ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ 〔2023〕17 ᠳ᠋ᠤᠭᠠᠷ ᠲᠣᠭᠠᠲᠤ | | ᠲᠠᠸᠠᠷ ᠬᠡᠳᠦ ᠪᠣᠭᠤᠳᠠᠯᠯᠠᠵᠤ ᠪᠠᠭᠯᠠᠬᠤ ᠳᠤ ᠵᠠᠰᠠᠯᠲᠠ ᠬᠢᠬᠦ ᠶᠢ ᠤᠯᠠᠮ ᠨᠢᠭᠡ ᠠᠯᠬᠤᠮ ᠴᠢᠩᠭᠠᠳᠬᠠᠬᠤ ᠠᠷᠭ᠎ᠠ ᠬᠡᠮᠵᠢᠶ᠎ᠡ ᠨᠦᠭᠦᠳ ᠤᠨ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠲᠠᠸᠠᠷ ᠬᠡᠲᠦ ᠪᠣᠭᠤᠳᠠᠯᠯᠠᠵᠤ ᠪᠠᠭᠯᠠᠬᠤ ᠳᠤ ᠵᠠᠰᠠᠯᠲᠠ ᠬᠢᠬᠦ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ︹2022︺ 29 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠪᠦᠬᠦ ᠣᠷᠣᠨ ᠤ ᠲᠠᠸᠠᠷ ᠬᠡᠲᠦ ᠪᠣᠭᠤᠳᠠᠯᠯᠠᠵᠤ ᠪᠠᠭᠯᠠᠬᠤ ᠳᠤ ᠵᠠᠰᠠᠯᠲᠠ ᠬᠢᠬᠦ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠳᠣᠣᠷᠠᠬᠢ | ᠮᠡᠲᠦ ᠮᠡᠳᠡᠭᠳᠡᠪᠡ᠃ | ᠨᠢᠭᠡ᠂ ᠲᠠᠸᠠᠷ ᠬᠡᠲᠦ ᠪᠣᠭᠤᠳᠠᠯᠯᠠᠵᠤ ᠪᠠᠭᠯᠠᠬᠤ ᠪᠦᠬᠦ ᠬᠡᠯᠬᠢᠶᠡᠨ ᠤ ᠵᠠᠰᠠᠯᠲᠠ ᠶᠢ ᠴᠢᠩᠭᠠᠳᠬᠠᠨ᠎ᠠ | ︵ᠨᠢᠭᠡ︶ ᠪᠣᠭᠤᠳᠠᠯᠯᠠᠵᠤ ᠪᠠᠭᠯᠠᠬᠤ ᠬᠦᠷᠢᠶ᠎ᠡ ᠴᠠᠷᠠᠭᠠᠨ ᠳᠠᠬᠢ ᠮᠡᠷᠭᠡᠵᠢᠯ ᠤᠨ ᠰᠢᠨ᠎ᠡ ᠡᠭᠦᠳᠦᠯᠲᠡ ᠶᠢ ᠴᠢᠩᠭᠠᠳᠬᠠᠨ᠎ᠠ᠃ ᠪᠦᠬᠦ ᠣᠷᠣᠨ ᠤ ᠪᠣᠭᠤᠳᠠᠯ ᠪᠠᠭᠯᠠᠭ᠎ᠠ | ᠦᠢᠯᠡᠳᠪᠦᠷᠢᠯᠡᠬᠦ ᠠᠵᠤ ᠠᠬᠤᠶᠢᠯᠠᠯ ᠤᠨ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠭᠰᠠᠨ ᠰᠠᠭᠤᠷᠢᠨ ᠳᠡᠭᠡᠷ᠎ᠡ᠂ ᠪᠣᠭᠤᠳᠠᠯ ᠪᠠᠭᠯᠠᠭ᠎ᠠ ᠦᠢᠯᠡᠳᠪᠦᠷᠢᠯᠡᠬᠦ ᠠᠵᠤ | ᠠᠬᠤᠶᠢᠯᠠᠯ ᠤᠨ ᠠᠵᠢᠯ ᠲᠥᠷᠥᠯ ᠤᠨ ᠳᠣᠲᠣᠭᠠᠳᠤᠬᠢ ᠵᠢᠷᠤᠭ ᠲᠥᠯᠥᠪᠯᠡᠭᠡ ᠨᠢ ᠵᠦᠢ ᠵᠣᠬᠢᠰᠲᠠᠢ᠂ ᠮᠠᠲ᠋ᠧᠷᠢᠶᠠᠯ ᠬᠡᠷᠡᠭᠯᠡᠬᠦ ᠨᠢ ᠠᠷᠪᠢᠲᠠᠢ᠂ ᠡᠭᠡᠭᠦᠯᠦᠨ | ᠬᠤᠷᠢᠶᠠᠬᠤ ᠳᠤ ᠳᠥᠭᠦᠮ᠂ ᠬᠢᠮᠳᠠ ᠲᠣᠬᠢᠯᠢᠭ ᠪᠠᠶᠢᠬᠤ ᠲᠠᠯ᠎ᠠ ᠪᠠᠷ ᠬᠢ ᠵᠢᠱᠢᠶ᠎ᠡ ᠦᠵᠡᠭᠦᠯᠬᠦ ᠴᠢᠨᠠᠷ ᠪᠠ ᠬᠥᠲᠥᠯᠥᠨ ᠵᠢᠯᠤᠭᠤᠳᠬᠤ ᠴᠢᠨᠠᠷ ᠲᠠᠢ ᠲᠥᠰᠥᠯ ᠢ | ᠦᠨᠳᠦᠰᠦᠯᠡᠵᠦ ᠪᠣᠭᠤᠳᠠᠯ ᠪᠠᠭᠯᠠᠭ᠎ᠠ ᠶᠢᠨ ᠪᠦᠲᠦᠭᠡᠭᠳᠡᠬᠦᠨ ᠦᠢᠯᠡᠳᠪᠦᠷᠢᠯᠡᠬᠦ᠂ ᠪᠣᠭᠤᠳᠠᠯᠯᠠᠵᠤ ᠪᠠᠭᠯᠠᠬᠤ ᠮᠠᠲ᠋ᠧᠷᠢᠶᠠᠯ ᠵᠢᠴᠢ ᠦᠢᠯᠡᠳᠪᠦᠷᠢᠯᠡᠯ ᠤᠨ ᠲᠥᠬᠦᠭᠡᠷᠦᠮᠵᠢ | ᠰᠤᠳᠤᠯᠤᠨ ᠨᠡᠭᠡᠭᠡᠬᠦ ᠶᠢ ᠨᠢ ᠠᠬᠢᠭᠤᠯᠤᠨ᠎ᠠ᠃ ᠪᠣᠭᠤᠳᠠᠯ ᠪᠠᠭᠯᠠᠭ᠎ᠠ ᠦᠢᠯᠡᠳᠪᠦᠷᠢᠯᠡᠬᠦ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠦᠢᠯᠡᠳᠪᠦᠷᠢᠯᠡᠬᠦ | ᠦᠵᠦᠭᠦᠷ ᠠᠴᠠ ᠳᠥᠭᠦᠮ ᠪᠣᠷᠣᠭᠵᠢᠭᠤᠨ ᠪᠣᠭᠤᠳᠠᠯ ᠪᠠᠭᠯᠠᠭ᠎ᠠ ᠶᠢ ᠳᠡᠯᠭᠡᠷᠡᠭᠦᠯᠵᠦ᠂ ᠠᠷᠪᠢᠯᠠᠨ ᠭᠠᠮᠨᠠᠬᠤ ᠣᠨᠣᠯᠵᠢᠬᠤᠨ ᠢ ᠡᠬᠢ ᠢᠷᠡᠯᠲᠡ ᠠᠴᠠ ᠨᠢ | ᠦᠢᠯᠡᠳᠦᠯᠭᠡᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠶᠠᠷ︶ ᠲᠠᠸᠠᠷ ᠦᠢᠯᠡᠳᠪᠦᠷᠢᠯᠡᠬᠦ ᠭᠤᠭᠴᠣᠭᠠᠨ ᠳᠤ ᠬᠡᠲᠦ ᠪᠣᠭᠤᠳᠠᠯᠯᠠᠵᠤ ᠪᠠᠭᠯᠠᠬᠤ ᠶᠢ ᠰᠡᠷᠭᠡᠶᠢᠯᠡᠨ᠎ᠡ᠃ ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ | ᠬᠢᠵᠠᠭᠠᠷᠯᠠᠬᠤ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢ ᠤᠬᠠᠭᠤᠯᠤᠨ ᠲᠤᠭᠤᠰᠢᠯᠠᠭᠤᠯᠬᠤ ᠠᠵᠢᠯ ᠢ ᠴᠢᠩᠭᠠᠳᠬᠠᠵᠤ᠂ ᠬᠠᠤᠯᠢ ᠬᠡᠷᠡᠭᠵᠢᠭᠦᠯᠦᠯᠲᠡ ᠬᠢᠨᠠᠯᠲᠠ | ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠲᠠᠸᠠᠷ ᠦᠢᠯᠡᠳᠪᠦᠷᠢᠯᠡᠬᠦ ᠠᠵᠤ ᠠᠬᠤᠶᠢᠯᠠᠯ ᠢ ᠰᠢᠮᠳᠠᠭᠤᠯᠤᠨ ᠵᠢᠯᠤᠭᠤᠳᠴᠤ ᠪᠠᠶᠢᠭᠠᠳ ᠬᠡᠲᠦ ᠪᠣᠭᠤᠳᠠᠯᠯᠠᠵᠤ | ᠪᠠᠭᠯᠠᠬᠤ ᠶᠢᠨ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠎ᠡ᠃ ᠲᠠᠸᠠᠷ ᠤᠨ ᠪᠣᠭᠤᠳᠠᠯ ᠪᠠᠭᠯᠠᠭ᠎ᠠ ᠵᠢᠷᠤᠵᠤ ᠲᠥᠯᠥᠪᠯᠡᠬᠦ᠂ ᠦᠢᠯᠡᠳᠬᠦ ᠪᠠ | ᠬᠡᠷᠡᠭᠯᠡᠬᠦ ᠵᠡᠷᠭᠡ ᠲᠠᠯ᠎ᠠ ᠪᠠᠷ ᠬᠢ ᠮᠡᠳᠡᠭᠡ ᠵᠠᠩᠭᠢ ᠶᠢᠨ ᠲᠡᠮᠳᠡᠭᠯᠡᠯ ᠤᠨ ᠳᠠᠩᠰᠠ ᠡᠪᠬᠡᠮᠡᠯ ᠢ ᠪᠠᠶᠢᠭᠤᠯᠵᠤ᠂ ᠲᠠᠸᠠᠷ ᠦᠢᠯᠡᠳᠪᠦᠷᠢᠯᠡᠬᠦ ᠠᠵᠤ ᠠᠬᠤᠶᠢᠯᠠᠯ ᠢ ᠬᠥᠲᠥᠯᠥᠨ | ᠵᠢᠯᠤᠭᠤᠳᠴᠤ ᠪᠠᠶᠢᠭᠠᠳ ᠳᠥᠭᠦᠮ ᠪᠣᠷᠣᠭᠵᠢᠭᠤᠨ ᠪᠥᠭᠡᠳ ᠪᠣᠬᠢᠷᠲᠤᠯ ᠦᠭᠡᠢ ᠪᠣᠭᠤᠳᠠᠯ ᠪᠠᠭᠯᠠᠭ᠎ᠠ ᠶᠢ ᠬᠡᠷᠡᠭᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠲᠠᠸᠠᠷ ᠦᠢᠯᠡᠳᠪᠦᠷᠢᠯᠡᠬᠦ ᠠᠵᠤ | ᠠᠬᠤᠶᠢᠯᠠᠯ ᠢ ᠰᠢᠮᠳᠠᠭᠤᠯᠵᠤ ᠪᠠᠶᠢᠭᠠᠳ ᠪᠠᠷᠢᠮᠵᠢᠶᠠᠵᠢᠭᠤᠯᠤᠯᠲᠠ ᠶᠢᠨ ᠬᠠᠤᠯᠢ ᠶᠢ ᠴᠢᠩᠭ᠎ᠠ ᠬᠡᠷᠡᠭᠵᠢᠭᠦᠯᠵᠦ᠂ ᠲᠡᠳᠡᠨ ᠤ ᠭᠦᠢᠴᠡᠳᠬᠡᠨ ᠬᠡᠷᠡᠭᠵᠢᠭᠦᠯᠵᠦ ᠪᠠᠶᠢᠭ᠎ᠠ | ᠪᠣᠭᠤᠳᠠᠯ ᠪᠠᠭᠯᠠᠭ᠎ᠠ ᠲᠠᠢ ᠬᠤᠯᠪᠣᠭᠳᠠᠬᠤ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ᠂ ᠲᠠᠨᠢᠯᠴᠠᠭᠤᠯᠬᠤ ᠴᠢᠨᠠᠷᠲᠠᠢ ᠪᠠᠷᠢᠮᠵᠢᠶ᠎ᠠ᠂ ᠪᠦᠯᠬᠦᠮ ᠨᠡᠶᠢᠲᠡ ᠶᠢᠨ ᠪᠠᠷᠢᠮᠵᠢᠶ᠎ᠠ | ᠪᠤᠶᠤ ᠠᠵᠤ ᠠᠬᠤᠶᠢᠯᠠᠯ ᠤᠨ ᠪᠠᠷᠢᠮᠵᠢᠶᠠᠨ ᠤ ᠳ᠋ᠤᠭᠠᠷᠯᠠᠯ ᠪᠠ ᠨᠡᠷᠡᠶᠢᠳᠦᠯ ᠢ ᠨᠢ ᠬᠠᠤᠯᠢ ᠶᠣᠰᠣᠭᠠᠷ ᠢᠯᠡ ᠪᠣᠯᠭᠠᠵᠤ᠂ ᠱᠠᠭᠠᠷᠳᠠᠯᠭ᠎ᠠ ᠶᠣᠰᠣᠭᠠᠷ ᠢᠯᠡ ᠪᠣᠯᠭᠠᠭᠰᠠᠨ | ᠦᠭᠡᠢ ᠪᠤᠶᠤ ᠪᠦᠲᠦᠭᠡᠭᠳᠡᠬᠦᠨ ᠨᠢ ᠪᠠᠷᠢᠮᠵᠢᠶ᠎ᠠ ᠱᠠᠭᠠᠷᠳᠠᠯᠭ᠎ᠠ ᠳᠤ ᠥᠯᠥ ᠨᠡᠶᠢᠴᠡᠭᠰᠡᠨ ᠠᠵᠤ ᠠᠬᠤᠶᠢᠯᠠᠯ ᠠᠴᠠ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠡᠮᠴᠢᠯᠡᠭᠡᠨ ᠤ ᠪᠠᠶᠢᠭᠤᠯᠤᠮᠵᠢ᠂ ᠡᠮ ᠤᠨ ᠵᠦᠢᠯ | ᠦᠢᠯᠡᠳᠪᠦᠷᠢᠯᠡᠬᠦ ᠠᠵᠤ ᠠᠬᠤᠶᠢᠯᠠᠯ ᠳᠠᠬᠢ ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢᠨ ᠤᠬᠠᠭᠤᠯᠤᠨ | ᠲᠤᠭᠤᠰᠢᠯᠠᠭᠤᠯᠬᠤ ᠠᠵᠢᠯ ᠢ ᠴᠢᠩᠭᠠᠳᠬᠠᠵᠤ᠂ ᠡᠮᠴᠢᠯᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠪᠠᠶᠢᠭᠠᠳ ᠡᠭᠦᠳᠡᠨ ᠡᠮᠨᠡᠯᠭᠡ᠂ ᠡᠮᠨᠡᠯᠭᠡ ᠳᠤ ᠰᠠᠭᠤᠬᠤ ᠪᠠ | ᠤᠵᠢᠭ ᠡᠪᠡᠳᠴᠢᠨ ᠵᠡᠷᠭᠡ ᠠᠳᠠᠯᠢ ᠪᠤᠰᠤ ᠠᠬᠤᠢ ᠪᠠᠶᠢᠳᠠᠯ ᠪᠠ ᠲᠥᠷᠥᠯ ᠬᠡᠯᠪᠡᠷᠢ ᠳᠤ ᠬᠠᠨᠳᠤᠭᠤᠯᠤᠨ ᠪᠣᠳᠠᠲᠠᠢ ᠳᠤ ᠨᠡᠶᠢᠴᠡᠭᠰᠡᠨ ᠡᠮ ᠤᠨ ᠵᠦᠢᠯ ᠤᠨ ᠪᠣᠭᠤᠳᠠᠯ | ᠪᠠᠭᠯᠠᠭ᠎ᠠ ᠶᠢᠨ ᠬᠡᠪ ᠪᠠᠷᠢᠮᠵᠢᠶᠠᠨ ᠤ ᠱᠠᠭᠠᠷᠳᠠᠯᠭ᠎ᠠ ᠶᠢ ᠳᠤᠷᠠᠳᠤᠨ ᠭᠠᠷᠭᠠᠵᠤ᠂ ᠡᠮ ᠤᠨ ᠵᠦᠢᠯ ᠦᠢᠯᠡᠳᠪᠦᠷᠢᠯᠡᠬᠦ ᠠᠵᠤ ᠠᠬᠤᠶᠢᠯᠠᠯ ᠢ ᠬᠥᠲᠥᠯᠥᠨ ᠵᠢᠯᠤᠭᠤᠳᠴᠤ | ᠪᠠᠶᠢᠭᠠᠳ ᠡᠮ ᠤᠨ ᠵᠦᠢᠯ ᠤᠨ ᠪᠣᠭᠤᠳᠠᠯ ᠪᠠᠭᠯᠠᠭ᠎ᠠ ᠶᠢᠨ ᠬᠡᠪ ᠪᠠᠷᠢᠮᠵᠢᠶ᠎ᠠ ᠶᠢ ᠰᠢᠯᠢᠳᠡᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠪᠠ | ᠡᠷᠡᠭᠦᠯ ᠮᠡᠨᠳᠦ ᠶᠢᠨ ᠵᠥᠪᠯᠡᠯ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠷᠪᠠ︶ ᠬᠡᠲᠦ ᠪᠣᠭᠤᠳᠠᠯᠯᠠᠵᠤ ᠪᠠᠭᠯᠠᠭᠰᠠᠨ ᠲᠠᠸᠠᠷ ᠢ ᠪᠣᠷᠣᠯᠠᠭᠤᠯᠤᠨ ᠬᠤᠳᠠᠯᠳᠤᠬᠤ ᠠᠴᠠ ᠵᠠᠶᠢᠯᠠᠰᠬᠢᠨ᠎ᠡ᠃ ᠪᠣᠷᠣᠯᠠᠭᠤᠯᠤᠨ ᠬᠤᠳᠠᠯᠳᠤᠬᠤ | ᠭᠤᠭᠴᠣᠭᠠᠨ ᠳᠠᠬᠢ ᠲᠠᠸᠠᠷ ᠬᠡᠲᠦ ᠪᠣᠭᠤᠳᠠᠯᠯᠠᠵᠤ ᠪᠠᠭᠯᠠᠬᠤ ᠦᠢᠯᠡ ᠶᠢ ᠬᠢᠨᠠᠨ ᠪᠠᠶᠢᠴᠠᠭᠠᠬᠤ ᠪᠠᠨ ᠴᠢᠩᠭᠠᠳᠬᠠᠵᠤ᠂ ᠬᠡᠲᠦ ᠪᠣᠭᠤᠳᠠᠯᠯᠠᠵᠤ ᠪᠠᠭᠯᠠᠭᠰᠠᠨ ᠲᠠᠸᠠᠷ ᠢ | ᠬᠠᠤᠯᠢ ᠠᠴᠠ ᠵᠥᠷᠢᠴᠡᠨ ᠪᠣᠷᠣᠯᠠᠭᠤᠯᠵᠤ ᠬᠤᠳᠠᠯᠳᠤᠭᠰᠠᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠰᠢᠢᠳᠬᠡᠵᠦ ᠲᠣᠷᠭᠠᠨ᠎ᠠ᠃ ᠲᠠᠸᠠᠷ | ᠪᠣᠷᠣᠯᠠᠭᠤᠯᠤᠭᠴᠢ ᠬᠢᠭᠡᠳ ᠲᠠᠸᠠᠷ ᠦᠢᠯᠡᠳᠪᠦᠷᠢᠯᠡᠬᠦ ᠠᠵᠤ ᠠᠬᠤᠶᠢᠯᠠᠯ ᠤᠨ ᠳᠡᠭᠡᠳᠦ ᠳᠣᠣᠷᠠᠳᠤ ᠬᠡᠯᠬᠢᠶ᠎ᠡ ᠪᠠᠷ ᠢᠶᠠᠨ ᠬᠠᠮᠵᠢᠯᠴᠠᠨ ᠪᠠᠶᠢᠵᠤ ᠪᠣᠬᠢᠷᠳᠤᠯ ᠦᠭᠡᠢ᠂ | ᠳᠥᠭᠦᠮ ᠪᠣᠷᠣᠭᠵᠢᠭᠤᠨ ᠢᠶᠠᠷ ᠪᠣᠭᠤᠳᠠᠯᠯᠠᠵᠤ ᠪᠠᠭᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠳᠤ ᠨᠢ ᠵᠣᠷᠢᠭᠵᠢᠭᠤᠯᠤᠯ ᠦᠵᠡᠭᠦᠯᠦᠨ᠎ᠡ᠃ ︵ᠥᠪᠡᠷᠲᠡᠭᠡᠨ ᠵᠠᠰᠠᠬᠤ | ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠡᠯᠧᠺᠳ᠋ᠷᠣᠨ ᠬᠤᠳᠠᠯᠳᠤᠭᠠᠨ ᠤ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ | ᠡᠵᠡᠩᠨᠡᠭᠴᠢᠳ ᠲᠤ ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠪᠠᠷᠢᠮᠵᠢᠶ᠎ᠠ ᠶᠢ ᠤᠯᠠᠮ | ᠨᠢᠭᠡ ᠠᠯᠬᠤᠮ ᠤᠬᠠᠭᠤᠯᠵᠤ᠂ ᠰᠦᠯᠵᠢᠶᠡᠨ ᠳᠠᠬᠢ ᠪᠠ ᠰᠦᠯᠵᠢᠶᠡᠨ ᠠᠴᠠ ᠭᠠᠳᠠᠭᠤᠷᠬᠢ ᠱᠠᠭᠠᠷᠳᠠᠯᠭ᠎ᠠ ᠨᠢᠭᠡᠳᠦᠯᠲᠡᠢ ᠪᠠᠶᠢᠬᠤ ᠶᠢ ᠠᠬᠢᠭᠤᠯᠤᠨ ᠪᠡᠶᠡᠯᠡᠭᠦᠯᠦᠨ᠎ᠡ᠃ ︵ | ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠮᠧᠢ ᠲᠤᠸᠠᠨ ᠵᠡᠷᠭᠡ ᠭᠠᠳᠠᠭᠰᠢ ᠪᠠᠨ ᠬᠤᠳᠠᠯᠳᠤᠬᠤ ᠲᠠᠪᠴᠠᠩ ᠢ ᠰᠢᠮᠳᠠᠭᠤᠯᠵᠤ | ᠪᠠᠶᠢᠭᠠᠳ ᠲᠠᠪᠴᠠᠩ ᠤᠨ ᠳᠦᠷᠢᠮ ᠢᠶᠠᠨ ᠲᠡᠭᠦᠯᠳᠡᠷᠵᠢᠭᠦᠯᠦᠨ᠂ ︽ᠬᠤᠭᠤᠯᠠᠨ ᠤ ᠰᠠᠪᠠ ᠬᠡᠷᠡᠭᠰᠡᠯ ᠦᠯᠦ ᠬᠡᠷᠡᠭᠰᠡᠬᠦ︾ ᠰᠣᠩᠭᠤᠯᠲᠠ ᠶᠢ ᠲᠣᠬᠢᠷᠠᠭᠤᠯᠤᠨ ᠨᠡᠭᠡᠭᠡᠨ᠎ᠡ᠃ | ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠬᠠᠷᠢᠭᠤᠴᠠᠨ᠎ᠠ︶ ᠢᠳᠡᠭᠡᠨ ᠤᠮᠳᠠᠭᠠᠨ ᠡᠵᠡᠩᠨᠡᠭᠴᠢᠳ ᠢ ᠰᠢᠮᠳᠠᠭᠤᠯᠤᠨ | ᠵᠢᠯᠤᠭᠤᠳᠴᠤ ᠪᠠᠶᠢᠭᠠᠳ ᠭᠠᠳᠠᠭᠰᠢ ᠪᠠᠨ ᠬᠤᠳᠠᠯᠳᠤᠬᠤ ᠪᠣᠭᠤᠳᠠᠯ ᠪᠠᠭᠯᠠᠭ᠎ᠠ ᠶᠢᠨ ᠲᠦᠷᠦᠯ ᠬᠡᠯᠪᠡᠷᠢ ᠶᠢ ᠨᠢ ᠲᠣᠳᠣᠷᠬᠠᠢ ᠲᠣᠭᠲᠠᠭᠠᠯᠭᠠᠬᠤ ᠶᠢᠨ ᠬᠠᠮᠲᠤ ᠬᠠᠤᠯᠢ | ᠶᠣᠰᠣᠭᠠᠷ ᠦᠨ᠎ᠡ ᠬᠠᠩᠰᠢ ᠶᠢ ᠨᠢ ᠢᠯᠡ ᠬᠠᠳᠠᠭᠤᠯᠤᠨᠠ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠥᠷᠪᠡ︶ ᠲᠠᠸᠠᠷ ᠢ ᠲᠤᠰᠢᠶᠠᠨ ᠥᠭᠬᠦ ᠭᠤᠭᠴᠣᠭᠠᠨ ᠳᠠᠬᠢ ᠪᠣᠭᠤᠳᠠᠯ ᠪᠠᠭᠯᠠᠭ᠎ᠠ ᠶᠢᠨ ᠬᠡᠮᠵᠢᠶ᠎ᠡ ᠶᠢ ᠪᠠᠭᠠᠰᠬᠠᠬᠤ ᠪᠠᠨ ᠠᠬᠢᠭᠤᠯᠤᠨ᠎ᠠ᠃ ᠢᠯᠡᠭᠡᠨ ᠬᠦᠷᠭᠡᠬᠦ | ᠠᠵᠤ ᠠᠬᠤᠶᠢᠯᠠᠯ ᠢ ᠰᠢᠮᠳᠠᠭᠤᠯᠤᠨ ᠵᠢᠯᠤᠭᠤᠳᠴᠤ ᠪᠠᠶᠢᠭᠠᠳ ᠲᠦᠷᠭᠡᠨ ᠢᠯᠡᠭᠡᠯᠲᠡ ᠶᠢᠨ ᠪᠣᠭᠤᠳᠠᠯ ᠪᠠᠭᠯᠠᠭ᠎ᠠ ᠶᠢᠨ ᠠᠵᠢᠯᠯᠠᠭᠠᠨ ᠤ ᠵᠢᠷᠤᠮᠵᠢᠯ ᠢ ᠨᠢ ᠪᠠᠶᠢᠭᠤᠯᠤᠨ | ᠪᠦᠷᠢᠨᠰᠢᠭᠦᠯᠵᠦ᠂ ᠠᠵᠢᠯ ᠡᠷᠬᠢᠯᠡᠭᠰᠡᠳ ᠲᠤ ᠪᠣᠭᠤᠳᠠᠯᠯᠠᠵᠤ ᠪᠠᠭᠯᠠᠬᠤ ᠲᠠᠯ᠎ᠠ ᠪᠠᠷ ᠬᠢ ᠵᠢᠷᠣᠮᠵᠢᠭᠤᠨ ᠪᠣᠯᠪᠠᠰᠤᠷᠠᠯ ᠬᠦᠷᠲᠡᠭᠡᠬᠦ ᠪᠠᠨ ᠴᠢᠩᠭᠠᠳᠬᠠᠨ᠎ᠠ᠃ ᠢᠯᠡᠭᠡᠨ | ᠬᠦᠷᠭᠡᠬᠦ ᠠᠵᠤ ᠠᠬᠤᠶᠢᠯᠠᠯ ᠤᠨ ᠰᠢᠤᠳᠠᠨ ᠤ ᠵᠦᠢᠯ ᠲᠦᠷᠭᠡᠨ ᠢᠯᠡᠭᠡᠯᠲᠡ ᠶᠢᠨ ᠵᠦᠢᠯ ᠤᠨ ᠪᠣᠭᠤᠳᠠᠯ ᠪᠠᠭᠯᠠᠭ᠎ᠠ ᠶᠢᠨ ᠠᠵᠢᠯᠯᠠᠭᠠᠨ ᠤ ᠵᠢᠷᠤᠮᠵᠢᠯ ᠢ ᠪᠦᠷᠢᠳᠬᠡᠨ | ᠳᠠᠩᠰᠠᠯᠠᠵᠣ ᠬᠠᠮᠢᠶᠠᠷᠬᠤ ᠠᠵᠢᠯ ᠢ ᠥᠷᠨᠢᠭᠦᠯᠦᠨ᠎ᠡ᠃ ᠢᠯᠡᠭᠡᠨ ᠬᠦᠷᠭᠡᠬᠦ ᠠᠵᠤ ᠠᠬᠤᠶᠢᠯᠠᠯ ᠤᠨ ᠤᠷᠴᠢᠯᠳᠤᠭᠤᠯᠤᠨ ᠬᠡᠷᠡᠭᠯᠡᠵᠦ ᠪᠣᠯᠬᠤ᠂ ᠡᠭᠡᠭᠦᠯᠦᠨ ᠬᠤᠷᠢᠶᠠᠬᠤ ᠳᠤ | ᠳᠥᠭᠦᠮ᠂ ᠵᠠᠳᠠᠷᠠᠮᠠᠬᠠᠢ ᠣᠷᠣᠯᠠᠬᠤ ᠪᠣᠭᠤᠳᠠᠯ ᠪᠠᠭᠯᠠᠭ᠎ᠠ ᠶᠢᠨ ᠪᠦᠲᠦᠭᠡᠭᠳᠡᠬᠦᠨ ᠬᠡᠷᠡᠭᠯᠡᠬᠦ ᠶᠢ ᠨᠢ ᠵᠣᠷᠢᠭᠵᠢᠭᠤᠯᠵᠤ᠂ ᠬᠦᠨᠳᠦᠴᠡ ᠪᠠᠭᠠᠲᠠᠢ ᠳᠠᠭᠠᠭᠠᠴᠠ ᠶᠡᠬᠡᠲᠡᠢ | ᠲᠦᠷᠭᠡᠨ ᠢᠯᠡᠭᠡᠯᠲᠡ ᠶᠢᠨ ᠪᠣᠭᠤᠳᠠᠯ ᠪᠠᠭᠯᠠᠭᠠᠲᠤ ᠴᠠᠭᠠᠰᠤᠨ ᠬᠠᠶᠢᠷᠴᠠᠭ᠂ ᠴᠠᠪᠠᠤ ᠦᠭᠡᠢ ᠴᠠᠭᠠᠰᠤᠨ ᠬᠠᠶᠢᠷᠴᠠᠭ ᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ | ᠰᠦᠯᠢᠶᠥᠦ ᠴᠢᠭᠵᠢᠶᠡᠰᠦ ᠶᠢᠨ ᠵᠦᠢᠯ ᠢ ᠬᠡᠷᠡᠭᠯᠡᠬᠦ ᠶᠢ ᠨᠢ ᠪᠠᠭᠠᠰᠬᠠᠨ᠎ᠠ᠃ ︵ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠲᠦᠷᠭᠡᠨ ᠢᠯᠡᠭᠡᠯᠲᠡ ᠶᠢᠨ ᠪᠣᠭᠤᠳᠠᠯ ᠪᠠᠭᠯᠠᠭ᠎ᠠ ᠶᠢᠨ ᠪᠣᠬᠢᠷᠳᠤᠯ ᠦᠭᠡᠢ ᠪᠦᠲᠦᠭᠡᠭᠳᠡᠬᠦᠨ ᠤ ᠭᠡᠷᠡᠴᠢᠯᠡᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠢᠯ | ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠨ ᠲᠦᠷᠭᠡᠨ ᠢᠯᠡᠭᠡᠯᠲᠡ ᠶᠢᠨ ᠪᠣᠭᠤᠳᠠᠯ ᠪᠠᠭᠯᠠᠭ᠎ᠠ ᠶᠢᠨ ᠪᠣᠬᠢᠷᠳᠤᠯ ᠦᠭᠡᠢ | ᠪᠦᠲᠦᠭᠡᠭᠳᠡᠬᠦᠨ ᠤ ᠭᠡᠷᠡᠴᠢᠯᠡᠭᠡ ᠬᠢᠬᠦ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠬᠠᠷᠢᠭᠤᠴᠠᠨ᠎ᠠ︶ ᠢᠯᠡᠭᠡᠨ ᠬᠦᠷᠭᠡᠬᠦ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠪᠣᠬᠢᠷᠳᠤᠯ ᠦᠭᠡᠢ ᠭᠡᠷᠡᠴᠢᠯᠡᠭᠡ ᠪᠠᠷ ᠪᠠᠲᠤᠯᠠᠭᠳᠠᠭᠰᠠᠨ ᠲᠦᠷᠭᠡᠨ | ᠢᠯᠡᠭᠡᠯᠲᠡ ᠶᠢᠨ ᠪᠣᠭᠤᠳᠠᠯ ᠪᠠᠭᠯᠠᠭ᠎ᠠ ᠶᠢᠨ ᠪᠦᠲᠦᠭᠡᠭᠳᠡᠬᠦᠨ ᠢ ᠤᠷᠢᠳ ᠢᠶᠠᠷ ᠬᠤᠳᠠᠯᠳᠤᠨ ᠠᠪᠴᠤ ᠬᠡᠷᠡᠭᠯᠡᠭᠦᠯᠦᠨ᠎ᠡ᠃ ︵ᠥᠪᠥᠷ ᠮᠣᠩᠭᠤᠯ ᠤᠨ ᠰᠢᠤᠳᠠᠨ ᠤ | ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ ᠡᠯᠧᠺᠳ᠋ᠷᠣᠨ ᠬᠤᠳᠠᠯᠳᠤᠭᠠᠨ ᠤ ᠲᠠᠪᠴᠠᠩᠲᠤ ᠠᠵᠤ ᠠᠬᠤᠶᠢᠯᠠᠯ ᠢ ᠦᠷᠭᠦᠯᠵᠢᠯᠡᠨ ᠬᠥᠲᠥᠯᠥᠨ ᠵᠢᠯᠤᠭᠤᠳᠴᠤ | ᠪᠠᠶᠢᠭᠠᠳ ᠪᠣᠭᠤᠳᠠᠯᠯᠠᠵᠤ ᠪᠠᠭᠯᠠᠬᠤ ᠭᠤᠭᠴᠣᠭᠠᠨ ᠳᠤ ᠪᠠᠷᠢᠮᠵᠢᠶᠠᠵᠢᠭᠤᠯᠤᠨ ᠠᠵᠢᠯᠯᠠᠭᠤᠯᠵᠤ᠂ ᠬᠤᠪᠠᠨᠴᠢᠷ ᠲᠠᠶᠢᠫ ᠬᠡᠷᠡᠭᠯᠡᠬᠦ ᠶᠢ ᠪᠠᠭᠠᠰᠬᠠᠵᠤ᠂ ᠬᠠᠭᠠᠷᠠᠵᠤ ᠬᠡᠮᠬᠡᠷᠡᠬᠦ | ᠵᠦᠢᠯ ᠠᠴᠠ ᠪᠤᠰᠤᠳ ᠢ ᠳᠠᠬᠢᠵᠤ ᠬᠤᠶᠠᠳᠠᠭᠢ ᠤᠳᠠᠭ᠎ᠠ ᠪᠣᠭᠤᠳᠠᠯᠯᠠᠨ ᠪᠠᠭᠯᠠᠬᠤ ᠦᠭᠡᠢ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ ᠬᠠᠷᠢᠭᠤᠴᠠᠨ᠎ᠠ︶ ᠡᠯᠧᠺᠳ᠋ᠷᠣᠨ ᠬᠤᠳᠠᠯᠳᠤᠭᠠᠨ ᠤ ᠠᠵᠤ ᠠᠬᠤᠶᠢᠯᠠᠯ ᠬᠢᠭᠡᠳ ᠢᠯᠡᠭᠡᠨ ᠬᠦᠷᠭᠡᠬᠦ᠂ ᠦᠢᠯᠡᠳᠪᠦᠷᠢᠯᠡᠬᠦ ᠠᠵᠤ ᠠᠬᠤᠶᠢᠯᠠᠯ | ᠵᠡᠷᠭᠡ ᠶᠢᠨ ᠳᠡᠭᠡᠳᠦ ᠳᠣᠣᠷᠠᠳᠤ ᠬᠡᠯᠬᠢᠶ᠎ᠡ ᠪᠠᠷ ᠢᠶᠠᠨ ᠬᠠᠮᠵᠢᠯᠴᠠᠬᠤ ᠶᠢ ᠦᠷᠭᠦᠯᠵᠢᠯᠡᠨ ᠠᠬᠢᠭᠤᠯᠵᠤ᠂ ᠪᠦᠲᠦᠭᠡᠭᠳᠡᠬᠦᠨ ᠤ ᠪᠣᠭᠤᠳᠠᠯ ᠪᠠᠭᠯᠠᠭ᠎ᠠ᠂ | ᠪᠣᠷᠣᠯᠠᠭᠤᠯᠤᠯᠲᠠ ᠶᠢᠨ ᠪᠣᠭᠤᠳᠠᠯ ᠪᠠᠭᠯᠠᠭ᠎ᠠ ᠪᠠ ᠲᠦᠷᠭᠡᠨ ᠢᠯᠡᠭᠡᠯᠲᠡ ᠶᠢᠨ ᠪᠣᠭᠤᠳᠠᠯ ᠪᠠᠭᠯᠠᠭ᠎ᠠ ᠶᠢ ᠨᠢᠭᠡ ᠴᠣᠭᠴᠠᠵᠢᠭᠤᠯᠬᠤ ᠶᠢ ᠠᠬᠢᠭᠤᠯᠤᠨ᠂ ᠡᠯᠧᠺᠳ᠋ᠷᠣᠨ | ᠬᠤᠳᠠᠯᠳᠤᠭᠠᠨ ᠤ ᠲᠦᠷᠭᠡᠨ ᠢᠯᠡᠭᠡᠯᠲᠡ ᠶᠢᠨ ᠵᠦᠢᠯ ᠢ ᠤᠤᠯ ᠪᠣᠭᠤᠳᠠᠯ ᠪᠠᠭᠯᠠᠭ᠎ᠠ ᠪᠠᠷ ᠨᠢ ᠰᠢᠭᠤᠳ ᠶᠠᠪᠤᠭᠤᠯᠬᠤ᠂ ᠳᠡᠭᠡᠳᠦ ᠬᠡᠯᠬᠢᠶ᠎ᠡ ᠲᠡᠶᠢᠰᠢ ᠪᠠᠨ ᠤᠷᠢᠳᠠᠴᠢ | ᠪᠣᠭᠤᠳᠠᠯᠯᠠᠵᠤ ᠪᠠᠭᠯᠠᠬᠤ ᠦᠢᠯᠡᠴᠢᠯᠡᠭᠡᠨ ᠬᠠᠩᠭᠠᠬᠤ ᠵᠡᠷᠭᠡ ᠠᠷᠭ᠎ᠠ ᠮᠠᠶ᠋ᠢᠭ ᠢ ᠳᠡᠯᠭᠡᠷᠡᠭᠦᠯᠦᠨ᠎ᠡ᠃ ᠢᠯᠡᠭᠡᠨ ᠬᠦᠷᠭᠡᠬᠦ ᠠᠵᠤ ᠠᠬᠤᠶᠢᠯᠠᠯ ᠬᠢᠭᠡᠳ ᠡᠯᠧᠺᠳ᠋ᠷᠣᠨ | ᠬᠤᠳᠠᠯᠳᠤᠭᠠᠨ ᠤ ᠲᠠᠪᠴᠠᠩ ᠤᠨ ᠬᠠᠮᠵᠢᠯᠴᠠᠭ᠎ᠠ ᠶᠢ ᠵᠣᠷᠢᠭᠵᠢᠭᠤᠯᠤᠨ᠂ ᠬᠡᠷᠡᠭᠯᠡᠭᠴᠢᠳ ᠲᠤ ᠪᠣᠬᠢᠷᠳᠤᠯ ᠦᠭᠡᠢ ᠪᠣᠭᠤᠳᠠᠯ ᠪᠠᠭᠯᠠᠭᠠᠲᠤ ᠪᠦᠲᠦᠭᠡᠭᠳᠡᠬᠦᠨ ᠤ | ᠰᠣᠩᠭᠤᠯᠲᠠ ᠶᠢ ᠴᠤᠭᠭᠠᠷ ᠬᠠᠩᠭᠠᠬᠤ ᠶᠢᠨ ᠬᠠᠮᠲᠤ᠂ ᠨᠡᠶᠢᠲᠡ ᠬᠤᠪᠢ ᠪᠠᠷ ᠤᠷᠮᠠᠰᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠥᠲᠥᠯᠥᠨ ᠵᠢᠯᠤᠭᠤᠳᠴᠤ | ᠬᠡᠷᠡᠭᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ | ᠂ ᠥᠪᠥᠷ ᠮᠣᠩᠭᠤᠯ ᠤᠨ ᠰᠢᠤᠳᠠᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | | ︵ᠲᠠᠪᠤ︶ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠬᠤ ᠪᠠ ᠰᠢᠢᠳᠪᠦᠷᠢᠯᠡᠬᠦ ᠶᠢ ᠴᠢᠩᠭᠠᠳᠬᠠᠨ᠎ᠠ᠃ ᠵᠠᠬ᠎ᠠ ᠳᠡᠯᠭᠡᠭᠦᠷᠴᠢᠯᠡᠭᠰᠡᠨ | ᠬᠤᠳᠠᠯᠳᠤᠭᠠᠴᠢᠨ ᠤᠷᠢᠬᠤ ᠵᠡᠷᠭᠡ ᠠᠷᠭ᠎ᠠ ᠮᠠᠶ᠋ᠢᠭ ᠢᠶᠠᠷ ᠲᠤᠰᠬᠠᠶᠢᠵᠢᠭᠰᠠᠨ ᠡᠭᠡᠭᠦᠯᠦᠨ ᠬᠤᠷᠢᠶᠠᠬᠤ ᠠᠵᠤ ᠠᠬᠤᠶᠢᠯᠠᠯ ᠤᠳ ᠢ ᠲᠠᠲᠠᠨ ᠣᠷᠣᠭᠤᠯᠬᠤ ᠶᠢ | ᠵᠣᠷᠢᠭᠵᠢᠭᠤᠯᠵᠤ᠂ ᠬᠤᠲᠠ ᠶᠢᠨ ᠨᠢᠭᠡ ᠮᠥᠴᠡ ᠶᠢᠨ ᠬᠡᠪᠴᠢᠶᠡᠨ ᠳᠤ ᠭᠦᠢᠴᠡᠳᠬᠡᠬᠦ ᠠᠷᠠᠳ ᠲᠤ ᠳᠥᠭᠦᠮ ᠦᠵᠡᠭᠦᠯᠬᠦ ᠠᠵᠤ ᠠᠮᠢᠳᠤᠷᠠᠯ ᠤᠨ ᠲᠣᠭᠤᠷᠢᠭ ᠤᠨ | ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠴᠡᠭ ᠤᠨ ᠨᠡᠶᠢᠭᠡᠮ | ᠲᠣᠭᠤᠷᠢᠭ ᠲᠤ ᠣᠷᠣᠵᠤ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠤᠳ ᠢ ᠡᠭᠡᠭᠦᠯᠦᠨ ᠬᠤᠷᠢᠶᠠᠬᠤ ᠶᠢ ᠵᠣᠷᠢᠭᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ | ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠭᠤᠣᠯᠳᠠᠯᠭ᠎ᠠ ᠪᠣᠯᠬᠤ ᠬᠠᠷᠢᠯᠴᠠᠬᠤ ᠠᠵᠤ ᠠᠬᠤᠶᠢᠯᠠᠯ ᠲᠠᠢ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠠᠵᠢᠯ | ᠲᠥᠷᠥᠯ ᠤᠨ ᠣᠳᠣᠬᠢ ᠪᠠᠶᠢᠳᠠᠯ ᠢ ᠮᠥᠷᠳᠡᠨ ᠵᠠᠳᠠᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠠᠮᠢᠳᠤᠷᠠᠯ ᠤᠨ ᠬᠤᠭ | ᠨᠣᠪᠰᠢ ᠶᠢᠨ ᠲᠥᠷᠥᠯ ᠬᠤᠪᠢᠶᠠᠬᠤ ᠠᠵᠢᠯ ᠢ ᠠᠬᠢᠭᠤᠯᠤᠨ᠂ ᠠᠮᠢᠳᠤᠷᠠᠯ ᠤᠨ ᠬᠤᠭ ᠨᠣᠪᠰᠢ ᠶᠢ ᠴᠡᠪᠡᠷᠯᠡᠨ ᠵᠥᠭᠡᠭᠡᠪᠦᠷᠢᠯᠡᠬᠦ ᠲᠣᠭᠲᠠᠯᠴᠠᠭ᠎ᠠ ᠶᠢ ᠪᠦᠷᠢᠨᠰᠢᠭᠦᠯᠵᠦ᠂ | ᠠᠮᠢᠳᠤᠷᠠᠯ ᠤᠨ ᠬᠤᠭ ᠨᠣᠪᠰᠢ ᠶᠢᠨ ᠡᠬᠢ ᠢᠷᠡᠯᠲᠡ ᠠᠴᠠ ᠨᠢ ᠲᠥᠷᠥᠯ ᠬᠤᠪᠢᠶᠠᠬᠤ ᠯᠤᠭ᠎ᠠ ᠲᠣᠬᠢᠷᠠᠯᠴᠠᠭᠰᠠᠨ ᠲᠥᠷᠥᠯ ᠬᠤᠪᠢᠶᠠᠨ ᠴᠤᠭᠯᠠᠭᠤᠯᠬᠤ ᠪᠡᠯᠡᠳᠬᠡᠮᠵᠢ ᠪᠠ | ᠲᠥᠷᠥᠯ ᠬᠤᠪᠢᠶᠠᠨ ᠵᠥᠭᠡᠭᠡᠪᠦᠷᠢᠯᠡᠬᠦ ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠶᠠᠭᠳᠠᠮᠠᠯ ᠪᠣᠭᠤᠳᠠᠯᠯᠠᠵᠤ ᠪᠠᠭᠯᠠᠭᠰᠠᠨ ᠪᠣᠳᠠᠰ ᠢ | ᠡᠭᠡᠭᠦᠯᠦᠨ ᠬᠤᠷᠢᠶᠠᠵᠤ ᠴᠡᠪᠡᠷᠯᠡᠨ ᠵᠥᠭᠡᠭᠡᠪᠦᠷᠢᠯᠡᠬᠦ ᠬᠢᠷᠢ ᠲᠦᠪᠰᠢᠨ ᠢ ᠳᠡᠭᠡᠭᠰᠢᠯᠡᠭᠦᠯᠣᠨ᠎ᠡ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠬᠤᠶᠠᠷ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ | ︵ᠵᠢᠷᠭᠤᠭ᠎ᠠ︶ ᠠᠵᠢᠯ ᠲᠦᠷᠦᠯ ᠤᠨ ᠬᠠᠮᠢᠶᠠᠷᠤᠯᠲᠠ ᠪᠠᠨ ᠴᠢᠩᠭᠠᠳᠬᠠᠨ᠎ᠠ᠃ ᠲᠠᠸᠠᠷ ᠦᠢᠯᠡᠳᠪᠦᠷᠢᠯᠡᠬᠦ᠂ ᠪᠣᠷᠣᠯᠠᠭᠤᠯᠬᠤ᠂ ᠲᠤᠰᠢᠶᠠᠨ ᠥᠭᠬᠦ ᠵᠡᠷᠭᠡ | ᠭᠤᠭᠴᠣᠭᠠᠨ ᠳᠠᠬᠢ ᠡᠵᠡᠩᠨᠡᠭᠴᠢ ᠶᠢ ᠰᠢᠮᠳᠠᠭᠤᠯᠵᠤ ᠪᠠᠶᠢᠭᠠᠳ ᠬᠡᠳᠤ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ | ᠬᠡᠷᠡᠭᠲᠡᠢ᠃ ᠲᠦᠷᠭᠡᠨ ᠢᠯᠡᠭᠡᠯᠲᠡ ᠶᠢᠨ ᠡᠯ᠎ᠡ ᠭᠤᠭᠴᠣᠭᠠᠨ ᠳᠠᠬᠢ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠬᠦᠨᠳᠦ ᠲᠡᠮᠦᠷᠯᠢᠭ ᠪᠠ ᠣᠨᠴᠠᠭᠠᠢ ᠪᠣᠳᠠᠰ ᠤᠨ ᠪᠠᠷᠢᠮᠵᠢᠶ᠎ᠠ ᠠᠴᠠ ᠬᠡᠲᠦᠷᠡᠭᠰᠡᠨ ᠪᠣᠭᠤᠳᠠᠯᠯᠠᠵᠤ ᠪᠠᠭᠯᠠᠬᠤ | ᠤᠭᠤᠲᠠ᠂ ᠬᠡᠲᠦ ᠪᠣᠭᠤᠳᠠᠯᠯᠠᠵᠤ ᠪᠠᠭᠯᠠᠬᠤ ᠪᠠ ᠲᠠᠪᠠ ᠪᠠᠷ ᠪᠣᠭᠤᠳᠠᠯᠯᠠᠵᠤ ᠪᠠᠭᠯᠠᠬᠤ ᠬᠤᠶᠠᠷ ᠲᠤᠰᠬᠠᠢ ᠵᠠᠰᠠᠯᠲᠠ ᠶᠢ ᠦᠷᠭᠦᠯᠵᠢᠯᠡᠨ ᠥᠷᠨᠢᠭᠦᠯᠦᠨ᠎ᠡ᠃ ᠢᠯᠡᠭᠡᠨ | ᠬᠦᠷᠭᠡᠬᠦ ᠠᠵᠤ ᠠᠬᠤᠶᠢᠯᠠᠯ ᠤᠳ ᠢ ᠰᠢᠮᠳᠠᠭᠤᠯᠵᠤ ᠪᠠᠶᠢᠭᠠᠳ ᠵᠥᠪᠯᠡᠯᠴᠡᠭᠡᠷ ᠲᠣᠭᠲᠠᠭᠰᠠᠨ ᠬᠡᠷᠡᠭᠯᠡᠭᠴᠢ ᠳᠤ ᠥᠪᠡᠰᠦᠪᠡᠨ ᠪᠣᠭᠤᠳᠠᠯ ᠪᠠᠭᠯᠠᠭ᠎ᠠ ᠪᠡᠯᠡᠳᠬᠡᠬᠦ ᠶᠢ | ᠪᠢᠴᠢᠭ ᠢᠶᠠᠷ ᠮᠡᠳᠡᠭᠳᠡᠬᠦ ᠡᠭᠦᠷᠭᠡ ᠶᠢ ᠨᠢ ᠭᠦᠢᠴᠡᠳᠬᠡᠯᠭᠡᠵᠦ᠂ ᠪᠣᠭᠤᠳᠠᠯ ᠪᠠᠭᠯᠠᠭ᠎ᠠ ᠶᠢᠨ ᠬᠡᠮᠵᠢᠶ᠎ᠡ ᠶᠢ ᠨᠢ ᠪᠠᠭᠠᠰᠬᠠᠬᠤ᠂ ᠪᠠᠷᠢᠮᠵᠢᠶᠠᠵᠢᠭᠤᠯᠬᠤ᠂ ᠤᠷᠴᠢᠯᠳᠤᠭᠤᠯᠬᠤ | ᠵᠡᠷᠭᠡ ᠱᠠᠭᠠᠷᠳᠠᠯᠭ᠎ᠠ ᠶᠢ ᠢᠯᠡᠭᠡᠯᠲᠡ ᠶᠢᠨ ᠵᠦᠢᠯ ᠢ ᠬᠦᠯᠢᠶᠡᠨ ᠠᠪᠬᠤ ᠦᠢᠯᠡᠴᠢᠯᠡᠭᠡᠨ ᠤ ᠵᠥᠪᠯᠡᠯᠴᠡᠭᠡᠷ ᠲᠤ ᠪᠠᠨ ᠣᠷᠤᠭᠤᠯᠬᠤ ᠶᠢ ᠠᠬᠢᠭᠤᠯᠤᠨ᠎ᠠ᠃ ᠡᠯᠧᠺᠳ᠋ᠷᠣᠨ | ᠬᠤᠳᠠᠯᠳᠤᠭᠠᠨ ᠤ ᠠᠵᠤ ᠠᠬᠤᠶᠢᠯᠠᠯ ᠤᠳ ᠢ ᠰᠢᠮᠳᠠᠭᠤᠯᠵᠤ ᠪᠠᠶᠢᠭᠠᠳ ᠳᠠᠬᠢᠨ ᠳᠠᠪᠲᠠᠨ ᠬᠡᠷᠡᠭᠯᠡᠵᠦ ᠪᠣᠯᠬᠤ᠂ ᠡᠭᠡᠭᠦᠯᠦᠨ ᠬᠤᠷᠢᠶᠠᠵᠤ ᠠᠰᠢᠭᠯᠠᠬᠤ ᠳᠤ ᠠᠮᠠᠷᠬᠠᠨ | ᠪᠣᠭᠤᠳᠠᠯ ᠪᠠᠭᠯᠠᠭ᠎ᠠ ᠶᠢ ᠡᠩ ᠲᠡᠷᠢᠭᠦᠨ ᠳᠤ ᠬᠡᠷᠡᠭᠯᠡᠭᠦᠯᠦᠨ᠂ ᠬᠦᠢᠲᠡᠨ ᠬᠡᠯᠬᠢᠶᠡᠨ ᠳᠤ ᠣᠷᠴᠢᠯᠳᠤᠭᠤᠯᠤᠨ ᠬᠡᠷᠡᠭᠯᠡᠵᠦ ᠪᠣᠯᠬᠤ ᠪᠣᠬᠢᠷᠳᠤᠯ ᠦᠭᠡᠢ ᠳᠠᠮᠵᠢᠭᠤᠯᠬᠤ | ᠬᠠᠶᠢᠷᠴᠠᠭ ᠢ ᠬᠡᠷᠡᠭᠯᠡᠭᠦᠯᠦᠨ᠎ᠡ᠃ ᠤᠯᠤᠰ ᠤᠨ ᠬᠡᠳᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠤᠬᠠᠭᠤᠯᠭ᠎ᠠ | ᠬᠢᠵᠦ ᠪᠣᠯᠪᠠᠰᠤᠷᠠᠯ ᠬᠦᠷᠲᠡᠭᠡᠬᠦ ᠡᠷᠴᠢᠮ ᠢᠶᠠᠨ ᠴᠢᠩᠭᠠᠷᠠᠭᠤᠯᠤᠨ᠂ ᠠᠵᠤ ᠠᠬᠤᠶᠢᠯᠠᠯ ᠤᠳ ᠢ ᠪᠣᠭᠤᠳᠠᠯ ᠪᠠᠭᠯᠠᠭ᠎ᠠ ᠶᠢᠨ ᠡᠵᠡᠯᠡᠬᠦᠨ ᠬᠦᠨᠳᠦᠴᠡ ᠶᠢ ᠪᠠᠭᠤᠷᠠᠭᠤᠯᠵᠤ᠂ | ᠪᠣᠭᠤᠳᠠᠯᠯᠠᠵᠤ ᠪᠠᠭᠯᠠᠬᠤ ᠥᠪᠡᠷ ᠤᠨ ᠦᠷᠲᠡᠭ ᠢᠶᠠᠨ ᠠᠷᠪᠢᠯᠠᠭᠤᠯᠬᠤ ᠪᠠᠷ ᠬᠥᠲᠥᠯᠥᠨ ᠵᠢᠯᠤᠭᠤᠳᠴᠤ᠂ ᠤᠯᠤᠰ ᠤᠨ ᠬᠡᠲᠦ ᠪᠣᠭᠤᠳᠠᠯᠯᠠᠵᠤ ᠪᠠᠭᠯᠠᠬᠤ ᠶᠢ | ᠬᠢᠵᠠᠭᠠᠷᠯᠠᠬᠤ ᠲᠥᠷᠥ ᠶᠢᠨ ᠪᠣᠳᠣᠯᠭ᠎ᠠ ᠶᠢ ᠦᠯᠦ ᠨᠠᠶᠢᠳᠠᠪᠤᠷᠢᠵᠢᠭᠤᠯᠤᠭᠰᠠᠨ ᠠᠵᠤ ᠠᠬᠤᠶᠢᠯᠠᠯ ᠳᠤ ᠬᠠᠨᠳᠤᠭᠤᠯᠤᠨ ᠰᠠᠨᠠᠭᠤᠯᠤᠮᠵᠢ ᠥᠭᠬᠦ᠂ ᠰᠡᠷᠡᠮᠵᠢᠯᠡᠭᠦᠯᠭᠦ᠂ | ᠪᠣᠯᠵᠣᠨ ᠬᠡᠯᠡᠯᠴᠡᠬᠦ ᠵᠡᠷᠭᠡ ᠵᠠᠰᠠᠭ ᠵᠠᠬᠢᠷᠭᠠᠨ ᠤ ᠵᠢᠯᠤᠭᠤᠳᠬᠤ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠲᠠᠸᠠᠷ ᠬᠡᠲᠦ | ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠠᠮᠢᠶ᠎ᠠ ᠪᠦᠬᠦᠢ ᠪᠠᠷᠢᠮᠵᠢᠶ᠎ᠠ ᠶᠢ ᠤᠬᠠᠭᠤᠯᠬᠤ ᠡᠷᠴᠢᠮ ᠢᠶᠠᠨ | ᠴᠢᠩᠭᠠᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠠᠷᠢᠭᠤᠴᠠᠨ᠎ᠠ︶ | ︵ᠳᠣᠯᠤᠭ᠎ᠠ︶ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠨ ᠴᠢᠩᠭᠠᠷᠠᠭᠤᠯᠤᠨ᠎ᠠ᠃ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠦᠭᠴᠢᠳ ᠲᠤ | ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶᠠᠨ ᠤ ᠪᠣᠯᠪᠠᠰᠤᠷᠠᠯ ᠬᠦᠷᠲᠡᠭᠡᠬᠦ ᠪᠠᠨ ᠴᠢᠩᠭᠠᠷᠠᠭᠤᠯᠵᠤ᠂ | ᠬᠠᠤᠯᠢ ᠬᠡᠷᠡᠭᠵᠢᠭᠦᠯᠬᠦ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠬᠡᠲᠦ ᠪᠣᠭᠤᠳᠠᠯᠯᠠᠵᠤ ᠪᠠᠭᠯᠠᠭᠰᠠᠨ ᠢ ᠰᠤᠭᠤᠴᠢᠨ ᠪᠠᠶᠢᠴᠠᠭᠠᠵᠤ ᠰᠢᠯᠭᠠᠨ ᠪᠠᠶᠢᠴᠠᠭᠠᠬᠤ ᠪᠠᠨ | ᠴᠢᠩᠭᠠᠳᠬᠠᠵᠤ᠂ ᠶᠧᠪᠡᠩ ᠵᠡᠷᠭᠡ ᠪᠡᠯᠡᠭ ᠰᠡᠯᠲᠡ ᠦᠢᠯᠡᠳᠪᠦᠷᠢᠯᠡᠨ ᠪᠣᠷᠣᠯᠠᠭᠤᠯᠬᠤ ᠠᠵᠤ ᠠᠬᠤᠶᠢᠯᠠᠯ ᠤᠨ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠᠶᠢᠳᠠᠯ ᠳᠤ | ᠰᠤᠭᠤᠴᠢᠨ ᠪᠠᠶᠢᠴᠠᠭᠠᠯᠲᠠ ᠬᠢᠵᠦ᠂ ᠬᠠᠤᠯᠢ ᠬᠡᠷᠡᠭᠵᠢᠭᠦᠯᠵᠦ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠎ᠠ᠃ ᠴᠢᠬᠤᠯᠠ ᠴᠠᠭ ᠤᠯᠠᠷᠢᠯ᠂ | ᠭᠤᠣᠯᠳᠠᠯᠭ᠎ᠠ ᠪᠣᠯᠬᠤ ᠠᠵᠢᠯ ᠲᠥᠷᠥᠯ ᠪᠠ ᠴᠢᠬᠤᠯᠠ ᠪᠦᠬᠦᠢ ᠦᠢᠯᠡᠳᠪᠦᠷᠢᠯᠡᠨ ᠡᠵᠡᠩᠨᠡᠬᠦ ᠠᠵᠤ ᠠᠬᠤᠶᠢᠯᠠᠯ ᠤᠳ ᠲᠤ ᠴᠢᠭᠯᠡᠭᠦᠯᠦᠨ᠂ ᠶᠧᠪᠡᠩ᠂ ᠽᠦᠩᠽᠢ᠂ ᠴᠠᠢ᠂ | ᠡᠷᠡᠭᠦᠯᠵᠢᠯ ᠤᠨ ᠢᠳᠡᠭᠡᠨ ᠤ ᠵᠦᠢᠯᠡᠰ᠂ ᠵᠠᠰᠠᠯ ᠴᠢᠮᠡᠭᠯᠡᠯ ᠤᠨ ᠡᠳ᠋ ᠵᠡᠷᠭᠡ ᠭᠤᠣᠯ ᠪᠣᠯᠬᠤ ᠲᠠᠸᠠᠷ ᠲᠤ ᠠᠩᠬᠠᠷᠤᠯ ᠢᠶᠠᠨ ᠲᠥᠪᠯᠡᠷᠡᠭᠦᠯᠵᠦ᠂ ᠬᠡᠲᠦ ᠪᠣᠭᠤᠳᠠᠯᠯᠠᠵᠤ | ᠪᠠᠭᠯᠠᠭᠰᠠᠨ ᠲᠠᠸᠠᠷ ᠢ ᠦᠢᠯᠡᠳᠪᠦᠷᠢᠯᠡᠵᠦ ᠪᠣᠷᠣᠯᠠᠭᠤᠯᠤᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠬᠡᠯᠬᠢᠶᠡᠰᠦᠲᠦ ᠴᠢᠨᠠᠷᠲᠠᠢ᠂ ᠳᠠᠯᠳᠠ ᠴᠢᠨᠠᠷᠲᠠᠢ ᠬᠡᠷᠡᠭ ᠤᠳ ᠢ ᠭᠦᠨ ᠠᠭᠤᠳᠠᠯᠵᠤ ᠨᠠᠷᠢᠨ ᠪᠠᠶᠢᠴᠠᠭᠠᠬᠤ ᠬᠡᠷᠡᠭᠲᠡᠢ᠃ ᠬᠤᠨᠤᠭ ᠪᠠᠭᠤᠳᠠᠯ᠂ | ᠬᠤᠭᠤᠯᠠᠨ ᠭᠡᠷ ᠵᠡᠷᠭᠡ ᠶᠢᠨ ᠳᠡᠭᠡᠳᠦ ᠳᠡᠰ ᠤᠨ ᠵᠠᠬᠢᠶᠠᠯᠠᠭᠰᠠᠨ ᠪᠡᠯᠡᠭ ᠰᠡᠯᠲᠡ ᠬᠠᠩᠭᠠᠬᠤ ᠶᠠᠪᠤᠴᠠ ᠳᠠᠬᠢ ᠬᠡᠳᠦ ᠪᠣᠭᠤᠳᠠᠯᠯᠠᠵᠤ ᠪᠠᠭᠯᠠᠬᠤ ᠦᠢᠯᠡ ᠠᠵᠢᠯᠯᠠᠭ᠎ᠠ ᠵᠢᠴᠢ | ᠰᠣᠶᠣᠯ ᠤᠨ ᠡᠭᠦᠳᠦᠨ ᠪᠦᠲᠦᠭᠡᠯᠭᠡ ᠶᠢᠨ ᠨᠡᠷ᠎ᠡ ᠪᠠᠷ ᠲᠠᠸᠠᠷ ᠬᠡᠳᠦ ᠪᠣᠭᠤᠳᠠᠯᠯᠠᠵᠤ ᠪᠠᠭᠯᠠᠬᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ | ᠰᠢᠢᠳᠪᠦᠷᠢᠯᠡᠨ᠎ᠡ᠃ ᠡᠯᠧᠺᠳ᠋ᠷᠣᠨ ᠬᠤᠳᠠᠯᠳᠤᠭᠠᠨ ᠤ ᠲᠠᠪᠴᠠᠩᠲᠤ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ | ᠴᠢᠩᠭᠠᠳᠬᠠᠵᠤ᠂ ᠲᠡᠳᠡᠨ ᠢ ᠰᠢᠮᠳᠠᠭᠤᠯᠵᠤ ᠪᠠᠶᠢᠭᠠᠳ ᠲᠠᠪᠴᠠᠩ ᠳᠠᠬᠢ ᠡᠵᠡᠩᠨᠡᠭᠴᠢ ᠶᠢᠨ ᠭᠤᠣᠯ ᠴᠣᠭᠴᠠᠲᠤ ᠬᠢᠷᠢ ᠬᠡᠮ ᠪᠠ ᠲᠠᠸᠠᠷ ᠤᠨ ᠮᠡᠳᠡᠭᠡ ᠵᠠᠩᠭᠢ ᠶᠢᠨ | ᠬᠢᠨᠠᠨ ᠬᠠᠷᠭᠤᠭᠤᠯᠤᠯᠲᠠ ᠪᠠᠨ ᠴᠢᠩᠭᠠᠳᠬᠠᠯᠭᠠᠬᠤ ᠶᠢᠨ ᠬᠠᠮᠲᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠳᠤ ᠢᠳᠡᠪᠬᠢᠲᠡᠢ ᠬᠠᠮᠵᠢᠯᠴᠠᠭᠤᠯᠤᠨ᠎ᠠ᠃ | ᠰᠦᠯᠵᠢᠶᠡᠨ ᠳᠠᠬᠢ ᠪᠠ ᠰᠦᠯᠵᠢᠶᠡᠨ ᠠᠴᠠ ᠭᠠᠳᠠᠭᠤᠷᠬᠢ ᠶᠢ ᠨᠢᠭᠡ ᠴᠣᠭᠴᠠᠵᠢᠭᠤᠯᠤᠨ ᠬᠢᠨᠠᠨ ᠬᠠᠮᠢᠶᠠᠷᠬᠤ ᠶᠢ ᠪᠠᠷᠢᠮᠲᠠᠯᠠᠨ᠂ ᠡᠯᠧᠺᠳ᠋ᠷᠣᠨ ᠬᠤᠳᠠᠯᠳᠤᠭᠠᠨ ᠤ ᠠᠷᠭ᠎ᠠ | ᠵᠠᠮ ᠢᠶᠠᠷ ᠬᠡᠳᠤ ᠪᠣᠭᠤᠳᠠᠯᠯᠠᠵᠤ ᠪᠠᠭᠯᠠᠭᠰᠠᠨ ᠲᠠᠸᠠᠷ ᠪᠣᠷᠣᠯᠠᠭᠤᠯᠬᠤ ᠲᠠᠯ᠎ᠠ ᠪᠠᠷ ᠬᠢ ᠪᠠᠶᠢᠩᠭᠤᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠦᠯᠵᠢᠶᠡᠨ ᠳᠤ ᠬᠡᠳᠤ ᠪᠣᠭᠤᠳᠠᠯᠯᠠᠵᠤ ᠪᠠᠭᠯᠠᠭᠰᠠᠨ ᠲᠠᠸᠠᠷ ᠪᠣᠷᠣᠯᠠᠭᠤᠯᠤᠨ ᠬᠤᠳᠠᠯᠳᠤᠵᠤ ᠪᠠᠶᠢᠭ᠎ᠠ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠬᠡᠷᠡᠭᠯᠡᠭᠴᠢᠳ ᠤᠨ ᠵᠠᠭᠠᠯᠳᠤᠬᠤ ᠵᠠᠮ ᠮᠥᠷ ᠢ ᠰᠢᠯᠤᠭᠤᠳᠬᠠᠨ᠂ | ᠰᠦᠯᠵᠢᠶᠡᠨ ᠳᠠᠬᠢ ᠪᠠ ᠰᠦᠯᠵᠢᠶᠡᠨ ᠤ ᠭᠠᠳᠠᠭᠤᠷᠬᠢ ᠡᠯ᠎ᠡ ᠲᠥᠷᠥᠯ ᠤᠨ ᠰᠦᠪᠡᠭᠴᠢ ᠶᠢ ᠭᠦᠢᠴᠡᠳ ᠠᠭᠤᠳᠠᠯᠵᠤ᠂ ᠬᠡᠷᠡᠭᠯᠡᠭᠴᠢᠳ ᠤᠨ ᠲᠤᠰᠬᠠᠯ ᠶᠡᠭᠡ ᠪᠠᠶᠢᠭ᠎ᠠ | ᠲᠣᠪᠤᠶᠢᠮ᠎ᠠ ᠠᠰᠠᠭᠤᠳᠠᠯ ᠤᠳ ᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠠᠵᠤ ᠠᠬᠤᠶᠢᠯᠠᠯ ᠤᠨ ᠪᠣᠭᠤᠳᠠᠯ ᠪᠠᠭᠯᠠᠭ᠎ᠠ ᠶᠢᠨ ᠬᠤᠯᠪᠣᠭᠳᠠᠯ | ᠪᠦᠬᠦᠢ ᠪᠠᠷᠢᠮᠵᠢᠶ᠎ᠠ ᠶᠢ ᠢᠯᠡ ᠪᠠᠷ ᠬᠡᠷᠡᠭᠵᠢᠭᠦᠯᠦᠭᠰᠡᠨ ᠪᠠᠶᠢᠳᠠᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ ᠶᠢ ᠴᠢᠩᠭᠠᠳᠬᠠᠨ᠎ᠠ᠃ ᠴᠠᠭ ᠲᠤ ᠨᠢ | ᠲᠣᠬᠢᠷᠠᠭᠤᠯᠵᠤ ᠡᠰᠡᠷᠭᠦ ᠲᠠᠯ᠎ᠠ ᠶᠢᠨ ᠬᠡᠷᠡᠭ ᠤᠨ ᠵᠢᠱᠢᠶ᠎ᠡ ᠶᠢ ᠨᠡᠶᠢᠭᠡᠮ ᠳᠤ ᠢᠯᠡᠷᠡᠭᠦᠯᠦᠨ ᠨᠡᠶᠢᠲᠡᠯᠡᠨ᠎ᠡ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠡᠯ᠎ᠡ ᠠᠶᠢᠮᠠᠭ ᠬᠤᠲᠠ ᠶᠢ ᠵᠢᠯᠤᠭᠤᠳᠴᠤ ᠪᠠᠶᠢᠭᠠᠳ ᠲᠠᠸᠠᠷ ᠬᠡᠲᠦ ᠪᠣᠭᠤᠳᠠᠯᠯᠠᠵᠤ | ᠪᠠᠭᠯᠠᠬᠤ ᠶᠢ ᠬᠢᠵᠠᠭᠠᠷᠯᠠᠬᠤ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠴᠢᠩᠭᠠᠳᠬᠠᠯᠭᠠᠵᠦ᠂ ᠱᠠᠩᠨᠠᠵᠤ | ᠵᠠᠯᠬᠠᠭᠠᠬᠤ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠠᠰᠠᠭᠤᠳᠠᠯ ᠢᠶᠠᠨ ᠴᠡᠭᠴᠡᠯᠡᠨ ᠵᠠᠯᠠᠷᠠᠭᠤᠯᠬᠤ ᠶᠢ ᠰᠢᠮᠳᠠᠭᠤᠯᠵᠤ᠂ ᠲᠡᠷᠢᠭᠦᠨ ᠤ ᠬᠢ ᠶᠢ ᠨᠢ | ᠨᠡᠪᠲᠡᠷᠡᠭᠦᠯᠦᠨ ᠰᠠᠶᠢᠰᠢᠶᠠᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ ᠡᠯ᠎ᠡ | ᠠᠶᠢᠮᠠᠭ ᠬᠤᠲᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠶᠢᠨ ᠲᠠᠸᠠᠷ ᠬᠡᠲᠦ ᠪᠣᠭᠤᠳᠠᠯᠯᠠᠵᠤ ᠪᠠᠭᠯᠠᠬᠤ ᠳᠤ ᠵᠠᠰᠠᠯᠲᠠ ᠬᠢᠵᠦ ᠪᠠᠶᠢᠭ᠎ᠠ ᠠᠵᠢᠯ ᠤᠨ | ᠠᠬᠢᠴᠠ ᠳᠤ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠪᠠ ᠳ᠋ᠦᠩᠨᠡᠯᠲᠡ ᠬᠢᠵᠦ᠂ ᠤᠯᠤᠰ ᠤᠨ ᠨᠢᠭᠡᠳᠦᠯᠲᠡᠢ ᠪᠠᠶᠢᠷᠢᠯᠠᠭᠤᠯᠤᠯᠲᠠ ᠶᠢ ᠦᠨᠳᠦᠰᠦᠯᠡᠨ | ᠨᠡᠶᠢᠭᠡᠮ ᠤᠨ ᠬᠠᠨᠤᠮᠵᠢ ᠶᠢᠨ ᠬᠡᠮᠵᠢᠶᠡᠨ ᠤ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠠᠴᠠ ᠬᠠᠷᠢᠭᠤᠴᠠᠨ᠎ᠠ︶ ᠲᠦᠷᠭᠡᠨ ᠢᠯᠡᠭᠡᠯᠲᠡ ᠶᠢᠨ ᠬᠡᠲᠦ ᠪᠣᠭᠤᠳᠠᠯᠯᠠᠵᠤ ᠪᠠᠭᠯᠠᠬᠤ ᠶᠢᠨ ᠬᠠᠤᠯᠢ ᠬᠡᠷᠡᠭᠵᠢᠭᠦᠯᠬᠦ ᠪᠠᠶᠢᠴᠠᠭᠠᠯᠲᠠ ᠶᠢ | ᠪᠠᠶᠢᠩᠭᠤᠵᠢᠭᠰᠠᠨ ᠪᠠᠶᠢᠴᠠᠭᠠᠯᠲᠠ ᠶᠢᠨ ᠠᠭᠤᠯᠭ᠎ᠠ ᠳᠤ ᠣᠷᠣᠭᠤᠯᠤᠨ᠂ ︽ᠬᠤᠶᠠᠷ ᠢ ᠰᠤᠭᠤᠴᠢᠬᠤ᠂ ᠨᠢᠭᠡ ᠶᠢ ᠢᠯᠡ ᠪᠠᠶᠢᠯᠭᠠᠬᠤ︾ ᠵᠠᠷᠴᠢᠮ ᠶᠣᠰᠣᠭᠠᠷ᠂ ᠢᠯᠡᠭᠡᠨ | ᠬᠦᠷᠭᠡᠬᠦ ᠠᠵᠤ ᠠᠬᠤᠶᠢᠯᠠᠯ ᠪᠦᠭᠦᠨ ᠳᠤ ᠣᠨ ᠤ ᠥᠪᠡᠷ ᠢ ᠪᠠᠨ ᠪᠠᠶᠢᠴᠠᠭᠠᠬᠤ ᠪᠠ ᠰᠤᠭᠤᠴᠢᠨ ᠪᠠᠶᠢᠴᠠᠭᠠᠬᠤ ᠠᠵᠢᠯ ᠢ ᠬᠠᠮᠤᠷᠠᠭᠤᠯᠤᠨ ᠪᠡᠶᠡᠯᠡᠭᠦᠯᠵᠦ᠂ ᠲᠦᠷᠭᠡᠨ | ᠢᠯᠡᠭᠡᠯᠲᠡ ᠶᠢᠨ ᠪᠣᠭᠤᠳᠠᠯ ᠪᠠᠭᠯᠠᠭ᠎ᠠ ᠳᠤ ᠬᠤᠯᠪᠣᠭᠳᠠᠭᠰᠠᠨ ᠡᠯ᠎ᠡ ᠲᠥᠷᠥᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ | ᠪᠠᠶᠢᠴᠠᠭᠠᠨ ᠰᠢᠢᠳᠪᠦᠷᠢᠯᠡᠨ᠎ᠡ᠃ ︵ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠭᠤᠷᠪᠠ᠂ ᠲᠤᠯᠭᠠᠭᠤᠷᠢᠯᠠᠵᠤ ᠪᠠᠲᠤᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ | ︵ᠨᠠᠢᠮᠠ︶ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠤᠨ ᠲᠤᠭᠤᠰᠢᠯᠠᠭᠤᠯᠬᠤ ᠠᠵᠢᠯ ᠢ ᠴᠢᠩᠭᠠᠳᠬᠠᠨ᠎ᠠ᠃ ︽ᠬᠡᠨ ᠬᠠᠤᠯᠢ | ᠬᠡᠷᠡᠭᠵᠢᠭᠦᠯᠪᠡᠯ ᠲᠡᠷᠡ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ︾ ᠬᠠᠤᠯᠢ ᠲᠦᠭᠡᠮᠡᠯᠵᠢᠭᠦᠯᠬᠦ ᠬᠠᠷᠢᠭᠤᠴᠠᠯᠭᠠᠲᠤ ᠳᠦᠷᠢᠮ ᠤᠨ ᠱᠠᠭᠠᠷᠳᠠᠯᠭ᠎ᠠ ᠶᠣᠰᠣᠭᠠᠷ | ᠂ ︽ᠪᠥᠭᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠣᠷᠴᠢᠯ ᠠᠵᠤ ᠠᠬᠤᠢ ᠶᠢ ᠠᠬᠢᠭᠤᠯᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠲᠤ ᠠᠷᠠᠳ | ᠤᠯᠤᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠬᠠᠤᠯᠢ︾ ︽ᠪᠦᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ ︽ᠪᠥᠭᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ | ᠪᠠᠷᠢᠮᠵᠢᠶᠠᠵᠢᠭᠤᠯᠤᠯᠲᠠ ᠶᠢᠨ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠦᠨ᠎ᠡ ᠬᠠᠩᠰᠢ ᠶᠢᠨ ᠬᠠᠤᠯᠢ︾ ︽ᠲᠦᠷᠭᠡᠨ ᠢᠯᠡᠭᠡᠯᠲᠡ ᠶᠢᠨ | ᠲᠦᠷ ᠬᠡᠷᠡᠭᠵᠢᠭᠦᠯᠬᠦ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠤᠨ ᠲᠤᠭᠤᠰᠢᠯᠠᠭᠤᠯᠬᠤ ᠡᠷᠴᠢᠮ ᠢᠶᠠᠨ ᠴᠢᠩᠭᠠᠷᠠᠭᠤᠯᠵᠤ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠬᠢᠨ ᠤ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠲᠤᠬᠠᠢ ᠬᠠᠤᠯᠢ ᠴᠠᠭᠠᠵᠠ ᠶᠢᠨ ᠤᠬᠠᠮᠰᠠᠷ᠂ ᠨᠡᠶᠢᠭᠡᠮ | ᠨᠡᠶᠢᠲᠡ ᠶᠢᠨ ᠬᠢᠨ ᠤ ᠡᠷᠬᠡ ᠠᠰᠢᠭ ᠢᠶᠠᠨ ᠬᠠᠮᠠᠭᠠᠯᠠᠬᠤ ᠤᠬᠠᠮᠰᠠᠷ ᠢ ᠨᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠬᠠᠤᠯᠢ ᠴᠠᠭᠠᠵᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ | ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ︵ᠶᠢᠰᠦ︶ ᠬᠠᠮᠢᠶ᠎ᠠ ᠪᠦᠬᠦᠢ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠎ᠡ᠃ ᠤᠯᠤᠰ ᠤᠨ ᠢᠳᠡᠰᠢᠨ ᠲᠠᠷᠢᠶᠠᠯᠠᠩ ᠤᠨ ᠪᠦᠲᠦᠭᠡᠭᠳᠡᠬᠦᠨ ᠤ ᠲᠦᠷᠭᠡᠨ ᠢᠯᠡᠭᠡᠯᠲᠡ᠂ | ᠡᠯᠧᠺᠳ᠋ᠷᠣᠨ ᠬᠤᠳᠠᠯᠳᠤᠭᠠᠨ ᠤ ᠶᠠᠪᠤᠳᠠᠯ᠂ ᠢᠳᠡᠭᠡᠨ ᠤ ᠵᠦᠢᠯ ᠪᠠ ᠵᠠᠰᠠᠯ ᠴᠢᠮᠡᠭᠯᠡᠯ ᠤᠨ ᠡᠳ᠋ ᠵᠡᠷᠭᠡ ᠶᠢᠨ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ | ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ᠂ ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠨᠡᠪᠲᠡᠷᠬᠡᠢ ᠳᠦᠷᠢᠮ ᠤᠨ ᠪᠠᠷᠢᠮᠵᠢᠶ᠎ᠠ ᠶᠢ ᠲᠣᠭᠲᠠᠭᠠᠭᠰᠠᠨ ︵ | ᠵᠠᠰᠠᠪᠤᠷᠢ ᠣᠷᠣᠭᠤᠯᠤᠭᠰᠠᠨ︶ ᠪᠠᠶᠢᠳᠠᠯ ᠢ ᠦᠨᠳᠦᠰᠦᠯᠡᠨ᠂ ᠡᠯ᠎ᠡ ᠬᠠᠮᠢᠶ᠎ᠠ ᠪᠦᠬᠦᠢ ᠪᠠᠷᠢᠮᠵᠢᠶ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠪᠠᠨ ᠴᠢᠩᠭᠠᠳᠬᠠᠬᠤ ᠬᠡᠷᠡᠭᠲᠡᠢ᠃ | ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ | ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠥᠪᠥᠷ | ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠷᠠᠭᠤᠯᠤᠨ᠎ᠠ᠃ ᠣᠨ ᠤ ᠲᠥᠰᠥᠪ ᠲᠣᠬᠢᠷᠠᠭᠤᠯᠤᠨ ᠲᠠᠸᠠᠷ ᠬᠡᠲᠦ ᠪᠣᠭᠤᠳᠠᠯᠯᠠᠵᠤ ᠪᠠᠭᠯᠠᠬᠤ᠂ | ᠲᠦᠷᠭᠡᠨ ᠢᠯᠡᠭᠡᠯᠲᠡ ᠶᠢᠨ ᠬᠡᠲᠦ ᠪᠣᠭᠤᠳᠠᠯᠯᠠᠵᠤ ᠪᠠᠭᠯᠠᠬᠤ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠬᠤ ᠠᠵᠢᠯ ᠢ ᠤᠷᠤᠭᠰᠢᠲᠠᠢ ᠡᠮᠬᠢ ᠵᠢᠷᠤᠮ ᠲᠠᠢ ᠪᠠᠷ | ᠥᠷᠨᠢᠭᠦᠯᠬᠦ ᠶᠢ ᠪᠠᠲᠤᠯᠠᠬᠤ ᠳᠤ ᠬᠡᠷᠡᠭᠯᠡᠨ᠎ᠡ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠡᠯ᠎ᠡ ᠠᠶᠢᠮᠠᠭ ᠬᠤᠲᠠ ᠶᠢ ᠵᠢᠭᠠᠨ ᠵᠢᠯᠤᠭᠤᠳᠴᠤ ᠪᠠᠶᠢᠭᠠᠳ ᠬᠠᠶᠠᠭᠳᠠᠮᠠᠯ ᠪᠣᠭᠤᠳᠠᠯ ᠪᠠᠭᠯᠠᠭ᠎ᠠ ᠶᠢᠨ | ᠪᠣᠳᠠᠰ ᠢ ᠡᠬᠢ ᠪᠠᠶᠠᠯᠢᠭᠵᠢᠭᠤᠯᠬᠤ ᠪᠠ ᠤᠷᠴᠢᠯᠳᠤᠭᠤᠯᠤᠨ ᠠᠰᠢᠭᠯᠠᠬᠤ ᠲᠥᠷᠥᠯ ᠵᠦᠢᠯ ᠤᠨ ᠨᠥᠭᠡᠴᠡ ᠶᠢ ᠴᠢᠩᠭᠠᠳᠬᠠᠵᠤ᠂ ᠲᠥᠪ ᠤᠨ ᠲᠥᠰᠥᠪ ᠲᠠᠬᠢ ᠪᠡᠯᠡ | ᠮᠥᠩᠭᠦᠨ ᠤ ᠣᠷᠤᠭᠤᠯᠤᠯᠲᠠ ᠬᠢᠬᠦ ᠬᠠᠨᠳᠤᠰᠢ ᠶᠢ ᠦᠨᠳᠦᠰᠦᠯᠡᠨ᠂ ᠳᠡᠮᠵᠢᠯᠭᠡ ᠣᠯᠬᠤ ᠪᠠᠷ ᠢᠳᠡᠪᠬᠢᠲᠡᠢ ᠴᠢᠷᠮᠠᠶᠢᠨ᠎ᠠ᠃ ︵ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠠᠷᠢᠭᠤᠴᠠᠨ᠎ᠠ︶ ᠵᠠᠰᠠᠭ ᠤᠨ ᠣᠷᠳᠣᠨ ᠤ ᠪᠣᠬᠢᠷᠳᠤᠯ ᠦᠭᠡᠢ ᠶᠢᠨ ᠬᠤᠳᠠᠯᠳᠤᠨ ᠠᠪᠬᠤ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠡᠯ᠎ᠡ ᠬᠤᠳᠠᠯᠳᠤᠨ ᠠᠪᠤᠭᠴᠢ ︽ᠲᠠᠸᠠᠷ ᠤᠨ ᠪᠣᠭᠤᠳᠠᠯ ᠪᠠᠭᠯᠠᠭ᠎ᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ | ᠬᠡᠷᠡᠭᠴᠡᠭᠡ ᠱᠠᠭᠠᠷᠳᠠᠯᠭ᠎ᠠ ᠶᠢᠨ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ︽ᠲᠦᠷᠭᠡᠨ ᠢᠯᠡᠭᠡᠯᠲᠡ ᠶᠢᠨ ᠪᠣᠭᠤᠳᠠᠯ ᠪᠠᠭᠯᠠᠭ᠎ᠠ ᠶᠢᠨ ᠵᠠᠰᠠᠭ ᠤᠨ ᠣᠷᠳᠣᠨ ᠤ | ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢᠨ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠶᠢ ᠴᠢᠩᠭ᠎ᠠ ᠵᠢᠷᠤᠮᠯᠠᠨ ᠵᠠᠰᠠᠭ ᠤᠨ ᠣᠷᠳᠣᠨ ᠤ ᠬᠤᠳᠠᠯᠳᠤᠨ | ᠠᠪᠬᠤ ᠶᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠶᠢᠨ ᠬᠥᠲᠥᠯᠥᠨ ᠵᠢᠯᠤᠭᠤᠳᠬᠤ ᠦᠢᠯᠡᠳᠦᠯ ᠢ ᠨᠢ ᠪᠠᠳᠠᠷᠠᠭᠤᠯᠤᠨ᠎ᠠ᠃ ︵ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠵᠡᠷᠭᠡ ᠰᠠᠯᠠᠭ᠎ᠠ ᠮᠥᠴᠢᠷ ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ ᠤᠯᠤᠰ ᠤᠨ ᠭᠤᠣᠯᠳᠠᠯᠭ᠎ᠠ ᠪᠣᠯᠬᠤ ᠰᠤᠳᠤᠯᠤᠨ ᠨᠡᠭᠡᠭᠡᠬᠦ ᠲᠥᠯᠥᠪᠯᠡᠭᠡ ᠶᠢᠨ ᠲᠥᠷᠥᠯ ᠵᠦᠢᠯ ᠢ ᠢᠳᠡᠪᠬᠢᠲᠡᠢ ᠭᠤᠶᠤᠴᠢᠯᠠᠨ ᠮᠡᠳᠡᠭᠦᠯᠬᠦ ᠶᠢ ᠵᠣᠬᠢᠶᠠᠨ | ᠪᠠᠶᠢᠭᠤᠯᠵᠤ᠂ ᠲᠦᠷᠭᠡᠨ ᠢᠯᠡᠭᠡᠯᠲᠡ ᠶᠢᠨ ᠪᠣᠭᠤᠳᠠᠯ ᠪᠠᠭᠯᠠᠭ᠎ᠠ ᠶᠢ ᠪᠣᠬᠢᠷᠳᠤᠯ ᠦᠭᠡᠢ ᠪᠠᠷ ᠵᠢᠷᠤᠵᠤ ᠲᠥᠯᠥᠪᠯᠡᠬᠦ ᠪᠠ ᠡᠨᠧᠷᠭᠢ ᠶᠢᠨ ᠬᠤᠷᠣᠭᠳᠠᠯ ᠪᠠᠭ᠎ᠠ ᠣᠶᠤᠨᠯᠢᠭ | ᠪᠠᠷᠠᠭᠠᠨ ᠤ ᠭᠦᠢᠯᠭᠡᠭᠡ ᠪᠠᠷ ᠲᠣᠬᠢᠷᠠᠭᠤᠯᠤᠨ ᠬᠦᠷᠭᠡᠬᠦ ᠵᠡᠷᠭᠡ ᠲᠠᠯ᠎ᠠ ᠶᠢᠨ ᠬᠢ ᠮᠡᠷᠭᠡᠵᠢᠯ ᠤᠨ ᠰᠤᠳᠤᠯᠤᠨ ᠨᠡᠭᠡᠭᠡᠬᠦ ᠠᠵᠢᠯ ᠢ ᠳᠡᠮᠵᠢᠨ᠎ᠡ᠃ ︵ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠬᠠᠷᠢᠭᠤᠴᠠᠨ᠎ᠠ︶ | ︵ᠠᠷᠪᠠᠨ ᠨᠢᠭᠡ︶ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠨ᠎ᠠ᠃ ᠬᠠᠮᠢᠶ᠎ᠠ ᠪᠦᠬᠦᠢ ᠠᠵᠢᠯ ᠲᠥᠷᠥᠯ ᠤᠨ ᠨᠡᠶᠢᠭᠡᠮᠯᠢᠭ ᠢ | ᠰᠢᠮᠳᠠᠭᠤᠯᠤᠨ ᠵᠢᠯᠤᠭᠤᠳᠴᠤ ᠪᠠᠶᠢᠭᠠᠳ ᠠᠵᠢᠯ ᠲᠥᠷᠥᠯ ᠳᠤ ᠭᠦᠨᠵᠡᠭᠡᠶᠢᠷᠡᠬᠦ᠂ ᠠᠵᠤ ᠠᠬᠤᠶᠢᠯᠠᠯ ᠳᠤ ᠦᠢᠯᠡᠴᠢᠯᠡᠬᠦ᠂ ᠨᠡᠶᠢᠯᠡᠮᠡᠯ ᠬᠦᠴᠦᠨ ᠢᠶᠠᠨ | ᠨᠢᠭᠲᠠᠷᠠᠭᠤᠯᠬᠤ ᠳᠠᠬᠢ ᠣᠨᠴᠠᠭᠠᠢ ᠳᠠᠪᠠᠭᠤᠯᠢᠭ ᠲᠠᠯ᠎ᠠ ᠪᠠᠨ ᠭᠦᠢᠴᠡᠳ ᠪᠠᠳᠠᠷᠠᠭᠤᠯᠤᠨ᠂ ᠠᠵᠢᠯ ᠲᠥᠷᠥᠯ ᠤᠨ ᠳᠣᠲᠣᠭᠠᠳᠤᠬᠢ ᠦᠢᠯᠡᠳᠪᠦᠷᠢᠯᠡᠬᠦ᠂ ᠪᠣᠷᠣᠯᠠᠭᠤᠯᠬᠤ | ᠵᠡᠷᠭᠡ ᠠᠵᠤ ᠠᠬᠤᠶᠢᠯᠠᠯ ᠤᠨ ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠠ ᠪᠠᠷᠢᠮᠵᠢᠶ᠎ᠠ ᠶᠢᠨ ᠤᠬᠠᠭᠤᠯᠤᠨ | ᠲᠤᠭᠤᠰᠢᠯᠠᠭᠤᠯᠬᠤ᠂ ᠪᠣᠯᠪᠠᠰᠤᠷᠠᠯ ᠬᠦᠷᠲᠡᠭᠡᠬᠦ ᠠᠵᠢᠯ ᠢ ᠴᠢᠩᠭᠠᠳᠬᠠᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠲᠠᠸᠠᠷ ᠤᠨ ᠳᠥᠭᠦᠮ | ᠪᠣᠷᠣᠭᠵᠢᠭᠤᠨ ᠪᠣᠭᠤᠳᠠᠯᠯᠠᠵᠤ ᠪᠠᠭᠯᠠᠬᠤ ᠲᠠᠯ᠎ᠠ ᠪᠠᠷ ᠬᠢ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠵᠢᠷᠤᠮᠵᠢᠯ ᠢ ᠠᠯᠬᠤᠮ ᠠᠯᠬᠤᠮ ᠢᠶᠠᠷ ᠪᠣᠢ ᠪᠣᠯᠭᠠᠨ᠎ᠠ᠃ | ᠬᠠᠮᠢᠶ᠎ᠠ ᠪᠦᠬᠦᠢ ᠠᠵᠢᠯ ᠲᠥᠷᠥᠯ ᠤᠨ ᠨᠡᠶᠢᠭᠡᠮᠯᠢᠭ ᠨᠢ ᠠᠵᠢᠯ ᠲᠥᠷᠥᠯ ᠤᠨ ᠳᠣᠲᠣᠭᠠᠳᠤᠬᠢ ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠲᠠᠯ᠎ᠠ ᠶᠢᠨ | ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠬᠠᠮᠢᠶ᠎ᠠ ᠪᠦᠬᠦᠢ ᠪᠠᠶᠢᠳᠠᠯ ᠢ ᠨᠢᠭᠲᠠ ᠡᠵᠡᠮᠰᠢᠨ᠂ ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠣᠨᠣᠪᠴᠢᠲᠠᠢ ᠪᠠᠷ ᠲᠤᠭ᠎ᠠ ᠪᠠᠷᠢᠮᠲᠠ ᠶᠢᠨ ᠮᠡᠳᠡᠭᠡ ᠵᠠᠩᠭᠢ ᠬᠠᠩᠭᠠᠵᠤ᠂ ᠨᠡᠶᠢᠭᠡᠮ ᠳᠤ ᠲᠠᠸᠠᠷ ᠬᠡᠲᠦ | ᠪᠣᠭᠤᠳᠠᠯᠯᠠᠵᠤ ᠪᠠᠭᠯᠠᠬᠤ ᠶᠢ ᠬᠤᠷᠢᠭᠯᠠᠨ ᠵᠣᠭᠰᠣᠭᠠᠭᠰᠠᠨ ᠮᠡᠳᠡᠭᠦᠯᠦᠯᠲᠡ ᠶᠢ ᠨᠡᠶᠢᠲᠡᠯᠡᠨ᠂ ᠠᠵᠢᠯ ᠲᠥᠷᠥᠯ ᠤᠨ ᠬᠦᠷᠢᠶ᠎ᠡ ᠴᠠᠷᠠᠭᠠᠨ ᠳᠠᠬᠢ ᠲᠠᠸᠠᠷ ᠬᠡᠲᠦ | ᠪᠣᠭᠤᠳᠠᠯᠯᠠᠵᠤ ᠪᠠᠭᠯᠠᠬᠤ ᠪᠠᠨ ᠬᠢᠵᠠᠭᠠᠷᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠠ ᠪᠠᠷᠢᠮᠵᠢᠶ᠎ᠠ ᠶᠢ ᠨᠠᠶᠢᠳᠠᠪᠤᠷᠢᠵᠢᠭᠤᠯᠤᠭᠰᠠᠨ ᠵᠢᠴᠢ ᠳᠥᠭᠦᠮ ᠪᠣᠷᠣᠭᠵᠢᠭᠤᠨ | ᠪᠣᠭᠤᠳᠠᠯ ᠪᠠᠭᠯᠠᠭ᠎ᠠ ᠶᠢ ᠳᠡᠯᠭᠡᠷᠡᠭᠦᠯᠦᠨ ᠬᠡᠷᠡᠭᠯᠡᠭᠰᠡᠨ ᠪᠠᠶᠢᠳᠠᠯ ᠢ ᠨᠡᠶᠢᠲᠡᠯᠡᠨ᠎ᠡ᠃ ︵ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ | ᠨᠢᠭᠡᠴᠢ᠂ ᠬᠠᠮᠢᠶ᠎ᠠ ᠪᠦᠬᠦᠢ ᠠᠵᠢᠯ ᠲᠥᠷᠥᠯ ᠤᠨ ᠨᠡᠶᠢᠭᠡᠮᠯᠢᠭ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠳᠥᠷᠪᠡ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠᠨ ᠴᠢᠩᠭᠠᠳᠬᠠᠨ᠎ᠠ | ︵ᠠᠷᠪᠠᠨ ᠬᠤᠶᠠᠷ︶ ᠵᠣᠬᠢᠶᠠᠨ ᠪᠠᠶᠢᠭᠤᠯᠵᠤ ᠵᠣᠬᠢᠴᠠᠭᠤᠯᠬᠤ ᠪᠠᠨ ᠴᠢᠩᠭᠠᠳᠬᠠᠨ᠎ᠠ᠃ ᠰᠠᠯᠠᠭ᠎ᠠ ᠮᠥᠴᠢᠷ ᠤᠨ ᠬᠤᠭᠤᠷᠤᠨᠳᠤᠬᠢ ᠠᠵᠢᠯ ᠤᠨ ᠬᠠᠮᠵᠢᠯᠴᠠᠭ᠎ᠠ ᠶᠢ | ᠴᠢᠩᠭᠠᠳᠬᠠᠵᠤ᠂ ᠠᠵᠢᠯ ᠤᠨ ᠵᠥᠪᠳᠡᠯᠴᠡᠬᠦ ᠲᠣᠭᠲᠠᠴᠠ ᠶᠢ ᠪᠠᠶᠢᠭᠤᠯᠤᠨ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠠᠵᠢᠯ ᠤᠨ | ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠵᠠᠰᠠᠭᠰᠠᠨ ᠠᠵᠢᠯ ᠤᠨ ᠠᠬᠢᠴᠠ ᠪᠠᠨ ᠳ᠋ᠦᠩᠨᠡᠵᠦ᠂ ᠣᠷᠣᠰᠢᠵᠤ ᠪᠠᠶᠢᠭ᠎ᠠ | ᠠᠰᠠᠭᠤᠳᠠᠯ ᠤᠳ ᠲᠤ ᠴᠢᠭᠯᠡᠭᠦᠯᠦᠨ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠪᠣᠯᠬᠤ ᠠᠵᠢᠯ ᠢᠶᠠᠨ ᠬᠠᠷᠠᠯᠲᠠ ᠬᠠᠨᠳᠤᠯᠭ᠎ᠠ ᠲᠠᠢ ᠪᠠᠷ ᠰᠤᠳᠤᠯᠤᠨ ᠪᠠᠶᠢᠷᠢᠯᠠᠭᠤᠯᠵᠤ | ᠂ ᠴᠢᠬᠤᠯᠠ ᠶᠡᠭᠡ ᠠᠰᠠᠭᠤᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠢ ᠳᠤ ᠨᠢ ᠮᠡᠳᠡᠭᠦᠯᠦᠨ᠎ᠡ᠃ ︵ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠲᠦᠷᠦᠭᠦᠯᠡᠨ᠂ | ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠠᠴᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠠᠷᠪᠠᠨ ᠭᠤᠷᠪᠠ︶ ᠬᠠᠷᠢᠶᠠᠲᠤ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠨᠢ ᠲᠣᠰ ᠭᠠᠵᠠᠷ ᠣᠷᠣᠨ ᠤ ᠪᠠᠨ ᠲᠠᠸᠠᠷ ᠬᠡᠲᠦ ᠪᠣᠭᠤᠳᠠᠯᠯᠠᠵᠤ ᠪᠠᠭᠯᠠᠬᠤ ᠳᠤ ᠵᠠᠰᠠᠯᠲᠠ ᠬᠢᠬᠦ ᠠᠵᠢᠯ ᠢ ᠶᠡᠷᠦᠩᠬᠡᠢ ᠬᠠᠷᠢᠭᠤᠴᠠᠵᠤ᠂ | ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠦᠨᠳᠦᠰᠦᠯᠡᠨ᠂ ᠵᠣᠬᠢᠶᠠᠨ ᠪᠠᠶᠢᠭᠤᠯᠵᠤ ᠤᠳᠤᠷᠢᠳᠬᠤ ᠪᠠᠨ | ᠴᠢᠩᠭᠠᠳᠬᠠᠨ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠲᠠᠸᠠᠷ ᠬᠡᠲᠦ ᠪᠣᠭᠤᠳᠠᠯᠯᠠᠵᠤ ᠪᠠᠭᠯᠠᠬᠤ ᠳᠤ ᠵᠠᠰᠠᠯᠲᠠ ᠬᠢᠬᠦ ᠠᠷᠭ᠎ᠠ ᠬᠡᠮᠵᠢᠶ᠎ᠡ ᠪᠠᠨ ᠤᠯᠠᠮ ᠨᠢᠭᠡ | ᠠᠯᠬᠤᠮ ᠨᠠᠷᠢᠯᠢᠭᠵᠢᠭᠤᠯᠤᠨ ᠨᠠᠶᠢᠳᠠᠪᠤᠷᠢᠵᠢᠭᠤᠯᠤᠨ᠎ᠠ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠠᠷᠪᠠᠨ ᠳᠥᠷᠪᠡ︶ ᠤᠬᠠᠭᠤᠯᠭ᠎ᠠ ᠬᠥᠮᠦᠵᠢᠯ ᠢᠶᠠᠨ ᠴᠢᠩᠭᠠᠳᠬᠠᠨ᠎ᠠ᠃ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠰᠣᠨᠢᠨ ᠮᠡᠳᠡᠭᠡᠨ ᠤ | ᠵᠠᠭᠤᠴᠢᠯᠠᠭᠤᠷ ᠢ ᠵᠢᠯᠤᠭᠤᠳᠴᠤ ᠪᠠᠶᠢᠭᠠᠳ ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠪᠠᠷᠢᠮᠵᠢᠶ᠎ᠠ ᠪᠠ ᠲᠥᠷᠥ ᠶᠢᠨ ᠪᠣᠳᠣᠯᠭ᠎ᠠ ᠶᠢ ᠶᠡᠭᠡ ᠪᠠᠷ | ᠤᠬᠠᠭᠤᠯᠤᠨ ᠲᠠᠶᠢᠯᠤᠮᠵᠢ ᠬᠢᠵᠦ᠂ ᠪᠣᠬᠢᠷᠳᠤᠯ ᠦᠭᠡᠢ ᠠᠷᠪᠢᠴᠢ ᠭᠠᠮᠲᠠᠢ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ᠃ ᠨᠡᠶᠢᠲᠡᠯᠢᠭ ᠠᠷᠭ᠎ᠠ ᠬᠢᠳᠡᠯ᠂ | ᠲᠡᠷᠢᠭᠦᠨ ᠤ ᠨᠢᠭᠡᠴᠢ ᠪᠠ ᠬᠤᠪᠢ ᠬᠥᠮᠥᠨ ᠢ ᠢᠳᠡᠪᠬᠢᠲᠡᠢ ᠮᠡᠳᠡᠭᠡᠯᠡᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠤᠳ ᠢ ᠳᠡᠰ ᠳᠠᠷᠠᠭᠠᠯᠠᠯ ᠶᠣᠰᠣᠭᠠᠷ | ᠴᠠᠭ ᠲᠤ ᠨᠢ ᠲᠣᠬᠢᠷᠠᠭᠤᠯᠵᠤ ᠢᠯᠡᠷᠡᠭᠦᠯᠦᠨ ᠢᠯᠡᠴᠢᠯᠡᠵᠦ᠂ ᠨᠡᠶᠢᠭᠡᠮ ᠢᠶᠠᠷ ᠢᠶᠠᠨ ᠣᠷᠣᠯᠴᠠᠭᠰᠠᠨ ᠰᠠᠶᠢᠨ ᠰᠠᠶᠢᠬᠠᠨ ᠣᠷᠴᠢᠨ ᠠᠬᠤᠢ ᠶᠢ ᠪᠣᠢ ᠪᠣᠯᠭᠠᠨ᠎ᠠ᠃ ᠡᠯ᠎ᠡ | ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠠᠵᠢᠯ ᠦᠢᠯᠡᠰ ᠤᠨ ᠨᠢᠭᠡᠴᠢ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠳ | ᠲᠦᠷᠦᠭᠦᠯᠡᠨ ᠰᠠᠨᠠᠭᠠᠴᠢᠯᠠᠭ᠎ᠠ ᠠᠴᠠ ᠪᠠᠨ ᠬᠡᠲᠦ ᠪᠣᠭᠤᠳᠠᠯᠯᠠᠵᠤ ᠪᠠᠭᠯᠠᠭᠰᠠᠨ ᠲᠠᠸᠠᠷ ᠢ ᠡᠰᠡᠷᠭᠦᠴᠡᠨ ᠬᠤᠷᠢᠭᠯᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠣᠬᠠᠭᠤᠯᠬᠤ ᠬᠡᠯᠲᠡᠰ ᠵᠡᠷᠭᠡ ᠰᠠᠯᠠᠭ᠎ᠠ ᠮᠥᠴᠢᠷ ᠨᠢᠭᠡᠴᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2023 ᠣᠨ ᠤ 2 ᠳ᠋ᠤᠭᠠᠷ ᠰᠠᠷ᠎ᠠ ᠶᠢᠨ 10 ᠤ ᠡᠳᠦᠷ ᠳᠠᠷᠤᠮᠠᠯᠯᠠᠨ ᠲᠠᠷᠬᠠᠭᠠᠪᠠ |