7 ᠳ᠋ᠤᠭᠠᠷ ᠰᠠᠷ᠎ᠠ ᠶᠢᠨ 11 ᠤ ᠡᠳᠦᠷ᠂ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠤ ᠤᠯᠠᠮᠵᠢᠯᠠᠯᠲᠤ ᠭᠠᠷ ᠤᠷᠠᠯᠠᠯ ᠤᠨ ᠣᠷᠳᠣᠨ ᠪᠣᠳᠠᠰ ᠤᠨ | ᠪᠤᠰᠤ ᠰᠣᠶᠣᠯ ᠤᠨ ᠥᠪ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠰᠤᠷᠭᠠᠨ ᠬᠦᠮᠦᠵᠢᠯ ᠤᠨ ᠠᠵᠢᠯᠯᠠᠭᠠᠨ ᠤ ᠤᠯᠠᠮᠵᠢᠯᠠᠯᠲᠤ ᠭᠠᠷ ᠤᠷᠠᠯᠠᠯ ᠤᠨ ᠲᠣᠮᠤ ᠬᠢᠴᠢᠶᠡᠯ | — — ︽ᠪᠦᠰ︾ ᠲᠠᠢ ᠠᠭᠤᠯᠵᠠᠶ᠎ᠠ ᠭᠠᠷ ᠤᠷᠠᠯᠠᠯ ᠤᠨ ᠬᠦᠳᠡᠯᠭᠡᠭᠡᠨ ᠢ ᠵᠣᠬᠢᠶᠠᠨ ᠪᠠᠶᠢᠭᠤᠯᠤᠨ ᠦᠷᠨᠢᠭᠦᠯᠪᠡ᠃ ᠬᠢᠴᠢᠶᠡᠯ ᠨᠢ ᠦᠵᠡᠭᠴᠢᠳ ᠢ ᠤᠷᠢᠵᠤ | ᠬᠠᠮᠲᠤ ᠪᠠᠷ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ︽ᠪᠦᠰ ᠨᠠᠭᠠᠮᠠᠯ ᠵᠢᠷᠤᠭ︾ ᠢ ᠪᠡᠶᠡᠴᠢᠯᠡᠨ ᠣᠶᠢᠯᠠᠭᠠᠵᠠᠢ᠃ | ᠬᠢᠴᠢᠶᠡᠯ ᠤᠨ ᠭᠤᠣᠯ ᠪᠠᠭᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠥᠰ ᠨᠠᠭᠠᠮᠠᠯ ᠵᠢᠷᠤᠭ ᠤᠨ ᠪᠣᠳᠠᠰ ᠤᠨ ᠪᠤᠰᠤ ᠰᠣᠶᠣᠯ ᠤᠨ | ᠥᠪ ᠢ ᠤᠯᠠᠮᠵᠢᠯᠠᠭᠴᠢ ᠼᠦᠢ ᠰᠦᠸᠧ ᠯᠢᠶᠠᠨ ︽ᠮᠣᠩᠭᠤᠯ ᠮᠣᠷᠢ︾ ᠶᠢᠨ ᠳᠦᠷᠢ ᠪᠠᠷ ᠰᠡᠳᠦᠪᠯᠡᠨ ᠪᠥᠰ ᠨᠠᠭᠠᠮᠠᠯ ᠵᠢᠷᠤᠭ ᠲᠤ ᠨᠣᠣᠷᠠᠭ ᠵᠤᠬᠢᠶᠠᠨ᠂ ᠪᠣᠳᠠᠰ ᠤᠨ | ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠰᠤᠳᠤᠯᠤᠨ ᠰᠤᠷᠤᠯᠴᠠᠵᠤ᠂ ᠪᠥᠰ ᠨᠠᠭᠠᠮᠠᠯ ᠵᠢᠷᠤᠭ ᠢᠶᠠᠷ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ | ᠬᠠᠮᠲᠤ ᠪᠠᠷ ᠤᠷᠠᠯᠠᠭᠰᠠᠨ ᠶᠤᠮ᠃ | ᠠᠵᠢᠯᠯᠠᠭᠠᠨ ᠤ ᠲᠠᠯᠠᠪᠠᠢ ᠳᠤ᠂ ᠼᠦᠢ ᠪᠠᠭᠰᠢ ᠪᠣᠳᠠᠰ ᠤᠨ ᠪᠤᠰᠤ ᠰᠣᠶᠣᠯ ᠤᠨ ᠥᠪ ᠤᠨ ᠤᠶᠤᠨ ᠰᠠᠨᠠᠭᠠᠨ ᠤ ᠭᠤᠣᠯ ᠴᠥᠮ᠎ᠡ ᠶᠢ ᠬᠡᠷᠬᠢᠨ ᠪᠣᠯᠪᠠᠰᠤᠷᠠᠭᠤᠯᠬᠤ | ᠂ ᠲᠡᠭᠦᠨ ᠢ ᠣᠳᠣᠬᠢ ᠠᠮᠢᠳᠤᠷᠠᠯ ᠳᠤ ︽ᠠᠮᠢᠯᠠᠭᠤᠯᠬᠤ︾ ᠲᠤᠬᠠᠢ ᠲᠠᠶᠢᠯᠪᠤᠷᠢᠯᠠᠨ ᠶᠠᠷᠢᠪᠠ᠃ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠨᠠᠬᠢ ᠥᠯᠢᠭᠡᠷ ᠲᠤ | ᠭᠦᠨ ᠵᠤᠵᠠᠭᠠᠨ ᠤᠯᠠᠮᠵᠢᠯᠠᠯᠲᠤ ᠰᠣᠶᠣᠯ ᠠᠭᠤᠯᠤᠭᠳᠠᠵᠤ ᠪᠠᠶᠢᠳᠠᠭ᠂ ᠡᠭᠦᠨ ᠢ ︽ᠵᠢᠵᠢᠭ ᠤᠷᠠᠯᠠᠯ᠂ ᠲᠣᠮᠣ ᠵᠣᠬᠢᠶᠠᠯ︾ᠭᠡᠵᠦ ᠬᠡᠯᠡᠵᠦ ᠪᠣᠯᠣᠨ᠎ᠠ᠃ |