ᠪᠠᠶᠠᠷ ᠤᠨ ᠡᠳᠦᠷ ᠤᠨ ᠠᠭᠤᠷ ᠠᠮᠢᠰᠬᠤᠯ ᠪᠢᠯᠬᠠᠨ ᠽᠦᠩᠽᠢ ᠶᠢᠨ ᠦᠨᠦᠷ ᠬᠠᠩᠬᠤᠯᠵᠤ᠂ ᠴᠡᠯᠡᠭᠡᠷ ᠲᠠᠯ᠎ᠠ ᠳᠤ ᠪᠠᠨ ᠮᠤᠷᠢ ᠲᠤᠪᠲᠤᠯᠭᠠᠨ ᠲᠠᠭᠤᠤ ᠪᠠᠨ | ᠬᠠᠩᠭᠢᠨᠠᠭᠤᠯᠤᠨ᠎ᠠ᠃ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠨᠣᠭᠤᠭᠠᠨ ᠥᠩᠭᠡ ᠪᠠᠷ ᠲᠠᠪᠴᠠᠩ ᠪᠣᠯᠭᠠᠨ ᠭᠤᠶᠢᠲᠠ ᠰᠠᠶᠢᠬᠠᠨ ᠳᠠᠭᠤᠤ | ᠪᠥᠵᠢᠭ ᠤᠨ ᠲᠣᠭᠯᠠᠯᠲᠠ ᠪᠠᠷ ᠢᠶᠠᠨ ︽ᠴᠡᠯᠡᠭᠡᠷ ᠲᠠᠯ᠎ᠠ︾ ᠪᠠᠨ ᠴᠢᠮᠡᠭᠯᠡᠵᠦ᠂ ᠰᠣᠶᠣᠯ ᠵᠢᠭᠤᠯᠴᠢᠯᠠᠯ ᠤᠨ ᠦᠢᠯᠡᠰ ᠲᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ | ᠃ | ᠮᠤᠩᠭᠤᠯ ᠭᠡᠷ᠂ ᠬᠠᠰᠠᠭ ᠲᠡᠷᠭᠡ᠂ ᠲᠠᠯ᠎ᠠ ᠨᠤᠲᠤᠭ᠂ ᠠᠳᠤᠭᠤᠴᠢᠨ ᠁ ᠤᠷᠲᠤ ᠶᠢᠨ ᠳᠠᠭᠤᠤ ᠬᠠᠩᠭᠢᠨᠠᠮ᠎ᠠ ᠴᠤᠤᠷᠢᠶᠠᠲᠤᠨ᠂ ᠤᠷᠠᠨ ᠰᠠᠶᠢᠬᠠᠨ ᠲᠠᠭᠤᠤ | ᠪᠦᠵᠢᠭ ᠴᠡᠯᠡᠭᠡᠷ ᠲᠠᠯ᠎ᠠ ᠳᠤ ᠲᠡᠯᠭᠡᠭᠲᠡᠨᠡ᠃ ᠤᠯᠠᠭᠠᠨᠮᠦ᠋ᠴᠢᠷ ᠤᠨ ᠭᠡᠰᠢᠭᠦᠳ ᠭᠤᠶᠢᠳᠠ ᠰᠠᠶᠢᠬᠠᠨ ᠦᠨᠳᠦᠰᠦᠲᠡᠨ ᠤ ᠬᠤᠪᠴᠠᠰᠤ ᠵᠠᠰᠠᠯ ᠢᠶᠠᠷ ᠢᠶᠠᠨ᠂ ᠨᠠᠷᠢᠨ ᠨᠢᠮᠪᠠᠶ | ᠨᠠᠶᠢᠷᠠᠭᠤᠯᠤᠭᠰᠠᠨ ᠥᠯᠢᠭᠡᠷ ᠦᠢᠯᠡ ᠶᠠᠪᠤᠳᠠᠯ ᠢᠶᠠᠷ ᠳᠠᠮᠵᠢᠭᠤᠯᠤᠨ᠂ ᠮᠣᠷᠢᠨ ᠬᠤᠭᠤᠷ᠂ ᠤᠷᠲᠤ ᠶᠢᠨ ᠳᠠᠭᠤᠤ᠂ ᠬᠦᠭᠡᠮᠡᠢ᠂ ᠳᠠᠭᠤᠤ ᠪᠥᠵᠢᠭ ᠤᠨ ᠲᠣᠭᠯᠠᠯᠲᠠ ᠪᠠᠨ | ᠡᠷᠭᠦᠨ᠂ ᠤᠯᠠᠭᠠᠨᠮᠥ᠋ᠴᠢᠷ ᠤᠨ ᠭᠡᠰᠢᠭᠦᠳ ᠤᠨ ᠮᠠᠯᠴᠢᠨ ᠲᠠᠷᠢᠶᠠᠴᠢᠨ ᠤ ᠠᠮᠢᠳᠤᠷᠠᠯ ᠳᠤ ᠭᠦᠨᠵᠡᠭᠡᠶᠢᠷᠡᠭᠰᠡᠨ ᠬᠠᠯᠠᠭᠤᠨ ᠳᠤᠯᠠᠭᠠᠨ ᠦᠵᠡᠭᠳᠡᠯ ᠢ ᠢᠯᠡᠷᠡᠭᠦᠯᠪᠡ᠃ | ᠬᠥᠬᠡᠮᠳᠦᠭ ᠲᠡᠭᠷᠢ ᠶᠢᠨ ᠲᠤᠤᠷ᠎ᠠ ᠬᠦᠬᠡ ᠡᠪᠡᠰᠦᠨ ᠳᠤ ᠠᠳᠤᠭᠤ ᠮᠠᠯ ᠪᠡᠯᠴᠢᠨ᠂ ᠭᠤᠶᠢᠲᠠ ᠰᠠᠶᠢᠬᠠᠨ ᠲᠠᠭᠤᠤ ᠪᠥᠵᠢᠭ ᠤᠷᠴᠢᠨ ᠢᠶᠠᠨ ᠲᠤᠭᠤᠷᠢᠨ ᠪᠦᠷᠭᠦᠵᠦ᠂ | ᠲᠠᠯ᠎ᠠ ᠨᠤᠲᠤᠭ ᠲᠤ ᠡᠪᠡᠰᠦ ᠬᠥᠬᠡᠷᠡᠨ ᠮᠢᠷᠠᠯᠵᠠᠵᠤ᠂ ᠤᠪᠤᠭᠠᠨ ᠤ ᠠᠭᠤᠯᠵᠠᠯᠲᠠ ᠤᠭᠲᠠᠷᠭᠤᠢ ᠶᠢᠨ ᠰᠠᠷ᠎ᠠ ᠶᠢ ᠢᠴᠢᠭᠡᠨᠡ᠃ ᠬᠠᠳᠠᠭ ᠡᠷᠭᠦᠬᠦ᠂ | ᠵᠢᠭᠤᠯᠴᠢᠯᠠᠭᠴᠢᠳ ᠢ ᠤᠷᠢᠵᠤ ᠬᠠᠮᠲᠤ ᠪᠦᠵᠢᠭᠯᠡᠬᠦ ᠵᠡᠷᠭᠡ ᠪᠦᠲᠦᠭᠡᠯᠴᠢ ᠦᠢᠯᠡᠳᠦᠯᠴᠡᠯ ᠤᠨ ᠠᠵᠢᠯᠯᠠᠭ᠎ᠠ᠂ ᠵᠢᠭᠤᠯᠴᠢᠯᠠᠭᠴᠢᠳ ᠤᠨ ᠪᠡᠶᠡᠴᠢᠯᠡᠨ ᠦᠩᠭᠡᠷᠡᠯᠲᠡ ᠶᠢ | ᠪᠠᠶᠠᠯᠢᠭᠵᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠥᠪᠡᠷᠮᠢᠴᠡ ᠷᠢᠳᠢ ᠰᠢᠳᠢ ᠶᠢ ᠳᠡᠯᠭᠡᠨ ᠦᠵᠡᠭᠦᠯᠵᠦ᠂ ᠮᠠᠷᠲᠠᠭᠳᠠᠰᠢ ᠦᠭᠡᠢ ᠤᠮᠠᠷᠠᠲᠤ ᠬᠢᠯᠢ ᠶᠢᠨ | ᠳᠤᠷᠠᠰᠤᠮᠵᠢ ᠶᠢ ᠬᠠᠮᠲᠤ ᠪᠠᠷ ᠵᠢᠷᠤᠭᠯᠠᠪᠠ ᠃ |