ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ﹇2023﹈ 55 ᠳ᠋ᠤᠭᠠᠷ ᠲᠣᠭᠠᠲᠤ | | ᠲᠥᠮᠥᠰᠥᠨ ᠤ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢ ᠠᠬᠢᠭᠤᠯᠬᠤ ᠵᠢᠷᠭᠤᠭᠠᠨ ᠵᠦᠢᠯ ᠤᠨ ᠲᠦᠷᠦ ᠶᠢᠨ ᠪᠣᠳᠣᠯᠭ᠎ᠠ ᠠᠷᠭ᠎ᠠ ᠬᠡᠮᠵᠢᠶᠡᠨ ᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | | ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ | ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠢ ᠳᠤ᠄ | ᠥᠪᠡᠷᠲᠡᠭᠡᠨ ᠵᠠᠰᠠᠬᠤ ᠣᠷᠣᠨ ᠤ ᠲᠥᠮᠥᠰᠥᠨ ᠤ ᠠᠵᠤ ᠦᠢᠯᠡᠰ ᠤᠨ ᠲᠣᠮᠣ ᠣᠷᠣᠨ ᠠᠴᠠ ᠲᠥᠮᠥᠰᠥᠨ ᠤ ᠠᠵᠤ ᠦᠢᠯᠡᠰ ᠤᠨ ᠬᠦᠴᠦᠷᠬᠡᠭ ᠣᠷᠣᠨ ᠲᠡᠶᠢᠰᠢ | ᠲᠠᠪᠰᠢᠬᠤ ᠶᠢ ᠠᠬᠢᠭᠤᠯᠬᠤ ᠶᠢᠨ ᠲᠤᠰᠠᠳᠠ ᠂ ︽ᠵᠠᠭᠤᠨ ᠳ᠋ᠦᠩᠰᠢᠭᠤᠷ ᠲᠡᠰ ᠤᠨ ᠲᠥᠮᠥᠰᠥᠨ ᠤ ᠠᠵᠤ ᠦᠢᠯᠡᠰ ᠤᠨ ᠬᠡᠪᠴᠢᠶ᠎ᠡ ᠶᠢ ᠨᠢ ᠥᠷᠭᠡᠳᠬᠡᠨ ᠴᠢᠨᠠᠷ ᠢ ᠨᠢ | ᠲᠡᠬᠡᠭᠰᠢᠯᠡᠬᠦᠯᠬᠦ ︾ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠂ ᠲᠥᠮᠥᠰᠥᠨ ᠤ ᠨᠢᠭᠡᠴᠢ ᠲᠠᠯᠠᠪᠠᠢ ᠶᠢᠨ ᠤᠨᠠᠯᠲᠠ ᠬᠠᠷᠢᠴᠠᠩᠭᠤᠢ ᠳᠣᠣᠷ᠎ᠠ ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠲᠤᠷᠤᠢ ᠂ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷᠲᠡᠢ ᠂ ᠣᠳᠣᠬᠢᠴᠢᠯᠠᠭᠰᠠᠨ | ᠬᠠᠳᠠᠭᠠᠯᠠᠬᠤ ᠪᠡᠯᠡᠳᠬᠡᠮᠵᠢ ᠶᠢᠨ ᠲᠤᠭ᠎ᠠ ᠬᠡᠮᠵᠢᠶ᠎ᠡ ᠬᠦᠷᠦᠯᠴᠡᠬᠦ ᠦᠭᠡᠢ ᠪᠠ ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ ᠠᠨᠠᠢ ᠵᠡᠷᠭᠡ ᠠᠰᠠᠭᠤᠳᠠᠯ ᠳᠤ | ᠬᠠᠨᠳᠤᠭᠤᠯᠵᠤ ᠂ ᠲᠥᠮᠥᠰᠥᠨ ᠤ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠣᠰᠣᠭᠠᠷ ᠂ ︽ᠲᠥᠮᠥᠰᠥᠨ ᠤ ᠠᠵᠤ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠬᠡᠷᠡᠭᠵᠢᠭᠦᠯᠬᠦ ᠰᠠᠨᠠᠯ ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 35 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ | ᠱᠠᠭᠠᠷᠳᠠᠯᠭ᠎ᠠ ᠲᠠᠢ ᠤᠶᠠᠯᠳᠤᠭᠤᠯᠵᠤ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠂ ᠡᠳᠦᠭᠡ ᠲᠥᠮᠥᠰᠥᠨ ᠤ | ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢ ᠠᠬᠢᠭᠤᠯᠬᠤ ᠵᠢᠷᠭᠤᠭᠠᠨ ᠵᠦᠢᠯ ᠤᠨ ᠲᠦᠷᠦ ᠶᠢᠨ ᠪᠣᠳᠣᠯᠭ᠎ᠠ ᠠᠷᠭ᠎ᠠ ᠬᠡᠮᠵᠢᠶᠡᠨ ᠤ ᠲᠤᠬᠠᠢ ᠳᠣᠣᠷᠠᠬᠢ ᠮᠡᠲᠦ | ᠮᠡᠳᠡᠭᠳᠡᠶ᠎ᠡ ᠃ | ᠨᠢᠭᠡ ᠂ ᠦᠷ᠎ᠡ ᠶᠢᠨ ᠲᠥᠮᠥᠰᠥ ᠦᠷᠡᠵᠢᠭᠦᠯᠵᠦ ᠪᠤᠶᠢᠵᠢᠭᠤᠯᠬᠤ ᠠᠵᠤ ᠦᠢᠯᠡᠰ ᠤᠨ ᠬᠦᠴᠦᠷᠬᠡᠭᠵᠢᠬᠦ ᠳᠤ ᠳᠡᠮᠵᠢᠯᠭᠡ ᠦᠵᠡᠭᠦᠯᠦᠨ᠎ᠡ | ᠦᠷ᠎ᠡ ᠪᠤᠶᠢᠵᠢᠭᠤᠯᠬᠤ ᠲᠠᠯ᠎ᠠ ᠪᠠᠷ ᠬᠢ ᠰᠢᠨ᠎ᠡ ᠡᠭᠦᠳᠦᠯᠲᠡ ᠶᠢ ᠲᠡᠮᠵᠢᠵᠦ ᠂ ᠲᠥᠮᠥᠰᠥᠨ ᠤ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠢ ᠬᠡᠷᠡᠭᠵᠢᠭᠦᠯᠦᠨ ᠂ ᠲᠥᠮᠥᠰᠥᠨ ᠤ ᠦᠷ᠎ᠡ ᠪᠤᠶᠢᠵᠢᠭᠤᠯᠬᠤ ᠲᠠᠯ᠎ᠠ ᠪᠠᠷ | ᠬᠤᠯᠪᠤᠭᠠᠯᠠᠨ ᠪᠣᠭᠤᠮᠲᠠ ᠰᠢᠪᠲᠤᠯᠬᠤ ᠳᠤ ᠳᠡᠮᠵᠢᠯᠭᠡ ᠦᠵᠡᠭᠦᠯᠵᠦ ᠂ ᠬᠤᠯᠪᠤᠭᠠᠯᠠᠨ ᠪᠣᠭᠤᠮᠲᠠ ᠰᠢᠪᠲᠤᠯᠬᠤ ᠲᠥᠰᠥᠯ ᠲᠣᠭᠲᠠᠭᠠᠨ ᠂ ᠥᠪᠡᠷᠲᠡᠭᠡᠨ ᠵᠠᠰᠠᠬᠤ | ᠣᠷᠣᠨ ᠤ ᠲᠥᠮᠥᠰᠥᠨ ᠤ ᠦᠷ᠎ᠡ ᠪᠤᠶᠢᠵᠢᠭᠤᠯᠬᠤ ᠲᠠᠯ᠎ᠠ ᠪᠠᠷ ᠬᠤᠯᠪᠤᠭᠠᠯᠠᠨ ᠪᠣᠭᠤᠮᠲᠠ ᠰᠢᠪᠲᠤᠯᠬᠤ ᠪᠦᠯᠭᠦᠮ ᠭᠠᠷᠭᠠᠵᠤ ᠂ ᠲᠡᠷᠢᠭᠦᠨ ᠰᠢᠨᠵᠢᠯᠡᠬᠦ ᠤᠬᠠᠭᠠᠨᠲᠠᠨ ᠢ | ᠰᠢᠯᠢᠨ ᠰᠣᠩᠭᠤᠵᠤ ᠂ ᠥᠨᠳᠥᠷ ᠪᠦᠳᠦᠮᠵᠢᠳᠡᠢ ᠲᠠᠢ ᠪᠠᠷ ᠦᠷ᠎ᠡ ᠪᠤᠶᠢᠵᠢᠭᠤᠯᠬᠤ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ ᠂ ᠭᠠᠩ ᠢ ᠳᠠᠭᠠᠭᠠᠬᠤ ᠰᠣᠷᠭᠤᠭ | ᠢᠳᠡᠭᠡᠨ ᠂ ᠡᠳ᠋ᠰᠢᠭᠦᠯᠦᠨ ᠪᠤᠯᠪᠠᠰᠤᠷᠠᠭᠤᠯᠬᠤ ᠳᠤ ᠲᠤᠰᠬᠠᠢ ᠬᠡᠷᠡᠭᠯᠡᠬᠦ ᠰᠢᠯᠢᠳᠡᠭ ᠡᠭᠦᠯᠳᠡᠷ ᠢ ᠪᠤᠶᠢᠵᠢᠭᠤᠯᠤᠨ᠎ᠠ ᠃ ᠦᠷ᠎ᠡ ᠶᠢᠨ ᠲᠥᠮᠥᠰᠥ ᠦᠷᠡᠵᠢᠭᠦᠯᠦᠨ | ᠪᠤᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠡᠮᠵᠢᠵᠦ ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠶᠡᠭᠡ ᠬᠡᠪᠴᠢᠶ᠎ᠡ ᠪᠠᠷ ᠦᠷ᠎ᠡ | ᠪᠤᠶᠢᠵᠢᠭᠤᠯᠤᠭᠰᠠᠨ ᠰᠢᠶᠠᠨ ᠳᠤ ᠱᠠᠩᠨᠠᠬᠤ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠦᠨ ᠂ ᠰᠠᠶᠢᠨ ᠦᠷ᠎ᠡ ᠶᠢᠨ ᠲᠥᠮᠥᠰᠥ ᠦᠷᠡᠵᠢᠭᠦᠯᠦᠨ ᠪᠤᠶᠢᠵᠢᠭᠤᠯᠬᠤ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠡᠮᠵᠢᠵᠦ ᠂ ᠬᠠᠭᠤᠷᠠᠢ ᠲᠠᠷᠢᠶᠠᠯᠠᠬᠤ ᠭᠠᠵᠠᠷ ᠲᠤ ᠴᠢᠨᠠᠷ ᠰᠠᠶᠢᠲᠠᠢ ᠦᠷ᠎ᠡ ᠶᠢᠨ ᠲᠥᠮᠥᠰᠥ ᠲᠠᠷᠢᠬᠤ ᠶᠢ | ᠵᠣᠷᠢᠭᠵᠢᠭᠤᠯᠤᠨ ᠂ ᠰᠠᠭᠤᠷᠢᠨ ᠭᠠᠵᠠᠷ ᠤᠨ ᠦᠢᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠢ ᠨᠢ ᠲᠡᠬᠡᠭᠰᠢᠯᠡᠬᠦᠯᠬᠦ ᠶᠢᠨ ᠬᠠᠮᠲᠤ ᠦᠷ᠎ᠡ ᠶᠢᠨ ᠲᠥᠮᠥᠰᠥᠨ ᠤ ᠶᠠᠰᠤ | ᠴᠢᠨᠠᠷ ᠤᠨ ᠭᠡᠷᠡᠴᠢᠯᠡᠭᠡ ᠥᠷᠨᠢᠭᠦᠯᠬᠦ ᠶᠢ ᠲᠡᠮᠵᠢᠵᠦ ᠂ ᠦᠷ᠎ᠡ ᠶᠢᠨ ᠲᠥᠮᠥᠰᠥᠨ ᠤ ᠴᠢᠨᠠᠷ ᠢ ᠨᠢ ᠲᠡᠬᠡᠭᠰᠢᠯᠡᠬᠦᠯᠦᠨ᠎ᠡ ᠃ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ | ᠥᠮᠴᠢᠯᠡᠯ ᠤᠨ ᠡᠷᠬᠡ ᠲᠠᠢ ᠦᠷ᠎ᠡ ᠶᠢᠨ ᠲᠥᠮᠥᠰᠥᠨ ᠤ ᠡᠭᠦᠯᠳᠡᠷ ᠳᠡᠯᠭᠡᠷᠡᠭᠦᠯᠬᠦ ᠶᠢ ᠲᠡᠮᠵᠢᠵᠦ ᠂ ᠥᠪᠡᠷᠲᠡᠭᠡᠨ ᠵᠠᠰᠠᠬᠤ ᠣᠷᠣᠨ ᠤ ᠪᠡᠶ᠎ᠡ ᠪᠠᠨ ᠳᠠᠭᠠᠭᠠᠭᠰᠠᠨ | ᠮᠡᠳᠡᠯᠭᠡ ᠶᠢᠨ ᠥᠮᠴᠢᠯᠡᠯ ᠤᠨ ᠡᠷᠬᠡ ᠲᠠᠢ ᠡᠭᠦᠯᠳᠡᠷ ᠢ ᠣᠷᠣᠨ ᠤ ᠳᠣᠲᠣᠷ᠎ᠠ ᠵᠢᠯ ᠳᠤ ᠳᠡᠯᠭᠡᠷᠡᠭᠦᠯᠦᠭᠰᠡᠨ ᠲᠠᠯᠠᠪᠠᠢ ᠨᠢ 10 ᠲᠦᠮᠡᠨ ᠮᠦ ᠠᠴᠠ ᠳᠡᠭᠡᠭᠰᠢ ᠪᠠᠶᠢᠪᠠᠯ ᠂ | ᠨᠢᠭᠡ ᠯᠡ ᠤᠳᠠᠭ᠎ᠠ ᠳᠤ 500 ᠲᠦᠮᠡᠨ ᠲᠥᠭᠦᠷᠢᠭ ᠱᠠᠩᠨᠠᠨ᠎ᠠ︔ ᠵᠢᠯ ᠳᠤ ᠳᠡᠯᠭᠡᠷᠡᠭᠦᠯᠦᠭᠰᠡᠨ ᠲᠠᠯᠠᠪᠠᠢ ᠨᠢ 30 ᠲᠦᠮᠡᠨ ᠮᠦ ᠠᠴᠠ ᠳᠡᠭᠡᠭᠰᠢ ᠪᠠᠶᠢᠪᠠᠯ ᠂ ᠨᠢᠭᠡ ᠯᠡ | ᠤᠳᠠᠭ᠎ᠠ ᠳᠤ 1000 ᠲᠦᠮᠡᠨ ᠲᠥᠭᠦᠷᠢᠭ ᠱᠠᠩᠨᠠᠨ᠎ᠠ ᠃ ︵ ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠂ ᠰᠢᠨᠵᠢᠯᠡᠬᠦ ᠤᠬᠠᠭᠠᠨ ᠲᠧ ᠭᠨᠢᠭ ᠮᠡᠷᠭᠡᠵᠢᠯ ᠤᠨ ᠲᠢᠩᠬᠢᠮ ᠂ ᠡᠳ᠋ ᠤᠨ ᠵᠠᠰᠠᠭ ᠤᠨ ᠲᠢᠩᠬᠢᠮ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠨᠠᠶᠢᠳᠠᠪᠤᠷᠢᠵᠢᠭᠤᠯᠤᠨ᠎ᠠ ︶ | ᠬᠤᠶᠠᠷ ᠂ ᠨᠢᠭᠡᠴᠢ ᠲᠠᠯᠠᠪᠠᠢ ᠶᠢᠨ ᠤᠨᠠᠯᠲᠠ ᠶᠢ ᠨᠡᠮᠡᠭᠳᠡᠭᠦᠯᠬᠦ ᠢᠨᠵᠧᠨᠧᠷᠢᠩ ᠢ ᠬᠡᠷᠡᠭᠵᠢᠭᠦᠯᠬᠦ ᠳᠤ ᠳᠡᠮᠵᠢᠯᠭᠡ ᠦᠵᠡᠭᠦᠯᠦᠨ᠎ᠡ | ᠲᠥᠮᠥᠰᠥ ᠦᠢᠯᠡᠳᠪᠦᠷᠢᠯᠡᠭᠴᠢ ᠳᠤ ᠨᠡᠮᠡᠭᠦᠷᠢ ᠥᠭᠬᠦ ᠪᠣᠳᠣᠯᠭ᠎ᠠ ᠶᠢ ᠬᠡᠷᠡᠭᠵᠢᠭᠦᠯᠵᠦ ᠂ ᠥᠪᠡᠷᠲᠡᠭᠡᠨ ᠵᠠᠰᠠᠬᠤ ᠣᠷᠣᠨ ᠨᠢ ᠤᠯᠤᠰ ᠤᠨ ᠲᠥᠷᠥ ᠶᠢᠨ | ᠪᠣᠳᠣᠯᠭ᠎ᠠ ᠶᠢᠨ ᠱᠠᠭᠠᠷᠳᠠᠯᠭ᠎ᠠ ᠶᠢᠨ ᠬᠡᠪᠴᠢᠶᠡᠨ ᠳᠣᠲᠣᠷ᠎ᠠ ᠂ ᠡᠷᠳᠡᠨᠢ ᠰᠢᠰᠢ ᠂ ᠰᠢᠷ᠎ᠠ ᠪᠤᠷᠴᠠᠭ ᠦᠢᠯᠡᠳᠪᠦᠷᠢᠯᠡᠭᠴᠢ ᠳᠤ ᠬᠦᠷᠲᠡᠭᠡᠬᠦ ᠨᠡᠮᠡᠭᠦᠷᠢ ᠠᠴᠠ ᠬᠡᠰᠡᠭ ᠪᠡᠯᠡ | ᠮᠥᠩᠭᠦ ᠲᠣᠬᠢᠷᠠᠭᠤᠯᠵᠤ ᠂ ᠲᠥᠮᠥᠰᠥ ᠲᠠᠷᠢᠭᠴᠢ ᠳᠤ ᠨᠡᠮᠡᠭᠦᠷᠢ ᠣᠯᠭᠤᠨ᠎ᠠ ᠃ ᠥᠪᠡᠷᠲᠡᠭᠡᠨ ᠵᠠᠰᠠᠬᠤ ᠣᠷᠣᠨ ᠠᠴᠠ ᠲᠥᠮᠥᠰᠥᠨ ᠤ ᠤᠨᠠᠯᠲᠠ ᠶᠢ | ᠦᠢᠯᠡᠳᠪᠦᠷᠢᠯᠡᠭᠴᠢ ᠳᠤ ᠨᠡᠮᠡᠭᠦᠷᠢ ᠪᠡᠯᠡ ᠮᠥᠩᠭᠦ ᠬᠤᠪᠢᠶᠠᠷᠢᠯᠠᠬᠤ ᠶᠢᠨ ᠯᠠᠪᠯᠠᠬᠤ ᠬᠦᠴᠦᠨ ᠵᠦᠢᠯ ᠪᠣᠯᠭᠠᠵᠤ ᠂ ᠡᠯ᠎ᠡ ᠭᠠᠵᠠᠷ ᠣᠷᠣᠨ ᠢ ᠬᠥᠲᠥᠯᠥᠨ ᠵᠢᠯᠤᠭᠤᠳᠴᠤ | ᠪᠠᠶᠢᠭᠠᠳ ᠨᠡᠮᠡᠭᠦᠷᠢ ᠪᠡᠯᠡ ᠮᠥᠩᠭᠦ ᠶᠢ ᠨᠢᠭᠡᠴᠢ ᠲᠠᠯᠠᠪᠠᠢ ᠶᠢᠨ ᠤᠨᠠᠯᠲᠠ ᠪᠠᠨ ᠨᠡᠮᠡᠭᠳᠡᠭᠦᠯᠬᠦ ᠶᠢ ᠳᠡᠮᠵᠢᠬᠦ ᠳᠤ ᠨᠠᠩ ᠢᠯᠡᠭᠦᠦ ᠵᠠᠷᠤᠴᠠᠭᠤᠯᠤᠭᠤᠯᠬᠤ ᠶᠢᠨ ᠬᠠᠮᠲᠤ | ᠳᠠᠪᠠᠭᠤᠯᠢᠭ ᠭᠤᠣᠯ ᠭᠠᠷᠤᠯᠲᠠ ᠶᠢᠨ ᠣᠷᠣᠨ ᠲᠡᠶᠢᠰᠢ ᠲᠥᠪᠯᠡᠷᠡᠭᠦᠯᠦᠨ᠎ᠡ ᠃ ᠡᠭᠡᠯᠵᠢᠯᠡᠨ ᠲᠠᠷᠢᠵᠤ ᠭᠤᠤᠷᠰᠤ ᠰᠣᠯᠢᠬᠤ ᠶᠢ ᠳᠡᠮᠵᠢᠵᠦ ᠂ 3 ᠵᠢᠯ ᠵᠢᠴᠢ ᠡᠭᠦᠨ ᠠᠴᠠ | ᠢᠯᠡᠭᠦᠦ ᠡᠭᠡᠯᠵᠢᠯᠡᠨ ᠲᠠᠷᠢᠬᠤ ᠶᠢ ᠬᠡᠷᠡᠭᠵᠢᠭᠦᠯᠦᠨ ᠂ ᠵᠠᠯᠭᠠᠭ᠎ᠠ ᠪᠠᠷ ᠳᠠᠷᠢᠬᠤ ᠰᠠᠭᠠᠳ ᠲᠣᠳᠬᠠᠷ ᠢ ᠰᠢᠢᠳᠪᠦᠷᠢᠯᠡᠵᠦ ᠂ ᠬᠥᠷᠥᠰᠥ ᠰᠢᠷᠣᠢ ᠪᠠᠷ ᠳᠠᠮᠵᠢᠨ | ᠬᠠᠯᠳᠠᠪᠤᠷᠢᠯᠠᠬᠤ ᠬᠤᠷᠣᠬᠠᠢ ᠭᠡᠮ ᠤᠨ ᠬᠥᠨᠥᠭᠡᠯ ᠢ ᠳᠠᠷᠤᠵᠤ ᠪᠠᠭᠠᠰᠬᠠᠨ ᠂ ᠲᠥᠮᠥᠰᠥᠨ ᠤ ᠴᠢᠨᠠᠷ ᠪᠠ ᠨᠢᠭᠡᠴᠢ ᠲᠠᠯᠠᠪᠠᠢ ᠶᠢᠨ ᠤᠨᠠᠯᠲᠠ ᠶᠢ ᠳᠡᠭᠡᠭᠰᠢᠯᠡᠭᠦᠯᠦᠨ᠎ᠡ ᠃ | ᠲᠠᠷᠢᠶᠠᠯᠠᠬᠤ ᠭᠠᠵᠠᠷ ᠢ ᠡᠭᠡᠯᠵᠢᠯᠡᠨ ᠲᠠᠷᠢᠬᠤ ᠳᠤ ᠮᠦ ᠪᠦᠷᠢ ᠳᠤ 150 ᠲᠥᠭᠦᠷᠢᠭ ᠥᠭᠬᠦ ᠤᠯᠤᠰ ᠤᠨ ᠨᠡᠮᠡᠭᠦᠷᠢ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠵᠤ ᠂ | ᠤᠯᠠᠭᠠᠨᠴᠠᠪ ᠬᠤᠲᠠ ᠵᠡᠷᠭᠡ ᠲᠥᠮᠥᠰᠥᠨ ᠤ ᠳᠠᠪᠠᠭᠤᠯᠢᠭ ᠭᠤᠣᠯ ᠭᠠᠷᠤᠯᠲᠠ ᠶᠢᠨ ᠣᠷᠣᠨ ᠤ ᠡᠭᠡᠯᠵᠢᠯᠡᠨ ᠳᠠᠷᠢᠬᠤ ᠳᠤ ᠨᠡᠮᠡᠭᠦᠷᠢ ᠥᠭᠬᠦ ᠲᠠᠯᠠᠪᠠᠶ ᠶᠢ 100 ᠲᠦᠮᠡᠨ | ᠮᠦ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ ᠃ ᠨᠡᠶᠢᠭᠡᠮᠴᠢᠯᠡᠭᠰᠡᠨ ᠦᠢᠯᠡᠴᠢᠯᠡᠭᠡ ᠶᠢ ᠳᠡᠮᠵᠢᠵᠦ ᠂ ᠵᠢᠵᠢᠭ ᠲᠠᠷᠢᠶᠠᠴᠢᠨ ᠡᠷᠦᠬᠡ ᠶᠢᠨ ᠲᠠᠷᠠᠬᠠᠢ ᠡᠵᠡᠩᠨᠡᠯᠲᠡ ᠶᠢ | ᠬᠤᠪᠢᠷᠠᠭᠤᠯᠤᠨ ᠂ ᠡᠯ᠎ᠡ ᠲᠥᠷᠥᠯ ᠤᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠬᠥᠲᠥᠯᠥᠨ ᠵᠢᠯᠤᠭᠤᠳᠴᠤ ᠪᠠᠶᠢᠭᠠᠳ ᠵᠢᠵᠢᠭ ᠲᠠᠷᠢᠶᠠᠴᠢᠨ ᠡᠷᠦᠬᠡ ᠳᠤ | ᠲᠥᠮᠥᠰᠥᠨ ᠲᠠᠷᠢᠶ᠎ᠡ ᠶᠢ ᠨᠢ ᠣᠷᠣᠯᠠᠨ ᠬᠠᠭᠠᠯᠪᠤᠷᠢᠯᠠᠵᠤ ᠣᠷᠣᠯᠠᠨ ᠳᠠᠷᠢᠬᠤ ᠂ ᠣᠷᠣᠯᠠᠨ ᠬᠠᠮᠢᠶᠠᠷᠴᠤ ᠣᠷᠣᠯᠠᠨ ᠬᠤᠷᠢᠶᠠᠬᠤ ᠂ ᠪᠦᠬᠦ ᠶᠠᠪᠤᠴᠠ ᠳᠤ ᠨᠠᠶᠢᠳᠠᠨ | ᠬᠠᠮᠢᠶᠠᠷᠤᠭᠤᠯᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠨ ᠂ ᠰᠢᠨ᠎ᠡ ᠡᠭᠦᠯᠳᠡᠷ ᠂ ᠰᠢᠨ᠎ᠡ ᠮᠡᠷᠭᠡᠵᠢᠯ ᠢ ᠲᠥᠪᠯᠡᠷᠡᠭᠦᠯᠦᠨ ᠳᠡᠯᠭᠡᠷᠡᠭᠦᠯᠵᠦ ᠂ ᠬᠡᠪᠴᠢᠶᠡᠵᠢᠭᠦᠯᠦᠨ | ᠡᠷᠴᠢᠮᠵᠢᠭᠦᠯᠦᠭᠰᠡᠨ ᠡᠵᠡᠩᠨᠡᠯᠲᠡ ᠶᠢ ᠠᠬᠢᠭᠤᠯᠤᠨ ᠂ ᠨᠢᠭᠡᠴᠢ ᠲᠠᠯᠠᠪᠠᠢ ᠶᠢᠨ ᠤᠨᠠᠯᠲᠠ ᠶᠢ ᠨᠡᠮᠡᠭᠳᠡᠭᠦᠯᠬᠦ ᠮᠡᠷᠭᠡᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠂ | ᠵᠠᠷᠴᠢᠮ ᠳᠡᠭᠡᠷ᠎ᠡ ᠪᠠᠨ ᠦᠢᠯᠡᠴᠢᠯᠡᠬᠦ ᠦᠨ᠎ᠡ ᠬᠠᠩᠰᠢ ᠳᠠᠬᠢ ᠡᠳ᠋ ᠤᠨ ᠵᠠᠰᠠᠭ ᠤᠨ ᠨᠥᠬᠦᠪᠦᠷᠢ ᠶᠢᠨ ᠡᠵᠡᠯᠡᠬᠦ ᠬᠠᠷᠢᠴᠠᠯ ᠢ 30% ᠠᠴᠠ ᠬᠡᠲᠦᠷᠡᠭᠦᠯᠬᠦ ᠦᠭᠡᠢ | ᠪᠠᠶᠢᠯᠭᠠᠨ ᠂ ᠨᠢᠭᠡ ᠬᠤᠷᠢᠶᠡᠯᠳᠡᠳᠦ ᠲᠠᠷᠢᠮᠠᠯ ᠤᠨ ᠮᠦ ᠳᠤᠮᠳᠠᠴᠢ ᠶᠢᠨ ᠨᠥᠬᠦᠪᠦᠷᠢ ᠶᠢᠨ ᠶᠡᠷᠦᠩᠬᠡᠢ ᠲᠤᠭ᠎ᠠ ᠶᠢ 100 ᠲᠥᠭᠦᠷᠢᠭ ᠠᠴᠠ ᠬᠡᠲᠦᠷᠡᠭᠦᠯᠬᠦ ᠦᠭᠡᠢ | ᠪᠠᠶᠢᠯᠭᠠᠵᠤ ᠂ ᠵᠢᠯ ᠤᠨ ᠦᠢᠯᠡᠴᠢᠯᠡᠬᠦ ᠲᠠᠯᠠᠪᠠᠶ ᠶᠢ 100 ᠲᠦᠮᠡᠨ ᠮᠦ ᠤᠳᠠᠭ᠎ᠠ ᠠᠴᠠ ᠳᠣᠣᠷᠠᠳᠠᠭᠤᠯᠬᠤ ᠦᠭᠡᠢ ᠪᠠᠶᠢᠯᠭᠠᠨ᠎ᠠ ᠃ ᠲᠥᠮᠥᠰᠥᠨ ᠤ ᠥᠨᠳᠥᠷ | ᠤᠨᠠᠯᠲᠠᠲᠤ ᠥᠨᠳᠥᠷ ᠦᠷ᠎ᠡ ᠠᠰᠢᠭᠲᠤ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠳᠡᠮᠵᠢᠵᠦ ᠂ ᠤᠯᠤᠰ ᠪᠠ ᠥᠪᠡᠷᠲᠡᠭᠡᠨ ᠵᠠᠰᠠᠬᠤ ᠣᠷᠣᠨ ᠤ | ᠬᠠᠮᠢᠶ᠎ᠠ ᠪᠦᠬᠦᠢ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠂ ᠲᠥᠮᠥᠰᠥᠨ ᠤ ᠭᠤᠣᠯ ᠭᠠᠷᠤᠯᠲᠠ ᠶᠢᠨ ᠠᠶᠢᠮᠠᠭ ᠬᠤᠲᠠ ᠶᠢᠨ ᠭᠤᠣᠯᠳᠠᠯᠭ᠎ᠠ ᠪᠣᠯᠬᠤ ᠬᠤᠰᠢᠭᠤ | ᠰᠢᠶᠠᠨ ︵ᠬᠤᠲᠠ ᠂ ᠲᠣᠭᠤᠷᠢᠭ︶ ᠢᠶᠠᠷ ᠭᠤᠣᠯᠯᠠᠵᠤ ᠂ ᠴᠢᠨᠠᠷ ᠰᠠᠶᠢᠲᠠᠢ ᠪᠥᠭᠡᠳ ᠥᠨᠳᠥᠷ ᠪᠦᠲᠦᠮᠵᠢᠲᠦ ᠲᠠᠷᠢᠵᠦ ᠤᠷᠭᠤᠭᠤᠯᠬᠤ ᠵᠢᠱᠢᠶ᠎ᠡ ᠦᠵᠡᠭᠦᠯᠬᠦ ᠣᠷᠣᠨ ᠢ | ᠪᠦᠲᠦᠭᠡᠨ ᠪᠠᠶᠢᠭᠤᠯᠵᠤ ᠂ ᠤᠰᠤ ᠪᠣᠷᠳᠣᠭᠤᠷ ᠢ ᠨᠢᠭᠡ ᠴᠣᠭᠴᠠᠵᠢᠭᠤᠯᠤᠨ ᠬᠡᠷᠡᠭᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ ᠂ ᠪᠣᠷᠳᠣᠭᠤᠷ ᠲᠠᠷᠢᠶᠠᠨ ᠡᠮ ᠤᠰᠤ | ᠬᠡᠷᠡᠭᠯᠡᠬᠦ ᠶᠢ ᠰᠢᠨᠵᠢᠯᠡᠬᠦ ᠤᠬᠠᠭᠠᠨᠴᠢ ᠪᠠᠷ ᠬᠢᠵᠠᠭᠠᠷᠯᠠᠵᠤ ᠂ ᠬᠠᠭᠤᠷᠠᠢ ᠲᠠᠷᠢᠶᠠᠯᠠᠬᠤ ᠭᠠᠵᠠᠷ ᠲᠤ ᠴᠢᠨᠠᠷ ᠰᠠᠶᠢᠲᠠᠢ ᠲᠥᠮᠥᠰᠥ ᠳᠠᠷᠢᠬᠤ ᠶᠢ ᠳᠡᠮᠵᠢᠨ ᠂ ᠤᠨᠠᠯᠲᠠ ᠪᠠᠨ | ᠨᠡᠮᠡᠭᠳᠡᠭᠦᠯᠦᠨ ᠦᠷ᠎ᠡ ᠠᠰᠢᠭ ᠢᠶᠠᠨ ᠲᠡᠬᠡᠭᠰᠢᠯᠡᠬᠦᠯᠬᠦ ᠲᠡᠶᠢᠰᠢ ᠳᠠᠶᠢᠴᠢᠯᠠᠨ᠎ᠠ ᠃ ᠡᠳ᠋ᠰᠢᠭᠦᠯᠦᠨ ᠪᠤᠯᠪᠠᠰᠤᠷᠠᠭᠤᠯᠬᠤ ᠵᠠᠬᠢᠶᠠᠯᠠᠭ᠎ᠠ ᠳᠤ ᠨᠡᠮᠡᠭᠦᠷᠢ ᠥᠭᠬᠦ ᠶᠢ ᠳᠡᠮᠵᠢᠵᠦ ᠂ | ᠥᠪᠡᠷᠲᠡᠭᠡᠨ ᠵᠠᠰᠠᠬᠤ ᠣᠷᠣᠨ ᠤ ᠲᠥᠮᠥᠰᠥ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠨᠢ ᠣᠷᠣᠨ ᠤ ᠳᠣᠲᠣᠷᠠᠬᠢ ᠲᠠᠷᠢᠮᠠᠯ ᠤᠨ ᠡᠷᠦᠬᠡ ᠯᠦᠭᠡ | ᠲᠣᠭᠲᠠᠪᠤᠷᠢᠲᠠᠢ ᠠᠰᠢᠭ ᠲᠤᠰᠠ ᠶᠢᠨ ᠬᠤᠯᠪᠣᠭᠳᠠᠭᠤᠯᠬᠤ ᠲᠣᠭᠲᠠᠴᠠ ᠶᠢ ᠪᠠᠶᠢᠭᠤᠯᠤᠭᠰᠠᠨ ᠂ ᠪᠠᠷᠢᠮᠵᠢᠶᠠᠵᠢᠭᠤᠯᠤᠨ ᠳᠠᠷᠢᠭᠰᠠᠨ ᠮᠥᠷᠲᠡᠭᠡᠨ ᠬᠦᠴᠦ ᠪᠦᠬᠦᠢ | ᠵᠠᠬᠢᠶᠠᠯᠠᠭ᠎ᠠ ᠲᠣᠭᠲᠠᠭᠰᠠᠨ ᠪᠠᠶᠢᠪᠠᠯ ᠂ ᠬᠤᠳᠠᠯᠳᠤᠨ ᠠᠪᠬᠤ ᠭᠤᠣᠯ ᠴᠣᠭᠴᠠ ᠳᠤ 20 ᠲᠥᠭᠦᠷᠢᠭ / ᠲᠣᠨ ᠤ ᠨᠡᠮᠡᠭᠦᠷᠢ ᠣᠯᠭᠤᠨ᠎ᠠ ᠃ ︵ᠬᠠᠷᠢᠭᠤᠴᠠᠯᠭᠠᠲᠤ | ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠨᠠᠶᠢᠳᠠᠪᠤᠷᠢᠵᠢᠭᠤᠯᠤᠨ᠎ᠠ ︶ | ᠭᠤᠷᠪᠠ ᠂ ᠭᠠᠷᠤᠯᠲᠠ ᠶᠢᠨ ᠣᠷᠣᠨ ᠳᠤ ᠬᠦᠢᠲᠡᠨ ᠬᠠᠳᠠᠭᠠᠯᠠᠯᠲᠠ ᠪᠠᠷ ᠰᠢᠨ᠎ᠡ ᠰᠣᠷᠭᠤᠭ ᠢ ᠪᠠᠲᠤᠯᠠᠬᠤ ᠣᠳᠣᠬᠢᠴᠢᠯᠠᠭᠰᠠᠨ ᠪᠡᠯᠡᠳᠬᠡᠮᠵᠢ ᠪᠠᠶᠢᠭᠤᠯᠬᠤ ᠶᠢ | ᠲᠡᠳᠬᠦᠨ᠎ᠡ | ᠲᠠᠷᠢᠶᠠᠴᠢᠨ ᠤ ᠬᠤᠷᠰᠢᠶ᠎ᠡ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠲᠥᠮᠥᠰᠥ ᠲᠠᠷᠢᠬᠤ | ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠨᠢ ᠦᠨᠳᠦᠰᠦᠯᠡᠵᠦ ᠂ ᠰᠠᠯᠬᠢ ᠨᠡᠪᠲᠡᠷᠡᠭᠦᠯᠬᠦ ᠬᠠᠳᠠᠭᠠᠯᠠᠯᠲᠠ ᠶᠢᠨ ᠬᠥᠮᠥᠷᠭᠡ ᠂ ᠮᠧ ᠬᠠᠨᠢᠭ ᠬᠦᠢᠲᠡᠨ ᠬᠥᠮᠥᠷᠭᠡ ᠂ ᠬᠡᠢ ᠠᠭᠠᠷ | ᠲᠣᠬᠢᠷᠠᠭᠤᠯᠬᠤ ᠬᠠᠳᠠᠭᠠᠯᠠᠯᠲᠠ ᠶᠢᠨ ᠬᠥᠮᠥᠷᠭᠡ ᠂ ᠤᠷᠢᠳᠴᠢᠯᠠᠨ ᠬᠥᠷᠥᠭᠡᠵᠦ ᠬᠥᠯᠳᠡᠭᠡᠬᠦ ᠵᠢᠴᠢ ᠲᠥᠬᠦᠷ ᠭᠠᠷᠤᠯᠲᠠ ᠶᠢᠨ ᠣᠷᠣᠨ ᠳᠤ ᠬᠦᠢᠲᠡᠨ ᠬᠠᠳᠠᠭᠠᠯᠠᠯᠲᠠ ᠪᠠᠷ | ᠰᠢᠨ᠎ᠡ ᠰᠣᠷᠭᠤᠭ ᠢ ᠪᠠᠲᠤᠯᠠᠬᠤ ᠵᠡᠷᠭᠡ ᠰᠢᠢᠳᠪᠦᠷᠢᠯᠡᠬᠦ ᠪᠡᠯᠡᠳᠬᠡᠮᠵᠢ ᠲᠥᠬᠦᠭᠡᠷᠦᠮᠵᠢ ᠶᠢ ᠵᠦᠢ ᠵᠣᠬᠢᠰᠲᠠᠢ ᠪᠠᠶᠢᠭᠤᠯᠵᠤ ᠂ ᠦᠷ᠎ᠡ ᠶᠢᠨ ᠲᠥᠮᠥᠰᠥ ᠪᠠ ᠲᠠᠸᠠᠷ ᠤᠨ | ᠲᠥᠮᠥᠰᠥ ᠶᠢ ᠴᠢᠨᠠᠷ ᠰᠠᠶᠢᠲᠠᠢ ᠬᠠᠳᠠᠭᠠᠯᠠᠬᠤ ᠶᠢ ᠨᠢ ᠪᠠᠲᠤᠯᠠᠨ᠎ᠠ ᠃ ᠭᠠᠷᠤᠯᠲᠠ ᠶᠢᠨ ᠣᠷᠣᠨ ᠤ ᠲᠠᠷᠢᠮᠠᠯ ᠲᠠᠷᠢᠨᠨᠴᠢᠳ ᠥᠪᠡᠰᠦᠪᠡᠨ ᠬᠡᠷᠡᠭᠯᠡᠬᠦ ᠲᠥᠮᠥᠰᠥᠨ ᠤ | ᠬᠦᠢᠲᠡᠨ ᠬᠠᠳᠠᠭᠠᠯᠠᠯᠲᠠ ᠪᠠᠷ ᠰᠢᠨ᠎ᠡ ᠰᠣᠷᠭᠤᠭ ᠢ ᠪᠠᠲᠤᠯᠠᠬᠤ ᠣᠳᠣᠬᠢᠴᠢᠯᠠᠭᠰᠠᠨ ᠪᠡᠯᠡᠳᠬᠡᠮᠵᠢ ᠶᠢ ᠰᠢᠨ᠎ᠡ ᠪᠠᠷ ᠪᠠᠶᠢᠭᠤᠯᠤᠭᠰᠠᠨ ᠪᠠᠶᠢᠪᠠᠯ ᠂ ᠪᠡᠯᠡᠳᠭᠡᠮᠵᠢᠳᠤ | ᠲᠠᠷᠢᠶᠠᠯᠠᠩ ᠤᠨ ᠳᠠᠭᠠᠯᠲᠠ ᠪᠡᠯᠡᠳᠬᠡᠮᠵᠢ ᠳᠤ ᠬᠡᠷᠡᠭᠯᠡᠬᠦ ᠭᠠᠵᠠᠷ ᠤᠨ ᠬᠠᠮᠢᠶᠠᠷᠤᠯᠲᠠ ᠪᠠᠷ ᠬᠠᠮᠢᠶᠠᠷᠴᠤ ᠂ ᠱᠠᠭᠠᠷᠳᠠᠯᠭ᠎ᠠ ᠶᠣᠰᠣᠭᠠᠷ ᠪᠦᠷᠢᠳᠬᠡᠨ ᠲᠠᠩᠰᠠᠯᠠᠵᠦ | ᠬᠠᠮᠢᠶᠠᠷᠤᠨ᠎ᠠ︔ ᠡᠵᠡᠩᠨᠡᠯᠲᠡ ᠶᠢᠨ ᠴᠢᠨᠠᠷᠲᠠᠢ ᠲᠥᠮᠥᠰᠥᠨ ᠤ ᠰᠢᠨ᠎ᠡ ᠰᠣᠷᠭᠤᠭ ᠢᠶᠠᠷ ᠬᠥᠮᠥᠷᠭᠡᠯᠡᠨ ᠬᠠᠳᠠᠭᠠᠯᠠᠬᠤ ᠣᠳᠣᠬᠢᠴᠢᠯᠠᠭᠰᠠᠨ ᠪᠡᠯᠡᠳᠬᠡᠮᠵᠢ ᠶᠢ | ᠪᠠᠶᠢᠭᠤᠯᠤᠭᠰᠠᠨ ᠪᠠᠶᠢᠪᠠᠯ ᠂ ᠡᠩ ᠤᠨ ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠭᠰᠡᠨ ᠳᠤ ᠨᠢ ᠲᠠᠷᠢᠶᠠᠯᠠᠬᠤ ᠭᠠᠵᠠᠷ ᠤᠨ ︽ᠨᠡᠮᠡᠭᠳᠡᠯ ᠬᠠᠰᠤᠭᠳᠠᠯ ᠢ ᠲᠡᠩᠴᠡᠭᠦᠷᠢᠲᠡᠢ | ᠪᠠᠶᠢᠯᠭᠠᠬᠤ ︾ ᠪᠣᠳᠣᠯᠭ᠎ᠠ ᠶᠢ ᠤᠷᠢᠳ ᠢᠶᠠᠷ ᠲᠣᠬᠢᠷᠠᠭᠤᠯᠤᠨ ᠨᠠᠶᠢᠳᠠᠪᠤᠷᠢᠵᠢᠭᠤᠯᠤᠨ᠎ᠠ ᠃ ᠲᠥᠪ ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠬᠥᠳᠡᠭᠡ | ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠯᠤᠭ᠎ᠠ ᠵᠣᠯᠭᠠᠯᠳᠤᠭᠤᠯᠤᠭᠰᠠᠨ ᠨᠥᠬᠦᠪᠦᠷᠢ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠦᠨ | ᠠᠰᠢᠭᠯᠠᠵᠤ ᠪᠠᠶᠢᠭᠠᠳ ᠲᠥᠮᠥᠰᠥᠨ ᠤ ᠬᠦᠢᠲᠡᠨ ᠬᠠᠳᠠᠭᠠᠯᠠᠯᠲᠠ ᠪᠠᠷ ᠰᠢᠨ᠎ᠡ ᠰᠣᠷᠭᠤᠭ ᠢ ᠪᠠᠲᠤᠯᠠᠬᠤ ᠣᠳᠣᠬᠢᠴᠢ ᠪᠡᠯᠡᠳᠬᠡᠮᠵᠢ ᠪᠠᠶᠢᠭᠤᠯᠬᠤ ᠶᠢ ᠲᠡᠮᠵᠢᠵᠦ ᠂ | ᠤᠷᠢᠳ ᠢᠶᠠᠷ ᠪᠠᠶᠢᠭᠤᠯᠵᠤ ᠲᠠᠷᠠᠭ᠎ᠠ ᠳᠤ ᠨᠢ ᠨᠥᠬᠦᠪᠦᠷᠢᠯᠡᠬᠦ ᠠᠷᠭ᠎ᠠ ᠮᠠᠶ᠋ᠢᠭ ᠢ ᠬᠡᠷᠡᠭᠯᠡᠨ ᠂ ᠵᠢᠯ ᠪᠦᠷᠢ ᠲᠠᠷᠢᠶᠠᠴᠢᠨ ᠲᠠᠢ ᠬᠤᠯᠪᠣᠭᠠᠯᠠᠵᠤ ᠲᠠᠷᠢᠶᠠᠴᠢᠨ ᠢ ᠳᠠᠶᠢᠴᠢᠯᠠᠬᠤ | ᠴᠢᠳᠠᠪᠤᠷᠢ ᠪᠠᠷ ᠴᠢᠩᠭ᠎ᠠ ᠪᠣᠯᠬᠤᠶᠢᠴᠠ ᠨᠡᠮᠡᠭᠦᠷᠢ ᠬᠦᠷᠲᠡᠭᠡᠬᠦ ᠰᠢᠯᠢᠳᠡᠭ ᠡᠲᠡᠭᠡᠳ ᠢ ᠰᠣᠩᠭᠤᠨ ᠲᠣᠭᠲᠠᠭᠠᠵᠤ ᠂ ᠭᠠᠷᠤᠯᠲᠠ ᠶᠢᠨ ᠣᠷᠣᠨ ᠤ ᠲᠠᠷᠢᠮᠠᠯ ᠲᠠᠷᠢᠨᠨᠴᠢᠳ | ᠬᠥᠮᠥᠷᠭᠡ ᠶᠢᠨ ᠪᠠᠭᠲᠠᠭᠠᠮᠵᠢ ᠨᠢ 2000 ᠲᠣᠨ ᠠᠴᠠ ᠳᠡᠭᠡᠭᠰᠢᠬᠢ ᠬᠦᠢᠲᠡᠨ ᠬᠠᠳᠠᠭᠠᠯᠠᠯᠲᠠ ᠪᠠᠷ ᠰᠢᠨ᠎ᠡ ᠰᠣᠷᠭᠤᠭ ᠢ ᠪᠠᠲᠤᠯᠠᠬᠤ ᠣᠳᠣᠬᠢᠴᠢᠯᠠᠭᠰᠠᠨ | ᠪᠡᠯᠡᠳᠬᠡᠮᠵᠢ ᠶᠢ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ ᠪᠠᠶᠢᠭᠤᠯᠤᠭᠰᠠᠨ ︵ᠬᠦᠢᠲᠡᠨ ᠬᠠᠳᠠᠭᠠᠯᠠᠯᠲᠠ ᠶᠢᠨ ᠲᠤᠨᠤᠭ ᠲᠥᠬᠦᠭᠡᠷᠦᠮᠵᠢ ᠤᠭᠰᠠᠷᠠᠭᠰᠠᠨ | ᠦᠭᠡᠢ ᠡᠩ ᠤᠨ ᠬᠠᠳᠠᠭᠠᠯᠠᠬᠤ ᠬᠥᠮᠥᠷᠭᠡ ᠶᠢ ᠥᠭᠡᠷᠡᠴᠢᠯᠡᠨ ᠰᠢᠨᠡᠳᠬᠡᠬᠦ ᠶᠢ ᠵᠢᠭᠠᠨ᠎ᠠ ︶ ᠪᠠᠶᠢᠪᠠᠯ ᠂ ᠪᠦᠲᠦᠭᠡᠨ ᠪᠠᠶᠢᠭᠤᠯᠤᠯᠲᠠ ᠶᠢᠨ ᠪᠦᠭᠦ ᠦᠢᠯᠡᠳᠦᠭᠰᠡᠨ | ᠦᠨ᠎ᠡ ᠶᠢᠨ 30% ᠂ ᠲᠠᠩ ᠴᠣᠭᠴᠠᠲᠤ ᠪᠡᠯᠡᠳᠬᠡᠮᠵᠢ ᠳᠤ ᠬᠠᠮᠤᠭ ᠤᠨ ᠠᠷᠪᠢᠨ ᠳᠤ ᠪᠠᠨ 100 ᠲᠦᠮᠡᠨ ᠲᠥᠭᠦᠷᠢᠭ ᠤᠨ ᠶᠣᠰᠣᠭᠠᠷ ᠨᠡᠮᠡᠭᠦᠷᠢ ᠣᠯᠭᠤᠨ᠎ᠠ ᠂ | ᠥᠪᠡᠷᠲᠡᠭᠡᠨ ᠵᠠᠰᠠᠬᠤ ᠣᠷᠣᠨ ᠠᠴᠠ ᠨᠡᠮᠡᠭᠦᠷᠢ ᠣᠯᠭᠤᠭᠰᠠᠨ ᠰᠠᠭᠤᠷᠢᠨ ᠳᠡᠭᠡᠷ᠎ᠡ ᠠᠶᠢᠮᠠᠭ ᠬᠤᠲᠠ ᠪᠠ ᠬᠤᠰᠢᠭᠤ ᠰᠢᠶᠠᠨ ︵ᠬᠤᠲᠠ ᠂ ᠲᠣᠭᠤᠷᠢᠭ ︶ ᠤ ᠡᠳ᠋ ᠤᠨ | ᠵᠠᠰᠠᠭ ᠠᠴᠠ ᠵᠣᠬᠢᠮᠵᠢᠲᠠᠢ ᠪᠠᠷ ᠲᠠᠬᠢᠵᠦ ᠨᠡᠮᠡᠭᠦᠷᠢ ᠣᠯᠭᠤᠬᠤ ᠶᠢ ᠵᠣᠷᠢᠭᠵᠢᠭᠤᠯᠤᠨ᠎ᠠ ᠃ ︵ ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠡᠳ᠋ ᠤᠨ | ᠵᠠᠰᠠᠭ ᠤᠨ ᠲᠢᠩᠬᠢᠮ ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠨᠠᠶᠢᠳᠠᠪᠤᠷᠢᠵᠢᠭᠤᠯᠤᠨ᠎ᠠ ︶ | ᠳᠥᠷᠪᠡ ᠂ ᠲᠥᠮᠥᠰᠥᠨ ᠤ ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ ᠢ ᠨᠡᠮᠡᠭᠳᠡᠭᠦᠯᠦᠨ᠎ᠡ | ᠲᠥᠮᠥᠰᠥᠨ ᠤ ᠠᠵᠤ ᠦᠢᠯᠡᠰ ᠤᠨ ᠨᠡᠷᠡᠳᠦ ᠲᠡᠮᠳᠡᠭ ᠢ ᠬᠥᠮᠥᠵᠢᠭᠦᠯᠦᠨ ᠪᠤᠶᠢᠵᠢᠭᠤᠯᠬᠤ ᠪᠠ ᠵᠠᠬ᠎ᠠ ᠳᠡᠯᠭᠡᠭᠦᠷ ᠤᠨ ᠡᠵᠡᠩᠨᠡᠯᠲᠡ ᠪᠣᠷᠣᠯᠠᠭᠤᠯᠤᠯᠲᠠ ᠬᠢᠬᠦ ᠶᠢ | ᠲᠡᠮᠵᠢᠵᠦ ᠂ ᠠᠵᠤ ᠠᠬᠤᠶᠢᠯᠠᠯ ᠤᠨ ᠪᠦᠲᠦᠭᠡᠭᠳᠡᠬᠦᠨ ᠤ ᠶᠠᠰᠤ ᠴᠢᠨᠠᠷ ᠪᠠ ᠪᠠᠷᠢᠮᠵᠢᠶᠠᠵᠢᠭᠤᠯᠬᠤ ᠬᠢᠷᠢ ᠲᠦᠪᠰᠢᠨ ᠢᠶᠠᠨ ᠳᠡᠬᠡᠭᠰᠢᠯᠡᠬᠦᠯᠬᠦ ᠶᠢ ᠨᠢ ᠵᠣᠷᠢᠭᠵᠢᠭᠤᠯᠤᠨ ᠂ ︽ | ᠥᠪᠥᠷ ᠮᠣᠩᠭᠤᠯ ︾ ᠨᠡᠷᠡᠮᠵᠢᠲᠦ ᠲᠡᠮᠳᠡᠭ ᠢᠶᠠᠷ ᠬᠥᠲᠥᠯᠥᠨ ᠳᠠᠭᠠᠭᠤᠯᠵᠤ ᠪᠠᠶᠢᠭᠠᠳ ᠨᠢᠭᠡᠳᠦᠯᠲᠡᠢ ᠪᠠᠷᠢᠮᠵᠢᠶ᠎ᠠ ᠂ ᠨᠢᠭᠡᠳᠦᠯᠲᠡᠢ ᠨᠡᠷᠡᠳᠦ ᠲᠡᠮᠳᠡᠭ ᠂ ᠨᠢᠭᠡᠳᠦᠯᠲᠡᠢ | ᠪᠣᠭᠤᠳᠠᠯ ᠪᠠᠭᠯᠠᠭ᠎ᠠ ᠂ ᠨᠢᠭᠡᠳᠦᠯᠲᠡᠢ ᠰᠤᠷᠲᠠᠯ ᠤᠬᠠᠭᠤᠯᠭ᠎ᠠ ᠂ ᠨᠢᠭᠡᠳᠦᠯᠲᠡᠢ ᠡᠵᠡᠩᠨᠡᠯᠲᠡ ᠪᠣᠷᠤᠯᠠᠭᠤᠯᠭ᠎ᠠ ᠪᠠᠷ ᠥᠪᠥᠷ ᠮᠣᠩᠭᠤᠯ ᠤᠨ ᠲᠥᠮᠥᠰᠥᠨ ᠤ ᠣᠷᠣᠨ | ᠪᠦᠰᠡ ᠶᠢᠨ ᠨᠡᠷᠡᠲᠦ ᠲᠡᠮᠳᠡᠭ ᠢ ᠴᠣᠭᠴᠠᠯᠠᠨ᠎ᠠ ᠃ ︽ ᠥᠪᠥᠷ ᠮᠣᠩᠭᠤᠯ ︾ ᠨᠡᠷᠡᠮᠵᠢᠲᠦ ᠲᠡᠮᠳᠡᠭ ᠤᠨ ᠭᠡᠷᠡᠴᠢᠯᠡᠭᠡ ᠶᠢ ᠠᠬᠢᠭᠤᠯᠵᠤ ᠂ ︽ᠥᠪᠥᠷ ᠮᠣᠩᠭᠤᠯ ︾ | ᠨᠡᠷᠡᠮᠵᠢᠳᠦ ᠲᠡᠮᠳᠡᠭ ᠤᠨ ᠭᠡᠷᠡᠴᠢᠯᠡᠯ ᠢ ᠣᠯᠣᠭᠰᠠᠨ ᠠᠵᠤ ᠠᠬᠤᠶᠢᠯᠠᠯ ᠳᠤ ᠰᠢᠯᠭᠠᠨ ᠪᠠᠶᠢᠴᠠᠭᠠᠵᠤ ᠬᠡᠮᠵᠢᠨ ᠪᠠᠶᠢᠴᠠᠭᠠᠬᠤ ᠂ ᠭᠡᠷᠡᠴᠢᠯᠡᠭᠡ ᠬᠢᠬᠦ ᠵᠡᠷᠭᠡ ᠵᠠᠷᠤᠳᠠᠯ ᠤᠨ | ᠲᠠᠯ᠎ᠠ ᠳᠤ 5 ᠲᠦᠮᠡᠨ ᠲᠥᠭᠦᠷᠢᠭ ᠤᠨ ᠨᠡᠮᠡᠭᠦᠷᠢ ᠣᠯᠭᠤᠨ᠎ᠠ ᠃ ︵ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠂ ᠡᠳ᠋ ᠤᠨ ᠵᠠᠰᠠᠭ ᠤᠨ ᠲᠢᠩᠬᠢᠮ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠨᠠᠶᠢᠳᠠᠪᠤᠷᠢᠵᠢᠭᠤᠯᠤᠨ᠎ᠠ ︶ | ᠲᠠᠪᠤ ᠂ ᠲᠥᠮᠥᠰᠥᠨ ᠤ ᠠᠵᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠨ᠎ᠠ | ᠲᠥᠮᠥᠰᠥᠨ ᠤ ᠲᠠᠯ᠎ᠠ ᠪᠠᠷ ᠬᠢ ᠡᠳ᠋ᠰᠢᠭᠦᠯᠦᠨ ᠪᠤᠯᠪᠠᠰᠤᠷᠠᠭᠤᠯᠬᠤ ᠪᠦᠲᠦᠭᠡᠭᠳᠡᠬᠦᠨ ᠰᠤᠳᠤᠯᠤᠨ ᠨᠡᠭᠡᠭᠡᠬᠦ ᠶᠢ ᠲᠡᠮᠵᠢᠵᠦ ᠂ ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠢ ᠪᠡᠯᠡ ᠮᠥᠩᠭᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠭᠤᠷᠢ ᠮᠥᠩᠭᠦ ᠵᠡᠷᠭᠡ ᠳᠤ ᠲᠦᠰᠢᠭᠯᠡᠨ ᠂ | ᠠᠵᠤ ᠠᠬᠤᠶᠢᠯᠠᠯ ᠤᠨ ᠬᠢᠨ ᠤ ᠴᠠᠷᠳᠠᠭᠤᠯ ᠤᠨ ᠰᠤᠩᠭᠠᠯ ᠬᠦᠷᠢᠶ᠎ᠡ ᠴᠠᠷᠠᠭ᠎ᠠ ᠵᠡᠷᠭᠡ ᠳᠠᠬᠢ ᠨᠠᠷᠢᠯᠢᠭ ᠭᠦᠨ ᠡᠳ᠋ᠰᠢᠭᠦᠯᠦᠭᠰᠡᠨ ᠪᠦᠲᠦᠭᠡᠭᠳᠡᠬᠦᠨ ᠂ ᠲᠥᠮᠥᠰᠥ ᠶᠢ ᠦᠬᠡᠷ | ᠬᠤᠨᠢᠨ ᠮᠢᠬ᠎ᠠ ᠪᠠ ᠨᠣᠬᠠᠢ ᠶᠢᠨ ᠬᠤᠰᠢᠭᠤ ᠵᠡᠷᠭᠡ ᠢᠳᠡᠭᠡᠨ ᠲᠠᠢ ᠲᠣᠬᠢᠷᠠᠭᠤᠯᠤᠨ ᠲᠡᠩᠨᠡᠭᠦᠯᠵᠦ ᠤᠷᠢᠳᠴᠢᠯᠠᠨ ᠬᠢᠭᠰᠡᠨ ᠵᠠᠭᠤᠰᠢ ᠂ ᠰᠤᠯᠠ ᠢᠳᠡᠭᠡᠨ ᠵᠡᠷᠭᠡ ᠶᠢ | ᠰᠤᠳᠤᠯᠤᠨ ᠨᠡᠭᠡᠭᠡᠬᠦ ᠡᠷᠴᠢᠮ ᠢᠶᠠᠨ ᠴᠢᠩᠭᠠᠷᠠᠭᠤᠯᠬᠤ ᠶᠢ ᠭᠤᠣᠯᠳᠠᠯᠭ᠎ᠠ ᠲᠠᠢ ᠳᠡᠮᠵᠢᠨ᠎ᠠ ᠃ ᠬᠤᠷᠢᠶᠠᠬᠤ ᠮᠠᠰᠢᠨ ᠮᠧᠬᠠᠨᠢᠭ ᠪᠠ ᠡᠳ᠋ᠰᠢᠭᠦᠯᠦᠨ ᠪᠤᠯᠪᠠᠰᠤᠷᠠᠭᠤᠯᠬᠤ | ᠲᠤᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠵᠦ ᠬᠡᠷᠡᠭᠯᠡᠬᠦ ᠶᠢ ᠲᠡᠮᠵᠢᠵᠦ ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠤᠰᠬᠠᠢ ᠪᠡᠯᠡ ᠮᠥᠩᠭᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠭᠤᠷᠢ ᠮᠥᠩᠭᠦᠨ ᠤ ᠦᠢᠯᠡᠳᠦᠯ ᠢ ᠭᠦᠢᠴᠡᠳ ᠪᠠᠳᠠᠷᠠᠭᠤᠯᠤᠨ ᠂ ᠲᠥᠮᠥᠰᠥ ᠬᠤᠷᠢᠶᠠᠬᠤ | ᠮᠠᠰᠢᠨ ᠮᠧᠬᠠᠨᠢᠭ ᠪᠠ ᠡᠳ᠋ᠰᠢᠭᠦᠯᠦᠨ ᠪᠤᠯᠪᠠᠰᠤᠷᠠᠭᠤᠯᠬᠤ ᠲᠤᠨᠤᠭ ᠲᠥᠬᠦᠭᠡᠷᠦᠮᠵᠢ ᠰᠤᠳᠤᠯᠤᠨ ᠨᠡᠭᠡᠭᠡᠬᠦ ᠶᠢ ᠤᠷᠢᠳ ᠢᠶᠠᠷ ᠲᠡᠮᠵᠢᠵᠦ ᠂ ᠠᠵᠤ ᠠᠬᠤᠶᠢᠯᠠᠯ ᠪᠠ | ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ ᠬᠠᠮᠲᠤᠷᠠᠨ ᠲᠥᠮᠥᠰᠥ ᠬᠤᠷᠢᠶᠠᠬᠤ ᠪᠠ ᠲᠡᠭᠦᠵᠦ ᠣᠭᠤᠳᠠᠯᠯᠠᠬᠤ ᠂ ᠨᠠᠷᠢᠯᠢᠭ ᠭᠦᠨ ᠡᠳ᠋ᠰᠢᠭᠦᠯᠦᠨ | ᠪᠤᠯᠪᠠᠰᠤᠷᠠᠭᠤᠯᠬᠤ ᠲᠤᠨᠤᠭ ᠲᠥᠬᠦᠭᠡᠷᠦᠮᠵᠢ ᠵᠡᠷᠭᠡ ᠶᠢ ᠰᠤᠳᠤᠯᠤᠨ ᠨᠡᠭᠡᠭᠡᠬᠦ ᠪᠠ ᠬᠡᠷᠡᠭᠯᠡᠬᠦ ᠶᠢ ᠨᠢ ᠲᠡᠮᠵᠢᠨ᠎ᠠ ᠃ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠶᠢ ᠳᠡᠮᠵᠢᠵᠦ ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠂ ᠲᠠᠷᠢᠶᠠᠯᠠᠩ ᠳᠤ ᠬᠤᠯᠪᠣᠭᠳᠠᠬᠤ ᠶᠡᠭᠡ ᠳᠡᠭᠡᠳᠦ | ᠰᠤᠷᠭᠠᠭᠤᠯᠢ ᠂ ᠠᠵᠤ ᠠᠬᠤᠶᠢᠯᠠᠯ ᠵᠡᠷᠭᠡ ᠶᠢᠨ ᠲᠥᠮᠥᠰᠥᠨ ᠤ ᠪᠥᠬᠦ ᠬᠡᠯᠬᠢᠶ᠎ᠡ ᠶᠢᠨ ᠤᠯᠤᠰ ᠤᠨ ᠳᠣᠲᠣᠭᠠᠳᠤ ᠭᠠᠳᠠᠭᠠᠳᠤ ᠶᠢᠨ ᠳᠡᠭᠡᠳᠦ ᠲᠠᠰ ᠳᠠᠪᠬᠤᠷᠭ᠎ᠠ ᠶᠢᠨ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠳᠡᠮᠵᠢᠨ ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠲᠥᠷᠥ ᠶᠢᠨ ᠪᠣᠳᠣᠯᠭ᠎ᠠ ᠪᠠᠷ ᠲᠡᠳᠬᠦᠬᠦ ᠂ ᠰᠤᠳᠤᠯᠤᠨ | ᠨᠡᠭᠡᠭᠡᠬᠦ ᠨᠥᠬᠦᠴᠡᠯ ᠢ ᠳᠡᠭᠡᠭᠰᠢᠯᠡᠭᠦᠯᠬᠦ ᠵᠡᠷᠭᠡ ᠲᠠᠯ᠎ᠠ ᠳᠤ ᠬᠡᠯᠪᠠᠶᠢᠯᠳᠡ ᠲᠠᠢ ᠪᠠᠶᠢᠯᠭᠠᠨ᠎ᠠ ᠃ ︵ ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠬᠥᠮᠥᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠂ ᠡᠳ᠋ ᠤᠨ ᠵᠠᠰᠠᠭ ᠤᠨ ᠲᠢᠩᠬᠢᠮ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠨᠠᠶᠢᠳᠠᠪᠤᠷᠢᠵᠢᠭᠤᠯᠤᠨ᠎ᠠ ︶ | ᠵᠢᠷᠭᠤᠭ᠎ᠠ ᠂ ᠪᠦᠭᠦ ᠠᠵᠤ ᠦᠢᠯᠡᠰ ᠤᠨ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠷᠠᠭᠤᠯᠤᠨ᠎ᠠ | ᠲᠤᠰᠬᠠᠢ ᠵᠦᠢᠯ ᠤᠨ ᠮᠥᠩᠭᠦᠨ ᠭᠦᠢᠯᠭᠡᠭᠡᠨ ᠤ ᠨᠡᠷᠡᠳᠬᠦᠨ ᠭᠠᠷᠭᠠᠬᠤ ᠶᠢ ᠲᠡᠮᠵᠢᠵᠦ ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ | ᠲᠥᠮᠥᠰᠥ ᠵᠢᠴᠢ ᠦᠷ᠎ᠡ ᠶᠢᠨ ᠲᠥᠮᠥᠰᠥ ᠶᠢ ᠦᠢᠯᠡᠳᠪᠦᠷᠢᠯᠡᠨ ᠪᠣᠷᠣᠯᠠᠭᠤᠯᠬᠤ ᠦᠶᠡᠯᠡᠯ ᠤᠨ ᠣᠨᠴᠠᠯᠢᠭ ᠢ ᠦᠨᠳᠦᠰᠦᠯᠡᠨ ᠂ ᠨᠢᠭᠡ ᠤᠳᠠᠭ᠎ᠠ ᠳᠤ ᠢᠲᠡᠭᠡᠮᠵᠢ | ᠣᠯᠭᠤᠬᠤ ᠂ ᠠᠪᠤᠨ ᠵᠢᠭᠡᠯᠡᠵᠦ ᠪᠤᠴᠠᠭᠠᠬᠤ ᠂ ᠡᠷᠭᠢᠯᠳᠦᠭᠦᠯᠦᠨ ᠬᠡᠷᠡᠭᠯᠡᠵᠦ ᠪᠣᠯᠬᠤ ᠢᠲᠡᠭᠡᠮᠵᠢᠲᠦ ᠵᠢᠭᠡᠯᠡᠯᠭᠡ ᠶᠢᠨ ᠨᠡᠷᠡᠳᠬᠦᠨ ᠢ ᠳᠡᠯᠭᠡᠷᠡᠭᠦᠯᠵᠦ ᠂ ᠦᠷ᠎ᠡ ᠶᠢᠨ | ᠲᠥᠮᠥᠰᠥᠨ ᠤ ᠠᠵᠤ ᠠᠬᠤᠶᠢᠯᠠᠯ ᠂ ᠲᠠᠷᠢᠮᠠᠯ ᠤᠨ ᠲᠣᠮᠣ ᠡᠷᠦᠬᠡ ᠂ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠳᠤ ᠢᠲᠡᠭᠡᠮᠵᠢᠲᠦ | ᠵᠢᠭᠡᠯᠡᠯᠭᠡ ᠶᠢᠨ ᠳᠡᠮᠵᠢᠯᠭᠡ ᠦᠵᠡᠭᠦᠯᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ᠃ ᠡᠯ᠎ᠡ ᠭᠠᠵᠠᠷ ᠣᠷᠣᠨ ᠤ ᠬᠢᠨ ᠲᠤᠰᠬᠠᠢ ᠵᠦᠢᠯ ᠤᠨ ᠵᠢᠭᠡᠯᠡᠯᠭᠡ ᠶᠢᠨ | ᠲᠡᠮᠳᠡᠭᠲᠦ ᠶᠢ ᠭᠤᠶᠤᠴᠢᠯᠠᠨ ᠬᠡᠷᠡᠭᠯᠡᠵᠦ ᠪᠠᠶᠢᠭᠠᠳ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠪᠠᠨ ᠠᠬᠢᠭᠤᠯᠬᠤ ᠶᠢ ᠳᠡᠮᠵᠢᠨ᠎ᠡ ᠃ ᠪᠡᠯᠡ ᠲᠣᠬᠢᠷᠠᠭᠤᠯᠬᠤ | ᠳᠠᠭᠠᠭᠠᠯᠲᠠ ᠶᠢᠨ ᠪᠠᠶᠢᠭᠤᠯᠤᠮᠵᠢ ᠶᠢᠨ ᠢᠲᠡᠭᠡᠮᠵᠢ ᠶᠢ ᠨᠡᠮᠡᠭᠳᠡᠭᠦᠯᠬᠦ ᠶᠢᠨ ᠳᠡᠮᠵᠢᠬᠦ ᠡᠷᠴᠢᠮ ᠢ ᠴᠢᠩᠭᠠᠷᠠᠭᠤᠯᠵᠤ ᠂ ᠲᠠᠷᠢᠶᠠᠯᠠᠩ ᠮᠠᠯ ᠠᠵᠤ ᠠᠬᠤᠢ ᠶᠢᠨ ᠪᠡᠯᠡ | ᠲᠣᠬᠢᠷᠠᠭᠤᠯᠬᠤ ᠳᠠᠭᠠᠭᠠᠯᠲᠠ ᠶᠢᠨ ᠺᠣᠮᠫᠠᠨᠢ ᠵᠡᠷᠭᠡ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠶᠢᠨ ᠦᠢᠯᠡᠳᠦᠯ ᠢ | ᠤᠯᠠᠮ ᠨᠢᠭᠡ ᠠᠯᠬᠤᠮ ᠪᠠᠳᠠᠷᠠᠭᠤᠯᠤᠨ ᠂ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠠᠴᠠ ᠨᠥᠬᠦᠴᠡᠯ ᠳᠤ ᠨᠡᠶᠢᠴᠡᠭᠰᠡᠨ ᠲᠥᠮᠥᠰᠥ ᠡᠳ᠋ᠰᠢᠭᠦᠯᠦᠨ | ᠪᠤᠯᠪᠠᠰᠤᠷᠠᠭᠤᠯᠬᠤ ᠠᠵᠤ ᠠᠬᠤᠶᠢᠯᠠᠯ ᠤᠨ ᠰᠢᠨ᠎ᠡ ᠪᠠᠷ ᠪᠠᠶᠢᠭᠤᠯᠬᠤ ᠪᠠ ᠦᠢᠯᠡᠳᠪᠦᠷᠢᠯᠡᠯ ᠢᠶᠠᠨ ᠥᠷᠭᠡᠳᠬᠡᠬᠦ ᠂ ᠣᠷᠣᠭᠤᠯᠤᠨ ᠠᠪᠴᠢᠷᠠᠭᠰᠠᠨ ᠲᠥᠮᠥᠰᠥᠨ ᠤ | ᠲᠡᠷᠢᠭᠦᠨ ᠤ ᠮᠠᠰᠢᠨ ᠮᠧᠬᠠᠨᠢᠭ ᠢ ᠰᠤᠳᠤᠯᠤᠨ ᠨᠡᠭᠡᠭᠡᠬᠦ ᠪᠠ ᠦᠢᠯᠡᠳᠪᠦᠷᠢᠯᠡᠬᠦ ᠠᠵᠤ ᠠᠬᠤᠶᠢᠯᠠᠯ ᠵᠢᠴᠢ ᠲᠠᠷᠢᠮᠠᠯ ᠤᠨ ᠲᠣᠮᠣ ᠡᠷᠦᠬᠡ ᠂ ᠭᠡᠷ ᠪᠦᠯᠢ ᠶᠢᠨ | ᠲᠠᠷᠢᠶᠠᠯᠠᠩ ᠤᠨ ᠲᠠᠯᠠᠪᠠᠢ ᠂ ᠬᠤᠷᠰᠢᠶ᠎ᠡ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠳᠤ ᠵᠢᠭᠡᠯᠡᠯᠭᠡ ᠶᠢᠨ | ᠳᠠᠭᠠᠭᠠᠯᠲᠠ ᠬᠠᠩᠭᠠᠬᠤ ᠶᠢ ᠲᠡᠮᠵᠢᠵᠦ ᠂ ᠳᠠᠭᠠᠭᠠᠯᠲᠠ ᠬᠢᠬᠦ ᠵᠠᠷᠤᠳᠠᠯ ᠤᠨ ᠨᠣᠷᠮ᠎ᠠ ᠶᠢ ᠪᠠᠭᠤᠷᠠᠭᠤᠯᠤᠨ᠎ᠠ ᠃ ᠡᠭᠦᠨ ᠤ ᠬᠠᠮᠲᠤ ᠂ ᠡᠯ᠎ᠡ ᠭᠠᠵᠠᠷ ᠣᠷᠣᠨ ᠤ ᠬᠢᠨ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠᠷ ᠳᠠᠮᠵᠢᠭᠤᠯᠤᠨ ᠂ ᠲᠥᠮᠥᠰᠥ ᠡᠳ᠋ᠰᠢᠭᠦᠯᠦᠨ ᠪᠤᠯᠪᠠᠰᠤᠷᠠᠭᠤᠯᠬᠤ ᠵᠡᠷᠭᠡ ᠠᠵᠤ ᠠᠬᠤᠶᠢᠯᠠᠯ ᠢ ᠣᠷᠣᠭᠤᠯᠤᠨ | ᠠᠪᠴᠢᠷᠠᠬᠤ ᠶᠢᠨ ᠬᠠᠮᠲᠤ ᠲᠡᠭᠦᠨ ᠳᠤ ᠵᠢᠭᠡᠯᠡᠯᠭᠡ ᠶᠢᠨ ᠳᠠᠭᠠᠭᠠᠯᠲᠠ ᠬᠠᠩᠭᠠᠬᠤ ᠶᠢ ᠵᠣᠷᠢᠭᠵᠢᠭᠤᠯᠤᠨ᠎ᠠ ᠃ ᠬᠤᠭᠤᠴᠠᠭᠠᠲᠤ ᠪᠠᠷᠠᠭ᠎ᠠ ᠶᠢ ᠵᠠᠬ᠎ᠠ ᠳᠤ ᠭᠠᠷᠭᠠᠨ | ᠠᠷᠠᠯᠵᠢᠶᠠᠯᠠᠬᠤ ᠶᠢ ᠠᠬᠢᠭᠤᠯᠵᠤ ᠂ ᠲᠥᠮᠥᠰᠥᠨ ᠤ ᠪᠡᠯᠡᠨ ᠪᠠᠷᠠᠭᠠᠨ ᠤ ᠰᠠᠭᠤᠷᠢ ᠨᠥᠬᠦᠴᠡᠯ ᠢ ᠰᠠᠶᠢᠵᠢᠷᠠᠭᠤᠯᠤᠨ ᠂ ᠶᠠᠰᠤ ᠴᠢᠨᠠᠷ ᠢ ᠰᠢᠯᠭᠠᠨ ᠪᠠᠶᠢᠴᠠᠭᠠᠬᠤ | ᠪᠠᠶᠢᠭᠤᠯᠤᠮᠵᠢ ᠶᠢ ᠪᠤᠶᠢᠵᠢᠭᠤᠯᠵᠤ ᠂ ᠪᠡᠯᠡᠨ ᠪᠠᠷᠠᠭᠠᠨ ᠤ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠂ ᠲᠥᠮᠥᠰᠥᠨ ᠤ ᠬᠤᠭᠤᠴᠠᠭᠠᠲᠤ ᠪᠠᠷᠠᠭ᠎ᠠ ᠶᠢ | ᠵᠠᠬ᠎ᠠ ᠳᠤ ᠭᠠᠷᠭᠠᠨ ᠠᠷᠠᠯᠵᠢᠶᠠᠯᠠᠬᠤ ᠶᠢ ᠢᠳᠡᠪᠬᠢᠲᠡᠢ ᠠᠬᠢᠭᠤᠯᠬᠤ ᠬᠡᠷᠡᠭᠲᠡᠢ ᠃ ︵ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠣᠷᠣᠨ | ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠡᠳ᠋ ᠤᠨ ᠵᠠᠰᠠᠭ ᠤᠨ ᠲᠢᠩᠬᠢᠮ ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠂ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ | ᠠᠬᠤᠢ ᠶᠢᠨ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠬᠢᠵᠠᠭᠠᠷᠲᠤ ᠺᠣᠮᠫᠠᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠨᠠᠶᠢᠳᠠᠪᠤᠷᠢᠵᠢᠭᠤᠯᠤᠨ᠎ᠠ ︶ | ᠳᠡᠭᠡᠷ᠎ᠡ ᠳᠤᠷᠠᠳᠤᠭᠰᠠᠨ ᠲᠦᠷᠦ ᠶᠢᠨ ᠪᠣᠳᠣᠯᠭ᠎ᠠ ᠶᠢᠨ ᠬᠡᠷᠡᠭᠵᠢᠭᠦᠯᠬᠦ ᠴᠠᠭ ᠬᠤᠭᠤᠴᠠᠭ᠎ᠠ ᠶᠢ 2023 ᠣᠨ ᠠᠴᠠ 2025 ᠣᠨ ᠬᠡᠮᠡᠨ ᠲᠦᠷ ᠲᠣᠭᠲᠠᠭᠠᠵᠤ ᠂ | ᠬᠡᠷᠡᠭᠵᠢᠭᠦᠯᠦᠯᠲᠡ ᠶᠢᠨ ᠪᠠᠶᠢᠳᠠᠯ ᠢ ᠦᠨᠳᠦᠰᠦᠯᠡᠵᠦ ᠲᠣᠬᠢᠷᠠᠭᠤᠯᠤᠯᠲᠠ ᠬᠢᠨ᠎ᠡ ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠳᠡᠮᠵᠢᠯᠭᠡ ᠶᠢ ᠰᠢᠨ᠎ᠡ ᠪᠠᠷ | ᠨᠡᠮᠡᠭᠳᠡᠭᠦᠯᠬᠦ ᠪᠤᠶᠤ ᠲᠡᠭᠦᠨ ᠳᠤ ᠲᠣᠬᠢᠷᠠᠭᠤᠯᠤᠯᠲᠠ ᠬᠢᠬᠦ ᠲᠠᠢ ᠬᠤᠯᠪᠣᠭᠳᠠᠪᠠᠯ ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠨᠢᠭᠡᠴᠢ ᠨᠢ ᠪᠡᠯᠡ ᠮᠥᠩᠭᠦᠨ ᠤ | ᠬᠠᠮᠢᠶᠠᠷᠤᠯᠲᠠ ᠪᠠ ᠠᠵᠢᠯ ᠤᠨ ᠦᠷ᠎ᠡ ᠪᠦᠳᠦᠮᠵᠢ ᠶᠢ ᠰᠢᠯᠭᠠᠨ ᠬᠢᠨᠠᠬᠤ ᠠᠷᠭ᠎ᠠ ᠳᠤ ᠪᠠᠨ ᠵᠣᠬᠢᠬᠤ ᠲᠣᠬᠢᠷᠠᠭᠤᠯᠤᠯᠲᠠ ᠬᠢᠵᠦ ᠂ ᠡᠯ᠎ᠡ ᠵᠦᠢᠯ ᠤᠨ ᠲᠦᠷᠦ ᠶᠢᠨ | ᠪᠣᠳᠣᠯᠭ᠎ᠠ ᠶᠢ ᠪᠣᠳᠠᠲᠠᠶᠢᠵᠢᠨ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠢ ᠃ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ ᠨᠢ ᠳᠡᠮᠵᠢᠯᠭᠡ ᠶᠢᠨ | ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠪᠠ ᠦᠷ᠎ᠡ ᠪᠦᠳᠦᠮᠵᠢ ᠶᠢ ᠴᠠᠭ ᠲᠤᠬᠠᠢ ᠳᠤ ᠨᠢ ᠳ᠋ᠦᠩᠨᠡᠵᠦ ᠂ ᠪᠠᠶᠢᠳᠠᠯ ᠢᠶᠠᠨ ᠦᠨᠳᠦᠰᠦᠯᠡᠨ ᠲᠦᠷᠦ ᠶᠢᠨ | ᠪᠣᠳᠣᠯᠭ᠎ᠠ ᠳᠤ ᠬᠥᠳᠡᠯᠦᠩᠭᠦᠢ ᠲᠣᠬᠢᠷᠠᠭᠤᠯᠤᠯᠲᠠ ᠬᠢᠵᠦ ᠰᠢᠯᠢᠳᠡᠭᠵᠢᠭᠦᠯᠬᠦ ᠲᠣᠭᠲᠠᠴᠠ ᠶᠢ ᠪᠠᠶᠢᠭᠤᠯᠤᠨ ᠂ ᠳᠡᠮᠵᠢᠯᠭᠡ ᠶᠢᠨ ᠠᠷᠭ᠎ᠠ ᠬᠡᠮᠵᠢᠶ᠎ᠡ ᠶᠢᠨ ᠴᠠᠭ ᠲᠤ ᠨᠢ | ᠲᠣᠬᠢᠷᠠᠭᠤᠯᠵᠤ ᠲᠣᠬᠢᠷᠠᠭᠤᠯᠤᠯᠲᠠ ᠬᠢᠬᠦ ᠬᠡᠷᠡᠭᠲᠡᠢ ᠃ | 2023 ᠣᠨ ᠤ 9 ᠳ᠋ᠦ᠋ᠭᠡᠷ ᠰᠠᠷ᠎ᠠ ᠶᠢᠨ 6 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ ︶ |