ᠠᠷᠭᠠᠢ ᠬᠠᠷᠪᠤᠬᠤ ᠨᠠᠭᠠᠳᠤᠮ ᠪᠣᠯ ᠮᠣᠩᠭᠤᠯᠴᠤᠳ ᠤᠨ ᠤᠯᠠᠮᠵᠢᠯᠠᠯᠲᠤ ᠮᠦᠰᠦᠨ ᠳᠡᠭᠡᠷᠡᠬᠢ ᠪᠡᠶ᠎ᠡ ᠲᠠᠮᠢᠷ ᠤᠨ ᠬᠦᠳᠡᠯᠭᠡᠭᠡᠨ ᠶᠤᠮ᠃ ᠤᠯᠠᠭᠠᠨᠬᠠᠳᠠ | ᠬᠤᠲᠠ ᠶᠢᠨ ᠠᠷᠤ ᠬᠤᠷᠴᠢᠨ ᠬᠤᠰᠢᠭᠤ ᠶᠢᠨ ᠤᠤᠯ ᠤᠨ ᠪᠠᠶᠠᠨᠪᠤᠯᠠᠭ ᠰᠣᠮᠤ ᠶᠢᠨ ᠠᠮᠠᠰᠠᠷ᠂ ᠪᠣᠷᠤᠬᠤᠲᠠ ᠪᠣᠯᠤᠨ ᠴᠠᠭᠠᠬᠤᠪᠤᠭ᠎ᠠ ᠵᠡᠷᠭᠡ ᠭᠠᠴᠠᠭ᠎ᠠ ᠳᠤ ᠣᠳᠣ | ᠪᠣᠯᠲᠠᠯ᠎ᠠ ᠤᠯᠠᠮᠵᠢᠯᠠᠭᠳᠠᠵᠤ ᠪᠣᠢ᠃ | ᠮᠣᠩᠭᠤᠯᠴᠤᠳ ᠦᠬᠡᠷ᠂ ᠲᠡᠮᠡᠭᠡ ᠵᠡᠷᠭᠡ ᠪᠤᠳᠠ ᠮᠠᠯ ᠪᠣᠯᠤᠨ ᠪᠤᠭᠤ ᠵᠡᠷᠭᠡ ᠲᠣᠷᠤᠭ ᠠᠩ ᠤᠨ ᠱᠠᠭ᠎ᠠ ᠶᠢ ᠵᠠᠰᠠᠵᠤ ᠶᠠᠩᠵᠤᠯᠠᠭᠠᠳ ᠠᠷᠭᠠᠢ ᠭᠡᠳᠡᠭ᠃ ᠡᠳᠡᠭᠡᠷ | ᠱᠠᠭ᠎ᠠ ᠶᠢ ᠬᠠᠷᠪᠤᠨ ᠨᠠᠭᠠᠳᠬᠤ ᠠᠷᠭᠠᠢ ᠪᠣᠯᠭᠠᠨ ᠵᠠᠰᠠᠬᠤ ᠳᠤ᠂ ᠳᠡᠭᠡᠷᠡᠬᠢ ᠰᠢᠷᠪᠦᠰᠦ ᠰᠢᠨᠳᠠᠰᠤ ᠲᠣᠰᠤ ᠪᠤᠷᠲᠠᠭ ᠶᠢ ᠨᠢ ᠴᠡᠪᠡᠷᠯᠡᠨ ᠬᠠᠶᠠᠵᠤ᠂ ᠪᠦᠭᠡ ᠪᠣᠯᠤᠨ ᠴᠡᠭᠡ | ᠲᠠᠯ᠎ᠠ ᠶᠢ ᠨᠢ ᠬᠠᠪᠲᠠᠭᠠᠶᠢᠯᠠᠨ ᠴᠠᠪᠴᠢᠨ᠎ᠠ᠃ ᠪᠠᠷᠤᠭ ᠤᠤᠯ ᠱᠠᠭ᠎ᠠ ᠶᠢᠨ ᠬᠠᠭᠠᠰ ᠢᠯᠡᠭᠦᠦ ᠶᠢ ᠦᠯᠡᠳᠡᠭᠡᠵᠦ᠂ ᠪᠦᠭᠡ ᠲᠠᠯ᠎ᠠ ᠶᠢᠨ ᠭᠤᠣᠯ ᠳᠤᠮᠳᠠ ᠨᠢ ᠨᠦᠬᠡᠯᠡᠵᠦ᠂ | ᠴᠠᠭᠠᠨ ᠲᠤᠭᠤᠯᠭ᠎ᠠ ᠴᠢᠳᠬᠤᠨ ᠣᠷᠤᠭᠤᠯᠳᠠᠭ᠃ ᠡᠨᠡ ᠨᠢ ᠠᠷᠭᠠᠢ ᠶᠢᠨ ᠬᠦᠨᠳᠦᠴᠡ ᠶᠢ ᠨᠡᠮᠡᠭᠳᠡᠭᠦᠯᠬᠦ ᠦᠢᠯᠡᠳᠦᠯ ᠲᠠᠢ᠃ ᠬᠠᠷᠢᠨ ᠣᠨᠴᠠ ᠵᠠᠷᠢᠮ ᠰᠠᠶᠢᠨ ᠱᠠᠭ᠎ᠠ ᠨᠢ | ᠲᠣᠭᠤᠯᠭ᠎ᠠ ᠦᠭᠡᠢ ᠪᠠᠷ ᠴᠦ ᠠᠷᠭᠠᠢ ᠪᠣᠯᠭᠠᠨ ᠬᠠᠷᠪᠤᠵᠤ ᠪᠣᠯᠳᠠᠭ᠃ | ᠠᠷᠭᠠᠢ ᠶᠢ ᠮᠦᠰᠦᠨ ᠳᠡᠭᠡᠷ᠎ᠡ ᠬᠠᠷᠪᠤᠬᠤ ᠳᠤ᠂ ᠪᠦᠭᠡ ᠲᠠᠯ᠎ᠠ ᠶᠢ ᠨᠢ ᠳᠡᠭᠡᠭᠰᠢ ᠬᠠᠷᠠᠭᠤᠯᠤᠨ ᠪᠠᠷᠢᠵᠤ᠂ ᠡᠷᠡᠬᠡᠢ ᠪᠣᠯᠤᠨ ᠳᠣᠯᠢᠶᠠᠪᠤᠷ ᠬᠤᠷᠤᠭᠤ ᠶᠢᠨ ᠨᠢᠳᠡᠷᠡᠬᠦ | ᠬᠦᠴᠦ ᠪᠠᠷ ᠬᠤᠯᠠ ᠵᠦᠭ ᠡᠷᠭᠢᠯᠳᠦᠭᠦᠯᠦᠨ ᠶᠠᠪᠤᠭᠤᠯᠤᠨ᠎ᠠ᠃ ᠲᠡᠭᠦᠨ ᠢᠶᠠᠷ ᠬᠠᠷᠠᠯᠲᠠ ᠪᠣᠯᠭᠠᠵᠤ᠂ ᠪᠣᠰᠤᠳ ᠠᠷᠭᠠᠢ ᠪᠠᠷ ᠣᠨᠢᠯᠠᠨ ᠬᠠᠷᠪᠤᠵᠤ᠂ ᠣᠨᠤᠭᠠᠭᠰᠠᠨ ᠪᠣᠯ | ᠳᠡᠶᠢᠯᠦᠭᠰᠡᠨ ᠳᠤ ᠣᠷᠤᠨ᠎ᠠ᠃ ᠡᠶᠢᠮᠦ ᠠᠴᠠ᠂ ᠡᠨᠡᠬᠦ ᠨᠠᠭᠠᠳᠤᠮ ᠢ ᠬᠤᠶᠠᠷ ᠬᠦᠮᠦᠨ ᠴᠦ ᠨᠠᠭᠠᠳᠴᠤ ᠪᠣᠯᠬᠤ ᠪᠦᠭᠡᠳ ᠤᠷᠤᠯᠴᠠᠬᠤ ᠬᠦᠮᠦᠨ ᠣᠯᠠᠨ ᠪᠣᠯ ᠨᠡᠩ | ᠬᠦᠭᠵᠢᠶᠡᠨ ᠲᠠᠢ ᠪᠣᠯᠳᠠᠭ᠃ ᠭᠡᠪᠡᠴᠦ᠂ ᠭᠤᠷᠪᠠ ᠲᠠᠪᠤᠨ ᠬᠦᠮᠦᠨ ᠨᠢᠭᠡ ᠨᠠᠭᠠᠳᠤᠮ ᠪᠣᠯᠪᠠᠯ ᠬᠠᠮᠤᠭ ᠲᠣᠬᠢᠷᠠᠮᠵᠢᠲᠠᠢ᠃ ᠲᠤᠰ ᠨᠠᠭᠠᠳᠤᠮ ᠤᠨ ᠱᠦᠭᠦᠯᠴᠡᠭᠡᠨ ᠳᠤ | ᠬᠤᠨᠢ ᠢᠮᠠᠭᠠᠨ ᠱᠠᠭ᠎ᠠ ᠲᠠᠯᠪᠢᠨ᠎ᠠ᠃ | ᠡᠷᠲᠡ ᠳᠡᠭᠡᠳᠦ ᠶᠢᠨ ᠠᠷᠤ ᠬᠤᠷᠴᠢᠨ ᠪᠣᠯ ᠬᠤᠷᠴᠢᠨ ᠠᠶᠢᠮᠠᠭ ᠤᠨ ᠨᠢᠭᠡ ᠰᠠᠯᠠᠭ᠎ᠠ ᠨᠢ ᠪᠠᠶᠢᠵᠤ᠂ ᠬᠠᠪᠤᠲᠤ ᠬᠠᠰᠠᠷ ᠪᠣᠯᠤᠨ ᠲᠡᠭᠦᠨ ᠤ ᠦᠷ᠎ᠡ ᠬᠤᠶᠢᠴᠢᠰ ᠤᠨ | ᠬᠠᠷᠢᠶᠠᠲᠤ ᠢᠷᠭᠡᠨ ᠶᠤᠮ᠃ ᠠᠵᠢᠯᠴᠢ ᠪᠣᠷᠤᠭᠵᠢᠭᠤᠨ ᠪᠦᠭᠡᠳ ᠡᠷᠡᠯᠬᠡᠭ ᠪᠠᠭᠠᠳᠤᠷᠯᠢᠭ ᠠᠷᠤ ᠬᠤᠷᠴᠢᠨ ᠤ ᠠᠷᠠᠳ ᠲᠦᠮᠡᠨ᠂ ᠦᠶ᠎ᠡ ᠶᠢᠨ ᠦᠶ᠎ᠡ ᠳᠡᠭᠡᠨ ᠮᠠᠯᠵᠢᠬᠤ | ᠦᠢᠯᠡᠳᠪᠦᠷᠢᠯᠡᠯ ᠡᠷᠬᠢᠯᠡᠵᠦ᠂ ᠭᠡᠷᠡᠯ ᠰᠠᠴᠤᠷᠠᠩᠭᠤᠢ ᠨᠡᠭᠦᠳᠡᠯ ᠰᠣᠶᠣᠯ ᠤᠨ ᠪᠣᠯᠪᠠᠰᠤᠨ ᠢ ᠪᠦᠲᠦᠭᠡᠵᠦ᠂ ᠡᠷᠲᠡᠨ ᠤ ᠮᠣᠩᠭᠤᠯ ᠤᠯᠠᠮᠵᠢᠯᠠᠯ ᠢᠶᠠᠨ ᠴᠦ ᠵᠠᠯᠭᠠᠮᠵᠢᠯᠠᠨ | ᠢᠷᠡᠵᠡᠢ᠃ ᠡᠭᠦᠨ ᠤ ᠨᠢᠭᠡ ᠵᠢᠱᠢᠶ᠎ᠡ ᠨᠢ ᠠᠷᠭᠠᠢ ᠬᠠᠷᠪᠤᠬᠤ ᠨᠠᠭᠠᠳᠤᠮ ᠪᠣᠯᠤᠨ᠎ᠠ᠃ ᠡᠭᠦᠨ ᠤ ᠳᠤᠬᠠᠢ᠂ ︽ᠮᠣᠩᠭᠤᠯ ᠤᠨ ᠨᠢᠭᠤᠴᠠ ᠲᠣᠪᠴᠢᠶᠠᠨ︾ ᠪᠣᠯᠤᠨ ︽ | ᠮᠠᠨᠳᠤᠬᠠᠢ ᠰᠡᠴᠡᠨ︾ ᠵᠡᠷᠭᠡ ᠲᠡᠤᠬᠡ ᠶᠢᠨ ᠨᠣᠮ ᠵᠣᠬᠢᠶᠠᠯ ᠳᠤ ᠪᠦᠷ ᠲᠡᠮᠳᠡᠭᠯᠡᠯ ᠪᠣᠢ᠃ | ᠠᠷᠭᠠᠢ ᠬᠠᠷᠪᠤᠬᠤ ᠨᠠᠭᠠᠳᠤᠮ ᠨᠢ ᠱᠠᠭ᠎ᠠ ᠨᠢᠰᠠᠯᠬᠤ ᠨᠠᠭᠠᠳᠤᠮ ᠠᠴᠠ ᠡᠭᠦᠰᠦᠯ ᠲᠠᠢ᠃ ᠪᠤᠭ ᠮᠠᠯ ᠤᠨ ᠱᠠᠭ᠎ᠠ ᠵᠢᠭᠠᠬᠠᠨ ᠪᠣᠯᠬᠤᠷ᠂ ᠬᠦᠮᠦᠰ ᠲᠡᠭᠦᠨ ᠢ ᠨᠢᠰᠠᠯᠠᠨ | ᠨᠠᠭᠠᠳᠴᠤ ᠪᠣᠯᠳᠠᠭ᠃ ᠬᠠᠷᠢᠨ ᠦᠬᠡᠷ ᠤᠨ ᠱᠠᠭ᠎ᠠ ᠮᠡᠲᠦ ᠠᠷᠭᠠᠢ ᠶᠢ ᠨᠢᠰᠠᠯᠠᠭᠠᠳ ᠶᠠᠪᠤᠭᠤᠯᠵᠤ ᠳᠡᠶᠢᠯᠬᠦ ᠦᠭᠡᠢ᠃ ᠡᠶᠢᠮᠦ ᠠᠴᠠ᠂ ᠲᠡᠳᠡᠨ ᠢ ᠮᠦᠰᠦᠨ ᠳᠡᠭᠡᠷ᠎ᠡ | ᠭᠤᠯᠭᠤᠭᠤᠯᠵᠤ᠂ ᠨᠢᠭᠡ ᠶᠢ ᠨᠢ ᠨᠦᠭᠦᠭᠡ ᠪᠠᠷ ᠨᠢ ᠬᠠᠷᠪᠤᠨ ᠣᠨᠤᠭᠠᠬᠤ ᠨᠠᠭᠠᠳᠤᠮ ᠪᠣᠢ ᠪᠣᠯᠵᠠᠢ᠃ | ᠠᠷᠭᠠᠢ ᠬᠠᠷᠪᠤᠬᠤ ᠳᠤ᠂ ᠨᠠᠭᠠᠳᠤᠮ ᠳᠤ ᠣᠷᠤᠯᠴᠠᠭᠴᠢ ᠠᠴᠠ ᠬᠠᠷᠠᠯᠲᠠ ᠶᠢᠨ ᠠᠷᠭᠠᠢ ᠶᠢ ᠦᠵᠡᠵᠦ᠂ ᠤᠷᠤᠭᠰᠢ ᠪᠠᠨ ᠬᠡᠳᠦᠨ ᠠᠯᠬᠤᠮ ᠭᠦᠶᠦᠵᠦ᠂ | ᠭᠠᠷ ᠲᠠᠬᠢ ᠠᠷᠭᠠᠢ ᠪᠠᠷ ᠢᠶᠠᠨ ᠬᠠᠷᠠᠯᠳᠡ ᠪᠠᠨ ᠣᠨᠢᠯᠠᠵᠤ᠂ ᠡᠷᠡᠬᠡᠢ ᠬᠤᠷᠤᠭᠤ ᠪᠠᠷ ᠢᠶᠠᠨ ᠨᠢᠳᠡᠷᠡᠨ ᠶᠠᠪᠤᠭᠤᠯᠳᠠᠭ᠃ ᠡᠨᠡ ᠦᠶ᠎ᠡ ᠳᠤ᠂ ᠬᠦᠮᠦᠨ ᠤ ᠪᠡᠶ᠎ᠡ ᠶᠢᠨ | ᠲᠡᠩᠴᠡᠭᠦᠷᠢ᠂ ᠠᠯᠬᠤᠮ ᠭᠦᠶᠦᠳᠡᠯ᠂ ᠮᠠᠭᠠᠳᠯᠠᠬᠤ ᠴᠢᠳᠠᠪᠤᠷᠢ᠂ ᠨᠢᠳᠤ ᠪᠣᠯᠤᠨ ᠭᠠᠷ ᠤᠨ ᠳᠡᠮ ᠪᠠ ᠬᠦᠴᠦ ᠵᠡᠷᠭᠡ ᠨᠢ ᠪᠦᠷ ᠤᠶᠠᠯᠳᠤᠭᠰᠠᠨ ᠪᠠᠶᠢᠬᠤ ᠬᠡᠷᠡᠭᠲᠡᠢ᠃ | ᠡᠶᠢᠮᠦ ᠠᠴᠠ᠂ ᠠᠷᠭᠠᠢ ᠨᠠᠭᠠᠳᠤᠮ ᠢ ᠮᠦᠰᠦᠨ ᠳᠡᠭᠡᠷᠡᠬᠢ ᠲᠠᠮᠢᠷ ᠤᠨ ᠬᠦᠳᠡᠯᠭᠡᠭᠡᠨ ᠭᠡᠵᠤ᠂ ᠡᠭᠦᠨ ᠳᠤ ᠣᠷᠤᠯᠴᠠᠬᠤ ᠬᠦᠮᠦᠰ ᠢ ᠠᠷᠭᠠᠶᠢᠴᠢᠨ ᠭᠡᠳᠡᠭ᠃ | ᠠᠷᠭᠠᠢ ᠨᠠᠭᠠᠳᠤᠮ ᠳᠤ᠂ ᠬᠠᠮᠤᠭ ᠲᠡᠷᠢᠭᠦᠨ ᠤ ᠬᠦᠮᠦᠨ ᠦᠪᠡᠷ ᠤᠨ ᠨᠢᠭᠡ ᠠᠷᠭᠠᠢ ᠪᠠᠨ ᠬᠠᠷᠪᠤᠨ ᠶᠠᠪᠤᠭᠤᠯᠵᠤ᠂ ᠣᠨᠳᠤᠤ ᠨᠢᠭᠡ ᠠᠷᠭᠠᠢ ᠪᠠᠷ ᠲᠡᠭᠦᠨ ᠢᠶᠠᠨ | ᠬᠠᠷᠪᠤᠳᠠᠭ᠃ ᠬᠡᠷᠪᠡ ᠣᠨᠤᠭᠠᠬᠤ ᠳᠤ ᠬᠦᠷᠪᠡᠯ᠂ ᠡᠨᠡ ᠨᠢᠭᠡ ᠤᠳᠠᠭ᠎ᠠ ᠶᠢᠨ ᠨᠠᠭᠠᠳᠤᠮ ᠳᠠᠭᠤᠰᠴᠤ᠂ ᠪᠣᠰᠤᠳ ᠬᠦᠮᠦᠨ ᠤ ᠱᠠᠭ᠎ᠠ ᠪᠦᠷ ᠲᠡᠭᠦᠨ ᠤ ᠪᠣᠯᠤᠨ᠎ᠠ᠃ | ᠲᠡᠷᠢᠭᠦᠨ ᠤ ᠬᠦᠮᠦᠨ ᠬᠡᠷᠪᠡ ᠣᠨᠤᠭᠠᠭᠰᠠᠨ ᠦᠭᠡᠢ ᠪᠣᠯ᠂ ᠳᠠᠷᠠᠭ᠎ᠠ ᠶᠢᠨ ᠬᠦᠮᠦᠰ ᠬᠦᠮᠦᠨ ᠪᠦᠷᠢ ᠬᠤᠶᠠᠷ ᠤᠳᠠᠭ᠎ᠠ ᠬᠠᠷᠪᠤᠬᠤ ᠡᠷᠬᠡ ᠲᠠᠢ᠃ ᠣᠨᠤᠭᠠᠭᠰᠠᠨ ᠪᠣᠯ | ᠮᠥᠨ ᠪᠦᠭᠦᠳᠡ ᠱᠠᠭ᠎ᠠ ᠶᠢ ᠠᠪᠤᠨ᠎ᠠ᠃ ᠬᠡᠷᠪᠡ ᠬᠠᠷᠠᠯᠲᠠ ᠶᠢᠨ ᠠᠷᠭᠠᠢ ᠶᠢ ᠬᠡᠨ ᠴᠦ ᠣᠨᠤᠭᠠᠭᠰᠠᠨ ᠦᠭᠡᠢ ᠪᠣᠯ᠂ ᠮᠥᠨ ᠲᠡᠷᠢᠭᠦᠨ ᠤ ᠬᠦᠮᠦᠨ ᠬᠠᠷᠠᠯᠲᠠ ᠶᠢᠨ | ᠠᠷᠭᠠᠢ ᠪᠠᠨ ᠪᠤᠴᠠᠨ ᠬᠠᠷᠪᠤᠵᠤ᠂ ᠨᠠᠭᠠᠳᠤᠮ ᠤᠨ ᠱᠦᠭᠦᠯᠴᠡᠭᠡ ᠳᠤ ᠲᠠᠯᠪᠢᠭᠰᠠᠨ ᠱᠠᠭ᠎ᠠ ᠨᠤᠭᠤᠳ ᠤᠨ ᠬᠠᠪᠢ ᠳᠤ ᠵᠣᠭᠰᠤᠭᠠᠳᠠᠭ᠃ ᠳᠠᠬᠢᠨ ᠨᠦᠭᠦᠭᠡ ᠠᠷᠭᠠᠢ ᠪᠠᠷ | ᠲᠡᠭᠦᠨ ᠢᠶᠠᠨ ᠬᠠᠷᠪᠤᠵᠤ᠂ ᠪᠣᠰᠤᠳ ᠬᠦᠮᠦᠨ ᠬᠠᠷᠪᠤᠬᠤ ᠨᠢ ᠲᠦᠷᠦᠭᠦᠨ ᠤ ᠲᠠᠢ ᠠᠳᠠᠯᠢ᠃ ᠬᠡᠷᠪᠡ ᠬᠡᠨ ᠴᠦ ᠡᠨᠡᠬᠦ ᠠᠷᠭᠠᠢ ᠶᠢ ᠣᠨᠤᠭᠠᠭᠰᠠᠨ ᠦᠭᠡᠢ ᠪᠣᠯ᠂ | ᠲᠡᠷᠢᠭᠦᠨ ᠤ ᠬᠦᠮᠦᠨ ᠲᠡᠭᠦᠨ ᠢᠶᠠᠷ ᠢᠶᠠᠨ ᠱᠦᠭᠦᠯᠴᠡᠭᠡ ᠶᠢᠨ ᠱᠠᠭ᠎ᠠ ᠶᠢ ᠬᠠᠷᠪᠤᠵᠤ᠂ ᠠᠷᠭᠠᠢ ᠲᠠᠢ ᠨᠢ ᠠᠳᠠᠯᠢ ᠲᠠᠯ᠎ᠠ ᠭᠠᠷᠤᠭᠰᠠᠨ ᠱᠠᠭ᠎ᠠ ᠶᠢ ᠠᠪᠳᠠᠭ᠃ ᠡᠳᠡᠭᠡᠷ | ᠪᠣᠯ ᠬᠠᠮᠤᠭ ᠲᠡᠷᠢᠭᠦᠨ ᠳᠤ ᠬᠠᠷᠪᠤᠬᠤ ᠬᠦᠮᠦᠨ ᠤ ᠠᠰᠢᠭ ᠲᠠᠢ ᠵᠦᠢᠯ ᠶᠤᠮ᠃ | ᠠᠷᠭᠠᠢ ᠬᠠᠷᠪᠤᠬᠤ ᠳᠡᠰ ᠳᠠᠷᠠᠭ᠎ᠠ ᠶᠢ ᠲᠣᠭᠳᠠᠭᠠᠬᠤ ᠳᠤ᠂ ᠬᠦᠮᠦᠨ ᠪᠦᠷᠢ ᠶᠢᠨ ᠨᠢᠭᠡ ᠠᠷᠭᠠᠢ ᠶᠢ ᠨᠡᠶᠢᠯᠡᠭᠦᠯᠦᠨ ᠪᠠᠷᠢᠵᠤ᠂ ᠵᠣᠬᠢᠬᠤ ᠦᠨᠳᠦᠷ ᠳᠡᠭᠡᠷ᠎ᠡ ᠠᠴᠠ | ᠮᠦᠰᠦᠨ ᠳᠡᠭᠡᠷ᠎ᠡ ᠬᠠᠶᠠᠵᠤ᠂ ᠭᠠᠷᠤᠭᠰᠠᠨ ᠲᠠᠯ᠎ᠠ ᠪᠠᠷ ᠨᠢ ᠦᠨᠳᠦᠰᠦ ᠪᠠᠷᠢᠮᠲᠠ ᠪᠣᠯᠭᠠᠳᠠᠭ᠃ ᠡᠭᠦᠨ ᠳᠤ᠂ ᠣᠯᠠᠨ ᠵᠦᠢᠯ ᠤᠨ ᠠᠷᠭ᠎ᠠ ᠪᠠᠶᠢᠵᠤ᠂ ᠣᠯᠠᠨ ᠢᠶᠠᠷ ᠢᠶᠠᠨ | ᠬᠡᠯᠡᠯᠴᠡᠨ ᠪᠠᠶᠢᠵᠤ ᠲᠣᠭᠲᠠᠭᠠᠳᠠᠭ᠃ ᠶᠡᠷᠦᠳᠡ ᠪᠠᠨ᠂ ᠱᠠᠭ᠎ᠠ ᠶᠢᠨ ᠪᠦᠭᠡ᠂ ᠴᠡᠭᠡ᠂ ᠮᠣᠷᠢ᠂ ᠲᠡᠮᠡᠭᠡ ᠵᠡᠷᠭᠡ ᠲᠠᠯ᠎ᠠ ᠪᠠᠷ ᠳᠡᠰ ᠳᠠᠷᠠᠭᠠᠯᠠᠯ ᠪᠣᠯᠭᠠᠳᠠᠭ᠃ ᠭᠡᠪᠡᠴᠦ᠂ | ᠨᠢᠭᠡ ᠤᠳᠠᠭ᠎ᠠ ᠶᠢᠨ ᠬᠠᠶᠠᠳᠠᠯ ᠳᠤ ᠠᠳᠠᠯᠢ ᠲᠠᠯ᠎ᠠ ᠨᠢ ᠣᠯᠠᠨ ᠭᠠᠷᠴᠤ᠂ ᠣᠨᠴᠠᠭᠠᠢ ᠨᠢᠭᠡ ᠯᠡ ᠲᠠᠯ᠎ᠠ ᠪᠠᠶᠢᠪᠠᠯ᠂ ᠲᠡᠷᠡ ᠨᠢ ᠬᠠᠮᠤᠭ ᠲᠡᠷᠢᠭᠦᠨ ᠤ ᠠᠷᠭᠠᠢ ᠪᠣᠯᠳᠠᠭ᠃ | ᠢᠩᠬᠢᠵᠦ ᠬᠡᠳᠦ ᠤᠳᠠᠭ᠎ᠠ ᠬᠠᠶᠠᠵᠤ᠂ ᠪᠦᠬᠦ ᠳᠡᠰ ᠳᠠᠷᠠᠭᠠᠯᠠᠯ ᠢᠶᠠᠨ ᠭᠠᠷᠭᠠᠳᠠᠭ᠃ | ᠠᠷᠤ ᠬᠤᠷᠴᠢᠨ ᠳᠤ᠂ ᠨᠡᠯᠢᠶᠡᠳ ᠶᠡᠭᠡ ᠬᠡᠪᠴᠢᠶ᠎ᠡ ᠶᠢᠨ ᠠᠷᠭᠠᠢ ᠬᠠᠷᠪᠤᠬᠤ ᠮᠦᠷᠦ᠋ᠢᠴᠡᠭᠡᠨ ᠨᠢ ᠨᠠᠶᠢᠷ ᠨᠠᠭᠠᠳᠤᠮ ᠰᠢᠭ᠋ ᠶᠠᠪᠤᠭᠳᠠᠵᠤ᠂ ᠰᠠᠶᠢᠨ ᠠᠷᠭᠠᠶᠢᠴᠢᠨ ᠨᠢ | ᠣᠯᠠᠨ ᠤ ᠳᠤᠮᠳᠠ ᠪᠠᠨ ᠣᠳᠣ ᠪᠣᠯᠵᠤ ᠭᠢᠯᠠᠷᠠᠳᠠᠭ᠃ ᠮᠦᠷᠦ᠋ᠢᠴᠡᠭᠡᠨ ᠤ ᠳᠠᠷᠠᠭ᠎ᠠ᠂ ᠨᠠᠭᠠᠳᠤᠮ ᠡᠷᠬᠢᠯᠡᠭᠴᠢ ᠠᠴᠠ ᠮᠦᠰᠦᠨ ᠲᠠᠯᠠᠪᠠᠢ ᠶᠢᠨ ᠣᠶᠢᠷᠠᠯᠴᠠᠭ᠎ᠠ ᠮᠢᠬ᠎ᠠ | ᠱᠦᠯᠦ ᠲᠠᠢ ᠪᠤᠳᠠᠭ᠎ᠠ ᠴᠢᠨᠠᠵᠤ᠂ ᠠᠷᠭᠠᠶᠢᠴᠢᠳ ᠢ ᠳᠠᠶᠢᠯᠠᠳᠠᠭ᠃ ᠡᠨᠡ ᠨᠢ ᠵᠠᠷᠢᠮ ᠲᠠᠯ᠎ᠠ ᠪᠠᠷ ᠢᠶᠠᠨ ᠠᠷᠤ ᠬᠤᠷᠴᠢᠨ ᠤ ᠪᠣᠰᠤᠳ ᠨᠠᠶᠢᠷ ᠨᠠᠭᠠᠳᠤᠮ ᠲᠠᠢ ᠠᠳᠠᠯᠢ | ᠪᠠᠶᠢᠳᠠᠭ᠃ | ᠠᠷᠤ ᠬᠤᠷᠴᠢᠨ ᠤ ᠵᠠᠷᠢᠮ ᠬᠦᠮᠦᠰ ᠤᠨ ᠦᠵᠡᠬᠦ ᠪᠠᠷ᠂ ᠠᠷᠭᠠᠢ ᠬᠠᠷᠪᠤᠬᠤ ᠳᠤ ᠡᠷᠡᠬᠡᠢ ᠪᠠᠷ ᠨᠢᠳᠡᠷᠡᠬᠦ ᠪᠣᠯᠤᠨ ᠡᠷᠡᠬᠡᠢ ᠬᠤᠷᠤᠭᠤ ᠪᠠᠷ ᠨᠣᠮᠤ ᠶᠢᠨ ᠬᠦᠪᠴᠢ ᠶᠢ | ᠲᠠᠲᠠᠬᠤ ᠶᠣᠰᠤ ᠨᠢ ᠠᠳᠠᠯᠢ᠃ ᠡᠶᠢᠮᠦ ᠠᠴᠠ᠂ ᠠᠷᠭᠠᠢ ᠨᠠᠭᠠᠳᠤᠮ ᠨᠢ ᠬᠠᠷᠪᠤᠵᠤ ᠨᠠᠮᠨᠠᠬᠤ ᠶᠢᠨ ᠦᠨᠳᠦᠰᠦᠨ ᠪᠣᠯᠪᠠᠰᠤᠷᠠᠯ ᠤᠨ ᠨᠢᠭᠡ ᠠᠭᠤᠯᠭ᠎ᠠ ᠭᠡᠳᠡᠭ᠃ ᠴᠢᠩᠬᠢᠰ | ᠬᠠᠭᠠᠨ ᠤ ᠦᠶ᠎ᠡ ᠳᠤ᠂ ᠳᠡᠭᠦᠦ ᠬᠠᠰᠠᠷ ᠨᠢ ᠨᠣᠮᠤ ᠰᠣᠮᠤ ᠬᠠᠷᠪᠤᠬᠤ ᠪᠠᠷ ᠢᠶᠠᠨ ᠨᠡᠷ᠎ᠡ ᠠᠯᠳᠠᠷᠰᠢᠵᠤ᠂ ︽ᠬᠠᠪᠤᠲᠤ︾ ᠶᠢᠨ ᠴᠤᠯᠠ ᠣᠯᠵᠠᠢ᠃ ᠲᠡᠭᠦᠨ ᠤ | ᠵᠠᠬᠢᠷᠤᠭᠰᠠᠨ ᠬᠤᠷᠴᠢᠨ ᠠᠶᠢᠮᠠᠭ ᠴᠦ ᠴᠢᠩᠬᠢᠰ ᠬᠠᠭᠠᠨ ᠢ ᠬᠠᠮᠠᠭᠠᠯᠠᠬᠤ ᠨᠣᠮᠤ ᠰᠣᠮᠤ ᠶᠢᠨ ᠴᠡᠷᠢᠭ ᠪᠠᠶᠢᠭᠰᠠᠨ ᠶᠤᠮ᠃ | ᠠᠷᠤ ᠬᠤᠷᠴᠢᠨ ᠬᠦᠮᠦᠰ ᠳᠡᠭᠡᠳᠦ ᠶᠢᠨ ᠦᠶ᠎ᠡ ᠶᠢᠨ ᠮᠡᠷᠭᠡᠨ ᠬᠠᠷᠪᠤᠭᠠᠴᠢ ᠶᠢᠨ ᠤᠯᠠᠮᠵᠢᠯᠠᠯ ᠢᠶᠠᠨ ᠪᠠᠳᠠᠷᠠᠭᠤᠯᠵᠤ᠂ ᠠᠷᠭᠠᠢ ᠬᠠᠷᠪᠤᠬᠤ ᠨᠠᠭᠠᠳᠤᠮ ᠢ ᠴᠦ | ᠵᠠᠯᠭᠠᠮᠵᠢᠯᠠᠨ ᠢᠷᠡᠵᠡᠢ᠃ ᠡᠨᠡᠬᠦ ᠨᠠᠭᠠᠳᠤᠮ ᠨᠢ ᠬᠤᠷᠴᠠ ᠰᠢᠷᠦᠭᠦᠨ ᠦᠷᠢᠰᠦᠯᠳᠦᠭᠡᠨ ᠲᠠᠢ ᠮᠦᠷᠲᠡᠭᠡᠨ ᠤᠷᠮ᠎ᠠ ᠰᠣᠨᠢᠷᠬᠠᠯ ᠬᠦᠷ ᠬᠦᠭᠵᠢᠶᠡᠨ ᠲᠠᠢ ᠪᠠᠶᠢᠵᠤ᠂ ᠢᠯᠡ | ᠲᠣᠳᠤ ᠮᠣᠩᠭᠤᠯ ᠣᠨᠴᠠᠯᠢᠭ ᠪᠣᠯᠤᠨ ᠨᠤᠲᠤᠭ ᠣᠷᠤᠨ ᠤ ᠳᠦᠷᠭᠦ ᠪᠠᠶᠢᠳᠠᠯ ᠲᠠᠢ᠃ ᠲᠡᠭᠦᠨ ᠤ ᠳᠣᠲᠤᠷ᠎ᠠ᠂ ᠤᠭᠰᠠᠭᠠᠳᠠᠨ ᠤ ᠤᠬᠠᠭᠠᠨ᠂ ᠪᠡᠶ᠎ᠡ ᠲᠠᠮᠢᠷ ᠤᠨ | ᠤᠬᠠᠭᠠᠨ ᠪᠣᠯᠤᠨ ᠮᠣᠩᠭᠤᠯ ᠰᠣᠶᠣᠯ ᠤᠨ ᠤᠬᠠᠭᠠᠨ ᠵᠡᠷᠭᠡ ᠣᠯᠠᠨ ᠠᠭᠤᠯᠭ᠎ᠠ ᠪᠠᠶᠢᠳᠠᠭ᠃ | 2007 ᠣᠨ ᠤ 6 ᠰᠠᠷ᠎ᠠ ᠳᠤ᠂ ︽ᠠᠷᠭᠠᠢ ᠬᠠᠷᠪᠤᠬᠤ ᠨᠠᠭᠠᠳᠤᠮ︾ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠩᠬᠠᠳᠤᠭᠠᠷ ᠪᠦᠯᠦᠭ | ᠪᠣᠳᠠᠰ ᠤᠨ ᠪᠣᠰᠤ ᠰᠣᠶᠣᠯ ᠤᠨ ᠦᠪ ᠤᠨ ᠲᠦᠷᠦᠯ ᠵᠦᠢᠯ ᠤᠨ ᠨᠠᠷᠡᠰ ᠲᠤ ᠣᠷᠤᠭᠰᠠᠨ ᠶᠤᠮ᠃ 2009 ᠣᠨ ᠤ 8 ᠰᠠᠷ᠎ᠠ ᠳᠤ᠂ ᠲᠤᠰ ᠨᠠᠭᠠᠳᠤᠮ ᠳᠠᠬᠢᠨ | ᠤᠯᠠᠭᠠᠨᠬᠠᠳᠠ ᠬᠤᠲᠠ ᠶᠢᠨ ᠨᠢᠭᠡᠳᠦᠭᠡᠷ ᠪᠦᠯᠦᠭ ᠪᠣᠳᠠᠰ ᠤᠨ ᠪᠣᠰᠤ ᠰᠣᠶᠣᠯ ᠤᠨ ᠦᠪ ᠤᠨ ᠲᠦᠷᠦᠯ ᠵᠦᠢᠯ ᠤᠨ ᠨᠠᠷᠡᠰ ᠲᠤ ᠣᠷᠤᠭᠰᠠᠨ ᠪᠠᠶᠢᠨ᠎ᠠ᠃ ︵ | ᠪᠠᠭᠠᠪᠣᠯᠤᠳ︶ |