ᠦᠰᠦᠭ ᠪᠢᠴᠢᠭ ᠢᠶᠠᠷ ᠲᠠᠶᠢᠯᠬᠤᠢ᠄ ᠬᠡᠷᠬᠢᠨ ᠬᠥᠬᠡ ᠣᠭᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠶ ᠰᠠᠶᠢᠲᠤᠷ ᠬᠢᠬᠦ ᠪᠣᠶ
ᠨᠡᠶᠢᠲᠡᠯᠡᠭᠰᠡᠨ ᠴᠠᠭ᠄
2024/11/13
    ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ᠄ ︽ᠬᠦᠭᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠬᠦ ᠬᠡᠷᠡᠭᠲᠡᠢ︾ ᠭᠡᠵᠦ ᠲᠤᠭᠳᠠᠭᠠᠵᠠᠢ᠃ ᠡᠨᠡ ᠵᠢᠯ ᠤᠨ 1 ᠰᠠᠷ᠎ᠠ ᠳᠤ ᠨᠡᠶᠢᠲᠡᠯᠡᠭᠰᠡᠨ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠳᠤ᠂ ︽ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠦᠷᠭᠦᠯᠵᠢᠯᠡᠨ ᠭᠦᠨᠵᠡᠭᠡᠶ ᠠᠬᠢᠭᠤᠯᠬᠤ︾ ᠵᠡᠷᠭᠡ ᠬᠠᠷᠠᠯᠲᠠ ᠡᠭᠦᠷᠭᠡ ᠶᠢ ᠲᠣᠳᠣᠷᠬᠠᠶ ᠲᠣᠭᠲᠠᠭᠠᠪᠠ᠃    ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠬᠦ ᠪᠣᠯ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠴᠢᠬᠤᠯᠠ ᠳᠠᠶᠢᠯᠠᠯᠳᠤᠭᠠᠨ ᠪᠣᠯᠤᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠪᠦᠬᠦ ᠲᠠᠯ᠎ᠠ ᠶᠢᠨ᠂ ᠪᠦᠬᠦ ᠣᠷᠣᠨ ᠪᠦᠰᠡ ᠶᠢᠨ᠂ ᠪᠦᠬᠦ ᠶᠠᠪᠤᠴᠠ ᠳᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠴᠢᠬᠤᠯᠠ ᠶᠡᠭᠡ ᠠᠯᠬᠤᠮ ᠢ ᠠᠯᠬᠤᠪᠠ᠃ ᠠᠮᠢ ᠠᠬᠤᠶ ᠣᠷᠴᠢᠨ ᠲᠣᠭᠤᠷᠢᠨ ᠤ ᠶᠠᠮᠤᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠤ ᠢᠯᠡᠷᠬᠡᠶᠢᠯᠡᠬᠦ ᠪᠠᠷ ︽2024 ᠣᠨ ᠳᠤ ᠲᠦᠢᠯ ᠤᠨ ᠣᠨᠣᠪᠴᠢᠲᠠᠶ ᠪᠠᠷ ᠪᠣᠬᠢᠷᠲᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠳᠣᠪᠤᠶᠢᠯᠭᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠯ ᠢ ᠬᠠᠮᠵᠢᠯᠴᠠᠨ ᠠᠬᠢᠭᠤᠯᠵᠤ᠂ ᠥᠨᠳᠥᠷ ᠲᠦᠪᠰᠢᠨ ᠪᠥᠬᠦᠶ ᠬᠠᠮᠠᠭᠠᠯᠠᠯᠲᠠ ᠪᠠᠷ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠶ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ︾ ᠭᠡᠵᠡᠢ᠃    ᠬᠦᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠢ ᠬᠡᠷᠬᠢᠨ ᠦᠷᠭᠦᠯᠵᠢᠯᠡᠨ ᠭᠦᠨᠵᠡᠭᠡᠢ ᠰᠠᠶᠢᠲᠤᠷ ᠬᠢᠬᠦ ᠪᠤᠢ︖ ︽ᠵᠠᠩᠭᠢᠯᠠᠭ᠎ᠠ ᠨᠢ ︿ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠠᠵᠢᠯᠯᠠᠭᠠᠨ ᠤ ᠲᠥᠯᠥᠪᠯᠡᠭᠡ﹀ ᠶᠢ ᠦᠨᠡᠨ ᠬᠦ ᠨᠠᠶᠢᠳᠠᠪᠤᠷᠢᠵᠢᠭᠤᠯᠵᠤ᠂ PM2.5 ᠪᠠᠷ ᠭᠤᠣᠯ ᠰᠢᠵᠢᠮ ᠪᠣᠯᠭᠠᠵᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ᠂ ᠤᠯᠠᠨ ᠪᠣᠬᠢᠷᠲᠤᠯ ᠪᠣᠳᠠᠰ ᠢ ᠬᠠᠮᠵᠢᠯᠴᠠᠨ ᠬᠢᠵᠠᠭᠠᠷᠯᠠᠬᠤ ᠪᠠ ᠣᠷᠣᠨ ᠪᠦᠰᠡ ᠶᠢᠨ ᠪᠣᠬᠢᠷᠲᠤᠯ ᠢ ᠬᠠᠮᠵᠢᠯᠴᠠᠨ ᠵᠠᠰᠠᠬᠤ ᠶᠢ ᠴᠢᠩᠭᠠᠳᠬᠠᠬᠤ ᠳᠤ ᠪᠠᠶᠢᠨ᠎ᠠ᠃ ᠠᠮᠢ ᠠᠬᠤᠶ ᠣᠷᠴᠢᠨ ᠠᠬᠤᠶ ᠶᠢᠨ ᠶᠠᠮᠤᠨ ᠤ ᠶᠡᠷᠦᠩᠬᠡᠶ ᠢᠨᠵᠧᠨᠧᠷ᠂ ᠠᠭᠠᠷ ᠮᠠᠨᠳᠠᠯ ᠤᠨ ᠣᠷᠴᠢᠨ ᠠᠬᠤᠶ ᠶᠢᠨ ᠵᠤᠷᠭᠠᠨ ᠤ ᠳᠠᠷᠤᠭ᠎ᠠ ᠯᠢᠦ ᠪᠢᠩ ᠵᠢᠶᠠᠩ ᠢᠯᠡᠷᠬᠡᠶᠢᠯᠡᠬᠦ ᠳᠡᠭᠡᠨ᠂ ᠤᠮᠠᠷᠠᠲᠤ ᠣᠷᠣᠨ ᠤ ᠠᠷᠢᠭᠤᠨ ᠴᠡᠪᠡᠷ ᠳᠤᠯᠠᠭᠠᠯᠠᠭ᠎ᠠ ᠶᠢ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠡᠮᠬᠢ ᠵᠢᠷᠤᠮ ᠲᠠᠢ ᠪᠠᠷ ᠳᠥᠯᠭᠢᠨ ᠠᠬᠢᠭᠤᠯᠤᠨ᠎ᠠ ᠭᠡᠵᠡᠶ᠃ ᠪᠣᠯᠣᠳ ᠲᠡᠮᠦᠷ᠂ ᠱᠦᠢᠨᠢ᠂ ᠬᠡᠤᠷᠰᠢᠭᠦᠯᠬᠦ ᠠᠵᠢᠯ ᠲᠥᠷᠥᠯ ᠤᠨ ᠬᠡᠲᠦ ᠳᠤᠤᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠶᠢ ᠴᠢᠨᠠᠷ ᠰᠠᠶᠢᠲᠠᠶ ᠠᠬᠢᠭᠤᠯᠵᠤ᠂ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠂ ᠬᠢᠮᠢ ᠶᠢᠨ ᠠᠵᠤ ᠦᠢᠯᠡᠳᠪᠦᠷᠢ ᠵᠡᠷᠭᠡ ᠠᠵᠢᠯ ᠲᠥᠷᠥᠯ ᠤᠨ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠤᠨ ᠪᠥᠬᠦ ᠶᠠᠪᠤᠴᠠ ᠶᠢᠨ ᠭᠦᠨᠵᠡᠭᠡᠶ ᠵᠠᠰᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠴᠠᠶᠢᠶ᠋ᠢᠦ ᠲᠤᠰᠤ ᠰᠢᠲᠠᠭᠠᠬᠤ ᠪᠠᠷᠠᠭᠠᠨ ᠤ ᠲᠡᠷᠭᠡ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠪᠡᠭᠡᠵᠢᠩ ᠲᠢᠶᠠᠨᠵᠢᠨ ᠾᠧᠪᠸᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠭᠠᠷ ᠮᠠᠨᠳᠠᠯ ᠤᠨ ᠪᠣᠬᠢᠷᠲᠤᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠠᠵᠢᠯ ᠢ ᠭᠦᠨᠵᠡᠭᠡᠶᠢᠷᠡᠭᠦᠯᠦᠨ᠎ᠡ ᠭᠡᠵᠡᠢ᠃    ︽2023 ᠣᠨ ᠳᠤ ᠪᠥᠬᠦ ᠤᠯᠤᠰ ᠤᠨ ᠭᠠᠵᠠᠷ ᠳᠡᠭᠡᠷᠡᠬᠢ ᠤᠰᠤᠨ ᠤ ᠴᠢᠨᠠᠷ ᠰᠠᠶᠢᠲᠠᠶ ᠣᠭᠲᠣᠯᠤᠭᠠᠰᠤ ᠶᠢᠨ ᠬᠠᠷᠢᠴᠠᠯ 89.4% ᠪᠣᠯᠤᠨ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 1.5 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠬᠥᠬᠡᠮᠥ᠋ᠷᠡᠨ ᠤ ᠭᠤᠤᠯ ᠤᠷᠤᠰᠬᠠᠯ ᠨᠢᠭᠡᠨᠲᠡ 4 ᠵᠢᠯ ᠳᠠᠷᠠᠭᠠᠯᠠᠨ᠂ ᠬᠠᠲᠤᠨ ᠭᠤᠤᠯ ᠤᠨ ᠭᠤᠤᠯ ᠤᠷᠤᠰᠬᠠᠯ ᠨᠢᠭᠡᠨᠲᠡ ᠬᠤᠶᠠᠷ ᠵᠢᠯ ᠳᠠᠷᠠᠭᠠᠯᠠᠨ ᠪᠥᠬᠦ ᠱᠤᠭᠤᠮ ᠤᠨ ᠤᠰᠤᠨ ᠤ ᠴᠢᠨᠠᠷ ᠢ ᠪᠠᠲᠤᠯᠠᠪᠠ᠃ ᠠᠮᠢ ᠠᠬᠤᠶ ᠣᠷᠴᠢᠨ ᠲᠣᠭᠤᠷᠢᠨ ᠤ ᠶᠠᠮᠤᠨ ᠤ ᠤᠰᠤᠨ ᠤ ᠠᠮᠢ ᠠᠬᠤᠶ ᠣᠷᠴᠢᠨ ᠲᠣᠭᠤᠷᠢᠨ ᠤ ᠵᠤᠷᠭᠠᠨ ᠤ ᠳᠠᠷᠤᠭ᠎ᠠ ᠬᠤᠸᠠᠩ ᠰᠢᠶᠤᠤ ᠹᠦ᠋ ᠲᠠᠨᠢᠯᠴᠠᠭᠤᠯᠬᠤ ᠳᠠᠭᠠᠨ᠂ 2024 ᠣᠨ ᠳᠤ ᠴᠡᠩᠭᠡᠭ ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠶ ᠰᠠᠶᠢᠲᠤᠷ ᠬᠢᠵᠦ᠂ ᠤᠰᠤᠨ ᠤ ᠡᠬᠢ ᠪᠠᠶᠠᠯᠢᠭ᠂ ᠤᠰᠤᠨ ᠤ ᠣᠷᠴᠢᠨ ᠲᠣᠭᠤᠷᠢᠨ᠂ ᠤᠰᠤᠨ ᠤ ᠠᠮᠢ ᠠᠬᠤᠶ ᠶᠢᠨ ᠵᠠᠰᠠᠯᠲᠠ ᠶᠢ ᠨᠢᠭᠡᠳᠦᠯᠲᠡᠶ ᠲᠥᠯᠥᠪᠵᠢᠭᠦᠯᠵᠦ᠂ ᠶᠡᠭᠡ ᠭᠤᠤᠯ ᠮᠥᠷᠡᠨ ᠪᠠ ᠴᠢᠬᠤᠯᠠ ᠨᠠᠭᠤᠷ ᠴᠥᠭᠦᠷᠥᠮ ᠤᠨ ᠬᠠᠮᠠᠭᠠᠯᠠᠯᠲᠠ ᠵᠠᠰᠠᠯᠲᠠ ᠶᠢ ᠭᠦᠨᠵᠡᠭᠡᠶ ᠠᠬᠢᠭᠤᠯᠤᠨ᠎ᠠ ᠭᠡᠪᠡ᠃ ᠭᠤᠤᠯᠳᠠᠯᠭ᠎ᠠ ᠲᠠᠢ ᠪᠣᠬᠢᠷᠲᠤᠯ ᠭᠠᠳᠠᠭᠰᠢᠯᠠᠭᠤᠯᠬᠤ ᠠᠮᠠᠰᠠᠷ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠤᠰᠤᠨ ᠤ ᠪᠣᠬᠢᠷᠲᠤᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠦᠨ᠂ ᠬᠤᠲᠠ ᠶᠢᠨ ᠪᠣᠬᠢᠷ ᠦᠮᠡᠬᠡᠶ ᠤᠰᠤᠨ ᠴᠣᠭᠴᠠ ᠶᠢ ᠴᠡᠭᠴᠡᠯᠡᠨ ᠵᠠᠰᠠᠬᠤ ᠶᠢ ᠭᠦᠨᠵᠡᠭᠡᠶ ᠬᠡᠷᠡᠭᠵᠢᠭᠦᠯᠦᠨ᠎ᠡ᠃ ᠭᠤᠣᠯᠳᠠᠯᠭ᠎ᠠ ᠲᠠᠢ ᠳᠠᠯᠠᠢ ᠶᠢᠨ ᠣᠷᠣᠨ ᠢ ᠶᠡᠷᠦᠩᠬᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠦᠷᠭᠦᠯᠵᠢᠯᠡᠨ ᠠᠬᠢᠭᠤᠯᠵᠤ᠂ ᠳᠠᠯᠠᠢ ᠶᠢᠨ ᠪᠤᠯᠤᠩ ᠢ ᠶᠡᠷᠦᠩᠬᠡᠶᠢᠯᠡᠨ ᠵᠠᠰᠠᠬᠤ ᠠᠵᠢᠯ ᠢ ᠬᠠᠨᠳᠤᠯᠭᠠᠲᠤ ᠴᠢᠨᠠᠷᠲᠠᠢ ᠪᠠᠷ ᠭᠡᠷᠡᠭᠵᠢᠬᠦᠯᠦᠨ᠎ᠡ ᠭᠡᠵᠡᠢ᠃    ︽ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠬᠦ ᠳᠤ᠂ ᠰᠡᠷᠭᠡᠶᠢᠯᠡᠬᠦ ᠪᠠᠷ ᠭᠤᠣᠯ ᠪᠣᠯᠭᠠᠬᠤ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠬᠥᠷᠥᠰᠥ ᠰᠢᠷᠣᠢ ᠶᠢ ᠬᠠᠮᠲᠤ ᠪᠠᠷ ᠵᠠᠰᠠᠬᠤ ᠶᠢ ᠭᠤᠣᠯᠳᠠᠯᠭ᠎ᠠ ᠲᠠᠢ ᠪᠠᠷᠢᠮᠲᠠᠯᠠᠵᠤ᠂ ᠬᠥᠷᠥᠰᠥ ᠰᠢᠷᠣᠢ ᠶᠢᠨ ᠪᠣᠬᠢᠷᠲᠤᠯ ᠢ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠠᠵᠢᠯᠯᠠᠭ᠎ᠠ ᠶᠢ ᠬᠡᠷᠡᠭᠵᠢᠭᠦᠯᠵᠦ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠴᠢᠬᠤᠯᠠ ᠶᠡᠭᠡ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ︾᠃    ᠠᠮᠢ ᠠᠬᠤᠶ ᠶᠢᠨ ᠣᠷᠴᠢᠨ ᠨᠥᠬᠦᠴᠡᠯ ᠤᠨ ᠶᠠᠮᠤᠨ ᠤ ᠬᠥᠷᠥᠰᠥ ᠰᠢᠷᠣᠶ ᠶᠢᠨ ᠠᠮᠢ ᠠᠬᠤᠶ ᠶᠢᠨ ᠣᠷᠴᠢᠨ ᠨᠥᠬᠦᠴᠡᠯ ᠤᠨ ᠵᠤᠷᠭᠠᠨ ᠤ ᠳᠠᠷᠤᠭ᠎ᠠ ᠵᠣᠣ ᠱᠢ ᠰᠢᠨ ᠢᠯᠡᠷᠬᠡᠶᠢᠯᠡᠬᠦ ᠳᠡᠭᠡᠨ᠂ ᠲᠠᠷᠢᠶᠠᠨ ᠭᠠᠵᠠᠷ ᠤᠨ ᠬᠥᠷᠥᠰᠥ ᠰᠢᠷᠣᠶ ᠶᠢᠨ ᠪᠣᠬᠢᠷᠲᠤᠯ ᠤᠨ ᠡᠬᠢ ᠰᠤᠷᠪᠤᠯᠵᠢ ᠶᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠶ ᠠᠬᠢᠭᠤᠯᠵᠤ᠂ ᠬᠠᠷ᠎ᠠ ᠬᠥᠷᠥᠰᠥ᠂ ᠬᠤᠵᠢᠷᠯᠢᠭ ᠭᠠᠵᠠᠷ ᠤᠨ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠠᠬᠢᠭᠤᠯᠤᠨ᠎ᠠ᠃ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠤᠷᠢᠳᠠᠪᠠᠷ ᠬᠡᠷᠡᠭᠵᠢᠭᠦᠯᠬᠦ ᠣᠷᠣᠨ᠂ ᠭᠠᠵᠠᠷ ᠳᠤᠤᠷᠠᠬᠢ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠤᠷᠰᠢᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠭᠦᠨᠵᠡᠭᠡᠶ ᠠᠬᠢᠭᠤᠯᠤᠨ᠎ᠠ ᠭᠡᠵᠡᠢ᠃ ︵ᠰᠤᠷᠪᠤᠯᠵᠢᠯᠠᠭᠴᠢ ᠯᠢᠦ ᠶᠢ︶
ᠢᠷᠡᠯᠲᠡ᠄ ᠤᠯᠤᠰ ᠤᠨ ᠲᠤᠭ᠎ᠠ ᠪᠦᠷᠢᠳᠭᠡᠯ ᠤᠨ ᠲᠤᠪᠴᠢᠶ᠎ᠠ