2024 ᠣᠨ ᠳᠤ᠂ ᠮᠠᠨ ᠤ ᠬᠤᠲᠠ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ | ᠲᠥᠷᠥᠯ ᠲᠡᠮᠳᠡᠭ ᠤᠨ ᠲᠠᠷᠢᠶᠠᠯᠠᠩ ᠮᠠᠯ ᠠᠵᠤ ᠠᠬᠤᠢ ᠶᠢᠨ ᠨᠡᠮᠡᠭᠳᠡᠯ ᠤᠨ ᠬᠡᠮᠵᠢᠶ᠎ᠡ ᠶᠢ ᠨᠡᠮᠡᠭᠳᠡᠭᠦᠯᠵᠦ ᠴᠢᠨᠠᠷ ᠢ ᠨᠡᠮᠡᠭᠳᠡᠭᠦᠯᠦᠨ ᠬᠥᠭᠵᠢᠭᠦᠯᠬᠦ ᠠᠵᠢᠯᠯᠠᠭ᠎ᠠ ᠪᠠᠷ | ᠶᠡᠷᠦᠩᠬᠡᠶᠢᠯᠡᠨ ᠵᠢᠯᠣᠭᠤᠳᠤᠭᠤᠯᠵᠤ᠂ ᠨᠡᠷᠡᠲᠦ ᠲᠡᠮᠳᠡᠭᠴᠢᠯᠡᠭᠰᠡᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠪᠠᠷ ᠬᠠᠷᠠᠯᠲᠠ ᠪᠣᠯᠭᠠᠵᠤ᠂ ᠶᠠᠰᠤ | ᠴᠢᠨᠠᠷ ᠢᠶᠠᠷ ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠵᠦ᠂ ᠨᠡᠷᠡᠲᠦ ᠲᠡᠮᠳᠡᠭ ᠢᠶᠠᠷ ᠲᠠᠷᠢᠶᠠᠯᠠᠩ ᠮᠠᠯ ᠠᠵᠤ ᠠᠬᠤᠢ ᠶᠢ ᠬᠦᠴᠦᠷᠬᠡᠭᠵᠢᠭᠦᠯᠬᠦ ᠶᠢ ᠪᠠᠷᠢᠮᠲᠠᠯᠠᠵᠤ᠂ | ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠷ᠎ᠡ ᠠᠰᠢᠭ ᠪᠠ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠣᠬᠢᠷᠲᠤᠯ ᠦᠭᠡᠢ | ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠦᠨ᠂ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ | ᠳᠠᠪᠠᠭᠤᠯᠢᠭ ᠲᠤ ᠰᠠᠭᠤᠷᠢᠯᠠᠨ᠂ ᠦᠢᠯᠡᠳᠪᠦᠷᠢᠯᠡᠯ ᠤᠨ ᠪᠠᠶᠢᠷᠢᠰᠢᠭᠤᠯᠤᠯᠲᠠ ᠶᠢ ᠲᠠᠰᠤᠷᠠᠯᠲᠠ ᠦᠭᠡᠢ ᠲᠣᠬᠢᠷᠠᠭᠤᠯᠤᠨ ᠰᠢᠯᠢᠳᠡᠭᠵᠢᠭᠦᠯᠵᠦ᠂ ᠨᠠᠷᠠᠲᠤ ᠣᠨᠴᠠ ᠰᠢᠯᠢᠳᠡᠭ | ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ ᠬᠦᠴᠦᠯᠡᠨ ᠪᠣᠶᠢᠵᠢᠭᠤᠯᠬᠤ ᠪᠠ ᠪᠣᠶ ᠪᠣᠯᠭᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ | ᠳᠡᠭᠡᠭᠰᠢᠯᠡᠯᠲᠡ ᠶᠢ ᠢᠳᠡᠪᠬᠢᠲᠡᠢ ᠠᠬᠢᠭᠤᠯᠵᠤ᠂ ᠵᠠᠯᠠᠨ ᠠᠶᠢᠯ ᠤᠨ ᠣᠷᠣᠨ ᠨᠤᠲᠤᠭ ᠤᠨ ᠣᠨᠴᠠᠯᠢᠭ ᠲᠠᠢ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠨ ᠨᠢᠮᠪᠠᠢ | ᠪᠣᠶᠢᠵᠢᠭᠤᠯᠤᠨ᠎ᠠ᠃ ᠳᠠᠪᠠᠭᠤᠯᠢᠭ ᠠᠵᠤ ᠠᠬᠤᠶᠢᠯᠠᠯ᠂ ᠲᠠᠷᠢᠶᠠᠴᠢᠳ ᠤᠨ ᠬᠤᠷᠰᠢᠶ᠎ᠠ ᠳᠤ ᠲᠦᠰᠢᠭᠯᠡᠨ ᠣᠷᠣᠨ ᠪᠦᠰᠡ ᠶᠢᠨ ᠣᠨᠴᠠᠯᠢᠭᠲᠤ ᠨᠠᠷᠠᠲᠤ ᠲᠥᠷᠥᠯ | ᠲᠡᠮᠳᠡᠭᠲᠦ ᠶᠢ ᠬᠦᠴᠦᠯᠡᠨ ᠪᠣᠶ ᠪᠣᠯᠭᠠᠵᠤ᠂ ᠣᠷᠣᠨ ᠨᠤᠲᠤᠭ ᠤᠨ ᠨᠤᠲᠤᠭ ᠤᠨ ᠣᠨᠴᠠ ᠭᠠᠷᠤᠯᠲᠠ ᠶᠢ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ | ᠳᠠᠶᠢᠴᠢᠯᠠᠬᠤ ᠲᠣᠮᠣ ᠠᠵᠤ ᠦᠢᠯᠡᠰ ᠪᠣᠯᠭᠠᠵᠤ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠬᠦ ᠬᠦᠴᠦᠨ | ᠨᠡᠮᠡᠷᠢᠯᠡᠵᠦ᠂ ᠵᠠᠯᠠᠨ ᠠᠶᠢᠯ ᠬᠤᠲᠠ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ | ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ 2024 ᠣᠨ ᠳᠤ᠂ ᠵᠠᠯᠠᠨ ᠠᠶᠢᠯ ᠤᠨ ᠰᠢᠬᠢᠷᠯᠢᠭ ᠰᠢᠯᠦᠬᠡᠢ ᠡᠷᠳᠡᠨᠢ | ᠰᠢᠰᠢ᠂ ᠤᠯᠠᠭᠠᠨ ᠪᠤᠷᠴᠠᠭ ᠢ ᠪᠦᠬᠦ ᠤᠯᠤᠰ ᠤᠨ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠳᠤ ᠣᠷᠣᠭᠤᠯᠪᠠ᠃ | | ᠪᠦᠬᠦ ᠤᠯᠤᠰ ᠤᠨ ᠨᠡᠷᠡᠳᠦ ᠣᠨᠴᠠ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠭᠡᠳᠡᠭ ᠪᠣᠯ ᠣᠨᠴᠠ ᠲᠣᠭᠲᠠᠭᠰᠠᠨ ᠣᠷᠣᠨ ᠪᠦᠰᠡ ᠶᠢᠨ ᠳᠣᠲᠣᠷ᠎ᠠ | ᠦᠢᠯᠡᠳᠪᠦᠷᠢᠯᠡᠭᠰᠡᠨ᠂ ᠵᠣᠬᠢᠬᠤ ᠦᠢᠯᠡᠳᠪᠦᠷᠢᠯᠡᠯ ᠤᠨ ᠬᠡᠪᠴᠢᠶ᠎ᠡ ᠪᠠ ᠲᠠᠸᠠᠷ ᠤᠨ ᠬᠡᠮᠵᠢᠶ᠎ᠡ ᠶᠢ ᠪᠦᠷᠢᠳᠦᠭᠦᠯᠦᠭᠰᠡᠨ᠂ ᠢᠯᠡᠷᠬᠡᠢ ᠣᠷᠣᠨ ᠪᠦᠰᠡ ᠶᠢᠨ ᠣᠨᠴᠠᠯᠢᠭ ᠪᠠ | ᠥᠪᠡᠷᠮᠢᠴᠡ ᠰᠢᠮ᠎ᠡ ᠲᠡᠵᠢᠭᠡᠯ ᠤᠨ ᠴᠢᠨᠠᠷ ᠴᠢᠨᠰᠠᠭ᠎ᠠ ᠶᠢᠨ ᠣᠨᠴᠠᠯᠢᠭ ᠲᠠᠢ᠂ ᠲᠣᠭᠲᠠᠪᠤᠷᠢᠲᠠᠢ ᠬᠠᠩᠭᠠᠯᠭ᠎ᠠ ᠶᠢᠨ ᠬᠡᠮᠵᠢᠶ᠎ᠡ ᠪᠠ ᠬᠡᠷᠡᠭᠯᠡᠭᠡᠨ ᠤ ᠵᠠᠬ᠎ᠠ ᠳᠡᠯᠭᠡᠭᠦᠷ ᠲᠠᠢ᠂ | ᠤᠯᠠᠨ ᠨᠡᠶᠢᠲᠡ ᠶᠢᠨ ᠮᠡᠳᠡᠷᠡᠮᠵᠢ ᠶᠢᠨ ᠬᠡᠮᠵᠢᠶ᠎ᠡ ᠪᠠ ᠨᠡᠷ᠎ᠡ ᠠᠯᠳᠠᠷ ᠤᠨ ᠬᠡᠮᠵᠢᠶ᠎ᠡ ᠪᠠᠷ ᠥᠨᠳᠥᠷ ᠪᠥᠭᠡᠳ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠲᠥᠪ ᠢᠶᠠᠷ ᠳᠠᠮᠵᠢᠭᠤᠯᠤᠨ ᠠᠯᠪᠠᠨ ᠵᠠᠷ ᠨᠡᠶᠢᠲᠡᠯᠡᠭᠦᠯᠦᠭᠰᠡᠨ ᠪᠠ ᠦᠨᠡᠮᠯᠡᠯ ᠬᠢᠨᠠᠨ | ᠣᠯᠭᠤᠭᠰᠠᠨ ᠲᠠᠷᠢᠶᠠᠯᠠᠩ ᠤᠨ ᠪᠦᠲᠦᠭᠡᠭᠳᠡᠬᠦᠨ ᠢ ᠵᠢᠭᠠᠵᠤ ᠪᠠᠶᠢᠨ᠎ᠠ᠃ ︽ᠨᠤᠲᠤᠭ ᠤᠨ ᠣᠨᠴᠠ ᠭᠠᠷᠤᠯᠲᠠ︾ ᠶᠢᠨ ᠨᠢᠭᠡ ᠬᠡᠰᠡᠭ ︽ᠤᠯᠤᠰ ᠤᠨ ᠨᠡᠷᠡᠲᠦ ᠲᠡᠮᠳᠡᠭᠲᠦ | ︾ ᠶᠢᠨ ᠠᠯᠲᠠᠨ ᠫᠠᠶᠢᠰᠠ ᠪᠣᠯᠣᠨ᠎ᠠ᠃ ᠲᠠᠷᠠᠭᠠᠴᠢ ᠶᠢᠨ ᠠᠯᠬᠤᠮ ᠳᠤ᠂ ᠵᠠᠯᠠᠨ ᠠᠶᠢᠯ ᠬᠤᠲᠠ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ ᠬᠢᠨ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ | ᠬᠥᠭᠵᠢᠯᠲᠡ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠡᠭᠦᠨ ᠢ ᠣᠷᠣᠨ ᠨᠤᠲᠤᠭ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ | ᠲᠥᠷᠥᠯ ᠲᠡᠮᠳᠡᠭᠲᠦ ᠶᠢ ᠪᠣᠶᠢᠵᠢᠭᠤᠯᠬᠤ᠂ ᠣᠷᠣᠨ ᠪᠦᠰᠡ ᠶᠢᠨ ᠳᠠᠪᠠᠭᠤᠯᠢᠭ ᠲᠠᠷᠢᠶᠠᠯᠠᠩ ᠪᠠ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠬᠦᠴᠦᠲᠡᠢ | ᠭᠠᠷᠳᠠᠴᠠ ᠪᠣᠯᠭᠠᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠭᠦᠨᠵᠡᠭᠡᠢ ᠠᠭᠤᠳᠠᠯᠤᠨ ᠪᠣᠶᠢᠵᠢᠭᠤᠯᠵᠤ᠂ ᠴᠢᠨᠠᠷ | ᠰᠠᠶᠢᠲᠠᠢ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠬᠦᠴᠦᠲᠡᠢ ᠨᠡᠮᠡᠭᠳᠡᠭᠦᠯᠦᠨ᠎ᠡ᠃ |