2024 ᠣᠨ ᠤ 8 ᠳ᠋ᠤᠭᠠᠷ ᠰᠠᠷ᠎ᠠ ᠶᠢᠨ 1 ᠠᠴᠠ 2 ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠣᠮ ᠤᠨ ᠰᠠᠩ ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠲᠤᠯᠭᠤᠷ ᠪᠢᠴᠢᠭ ᠴᠤᠭᠯᠠᠭᠤᠯᠬᠤ ᠰᠤᠳᠤᠯᠭᠠᠨ ᠤ ᠲᠠᠰᠤᠭ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠣᠮ ᠤᠨ ᠰᠠᠩ ᠤᠨ ᠨᠡᠶᠢᠭᠡᠮᠯᠢᠭ᠂ ᠬᠢᠩᠭᠠᠨ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠶᠢᠨ ᠬᠠᠮᠲᠤᠷᠠᠨ | ᠡᠷᠬᠢᠯᠡᠭᠰᠡᠡ ᠪᠦᠬᠦ ᠣᠷᠣᠨ ᠤ ︽ᠡᠷᠲᠡᠨ ᠡᠳᠦᠭᠡ ᠶᠢᠨ ᠰᠣᠩᠭᠤᠳᠠᠭ ᠵᠣᠬᠢᠶᠠᠯ ᠢ ᠤᠩᠰᠢᠵᠤ ᠳᠤᠮᠳᠠᠳᠤ ᠶᠢᠨ ᠰᠣᠶᠣᠯ ᠢ ᠤᠯᠠᠮᠵᠢᠯᠠᠶ᠎ᠠ︾ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠰᠢᠯᠦᠭ ᠤᠶᠠᠩᠭᠠᠯᠠᠬᠤ | ᠰᠣᠯᠢᠯᠴᠠᠭᠠᠨ ᠤ ᠠᠵᠢᠯᠯᠠᠭ᠎ᠠ ᠵᠢᠴᠢ ︽ᠨᠠᠮ ᠢᠶᠠᠨ ᠮᠠᠭᠲᠠᠨ ᠤᠶᠠᠩᠭᠠᠯᠠᠵᠤ ᠡᠬᠡ ᠤᠯᠤᠰ ᠢᠶᠠᠨ ᠳᠠᠭᠤᠯᠠᠨ ᠮᠠᠭᠲᠠᠵᠤ ᠨᠤᠲᠤᠭ ᠤᠰᠤ ᠪᠠᠨ ᠤᠶᠠᠩᠭᠠᠯᠠᠨ ᠮᠠᠭᠲᠠᠬᠤ︾ | ᠶᠢᠰᠦᠳᠦᠭᠡᠷ ᠬᠤᠭᠤᠴᠠᠭᠠᠨ ᠤ ᠪᠦᠬᠦ ᠣᠷᠣᠨ ᠤ ᠪᠠᠭᠠᠴᠤᠳ ᠬᠡᠦᠬᠡᠳ ᠤᠨ ᠰᠢᠯᠦᠭ ᠤᠶᠠᠩᠭᠠᠯᠠᠨ ᠤᠩᠰᠢᠬᠤ ᠠᠵᠢᠯᠯᠠᠭ᠎ᠠ ᠬᠢᠩᠭᠠᠨ ᠠᠶᠢᠮᠠᠭ ᠤᠨ ᠤᠯᠠᠭᠠᠨᠬᠤᠲᠠ ᠳᠤ | ᠤᠷᠤᠭᠰᠢᠲᠠᠢ ᠶᠠᠪᠤᠭᠳᠠᠪᠠ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠮ ᠤᠨ ᠰᠠᠩ ᠤᠨ ᠨᠠᠮ ᠤᠨ | ᠶᠡᠷᠦᠩᠬᠡᠢ ᠡᠭᠦᠷ ᠤᠨ ᠱᠦᠵᠢ᠂ ᠨᠣᠮ ᠤᠨ ᠰᠠᠩ ᠤᠨ ᠳᠠᠷᠤᠭ᠎ᠠ ᠾᠧ ᠶᠠ ᠷᠦᠢ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ | ᠬᠡᠯᠲᠡᠰ ᠤᠨ ᠳᠡᠳ᠋ ᠳᠠᠷᠤᠭ᠎ᠠ᠂ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ | ᠮᠠ ᠴᠧᠩ ᠵᠢᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠲᠤᠯᠭᠤᠷ ᠪᠢᠴᠢᠭ ᠡᠯᠰᠡᠬᠦ ᠰᠤᠳᠤᠯᠭᠠᠨ ᠤ | ᠲᠠᠰᠤᠭ ᠤᠨ ᠳᠡᠳ᠋ ᠳᠠᠷᠤᠭ᠎ᠠ ᠯᠢ ᠯᠢ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠢ᠃ ᠲᠣᠰ ᠤᠳᠠᠭᠠᠨ ᠤ ᠠᠵᠢᠯᠯᠠᠭ᠎ᠠ ᠳᠤ ᠪᠥᠬᠦ ᠣᠷᠣᠨ ᠤ ᠡᠯ᠎ᠡ ᠠᠶᠢᠮᠠᠭ | ᠬᠤᠲᠠ ᠶᠢᠨ 500 ᠭᠠᠷᠤᠢ ᠵᠠᠯᠠᠭᠤᠴᠤᠳ ᠪᠠᠭᠠᠴᠤᠳ ᠨᠡᠷ᠎ᠡ ᠮᠡᠳᠡᠭᠦᠯᠵᠦ ᠣᠷᠣᠯᠴᠠᠭᠰᠠᠨ ᠪᠥᠭᠡᠳ ᠡᠴᠦᠰ ᠲᠤ ᠪᠠᠨ 77 ᠣᠷᠤᠯᠴᠠᠭᠴᠢ ᠶᠢ ᠰᠣᠩᠭᠤᠨ | ᠲᠤᠬᠠᠢ ᠶᠢᠨ ᠲᠠᠯᠠᠪᠤᠷ ᠲᠤ ᠢᠷᠡᠭᠦᠯᠵᠦ ᠤᠷᠠᠨ ᠤᠩᠰᠢᠯᠭ᠎ᠠ ᠶᠢᠨ ᠰᠣᠯᠢᠯᠴᠠᠭ᠎ᠠ ᠬᠢᠵᠡᠢ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠶᠡᠷᠦ | ᠪᠤᠰᠤ ᠶᠢᠨ ᠬᠦᠷ ᠬᠥᠭᠵᠢᠶᠡᠨ ᠲᠠᠢ ᠪᠠᠶᠢᠵᠤ᠂ ᠵᠠᠯᠠᠭᠤᠴᠤᠳ ᠪᠠᠭᠠᠴᠤᠳ ᠣᠷᠭᠢᠯᠤᠮ᠎ᠠ ᠬᠠᠯᠠᠭᠤᠨ ᠰᠡᠳᠬᠢᠯᠭᠡ ᠲᠠᠢ ᠤᠷᠠᠨ ᠤᠩᠰᠢᠯᠭ᠎ᠠ ᠪᠠᠷ ᠢᠶᠠᠨ ᠬᠥᠮᠥᠰ ᠤᠨ | ᠰᠡᠳᠬᠢᠯ ᠢ ᠳᠣᠭᠳᠤᠯᠤᠭᠤᠯᠵᠠᠢ᠃ | ᠲᠤᠰ ᠤᠳᠠᠭ᠎ᠠ ᠶᠢᠨ ᠠᠵᠢᠯᠯᠠᠭ᠎ᠠ ᠨᠢ ᠰᠢᠯᠦᠭ ᠤᠶᠠᠩᠭᠠᠯᠠᠬᠤ ᠬᠡᠯᠪᠡᠷᠢ ᠪᠠᠷ ᠵᠠᠯᠠᠭᠤᠴᠤᠳ ᠪᠠᠭᠠᠴᠤᠳ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠤᠯᠠᠮ ᠴᠠᠭᠠᠰᠢᠳᠠ ᠪᠠᠲᠤᠳᠬᠠᠵᠤ᠂ ᠨᠠᠮ ᠪᠣᠯᠣᠨ ᠤᠯᠤᠰ ᠤᠨ ᠲᠤᠬᠠᠢ ᠬᠠᠶᠢᠷ᠎ᠠ ᠰᠡᠳᠬᠢᠯᠭᠡ ᠶᠢ ᠴᠢᠩᠭᠠᠳᠬᠠᠨ᠂ ᠨᠠᠮ ᠪᠣᠯᠣᠨ | ᠤᠯᠤᠰ ᠤᠨ ᠲᠡᠦᠬᠡ ᠶᠢᠨ ᠬᠥᠭᠵᠢᠯᠲᠡ ᠶᠢᠨ ᠠᠬᠢᠴᠠ ᠶᠢ ᠨᠡᠩ ᠭᠦᠨᠵᠡᠭᠡᠢ ᠣᠶᠢᠯᠠᠭᠠᠭᠤᠯᠵᠤ᠂ ᠰᠣᠩᠭᠤᠳᠠᠭ ᠵᠣᠬᠢᠶᠠᠯ ᠢ ᠤᠶᠠᠩᠭᠠᠯᠠᠨ ᠤᠩᠰᠢᠬᠤ ᠪᠠᠷ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠬᠤ ᠶᠢ ᠵᠣᠷᠢᠭᠰᠠᠨ ᠶᠤᠮ᠃ ᠬᠤᠶᠢᠰᠢᠳᠠ ᠡᠶᠢᠮᠦᠷᠬᠦᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ | ᠥᠷᠭᠡᠨ ᠣᠯᠠᠨ ᠵᠠᠯᠠᠭᠤᠴᠤᠳ ᠪᠠᠭᠠᠴᠤᠳ ᠲᠤ ᠥᠪᠡᠷ ᠢ ᠪᠠᠨ ᠣᠯᠠᠨ ᠳᠤ ᠦᠵᠡᠭᠦᠯᠬᠦ᠂ ᠥᠪᠡᠷ ᠢ ᠪᠠᠨ ᠢᠯᠠᠨ ᠳᠠᠪᠠᠭ᠋ᠤ ᠲᠠᠪᠴᠠᠩ ᠬᠠᠩᠭᠠᠨ᠂ ᠥᠷᠭᠡᠨ ᠣᠯᠠᠨ | ᠵᠠᠯᠠᠭᠤᠴᠤᠳ ᠪᠠᠭᠠᠴᠤᠳ ᠤᠨ ᠰᠠᠶᠢᠨ ᠰᠠᠶᠢᠬᠠᠨ ᠤᠩᠰᠢᠯᠭ᠎ᠠ ᠶᠢᠨ ᠳᠠᠳᠬᠠᠯ ᠲᠠᠢ ᠪᠣᠯᠬᠤ ᠳᠤ ᠬᠦᠴᠦᠨ ᠨᠡᠮᠡᠷᠢᠯᠡᠨ᠎ᠡ ᠭᠡᠵᠡᠢ᠃ ᠢᠷᠡᠭᠡᠳᠦᠢ ᠳᠤ ᠨᠡᠩ ᠣᠯᠠᠨ | ᠵᠠᠯᠠᠭᠤᠴᠤᠳ ᠪᠠᠭᠠᠴᠤᠳ ᠰᠢᠯᠦᠭ ᠳᠠᠭᠤᠯᠠᠯ ᠳᠤ ᠬᠠᠶᠢᠷᠠᠲᠠᠢ ᠪᠣᠯᠵᠤ᠂ ᠡᠷᠲᠡᠨ ᠡᠳᠦᠭᠡ ᠶᠢᠨ ᠰᠣᠩᠭᠤᠳᠠᠭ ᠪᠦᠲᠦᠭᠡᠯ ᠢ ᠤᠯᠠᠮᠵᠢᠯᠠᠨ ᠪᠠᠳᠠᠷᠠᠭᠤᠯᠵᠤ᠂ | ᠳᠤᠮᠳᠠᠳᠤ ᠶᠢᠨ ᠰᠣᠶᠣᠯ ᠢ ᠦᠨᠢ ᠡᠭᠦᠷᠢᠳᠡ ᠳᠠᠭᠤᠷᠢᠰᠤᠭᠤᠯᠤᠨ᠎ᠠ᠃ |