ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠂ | ᠰᠠᠭᠤᠭᠠᠯᠢ ᠠᠷᠠᠳ ᠤᠨ ᠣᠶᠤᠨ ᠤ ᠰᠣᠶᠣᠯ ᠤᠨ ᠶᠢᠷᠲᠢᠨᠴᠦ ᠶᠢ ᠤᠯᠠᠮ ᠨᠢᠭᠡ ᠠᠯᠬᠤᠮ ᠪᠠᠶᠠᠯᠢᠭᠵᠢᠭᠤᠯᠬᠤ ᠶᠢᠨ ᠲᠥᠯᠥᠭᠡ᠂ ᠰᠢᠩ ᠬᠤᠸᠠ ᠵᠡᠭᠡᠯᠢ | ᠭᠤᠳᠤᠮᠵᠢ ᠶᠢᠨ ᠬᠢᠨ ᠨᠠᠮ ᠪᠣᠯᠣᠨ ᠤᠯᠠᠨ ᠲᠦᠮᠡᠨ ᠤ ᠦᠢᠯᠡᠴᠢᠯᠡᠭᠡᠨ ᠤ ᠲᠥᠪ ᠪᠣᠯᠣᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠷᠲᠡᠭᠡ ᠳᠤ | ᠲᠦᠰᠢᠭᠯᠡᠨ ᠤᠯᠠᠨ ᠴᠢᠳᠠᠪᠬᠢᠲᠤ ᠠᠵᠢᠯᠯᠠᠭᠠᠨ ᠤ ᠦᠷᠦᠭᠡ ᠶᠢ ᠨᠡᠭᠡᠭᠡᠵᠦ᠂ ᠰᠢᠲᠠᠷ᠎ᠠ ᠫᠠᠢ ᠶᠢᠨ ᠵᠤᠭ᠎ᠠ ᠴᠡᠩᠭᠡᠯ᠂ ᠨᠣᠮ ᠪᠢᠴᠢᠭ ᠤᠨ ᠤᠩᠰᠢᠯᠭ᠎ᠠ᠂ ᠰᠣᠶᠣᠯ ᠤᠨ | ᠠᠵᠢᠯᠯᠠᠭ᠎ᠠ ᠵᠡᠷᠭᠡ ᠤᠯᠠᠨ ᠵᠦᠢᠯ ᠤᠨ ᠰᠠᠭᠤᠭᠠᠯᠢ ᠠᠷᠠᠳ ᠤᠨ ᠦᠵᠡᠵᠦ ᠰᠣᠨᠢᠷᠬᠠᠬᠤ ᠳᠤᠷᠠᠲᠠᠢ ᠰᠣᠶᠣᠯ ᠲᠠᠮᠢᠷ ᠤᠨ ᠵᠤᠭ᠎ᠠ ᠴᠡᠩᠭᠡᠯ ᠤᠨ ᠣᠷᠣᠨ ᠵᠠᠢ ᠶᠢ | ᠬᠠᠩᠭᠠᠵᠤ᠂ ᠦᠨᠡᠨ ᠪᠣᠳᠠᠲᠠᠢ ᠠᠷᠭ᠎ᠠ ᠬᠡᠮᠵᠢᠶ᠎ᠡ ᠪᠠᠷ ᠤᠯᠠᠨ ᠲᠦᠮᠡᠨ ᠤ ︽ᠥᠴᠥᠬᠡᠨ ᠵᠣᠯ ᠵᠢᠷᠭᠠᠯ︾ ᠢ ᠳᠡᠭᠡᠭᠰᠢᠯᠡᠭᠦᠯᠵᠦ᠂ ᠬᠠᠷᠢᠶ᠎ᠠ ᠣᠷᠣᠨ ᠤ ᠨᠡᠩ ᠤᠯᠠᠨ | ᠰᠠᠭᠤᠭᠠᠯᠢ ᠠᠷᠠᠳ ᠢ ᠡᠳᠦᠷ ᠳᠤᠳᠤᠮ ᠤᠨ ᠠᠮᠢᠳᠤᠷᠠᠯ ᠳᠤᠮᠳᠠ ᠪᠠᠨ ︽ᠭᠠᠷᠴᠤ ᠢᠷᠡᠬᠦ︾ ︽ᠬᠥᠳᠡᠯᠬᠦ︾ ︽ᠪᠠᠶᠠᠰᠤᠯᠴᠠᠬᠤ︾ ᠪᠣᠯᠭᠠᠭᠰᠠᠨ ᠢᠶᠠᠷ ᠪᠠᠷᠠᠬᠤ ᠦᠭᠡᠢ ᠪᠠᠰᠠ | ᠰᠠᠭᠤᠭᠠᠯᠢ ᠠᠷᠠᠳ ᠲᠤ ᠬᠠᠶᠢᠷ᠎ᠠ ᠰᠡᠳᠬᠢᠯᠭᠡ ᠪᠠᠨ ᠵᠤᠵᠠᠭᠠᠳᠬᠠᠬᠤ᠂ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠪᠠᠨ ᠵᠣᠬᠢᠴᠠᠭᠤᠯᠬᠤ ᠬᠥᠭᠦᠷᠭᠡ ᠲᠠᠯᠪᠢᠵᠤ ᠥᠭᠴᠡᠢ᠃ | ᠨᠡᠶᠢᠭᠡᠮ ᠲᠣᠭᠤᠷᠢᠭ ᠤᠨ ᠰᠢᠲᠠᠷ᠎ᠠ ᠶᠢᠨ ᠫᠠᠢ ᠶᠢᠨ ᠬᠥᠳᠡᠯᠭᠡᠭᠡᠨ ᠤ ᠲᠠᠰᠤᠭ ᠲᠤ ᠰᠢᠲᠠᠷ᠎ᠠ᠂ ᠮᠢᠭᠮᠡᠨ᠂ ᠲᠠᠪᠤᠨ ᠰᠢᠲᠠᠷ᠎ᠠ᠂ ᠦᠰᠦᠷᠬᠦ ᠰᠢᠲᠠᠷ᠎ᠠ ᠵᠡᠷᠭᠡ ᠡᠯ᠎ᠡ | ᠲᠦᠷᠦᠯ ᠤᠨ ᠤᠶᠤᠨ ᠳᠤ ᠲᠤᠰᠠᠲᠠᠢ ᠰᠢᠲᠠᠷ᠎ᠠ ᠶᠢᠨ ᠫᠠᠢ ᠲᠠᠢ ᠪᠠᠶᠢᠵᠤ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠤ ᠰᠠᠶᠢᠨ ᠰᠠᠶᠢᠬᠠᠨ ᠲᠠᠯᠠᠪᠤᠷ ᠬᠠᠩᠭᠠᠵᠤ᠂ | ᠬᠠᠷᠢᠶᠠᠲᠤ ᠣᠷᠣᠨ ᠤ ᠨᠠᠰᠤᠲᠠᠶᠢᠴᠤᠳ ᠤᠨ ᠬᠦᠷᠢᠶᠡᠯᠡᠯ ᠢ ᠶᠡᠬᠡᠳᠡ ᠣᠯᠵᠤ᠂ ᠰᠠᠭᠤᠭᠠᠯᠢ ᠠᠷᠠᠳ ᠵᠤᠭ᠎ᠠ ᠴᠡᠩᠭᠡᠯ ᠤᠨ ᠳᠤᠮᠳᠠ ᠰᠢᠲᠠᠷ᠎ᠠ ᠶᠢᠨ ᠡᠷᠳᠡᠮ ᠢᠶᠠᠨ | ᠰᠣᠯᠢᠯᠴᠠᠵᠤ᠂ ᠬᠥᠷᠰᠢ ᠵᠡᠷᠭᠡᠯᠡᠳᠡᠭᠡ ᠶᠢᠨ ᠨᠠᠶᠢᠷ ᠰᠡᠳᠬᠢᠯᠭᠡ ᠪᠠᠨ ᠵᠤᠵᠠᠭᠠᠳᠬᠠᠵᠤ᠂ ᠦᠵᠡᠯ ᠰᠡᠳᠬᠢᠯᠭᠡ ᠪᠠᠨ ᠪᠣᠯᠪᠠᠰᠤᠷᠠᠭᠤᠯᠪᠠ᠃ | ᠨᠡᠶᠢᠭᠡᠮ ᠲᠣᠭᠤᠷᠢᠭ ᠲᠤ ᠰᠦᠢᠳᠬᠡᠯ ᠬᠤᠷᠢᠶᠠᠬᠤ ᠦᠭᠡᠢ ᠨᠣᠮ ᠤᠩᠰᠢᠬᠤ ᠲᠠᠰᠤᠭ ᠪᠠᠶᠢᠭᠤᠯᠵᠤ᠂ ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠤᠨ᠂ ᠰᠠᠭᠤᠭᠠᠯᠢ ᠠᠷᠠᠳ ᠤᠨ ᠰᠣᠶᠣᠯ ᠤᠨ ᠬᠡᠪ ᠴᠢᠨᠠᠷ ᠢ ᠳᠡᠭᠡᠭᠰᠢᠯᠡᠭᠦᠯᠵᠦ᠂ ᠰᠠᠭᠤᠭᠠᠯᠢ ᠠᠷᠠᠳ ᠬᠡᠵᠢᠶ᠎ᠡ ᠴᠦ ᠭᠡᠰᠡᠨ ᠠᠳᠡ ᠢᠷᠡᠵᠦ ︽ | ᠴᠠᠬᠢᠯᠭᠠᠨ ᠴᠡᠨᠡᠭᠯᠡᠵᠦ︾ ᠪᠣᠯᠣᠨ᠎ᠠ᠃ ᠨᠣᠮ ᠪᠢᠴᠢᠭ ᠤᠨ ᠤᠩᠰᠢᠯᠭ᠎ᠠ ᠶᠢᠨ ᠲᠠᠰᠤᠭ ᠨᠢ ᠲᠤᠭᠤᠵᠢᠰ᠂ ᠲᠡᠦᠬᠡ ᠶᠢᠨ ᠨᠡᠷᠡᠲᠦ ᠪᠦᠲᠦᠭᠡᠯ᠂ ᠬᠡᠦᠬᠡᠳ ᠬᠥᠮᠥᠵᠢᠭᠦᠯᠬᠦ | ᠨᠡᠪᠲᠡᠷᠬᠡᠢ ᠬᠢᠴᠢᠶᠡᠯ᠂ ᠤᠳᠬ᠎ᠠ ᠵᠣᠬᠢᠶᠠᠯ ᠤᠨ ᠨᠣᠮ ᠪᠢᠴᠢᠭ᠂ ᠬᠡᠦᠬᠡᠳ ᠤᠨ ᠳᠣᠮᠤᠭ ᠦᠯᠢᠭᠡᠷ᠂ ︽ᠺᠣᠳ᠋ ᠰᠢᠷᠪᠢᠪᠡᠯ ᠳᠠᠷᠤᠢ ᠤᠩᠰᠢᠬᠤ︾ ᠵᠡᠷᠭᠡ ᠶᠢ | ᠪᠠᠭᠲᠠᠭᠠᠭᠰᠠᠨ ᠪᠦᠷᠢᠨ ᠲᠡᠭᠦᠯᠳᠡᠷ ︽ᠠᠪᠢᠶᠠᠯᠭ᠎ᠠ ᠲᠠᠢ ᠨᠣᠮ ᠤᠨ ᠥᠷᠥᠭᠡ︾ ᠵᠡᠷᠭᠡ ᠠᠳᠠᠯᠢ ᠪᠤᠰᠤ ᠨᠠᠰᠤᠨ ᠤ ᠪᠠ ᠳᠤᠷ᠎ᠠ ᠰᠣᠨᠢᠷᠬᠠᠯ ᠢ ᠬᠠᠩᠭᠠᠵᠤ ᠴᠢᠳᠠᠬᠤ | ᠤᠩᠰᠢᠭᠴᠢᠳ ᠤᠨ ᠬᠡᠷᠡᠭᠴᠡᠭᠡ ᠶᠢ ᠬᠠᠩᠭᠠᠵᠤ ᠪᠠᠶᠢᠳᠠᠭ᠃ | ᠨᠡᠶᠢᠭᠡᠮ ᠲᠣᠭᠤᠷᠢᠭ ᠤᠨ ᠨᠠᠮ ᠤᠯᠠᠨ ᠲᠦᠮᠡᠨ ᠤ ᠬᠥᠳᠡᠯᠭᠡᠭᠡᠨ ᠤ ᠲᠠᠰᠤᠭ ᠪᠣᠯ ᠲᠤᠰᠬᠠᠶᠢᠯᠠᠨ ᠤᠳᠬ᠎ᠠ ᠤᠷᠠᠯᠢᠭ ᠲᠤ ᠪᠠᠭ᠋ᠠᠲᠠᠢ ᠰᠠᠭᠤᠭᠠᠯᠢ ᠠᠷᠠᠳ ᠤᠯᠠᠨ ᠳᠤ | ︽ᠪᠡᠶ᠎ᠡ ᠶᠢᠨ ᠪᠠᠶᠢᠳᠠᠯ ᠢ ᠦᠵᠡᠵᠦ ᠴᠣᠭᠴᠠᠯᠠᠨ ᠪᠠᠶᠢᠭᠤᠯᠬᠤ︾ ᠲᠠᠪᠴᠠᠩ ᠪᠣᠯᠣᠨ᠎ᠠ᠂ ᠤᠯᠠᠨ ᠢᠶᠠᠷ ᠢᠶᠠᠨ ᠡᠳᠦᠷ ᠪᠦᠷᠢ ᠠᠳᠡ ᠬᠠᠮᠲᠤ ᠪᠠᠷ ᠳᠠᠭᠤᠤ ᠳᠠᠭᠤᠯᠠᠵᠤ᠂ | ᠪᠥᠵᠢᠭ ᠪᠥᠵᠢᠭᠯᠡᠵᠦ᠂ ᠬᠠᠷᠢᠯᠴᠠᠨ ᠤᠷ᠎ᠠ ᠮᠡᠷᠭᠡᠵᠢᠯ ᠢᠶᠠᠨ ᠰᠣᠯᠢᠯᠴᠠᠵᠤ᠂ ᠲᠡᠭᠷᠢ ᠭᠠᠵᠠᠷ ᠤᠨ ᠵᠣᠭᠤᠭ ᠳᠡᠯᠭᠡᠵᠦ᠂ ᠬᠠᠷᠢᠯᠴᠠᠨ ᠵᠣᠭᠤᠭᠳᠠᠵᠤ᠂ ᠬᠥᠳᠡᠯᠭᠡᠭᠡᠨ ᠤ ᠲᠠᠰᠤᠭ | ᠨᠢ ᠰᠠᠭᠤᠭᠠᠯᠢ ᠠᠷᠠᠳ ᠤᠨ ᠥᠭᠡᠷ᠎ᠡ ᠨᠢᠭᠡ ︽ᠭᠡᠷ︾ ᠪᠣᠯᠤᠭᠰᠠᠨ ᠪᠠᠶᠢᠨ᠎ᠠ᠃ ᠣᠳᠣᠬᠠᠨ ᠳᠤ᠂ ᠨᠡᠶᠢᠭᠡᠮ ᠲᠣᠭᠤᠷᠢᠭ ᠤᠨ ᠬᠥᠳᠡᠯᠭᠡᠭᠡᠨ ᠤ ᠲᠠᠰᠤᠭ ᠲᠤ ᠬᠤᠶᠠᠷ | ᠤᠳᠬ᠎ᠠ ᠤᠷᠠᠯᠢᠭ ᠤᠨ ᠠᠩᠭᠢ᠂ ᠪᠥᠵᠢᠭ ᠤᠨ ᠠᠩᠭᠢ ᠪᠠ ᠬᠥᠭᠵᠢᠮ ᠤᠨ ᠠᠩᠭᠢ ᠨᠡᠶᠢᠲᠡ 60 ᠭᠠᠷᠤᠢ ᠬᠥᠮᠥᠨ ᠪᠠᠶᠢᠵᠤ᠂ ᠦᠷᠭᠦᠯᠵᠢ ᠬᠥᠳᠡᠯᠭᠡᠭᠡᠨ ᠬᠢᠳᠡᠭ ᠨᠢ | ᠪᠠᠰᠠ 30 ᠬᠥᠮᠥᠨ ᠪᠠᠶᠢᠵᠤ᠂ ᠨᠡᠶᠢᠭᠡᠮ ᠲᠣᠭᠤᠷᠢᠭ ᠢ ᠡᠳᠦᠷ ᠪᠦᠷᠢ ︽ᠠᠮᠢᠳᠤᠷᠠᠯ ᠤᠨ ᠠᠭᠤᠷ︾ ᠢᠶᠠᠷ ᠪᠢᠯᠬᠠᠭᠤᠯᠵᠤ ᠪᠠᠶᠢᠨ᠎ᠠ᠃ | ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠺᠠᠳ᠋ᠷᠴᠤᠳ ᠡᠳᠦᠷ ᠲᠤᠲᠤᠮ ᠤᠨ ᠰᠣᠷᠪᠤᠯᠵᠢᠯᠠᠭ᠎ᠠ ᠳᠤᠮᠳᠠ ᠪᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ᠂ | ᠨᠠᠰᠤᠲᠠᠶᠢᠴᠤᠳ ᠤᠨ ᠤᠷᠠᠨ ᠪᠢᠴᠢᠯᠭᠡ ᠳᠤ ᠣᠨᠴᠠᠭᠠᠶ ᠳᠤᠷᠠᠲᠠᠢ ᠪᠠᠶᠢᠬᠤ ᠱᠠᠭᠠᠷᠳᠠᠯᠭ᠎ᠠ ᠶᠢ ᠣᠶᠢᠯᠠᠭᠠᠭᠰᠠᠨ ᠤ ᠳᠠᠷᠠᠭ᠎ᠠ᠂ 2020 ᠣᠨ ᠠᠴᠠ ᠡᠬᠢᠯᠡᠨ᠂ | ᠲᠤᠰᠬᠠᠢ ᠮᠡᠷᠭᠡᠵᠢᠯ ᠲᠠᠢ ᠬᠠᠷᠢᠯᠴᠠᠬᠤ ᠤᠷᠠᠨ ᠪᠢᠴᠢᠯᠭᠡ ᠶᠢᠨ ᠪᠠᠭᠰᠢ ᠤᠷᠠᠨ ᠪᠢᠴᠢᠯᠭᠡ ᠳᠤ ᠪᠠᠭ᠋ᠠᠲᠠᠢ ᠬᠥᠮᠥᠰ ᠤᠨ ᠠᠳᠠᠯᠢ ᠪᠤᠰᠤ ᠱᠠᠭᠠᠷᠳᠠᠯᠭ᠎ᠠ ᠶᠢ ᠦᠨᠳᠦᠰᠦᠯᠡᠨ | ᠭᠠᠷᠠᠭ ᠪᠦᠷᠢ ᠶᠢᠨ ᠬᠤᠶᠠᠷ᠂ ᠭᠤᠷᠪᠠᠨ ᠤ ᠣᠷᠣᠢ ᠶᠢᠨ 6᠄ 30 ᠠᠴᠠ 8᠄ 00 ᠴᠠᠭ ᠲᠤ ᠲᠤᠬᠠᠢ ᠶᠢᠨ ᠲᠠᠯᠠᠪᠤᠷ ᠲᠤ ᠬᠢᠴᠢᠶᠡᠯ ᠣᠷᠣᠨ᠎ᠠ᠃ | ᠭᠠᠷᠠᠭ ᠤᠨ ᠲᠠᠪᠤᠨ ᠤ ᠦᠳᠡ ᠶᠢᠨ ᠬᠤᠶᠢᠨ᠎ᠠ ᠪᠣᠯᠭᠠᠨ ᠤ ᠰᠠᠭᠤᠭᠠᠯᠢ ᠠᠷᠠᠳ ᠲᠤ ᠲᠥᠯᠥᠪᠦᠷᠢ ᠦᠭᠡᠢ ᠪᠠᠷ ᠤᠯᠠᠭᠠᠨ ᠺᠢᠨᠣ᠋ ᠲᠠᠯᠪᠢᠵᠤ᠂ ︽ᠬᠤᠪᠢᠰᠬᠠᠯᠲᠤ | ᠺᠢᠨᠣ᠋ ᠶᠢᠨ ᠣᠷᠳᠣᠨ︾ ᠤ ᠰᠢᠨ᠎ᠡ ᠰᠣᠷᠭᠤᠭ᠂ ᠪᠣᠰᠤᠭ᠎ᠠ ᠴᠣᠭᠴᠠᠲᠤ ᠤᠬᠠᠭᠤᠯᠭ᠎ᠠ ᠬᠥᠮᠦᠵᠢᠯ ᠤᠨ ᠦᠢᠯᠡᠳᠦᠯ ᠢ ᠪᠠᠳᠠᠷᠠᠭᠤᠯᠵᠤ᠂ ᠨᠠᠮ ᠤᠨ ᠭᠡᠰᠢᠭᠦᠨ ᠤ | ᠴᠠᠬᠢᠯᠭᠠᠨᠴᠢᠯᠠᠭᠰᠠᠨ ᠰᠤᠷᠭᠠᠨ ᠬᠥᠮᠦᠵᠢᠯ ᠤᠨ ᠠᠯᠤᠰ ᠤᠨ ᠰᠤᠷᠭᠠᠨ ᠬᠥᠮᠦᠵᠢᠯ ᠢ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ | ᠯᠦᠭᠡ ᠣᠷᠭᠠᠨᠢᠭ ᠢᠶᠠᠷ ᠠᠭᠤᠰᠤᠯᠴᠠᠭᠤᠯᠵᠤ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ ︽ᠬᠤᠷᠠᠯ ᠤᠨ ᠵᠠᠭᠪᠤᠷ︾ ᠠᠴᠠ ︽ᠬᠠᠷᠢᠯᠴᠠᠨ ᠬᠥᠳᠡᠯᠦᠯᠴᠡᠬᠦ ᠵᠠᠭᠪᠤᠷ︾ | ᠪᠣᠯᠭᠠᠨ ᠲᠣᠬᠢᠷᠠᠭᠤᠯᠵᠤ᠂ ᠪᠥᠬᠦ ᠲᠠᠯ᠎ᠠ ᠶᠢᠨ ᠠᠯᠤᠰ ᠠᠴᠠ ᠵᠢᠭᠠᠬᠤ ᠰᠤᠷᠭᠠᠨ ᠬᠥᠮᠦᠵᠢᠯ ᠤᠨ ᠰᠤᠷᠤᠯᠴᠠᠯᠭ᠎ᠠ ᠶᠢ ᠥᠷᠨᠢᠭᠦᠯᠵᠦ᠂ ᠠᠯᠤᠰ ᠠᠴᠠ ᠵᠢᠭᠠᠬᠤ | ᠰᠤᠷᠭᠠᠨ ᠬᠥᠮᠦᠵᠢᠯ ᠢ ᠨᠠᠮ ᠤᠨ ᠭᠡᠰᠢᠭᠦᠨ ᠣᠯᠠᠨ ᠲᠦᠮᠡᠨ ᠤ ᠳᠣᠲᠣᠭᠠᠳᠤ ᠬᠡᠷᠡᠭᠴᠡᠭᠡ ᠱᠠᠭᠠᠷᠳᠠᠯᠭ᠎ᠠ ᠯᠤᠭ᠎ᠠ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠵᠦ᠂ | ᠴᠠᠬᠢᠯᠭᠠᠨᠴᠢᠯᠠᠭᠰᠠᠨ ᠰᠤᠷᠭᠠᠨ ᠬᠥᠮᠦᠵᠢᠯ ᠤᠨ ᠠᠯᠤᠰ ᠠᠴᠠ ᠵᠢᠭᠠᠬᠤ ᠤᠯᠤᠰ ᠲᠥᠷᠥ ᠶᠢᠨ ᠪᠣᠯᠪᠠᠰᠤᠷᠠᠯ ᠤᠨ ︽ᠭᠤᠣᠯ ᠬᠢᠴᠢᠶᠡᠯ ᠤᠨ ᠲᠠᠩᠬᠢᠮ︾ ᠢ ᠦᠨᠡᠨᠬᠦ | ᠰᠠᠶᠢᠲᠤᠷ ᠪᠠᠳᠠᠷᠠᠭᠤᠯᠤᠨ᠎ᠠ᠃ | ᠤᠯᠠᠨ ᠲᠦᠮᠡᠨ ᠤ ᠵᠥᠪᠰᠢᠶᠡᠷᠡᠯ ᠪᠣᠯ ᠬᠠᠮᠤᠭ ᠤᠨ ᠶᠡᠭᠡ ᠢᠷᠠᠭᠤ ᠠᠯᠳᠠᠷ ᠮᠥᠨ᠂ ᠤᠯᠠᠨ ᠲᠦᠮᠡᠨ ᠤ ᠬᠡᠷᠡᠭᠴᠡᠭᠡ ᠪᠣᠯ ᠬᠠᠮᠤᠭ ᠤᠨ ᠶᠡᠭᠡ ᠡᠭᠦᠷᠭᠡ ᠮᠥᠨ᠃ | ᠰᠢᠩ ᠬᠤᠸᠠ ᠵᠡᠭᠡᠯᠢ ᠭᠤᠳᠤᠮᠵᠢ ᠶᠢᠨ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠥᠷᠲᠡᠭᠡᠨ ᠤ ᠡᠯ᠎ᠡ ᠴᠢᠳᠠᠮᠵᠢ ᠶᠢᠨ ᠠᠵᠢᠯᠯᠠᠭᠠᠨ ᠤ ᠥᠷᠥᠭᠡ ᠶᠢᠨ ᠨᠡᠭᠡᠭᠡᠯᠲᠡ᠂ ᠰᠠᠭᠤᠭᠠᠯᠢ ᠠᠷᠠᠳ ᠤᠨ ᠣᠶᠣᠨ ᠰᠠᠨᠠᠭ᠎ᠠ ᠰᠣᠶᠣᠯ ᠤᠨ ᠠᠮᠢᠳᠤᠷᠠᠯ ᠢ ᠤᠯᠠᠮ ᠨᠢᠭᠡ | ᠠᠯᠬᠤᠮ ᠪᠠᠶᠠᠯᠢᠭᠵᠢᠭᠤᠯᠵᠤ᠂ ᠬᠠᠷᠢᠶᠠᠲᠤ ᠣᠷᠣᠨ ᠤ ᠨᠡᠩ ᠣᠯᠠᠨ ᠰᠠᠭᠤᠭᠠᠯᠢ ᠠᠷᠠᠳ ᠢ ᠡᠳᠦᠷ ᠲᠤᠲᠤᠮ ᠤᠨ ᠠᠮᠢᠳᠤᠷᠠᠯ ᠳᠤᠮᠳᠠ ᠪᠠᠨ ︽ᠭᠠᠷᠴᠤ ᠢᠷᠡᠵᠦ︾᠂ | ︽ᠬᠥᠳᠡᠯᠵᠦ︾᠂ ︽ᠪᠠᠶᠠᠷᠯᠠᠭᠤᠯᠵᠤ︾ ᠴᠢᠳᠠᠬᠤ ᠪᠣᠯᠭᠠᠭᠰᠠᠨ ᠢᠶᠠᠷ ᠪᠠᠷᠠᠬᠤ ᠦᠭᠡᠢ ᠪᠠᠰᠠ ᠰᠠᠭᠤᠭᠠᠯᠢ ᠠᠷᠠᠳ ᠲᠤ ᠬᠠᠶᠢᠷ᠎ᠠ ᠰᠡᠳᠬᠢᠯᠭᠡ ᠪᠠᠨ ᠵᠤᠵᠠᠭᠠᠳᠬᠠᠬᠤ᠂ ᠬᠥᠷᠰᠢ | ᠵᠡᠷᠭᠡᠯᠡᠳᠡᠭᠡ ᠶᠢᠨ ᠬᠠᠷᠢᠴᠠᠭ᠎ᠠ ᠪᠠᠨ ᠡᠶ᠎ᠡ ᠨᠠᠶᠢᠷᠲᠠᠢ ᠪᠣᠯᠭᠠᠬᠤ ᠬᠥᠭᠦᠷᠭᠡ ᠲᠠᠯᠪᠢᠵᠤ᠂ ᠰᠠᠭᠤᠭᠠᠯᠢ ᠠᠷᠠᠳ ᠢ ᠭᠡᠷ ᠤᠨ ᠣᠶᠢᠷᠠᠯᠴᠠᠭ᠎ᠠ ᠨᠢ ᠰᠣᠶᠣᠯ ᠪᠡᠶ᠎ᠡ ᠶᠢᠨ | ᠲᠠᠮᠢᠷ ᠤᠨ ᠬᠥᠳᠡᠯᠭᠡᠭᠡᠨ ᠠᠴᠠ ᠠᠪᠴᠢᠷᠠᠭᠰᠠᠨ ᠪᠠᠶᠠᠷ ᠴᠡᠩᠭᠡᠯ ᠢ ᠡᠳ᠋ᠯᠡᠭᠦᠯᠦᠭᠰᠡᠨ ᠪᠠᠶᠢᠨ᠎ᠠ᠃ |