ᠳᠡᠭᠡᠳᠦ ᠱᠠᠲᠤᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠬᠤᠷᠠᠯ ᠵᠢᠴᠢ ᠬᠤᠯᠪᠣᠭᠳᠠᠯ ᠪᠦᠬᠦᠢ ᠱᠠᠭᠠᠷᠳᠠᠯᠭ᠎ᠠ ᠶᠢ | ᠲᠦᠦᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠨᠢᠭᠡᠴᠡ ᠶᠢᠨ ᠲᠠᠪᠴᠠᠩ ᠤᠨ ᠡᠭᠦᠷᠭᠡ ᠶᠢ ᠲᠠᠭᠯᠠᠨ ᠮᠡᠳᠡᠭᠦᠯᠬᠦ ᠪᠠᠶᠢᠳᠠᠯ ᠢ ᠦᠨᠡᠨ ᠬᠦ ᠲᠦᠯᠬᠢᠨ ᠠᠬᠢᠭᠤᠯᠬᠤ ᠶᠢᠨ | ᠲᠥᠯᠥᠭᠡ᠂ 10 ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠶᠠᠪᠤᠳᠠᠯ ᠤᠨ ᠤᠶᠢᠯᠡᠴᠢᠯᠡᠭᠡ ᠬᠢᠭᠡᠳ ᠲᠣᠭᠠᠨ ᠪᠠᠷᠢᠮᠲᠠ ᠶᠢᠨ | ᠬᠠᠮᠢᠶᠠᠷᠤᠯᠲᠠ ᠶᠢᠨ ᠲᠣᠪᠴᠢᠶ᠎ᠠ ᠠᠴᠠ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠢᠴᠢ ᠲᠠᠪᠴᠠᠩ ᠤᠨ ᠡᠭᠦᠷᠭᠡ ᠶᠢ ᠲᠠᠭᠯᠠᠨ ᠮᠡᠳᠡᠭᠦᠯᠬᠦ | ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠪᠠ᠃ | ᠬᠤᠷᠠᠯ ᠳᠡᠭᠡᠷ᠎ᠡ᠂ ᠬᠤᠲᠠ ᠶᠢᠨ ᠶᠠᠪᠤᠳᠠᠯ ᠤᠨ ᠤᠶᠢᠯᠡᠴᠢᠯᠡᠭᠡ ᠬᠢᠭᠡᠳ ᠲᠣᠭᠠᠨ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠲᠠᠪᠴᠠᠩ ᠤᠨ ᠡᠭᠦᠷᠭᠡ ᠶᠢᠨ | ᠪᠠᠲᠤᠯᠠᠭᠳᠠᠭᠰᠠᠨ ᠪᠠᠶᠢᠳᠠᠯ ᠢ ᠮᠡᠳᠡᠭᠳᠡᠵᠦ᠂ ᠵᠠᠯᠠᠨ ᠠᠶᠢᠯ ᠬᠤᠲᠠ ᠶᠢᠨ ᠲᠠᠪᠴᠠᠩ ᠳᠤ ᠬᠤᠯᠪᠣᠭᠳᠠᠭᠰᠠᠨ ᠡᠭᠦᠷᠭᠡ ᠶᠢ ᠲᠠᠭᠯᠠᠨ ᠮᠡᠳᠡᠭᠦᠯᠦᠭᠰᠡᠨ ᠨᠣᠷᠮ᠎ᠠ ᠨᠢ 93. | 6% ᠪᠠᠶᠢᠵᠤ᠂ ᠪᠠᠲᠤᠯᠠᠭᠳᠠᠭᠠᠳᠤᠢ 14 ᠵᠦᠢᠯ ᠤᠨ ᠡᠭᠦᠷᠭᠡ ᠳᠤ ᠴᠢᠭᠯᠡᠭᠦᠯᠦᠨ ᠬᠠᠮᠢᠶ᠎ᠠ ᠪᠦᠬᠦᠢ ᠨᠢᠭᠡᠴᠡ ᠯᠦᠭᠡ ᠵᠦᠢᠯ ᠳᠠᠷᠠᠭᠠᠯᠠᠨ ᠰᠤᠳᠤᠯᠤᠯᠲᠠ ᠬᠢᠵᠦ᠂ | ᠡᠭᠦᠨ ᠳᠤ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠨᠢᠭᠡᠳᠦᠯᠲᠡᠢ ᠠᠬᠢᠭᠤᠯᠬᠤ ᠴᠢᠬᠤᠯᠠᠲᠠᠢ 11 ᠵᠦᠢᠯ ᠤᠨ ᠡᠭᠦᠷᠭᠡ ᠶᠢ ᠳᠡᠭᠡᠳᠦ ᠱᠠᠲᠤᠨ ᠤ | ᠵᠣᠯᠭᠠᠯᠴᠠᠭ᠎ᠠ ᠶᠢ ᠴᠢᠩᠭᠠᠳᠬᠠᠨ᠂ ᠱᠠᠭᠠᠷᠳᠠᠯᠭ᠎ᠠ ᠶᠣᠰᠣᠭᠠᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠤᠲᠠ ᠶᠢᠨ ᠶᠠᠪᠤᠳᠠᠯ ᠤᠨ ᠤᠶᠢᠯᠡᠴᠢᠯᠡᠭᠡ ᠬᠢᠭᠡᠳ ᠲᠣᠭᠠᠨ | ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠠᠬᠢᠴᠠ ᠶᠢᠨ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ᠎ᠠ︔ ᠦᠷᠭᠦᠯᠵᠢᠯᠡᠨ | ᠠᠬᠢᠭᠤᠯᠬᠤ ᠴᠢᠬᠤᠯᠠᠲᠠᠢ ᠪᠤᠰᠤᠳ 3 ᠵᠦᠢᠯ ᠤᠨ ᠠᠵᠢᠯ ᠳᠤ ᠬᠠᠷᠢᠯᠴᠠᠨ ᠬᠠᠮᠵᠢᠯᠴᠠᠬᠤ ᠶᠢ ᠴᠢᠩᠭᠠᠳᠬᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ | ᠨᠠᠷᠢᠯᠢᠭᠵᠢᠭᠤᠯᠵᠤ᠂ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠬᠤ ᠬᠡᠷᠡᠭᠲᠡᠢ᠃ ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠳᠡᠭᠡᠳᠦ ᠱᠠᠲᠤ ᠪᠠ ᠰᠠᠯᠠᠭ᠎ᠠ ᠮᠥᠴᠢᠷ ᠯᠦᠭᠡ ᠶᠢᠨ ᠬᠥᠨᠳᠡᠯᠡᠨ ᠭᠤᠯᠳᠤ ᠴᠢᠭᠯᠡᠯ ᠢᠶᠠᠷ | ᠬᠠᠮᠵᠢᠯᠴᠠᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠭᠡᠷᠡᠴᠢ ᠮᠠᠲ᠋ᠧᠷᠢᠶᠠᠯ ᠤᠨ ᠠᠭᠤᠯᠭ᠎ᠠ ᠶᠢ ᠴᠢᠭᠯᠡᠭᠦᠯᠬᠦ ᠴᠢᠨᠠᠷᠲᠠᠢ ᠪᠠᠷ ᠲᠡᠭᠦᠯᠳᠡᠷᠵᠢᠭᠦᠯᠦᠨ᠂ ᠲᠠᠭᠯᠠᠨ | ᠮᠡᠳᠡᠭᠦᠯᠬᠦ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠭᠦᠷᠭᠡ ᠶᠢᠨ ᠨᠡᠪᠲᠡᠷᠡᠬᠦ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃ | ᠬᠤᠷᠠᠯ ᠳᠤ ᠣᠷᠣᠯᠴᠠᠭᠰᠠᠨ ᠡᠯ᠎ᠡ ᠨᠢᠭᠡᠴᠡ ᠢᠯᠡᠷᠬᠡᠶᠢᠯᠡᠬᠦ ᠳᠡᠭᠡᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠲᠠᠪᠴᠠᠩ ᠤᠨ ᠰᠢᠰᠲ᠋ᠧᠮ ᠤᠨ ᠲᠠᠭᠯᠠᠨ ᠮᠡᠳᠡᠭᠦᠯᠬᠦ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠠᠬᠢᠭᠤᠯᠵᠤ᠂ | ᠳᠡᠭᠡᠳᠦ ᠱᠠᠲᠤ ᠲᠠᠢ ᠨᠡᠪᠲᠡᠷᠡᠯᠴᠡᠬᠦ ᠡᠷᠴᠢᠮ ᠢᠶᠠᠨ ᠴᠢᠩᠭᠠᠷᠠᠭᠤᠯᠤᠨ᠂ ᠲᠠᠭᠯᠠᠨ ᠮᠡᠳᠡᠭᠦᠯᠬᠦ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠦᠨ᠎ᠡ ᠭᠡᠵᠡᠢ᠃ ᠲᠠᠷᠠᠭᠠᠴᠢ ᠶᠢᠨ | ᠠᠯᠬᠤᠮ ᠳᠤ᠂ ᠬᠤᠲᠠ ᠶᠢᠨ ᠶᠠᠪᠤᠳᠠᠯ ᠤᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ | ᠲᠠᠪᠴᠠᠩ ᠢ ᠲᠠᠭᠯᠠᠨ ᠮᠡᠳᠡᠭᠦᠯᠬᠦ ᠠᠵᠢᠯ ᠢ ᠦᠷᠭᠦᠯᠵᠢᠯᠡᠨ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠡᠯ᠎ᠡ ᠵᠦᠢᠯ ᠤᠨ ᠡᠭᠦᠷᠭᠡ ᠶᠢᠨ ᠲᠣᠭᠤᠷᠢᠨ ᠳᠤ ᠮᠥᠷᠳᠡᠨ ᠳᠠᠭᠠᠵᠤ ᠦᠷ᠎ᠡ ᠪᠦᠲᠦᠮᠵᠢ ᠠᠰᠠᠭᠤᠬᠤ ᠶᠢ ᠴᠢᠩᠭᠠᠳᠬᠠᠵᠤ᠂ ᠪᠥᠬᠦ | ᠬᠦᠴᠦᠨ ᠢᠶᠠᠷ ᠢᠶᠠᠨ ᠵᠣᠬᠢᠴᠠᠭᠤᠯᠤᠨ ᠠᠬᠢᠭᠤᠯᠵᠤ᠂ ᠵᠠᠯᠠᠨ ᠠᠶᠢᠯ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠲᠠᠰᠤᠷᠠᠯᠲᠠ ᠦᠭᠡᠢ | ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠨ᠎ᠡ᠃ |