ᠥᠪᠥᠷ ᠮᠣᠩᠭᠤᠯ ᠤᠮᠠᠷᠠᠲᠤ ᠬᠢᠯᠢ ᠶᠢᠨ ᠭᠠᠵᠠᠷ ᠣᠷᠣᠨ ᠤ ᠣᠨᠴᠠᠯᠢᠭᠲᠤ ᠵᠢᠭᠤᠯᠴᠢᠯᠠᠯ ᠤᠨ ᠡᠬᠢ ᠪᠠᠶᠠᠯᠢᠭ ᠢ ᠭᠦᠨ ᠠᠭᠤᠳᠠᠯᠵᠤ᠂ ᠵᠢᠭᠤᠯᠴᠢᠯᠠᠭᠴᠢᠳ ᠤᠨ | ᠢᠷᠡᠯᠲᠡ ᠶᠢᠨ ᠵᠠᠬ᠎ᠠ ᠳᠡᠯᠭᠡᠭᠦᠷ ᠤᠨ ᠬᠡᠷᠡᠭᠴᠡᠭᠡ ᠶᠢ ᠤᠨᠢᠨ ᠳᠡᠭᠡᠷ᠎ᠡ ᠨᠢ ᠨᠠᠷᠢᠯᠢᠭᠵᠢᠭᠤᠯᠤᠨ ᠵᠣᠯᠭᠠᠭᠤᠯᠵᠤ᠂ ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠶᠢᠨ | ᠲᠣᠭᠤᠷᠢᠨ ᠳᠤ ᠦᠷᠭᠦᠯᠵᠢᠯᠡᠨ ᠬᠦᠴᠦᠯᠡᠵᠦ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠶᠡᠭᠡ ᠪᠠᠷ ᠠᠬᠢᠭᠤᠯᠵᠤ ᠪᠤᠢ᠃ ︽ᠵᠠᠭᠤᠨ ᠲᠦᠮᠡᠨ | ᠬᠥᠮᠥᠨ ᠤ ᠬᠠᠷᠢᠯᠴᠠᠨ ᠵᠢᠭᠤᠯᠴᠢᠯᠠᠬᠤ︾ ᠲᠥᠯᠥᠪᠯᠡᠭᠡ᠂ ︽ᠵᠢᠭᠤᠯᠴᠢᠯᠠᠭᠴᠢᠳ ᠢ ᠥᠪᠥᠷ ᠮᠣᠩᠭᠤᠯ ᠳᠤ ᠣᠷᠣᠭᠤᠯᠬᠤ︾ ᠱᠠᠩᠨᠠᠯ ᠬᠥᠬᠢᠭᠦᠯᠦᠯ ᠵᠡᠷᠭᠡ ᠣᠯᠠᠨ | ᠵᠦᠢᠯ ᠤᠨ ᠲᠥᠷᠥ ᠶᠢᠨ ᠪᠣᠳᠣᠯᠭ᠎ᠠ ᠳᠤ ᠲᠦᠰᠢᠭᠯᠡᠨ᠂ ᠥᠪᠥᠷ ᠮᠣᠩᠭᠤᠯ ︽ᠪᠠᠶᠠᠷ ᠳᠤᠷᠠᠰᠬᠠᠯ + ᠵᠢᠭᠤᠯᠴᠢᠯᠠᠯ︾᠂ ︽ᠤᠷᠠᠨ ᠲᠣᠭᠯᠠᠯᠲᠠ + ᠵᠢᠭᠤᠯᠴᠢᠯᠠᠯ︾᠂ | ︽ᠰᠣᠶᠣᠯ ᠦᠵᠡᠰᠬᠦᠯᠡᠩ + ᠵᠢᠭᠤᠯᠴᠢᠯᠠᠯ︾ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠢ ᠪᠠᠷ ᠪᠤᠶᠢᠵᠢᠭᠤᠯᠵᠤ᠂ ︽ᠲᠠᠯ᠎ᠠ ᠨᠤᠲᠤᠭ ᠲᠤ | ᠪᠣᠯᠵᠣᠵᠤ᠂ ᠨᠠᠭᠠᠳᠤᠮ ᠳᠡᠭᠡᠷ᠎ᠡ ᠠᠭᠤᠯᠵᠠᠬᠤ︾᠂ ︽ᠪᠢ ᠲᠠᠯ᠎ᠠ ᠨᠤᠲᠤᠭ ᠲᠠᠢ ᠪᠣᠯᠵᠤᠭ᠎ᠠ ᠲᠠᠢ︾ ᠵᠡᠷᠭᠡ ᠭᠤᠣᠯ ᠰᠡᠳᠦᠪᠲᠦ ᠠᠵᠢᠯᠯᠠᠭ᠎ᠠ ᠶᠢᠨ ᠨᠠᠷᠠᠲᠤ ᠲᠥᠷᠥᠯ | ᠲᠡᠮᠳᠡᠭᠲᠦ ᠶᠢ ᠪᠣᠶ ᠪᠣᠯᠭᠠᠵᠤ᠂ ᠨᠢᠭᠡ ᠪᠦᠯᠦᠭ ︽ᠡᠭᠦᠳᠡ ᠪᠠᠨ ᠨᠡᠭᠡᠭᠡᠵᠦ ᠦᠵᠡᠮᠵᠢ ᠰᠤᠨᠢᠷᠬᠠᠭᠤᠯᠬᠤ︾᠂ ᠳᠠᠷᠤᠢ ︽ᠬᠥᠭᠵᠢᠶᠡᠨ ᠲᠠᠢ︾ ᠭᠤᠣᠯᠳᠠᠯᠭ᠎ᠠ ᠲᠠᠢ | ᠲᠥᠷᠥᠯ ᠵᠦᠢᠯ ᠢ ᠪᠣᠶ ᠪᠣᠯᠭᠠᠵᠤ᠂ ︽ᠰᠣᠳᠣᠨ ᠪᠦᠲᠦᠭᠡᠯ ᠢᠶᠠᠷ ᠳᠠᠶᠢᠴᠢᠯᠠᠬᠤ᠂ ᠣᠯᠠᠨ ᠲᠠᠯ᠎ᠠ ᠪᠠᠷ ᠲᠤᠯᠭᠠᠭᠤᠷᠢᠯᠠᠬᠤ᠂ ᠠᠵᠤ ᠦᠢᠯᠡᠰ ᠢ ᠠᠭᠤᠰᠤᠯᠴᠠᠭᠤᠯᠬᠤ︾ | ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠠᠩᠬ᠎ᠠ ᠠᠯᠬᠤᠮ ᠪᠣᠶ ᠪᠣᠯᠭᠠᠪᠠ᠃ | ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠥᠪᠥᠷ ᠮᠣᠩᠭᠤᠯ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ 12210.79 ᠲᠦᠮᠡᠨ ᠬᠥᠮᠥᠨ ᠤᠳᠠᠭ᠎ᠠ | ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 32.94% ᠨᠡᠮᠡᠭᠳᠡᠪᠡ︔ ᠪᠥᠬᠦ ᠣᠷᠣᠨ ᠤ ᠭᠥᠯᠢᠶᠡᠨ ᠠᠪᠤᠭᠰᠠᠨ ᠤᠯᠤᠰ ᠤᠨ ᠳᠣᠲᠣᠭᠠᠳᠤ ᠶᠢᠨ | ᠵᠢᠭᠤᠯᠴᠢᠯᠠᠭᠴᠢᠳ ᠤᠨ ᠪᠥᠬᠦ ᠬᠡᠷᠡᠭᠯᠡᠭᠡ 1700.57 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 43.50% ᠪᠠᠷ ᠨᠡᠮᠡᠭᠳᠡᠪᠡ | ᠃ ᠥᠪᠥᠷ ᠮᠣᠩᠭᠤᠯ ᠤᠨ ᠵᠢᠭᠤᠯᠴᠢᠯᠠᠯ ᠤᠨ ᠬᠥᠭᠵᠢᠯᠲᠡ ᠶᠢᠨ ᠳᠠᠪᠠᠭᠤᠯᠢᠭ ᠨᠢ ᠶᠠᠭ ᠪᠠᠶᠢᠭᠠᠯᠢ ᠶᠢᠨ ᠥᠩᠭᠡ ᠦᠵᠡᠮᠵᠢ ᠪᠣᠯᠣᠨ ᠰᠣᠶᠣᠯ ᠢᠷᠭᠡᠨᠰᠢᠯ ᠤᠨ ᠵᠠᠩ | ᠦᠢᠯᠡ ᠠᠴᠠ ᠪᠠᠨ ᠵᠣᠯ ᠵᠢᠷᠭᠠᠯᠲᠤ ᠠᠮᠢᠳᠤᠷᠠᠯ ᠤᠨ ᠠᠬᠤᠢ ᠪᠠᠶᠢᠳᠠᠯ᠂ ᠤᠯᠠᠨ ᠶᠠᠩᠵᠤ ᠶᠢᠨ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠳᠤ ᠬᠦᠷᠲᠡᠯ᠎ᠡ | ᠥᠷᠭᠡᠵᠢᠵᠦ ᠪᠤᠢ᠃ ᠥᠪᠡᠷᠲᠡᠭᠡᠨ ᠲᠡᠷᠭᠡ ᠵᠢᠯᠤᠭᠤᠳᠬᠤ ᠵᠢᠭᠤᠯᠴᠢᠯᠠᠯ᠂ ᠬᠡᠭᠡᠷ᠎ᠡ ᠪᠠᠭᠤᠳᠠᠯᠯᠠᠬᠤ ᠵᠢᠭᠤᠯᠴᠢᠯᠠᠯ᠂ ᠠᠮᠠᠷᠠᠯᠲᠠ ᠶᠢᠨ ᠵᠢᠭᠤᠯᠴᠢᠯᠠᠯ ᠪᠠ ᠡᠷᠡᠭᠦᠯ | ᠮᠡᠨᠳᠦ ᠶᠢᠨ ᠰᠤᠪᠢᠯᠠᠯᠲᠠ ᠶᠢᠨ ᠵᠢᠭᠤᠯᠴᠢᠯᠠᠯ ᠢ ᠬᠦᠴᠦᠯᠡᠨ ᠪᠠᠶᠢᠭᠤᠯᠬᠤ ᠪᠠᠷ ᠳᠡᠮᠵᠢᠨ᠂ ᠥᠪᠥᠷ ᠮᠣᠩᠭᠤᠯ ᠤᠨ ᠵᠢᠭᠤᠯᠴᠢᠯᠠᠯ ᠤᠨ ᠦᠢᠯᠡᠰ ᠶᠠᠭ ᠵᠤᠭᠠᠴᠠᠨ | ᠲᠣᠭᠤᠷᠢᠬᠤ᠂ ᠰᠡᠯᠡᠭᠦᠴᠡᠬᠦ᠂ ᠠᠮᠠᠷᠠᠯᠲᠠ ᠶᠢᠨ ᠬᠤᠭᠤᠴᠠᠭ᠎ᠠ ᠶᠢ ᠵᠣᠬᠢᠴᠠᠩᠭᠤᠢ ᠪᠠᠷ ᠬᠥᠭᠵᠢᠭᠦᠯᠬᠦ ᠶᠢ ᠪᠡᠶᠡᠯᠡᠭᠦᠯᠵᠦ ᠪᠠᠶᠢᠨ᠎ᠠ᠃ |