ᠣᠶᠢᠷ᠎ᠠ ᠳᠤ᠂ ᠥᠪᠥᠷ ᠮᠣᠩᠭᠤᠯ ᠤᠨ ᠵᠡᠭᠦᠨᠭᠠᠷ ᠬᠤᠰᠢᠭᠤᠨ ᠤ ᠡᠷᠲᠡᠨ ᠤ ᠬᠤᠲᠠ ᠶᠢᠨ ᠨᠡᠭᠦᠷᠡᠰᠦᠨ ᠠᠭᠤᠷᠬᠠᠢ ᠶᠢᠨ ᠵᠠᠳᠠᠭᠠᠢ ᠨᠡᠭᠡᠭᠡᠨ ᠮᠠᠯᠲᠠᠬᠤ | ᠳᠥᠷᠪᠡᠳᠦᠭᠡᠷ ᠬᠤᠭᠤᠴᠠᠭᠠᠨ ᠤ ᠲᠥᠷᠥᠯ ᠵᠦᠢᠯ ᠳᠤ ᠬᠠᠮᠵᠢᠯᠴᠠᠬᠤ ᠶᠢᠨ ᠲᠥᠯᠥᠭᠡ᠂ ᠬᠠᠭᠤᠴᠢ ᠰᠤᠳᠤᠯᠤᠯ ᠤᠨ ᠠᠵᠢᠯᠲᠠᠳ ᠵᠡᠭᠦᠨᠭᠠᠷ ᠬᠤᠰᠢᠭᠤᠨ ᠤ ᠡᠯ ᠴᠠᠩ | ᠴᠢᠦᠢ ᠡᠷᠲᠡᠨ ᠤ ᠬᠤᠲᠠ ᠶᠢᠨ ᠣᠶᠢᠷ᠎ᠠ ᠬᠠᠪᠢ ᠶᠢᠨ ᠣᠩᠭᠤᠨ ᠤ ᠰᠦᠷᠦᠭ ᠢ ᠠᠭᠤᠳᠠᠯᠵᠤ᠂ 49 ᠲᠣᠭᠤᠰᠬᠠᠨ ᠥᠷᠥᠭᠡᠨ ᠤ ᠣᠩᠭᠤᠨ ᠵᠢᠴᠢ 7 ᠵᠢᠵᠢᠭ | ᠬᠡᠯᠪᠡᠷᠢ ᠶᠢᠨ ᠰᠢᠷᠣᠢ ᠶᠢᠨ ᠨᠦᠬᠡ ᠶᠢᠨ ᠪᠣᠰᠤᠭ᠎ᠠ ᠠᠭᠤᠢ ᠶᠢᠨ ᠣᠩᠭᠤᠨ ᠢ ᠴᠡᠪᠡᠷᠯᠡᠭᠰᠡᠨ ᠪᠥᠭᠡᠳ ᠣᠶᠢᠷ᠎ᠠ ᠬᠠᠪᠢ ᠶᠢᠨ ᠨᠢᠭᠡᠨ ᠪᠠᠷᠢᠯᠭ᠎ᠠ ᠶᠢᠨ ᠰᠠᠭᠤᠷᠢ ᠶᠢ | ᠠᠭᠤᠳᠠᠯᠤᠭᠰᠠᠨ ᠪᠠᠶᠢᠨ᠎ᠠ᠃ ᠠᠭᠤᠳᠠᠯᠤᠨ ᠮᠠᠯᠲᠠᠬᠤ ᠪᠠ ᠰᠤᠳᠤᠯᠬᠤ ᠪᠠᠷ ᠳᠡᠮᠵᠢᠨ᠂ ᠬᠠᠭᠤᠴᠢ ᠰᠤᠳᠤᠯᠤᠭᠴᠢᠳ ᠣᠩᠭᠤᠨ ᠤ ᠰᠦᠷᠦᠭ ᠤᠨ ᠭᠤᠣᠯ ᠴᠣᠭᠴᠠ ᠶᠢᠨ | ᠣᠨ ᠵᠢᠯ ᠢ ᠤᠮᠠᠷᠠᠲᠤ ᠰᠦᠩ ᠤᠯᠤᠰ ᠤᠨ ᠡᠬᠢᠨ ᠤ ᠦᠶ᠎ᠡ ᠭᠡᠵᠦ ᠠᠩᠬ᠎ᠠ ᠠᠯᠬᠤᠮ ᠮᠠᠭᠠᠳᠯᠠᠨ ᠲᠣᠭᠲᠠᠭᠠᠵᠤ᠂ ᠣᠩᠭᠤᠨ ᠤ ᠰᠦᠷᠦᠭ ᠤᠨ ᠢᠯᠡᠷᠡᠭᠦᠯᠦᠯᠲᠡ ᠨᠢ | ᠤᠮᠠᠷᠠᠲᠤ ᠰᠦᠩ ᠤᠯᠤᠰ ᠤᠨ ᠹᠸᠡᠭᠵᠸᠤ ᠶᠢᠨ ᠬᠠᠭᠤᠴᠢᠨ ᠬᠤᠲᠠ ᠶᠢᠨ ᠰᠤᠳᠤᠯᠭᠠᠨ ᠳᠤ ᠰᠢᠨ᠎ᠡ ᠭᠡᠷᠡᠴᠢ ᠨᠡᠮᠡᠷᠢᠯᠡᠭᠰᠡᠨ ᠪᠠᠶᠢᠨ᠎ᠠ᠃ | ᠪᠤᠯᠠᠰᠢᠨ ᠠᠴᠠ ᠣᠯᠳᠠᠭᠰᠠᠨ ᠦᠯᠡᠳᠡᠭᠳᠡᠯ ᠡᠳ᠋ ᠨᠢ ᠭᠤᠣᠯᠳᠠᠭᠤ ᠸᠠᠭᠠᠷ ᠱᠠᠭᠠᠵᠠᠩ ᠰᠠᠪᠠ ᠪᠠᠷ ᠭᠤᠣᠯᠯᠠᠵᠤ᠂ ᠵᠣᠬᠢᠬᠤ ᠲᠣᠭᠠᠨ ᠤ ᠵᠡᠰ ᠪᠠᠭᠠᠵᠢ᠂ ᠲᠡᠮᠦᠷ | ᠪᠠᠭᠠᠵᠢ᠂ ᠴᠢᠯᠠᠭᠤᠨ ᠪᠠᠭᠠᠵᠢ ᠵᠡᠷᠭᠡ ᠶᠢ ᠮᠠᠯᠲᠠᠵᠤ ᠭᠠᠷᠭᠠᠭᠰᠠᠨ ᠪᠠᠶᠢᠨ᠎ᠠ᠃ ᠬᠠᠭᠤᠴᠢ ᠰᠤᠳᠤᠯᠤᠯ ᠤᠨ ᠠᠵᠢᠯᠲᠠᠨ ᠢᠯᠡᠷᠬᠡᠶᠢᠯᠡᠬᠦ ᠳᠤ ᠪᠠᠨ᠂ ᠲᠣᠰ ᠤᠳᠠᠭᠠᠨ ᠤ | ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠠᠵᠢᠯ ᠨᠢ ᠤᠮᠠᠷᠠᠲᠤ ᠰᠥᠩ ᠤᠯᠤᠰ ᠤᠨ ᠹᠧᠩᠵᠸᠤ ᠶᠢᠨ ᠬᠠᠭᠤᠴᠢᠨ ᠬᠤᠲᠠ ᠶᠢᠨ ᠰᠤᠳᠤᠯᠭᠠᠨ ᠳᠤ ᠰᠢᠨ᠎ᠡ | ᠮᠠᠲ᠋ᠧᠷᠢᠶᠠᠯ ᠪᠠ ᠬᠠᠷᠠᠭᠠᠰᠤ ᠬᠠᠩᠭᠠᠵᠤ᠂ ᠡᠨᠡ ᠬᠦ ᠲᠡᠦᠬᠡᠨ ᠴᠠᠭ ᠦᠶ᠎ᠡ ᠶᠢᠨ ᠭᠤᠣᠯ ᠤᠨ ᠭᠠᠳᠠᠨᠠᠬᠢ ᠭᠤᠷᠪᠠᠨ ᠵᠧᠦ ᠣᠷᠣᠨ ᠤ ᠨᠡᠶᠢᠭᠡᠮ ᠤᠨ ᠪᠦᠲᠦᠴᠡ᠂ ᠠᠵᠤ | ᠠᠬᠤᠢ ᠶᠢᠨ ᠬᠡᠯᠪᠡᠷᠢ᠂ ᠰᠣᠶᠣᠯ ᠤᠨ ᠣᠨᠴᠠᠯᠢᠭ ᠵᠢᠴᠢ ᠦᠨᠳᠦᠰᠦᠲᠡᠨ ᠤ ᠬᠠᠷᠢᠴᠠᠭ᠎ᠠ ᠶᠢ ᠨᠠᠩ ᠪᠥᠬᠦ ᠲᠠᠯ᠎ᠠ ᠪᠠᠷ᠂ ᠭᠦᠨᠵᠡᠭᠡᠢ ᠣᠶᠢᠯᠠᠭᠠᠬᠤ ᠳᠤ ᠠᠰᠢᠭᠲᠠᠢ ᠶᠤᠮ | ᠭᠡᠵᠡᠢ᠃ |