ᠥᠪᠥᠷ ᠮᠣᠩᠭᠤᠯ ᠤᠨ ᠮᠦᠽᠧᠢ ᠪᠥᠬᠦ ᠤᠯᠤᠰ ᠤᠨ ᠬᠤᠪᠢᠰᠬᠠᠯ ᠤᠨ ᠭᠧᠨ ᠤ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠳᠤ ᠰᠣᠩᠭᠤᠭᠳᠠᠪᠠ
ᠨᠡᠶᠢᠲᠡᠯᠡᠭᠰᠡᠨ ᠴᠠᠭ᠄
2024/10/25
    ᠣᠶᠢᠷ᠎ᠠ ᠳᠤ᠂ ᠲᠥᠪ ᠤᠨ ᠤᠬᠠᠭᠤᠯᠬᠤ ᠬᠡᠯᠲᠡᠰ ᠤᠨ ᠰᠣᠶᠣᠯ ᠤᠨ ᠥᠭᠡᠷᠡᠴᠢᠯᠡᠯᠲᠡ ᠬᠥᠭᠵᠢᠭᠦᠯᠦᠯᠲᠡ ᠶᠢᠨ ᠲᠣᠪᠴᠢᠶ᠎ᠠ 2024 ᠣᠨ ᠤ ᠬᠤᠪᠢᠰᠬᠠᠯ ᠤᠨ ᠭᠧᠨ ᠤ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠨᠢᠭᠡᠴᠢ  ᠶᠢᠨ ᠨᠡᠷᠡᠰ ᠢ ᠠᠯᠪᠠᠨ ᠶᠣᠰᠣᠭᠠᠷ ᠨᠡᠶᠢᠲᠡᠯᠡᠪᠡ᠃ ᠥᠪᠥᠷ ᠮᠣᠩᠭᠤᠯ ᠤᠨ ᠮᠦᠽᠧᠢ ᠨᠢ ᠥᠪᠡᠷᠲᠡᠭᠡᠨ ᠵᠠᠰᠠᠬᠤ ᠣᠷᠣᠨ ᠤ ᠴᠢᠬᠤᠯᠠ ᠬᠤᠪᠢᠰᠬᠠᠯ ᠤᠨ ᠳᠤᠷᠠᠰᠬᠠᠯᠲᠤ ᠵᠦᠢᠯᠡᠰ ᠢ ᠬᠤᠷᠢᠶᠠᠨ ᠬᠠᠳᠠᠭᠠᠯᠠᠵᠤ ᠳᠡᠯᠭᠡᠨ ᠦᠵᠡᠭᠦᠯᠬᠦ ᠨᠢᠭᠡᠴᠢ ᠪᠣᠯᠤᠭᠰᠠᠨ ᠤ ᠬᠤᠪᠢ ᠳᠤ᠂ 28 ᠪᠦᠲᠦᠭᠡᠨ ᠪᠠᠶᠢᠭᠤᠯᠤᠯᠲᠠ ᠶᠢᠨ ᠨᠢᠭᠡᠴᠢ ᠶᠢᠨ ᠨᠡᠷᠡᠰ ᠲᠤ ᠰᠣᠩᠭᠤᠭᠳᠠᠵᠠᠢ᠃    ᠲᠣᠰ ᠤᠳᠠᠭ᠎ᠠ ᠰᠣᠩᠭᠤᠭᠳᠠᠭᠰᠠᠨ ᠨᠢ ᠥᠪᠥᠷ ᠮᠣᠩᠭᠤᠯ ᠤᠨ ᠮᠦᠽᠧᠢ ᠶᠢᠨ ᠠᠵᠢᠯ ᠢ ᠨᠤᠲᠠᠯᠠᠭᠰᠠᠨ ᠢᠶᠠᠷ ᠪᠠᠷᠠᠬᠤ ᠦᠭᠡᠢ᠂ ᠪᠠᠰᠠ ᠥᠪᠥᠷ ᠮᠣᠩᠭᠤᠯ ᠣᠷᠣᠨ ᠤ ᠬᠤᠪᠢᠰᠬᠠᠯ ᠤᠨ ᠰᠣᠶᠣᠯ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠠᠵᠢᠯ ᠢ ᠬᠦᠴᠦᠲᠡᠢ ᠠᠬᠢᠭᠤᠯᠤᠭᠰᠠᠨ ᠶᠠᠪᠤᠳᠠᠯ ᠪᠣᠯᠣᠨ᠎ᠠ᠃ ᠪᠦᠬᠦ ᠤᠯᠤᠰ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠮᠦᠽᠧᠢ ᠶᠢᠨ ᠬᠢᠨ ᠤᠯᠤᠰ ᠤᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠬᠤᠪᠢᠰᠬᠠᠯ ᠤᠨ ᠭᠧᠨ ᠤ ᠬᠥᠮᠥᠷᠭᠡ ᠶᠢ ᠪᠠᠶᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠨ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ ᠰᠡᠳᠬᠢᠯᠭᠡ ᠪᠠᠷ ᠡᠯ᠎ᠡ ᠵᠦᠢᠯ ᠤᠨ ᠠᠵᠢᠯ ᠢᠶᠠᠨ ᠠᠬᠢᠭᠤᠯᠵᠤ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠨ᠂ ᠤᠯᠠᠨ ᠡᠰᠢᠴᠢᠯᠡᠭᠰᠡᠨ ᠬᠤᠪᠢᠰᠬᠠᠯ ᠤᠨ ᠰᠣᠶᠣᠯ ᠢ ᠤᠯᠠᠮᠵᠢᠯᠠᠬᠤ ᠵᠠᠮ ᠢ ᠰᠦᠪᠡᠭᠴᠢᠯᠡᠵᠦ᠂ ᠬᠤᠪᠢᠰᠬᠠᠯ ᠤᠨ ᠵᠣᠷᠢᠭ ᠰᠠᠨᠠᠭ᠎ᠠ ᠶᠢ ᠰᠢᠨ᠎ᠡ ᠴᠠᠭ ᠦᠶ᠎ᠡ ᠳᠤ ᠨᠡᠩ ᠭᠡᠷᠡᠯ ᠰᠠᠴᠤᠷᠠᠩᠭᠤᠢ ᠪᠣᠯᠭᠠᠨ᠎ᠠ᠃
ᠢᠷᠡᠯᠲᠡ᠄ ᠥᠪᠥᠷ ᠮᠣᠩᠭᠤᠯ ᠤᠨ ᠮᠦᠽᠧᠢ