤ ᠰᠣᠩᠭᠤᠭᠳᠠᠪᠠ᠃
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ ᠶᠢᠨ ᠮᠦᠽᠸᠢ ᠶᠢᠨ ᠭᠠᠵᠠᠷ