ᠦᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠣᠷ ᠵᠠᠰᠠᠭ ᠠᠯᠪᠠᠨ ᠲᠠᠷᠬᠠᠭᠠᠭᠰᠠᠨ ﹇2023﹈ 86 ᠳ᠋ᠤᠭᠠᠷ ᠲᠤᠭᠠᠲᠦ | | ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠪᠠᠴᠢᠮ | ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ ︵2023 ᠣᠨ ᠳᠤ ᠵᠠᠰᠠᠪᠤᠷᠢ ᠣᠷᠣᠭᠤᠯᠪᠠ︶ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | | ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠬᠡᠷ ᠂ ᠲᠢᠩᠬᠢᠮ ᠂ | ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠶ᠋ᠯᠡᠰ ᠤᠨ ᠨᠢᠭᠡᠴᠢ ᠳᠤ᠄ | ᠡᠳᠦᠭᠡ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ | ᠠᠪᠤᠷᠠᠨ ᠲᠤᠰᠠᠯᠠᠯᠲᠠ ᠬᠢᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ ︵2023 ᠣᠨ ᠳᠤ ᠵᠠᠰᠠᠪᠤᠷᠢ ᠣᠷᠣᠭᠤᠯᠪᠠ︶ ︾ ᠢ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ | ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | 2023 ᠣᠨ ᠤ 12 ᠳ᠋ᠤᠭᠠᠷ ᠰᠠᠷ᠎ᠠ ᠶᠢᠨ 19 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ | ᠬᠢᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ ︵2023 ᠣᠨ ᠳᠤ ᠵᠠᠰᠠᠪᠤᠷᠢ ᠣᠷᠣᠭᠤᠯᠪᠠ︶ | | 1 ᠶᠡᠷᠦᠩᠬᠡᠢ ᠳᠦᠷᠢᠮ | 1.1 ᠨᠠᠶᠢᠷᠠᠭᠤᠯᠤᠨ ᠵᠣᠬᠢᠶᠠᠭᠰᠠᠨ ᠵᠣᠷᠢᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ | ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠡᠷᠬᠢᠮᠯᠡᠬᠦ ᠶᠢ ᠪᠠᠷᠢᠮᠲᠠᠯᠠᠨ᠂ ᠪᠠᠶᠢᠭᠠᠯᠢ ᠶᠢᠨ ᠭᠠᠮᠰᠢᠭ ᠤᠨ ᠬᠡᠷᠡᠭ᠂ ᠠᠳᠡᠯ ᠤᠨ ᠭᠠᠢ ᠭᠠᠮᠰᠢᠭ ᠤᠨ ᠬᠡᠷᠡᠭ᠂ | ᠨᠡᠶᠢᠭᠡᠮ ᠤᠨ ᠠᠮᠤᠷ ᠲᠦᠪᠰᠢᠨ ᠤ ᠬᠡᠷᠡᠭ ᠵᠡᠷᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ︵ᠳᠣᠷᠣᠭᠰᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠡᠵᠦ | ᠲᠣᠪᠴᠢᠯᠠᠨ᠎ᠠ︶ ᠡᠭᠦᠰᠦᠭᠰᠡᠨ ᠤ ᠳᠠᠷᠠᠭ᠎ᠠ᠂ ᠡᠯ᠎ᠡ ᠵᠦᠢᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠳᠠᠷᠤᠢ ᠲᠦᠷᠭᠡᠨ᠂ ᠥᠨᠳᠥᠷ | ᠪᠦᠲᠦᠮᠵᠢᠲᠡᠢ᠂ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠵᠤ᠂ ᠪᠥᠬᠦ ᠣᠷᠣᠨ ᠤ ᠡᠯ᠎ᠡ ᠱᠠᠲᠤᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ | ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠴᠢᠳᠠᠪᠤᠷᠢ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠥᠮᠥᠨ ᠬᠠᠷ᠎ᠠ ᠶᠢᠨ ᠦᠬᠦᠯ ᠰᠢᠷᠬᠠᠲᠤᠯ | ᠪᠠ ᠡᠷᠡᠭᠦᠯ ᠮᠡᠨᠳᠦ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ ᠬᠥᠩᠭᠡᠯᠡᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ | ᠮᠠᠬᠠᠪᠤᠳ ᠤᠨ ᠡᠷᠡᠭᠦᠯ ᠮᠡᠨᠳᠦ ᠶᠢ ᠪᠠᠲᠤᠯᠠᠨ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ | 1.2 ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ | ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢ ᠠᠬᠢᠭᠤᠯᠬᠤ ᠬᠠᠥᠯᠢ︾ ᠂ | ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾ ᠂ ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠥᠯᠢ︾ ᠂ ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠤᠨ ᠨᠥᠯᠥᠭᠡᠨ ᠤ | ᠡᠪᠡᠳᠴᠢᠨ ᠢ ᠰᠡᠷᠭᠡᠶᠢᠯᠡᠨ ᠵᠠᠰᠠᠬᠤ ᠬᠠᠥᠯᠢ︾ ᠂ ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠴᠤᠷᠠᠭ ᠤᠨ ᠴᠢᠨᠠᠷᠲᠠᠢ ᠪᠣᠬᠢᠷᠲᠤᠯ ᠢ ᠰᠡᠷᠭᠡᠶᠢᠯᠡᠨ | ᠵᠠᠰᠠᠬᠤ ᠬᠠᠥᠯᠢ︾ ᠵᠢᠴᠢ ︽ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠳᠦᠷᠢᠮ︾ ᠂ ︽ | ᠤᠯᠤᠰ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠪᠠᠴᠢᠮ ᠪᠠᠶᠢᠳᠠᠯ ᠢ ᠠᠷᠭᠠᠴᠠᠭᠠᠬᠤ | ᠪᠡᠯᠡᠳᠭᠡᠯ ᠲᠥᠰᠥᠯ︾ ᠂ ︽ ᠪᠥᠬᠦ ᠤᠯᠤᠰ ᠤᠨ ᠡᠮᠴᠢᠯᠡᠭᠡᠨ ᠤ ᠪᠠᠶᠢᠭᠤᠯᠤᠮᠵᠢ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠷᠤᠮᠵᠢᠯ | ︵ᠲᠤᠷᠰᠢᠨ ᠬᠡᠷᠡᠭᠵᠢᠭᠦᠯᠬᠦ︶︾ ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠶᠡᠷᠦᠩᠬᠡᠶᠢᠯᠡᠭᠰᠡᠨ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠭᠡᠯ ᠲᠥᠰᠥᠯ ︵ᠲᠤᠷᠰᠢᠨ ᠬᠡᠷᠡᠭᠵᠢᠭᠦᠯᠬᠦ︶︾ ᠵᠡᠷᠭᠡ ᠬᠠᠥᠯᠢ ᠴᠠᠭᠠᠵᠠ᠂ ᠬᠠᠥᠯᠢ ᠲᠣᠭᠲᠠᠭᠠᠯ ᠪᠠ ᠪᠡᠯᠡᠳᠭᠡᠯ ᠲᠥᠰᠥᠯ ᠢ ᠦᠨᠳᠦᠰᠦᠯᠡᠵᠦ᠂ | ᠲᠣᠰ ᠪᠡᠯᠡᠳᠭᠡᠯ ᠲᠥᠰᠥᠯ ᠢ ᠲᠣᠭᠲᠠᠭᠠᠪᠠ᠃ | 1.3 ᠲᠣᠬᠢᠷᠠᠭᠤᠯᠤᠨ ᠬᠡᠷᠡᠭᠯᠡᠬᠦ ᠬᠡᠪᠴᠢᠶ᠎ᠡ | ᠲᠣᠰ ᠪᠡᠯᠡᠳᠭᠡᠯ ᠲᠥᠰᠥᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠣᠯᠠᠨ ᠨᠡᠶᠢᠲᠡ ᠶᠢᠨ | ᠬᠡᠨᠡᠳᠲᠡ ᠶᠢᠨ ᠬᠡᠷᠡᠭ ︵ᠪᠠᠶᠢᠭᠠᠯᠢ ᠶᠢᠨ ᠭᠠᠮᠰᠢᠭ ᠤᠨ ᠲᠥᠷᠥᠯ᠂ ᠠᠳᠡᠯ ᠤᠨ ᠭᠠᠢ ᠭᠠᠮᠰᠢᠭ ᠤᠨ ᠲᠥᠷᠥᠯ᠂ ᠨᠡᠶᠢᠭᠡᠮ ᠤᠨ ᠠᠮᠤᠷ ᠲᠦᠪᠰᠢᠨ ᠤ ᠲᠥᠷᠥᠯ︶ ᠠᠴᠠ | ᠪᠣᠯᠣᠭᠰᠠᠨ ᠬᠥᠮᠥᠨ ᠬᠠᠷ᠎ᠠ ᠶᠢᠨ ᠦᠬᠦᠯ ᠰᠢᠷᠬᠠᠲᠤᠯ᠂ ᠡᠷᠡᠭᠦᠯ ᠮᠡᠨᠳᠦ ᠶᠢᠨ ᠬᠤᠬᠢᠷᠠᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠳᠤ | ᠲᠣᠬᠢᠷᠠᠭᠤᠯᠤᠨ ᠬᠡᠷᠡᠭᠯᠡᠨ᠎ᠡ᠃ | ᠪᠠᠶᠢᠭᠠᠯᠢ ᠶᠢᠨ ᠭᠠᠮᠰᠢᠭ ᠤᠨ ᠬᠡᠷᠡᠭ ᠲᠤ ᠭᠤᠣᠯᠳᠠᠭᠤ ᠤᠰᠤᠳᠤᠯ ᠭᠠᠩᠳᠠᠯ ᠤᠨ ᠭᠠᠮᠰᠢᠭ᠂ ᠴᠠᠭ ᠠᠭᠤᠷ ᠤᠨ ᠭᠠᠮᠰᠢᠭ᠂ ᠭᠠᠵᠠᠷ ᠬᠥᠳᠡᠯᠦᠯᠲᠡ ᠶᠢᠨ ᠭᠠᠮᠰᠢᠭ᠂ | ᠭᠠᠵᠠᠷ ᠬᠥᠷᠥᠰᠥᠨ ᠤ ᠭᠠᠮᠰᠢᠭ᠂ ᠠᠮᠢᠳᠤ ᠪᠣᠳᠠᠰ ᠤᠨ ᠭᠠᠮᠰᠢᠭ ᠪᠠ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠠᠷ ᠤᠨ ᠠᠶᠤᠯ ᠵᠡᠷᠭᠡ ᠪᠠᠭᠲᠠᠨ᠎ᠠ︔ | ᠠᠳᠡᠯ ᠤᠨ ᠭᠠᠢ ᠭᠠᠮᠰᠢᠭ ᠤᠨ ᠬᠡᠷᠡᠭ ᠲᠤ ᠭᠤᠣᠯᠳᠠᠭᠤ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭ᠎ᠠ ᠵᠡᠷᠭᠡ ᠠᠵᠤ ᠠᠬᠤᠶᠢᠯᠠᠯ ᠤᠨ ᠡᠯ᠎ᠡ ᠲᠥᠷᠥᠯ ᠤᠨ | ᠠᠮᠤᠷ ᠲᠦᠪᠰᠢᠨ ᠤ ᠠᠳᠡᠯ᠂ ᠦᠢᠯᠡᠳᠭᠦᠨ ᠤ ᠶᠠᠰᠤ ᠴᠢᠨᠠᠷ ᠤᠨ ᠠᠳᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠳᠡᠯ᠂ ᠣᠯᠠᠨ ᠨᠡᠶᠢᠲᠡ ᠶᠢᠨ ᠪᠡᠯᠡᠳᠭᠡᠮᠵᠢ ᠪᠠ | ᠲᠥᠬᠦᠭᠡᠷᠦᠮᠵᠢ ᠶᠢᠨ ᠠᠳᠡᠯ᠂ ᠴᠥᠮ᠎ᠡ ᠪᠣᠯᠣᠨ ᠰᠠᠴᠤᠷᠠᠭ ᠤᠨ ᠠᠳᠡᠯ᠂ ᠬᠢᠮᠢ ᠶᠢᠨ ᠬᠤᠣᠷᠳᠠᠯ᠂ ᠣᠷᠴᠢᠨ ᠲᠣᠭᠤᠷᠢᠨ ᠤ ᠪᠣᠬᠢᠷᠲᠤᠯ ᠪᠠ ᠠᠮᠢ ᠠᠬᠤᠢ ᠶᠢ ᠡᠪᠳᠡᠭᠰᠡᠨ | ᠬᠡᠷᠡᠭ ᠵᠡᠷᠭᠡ ᠪᠠᠭᠲᠠᠨ᠎ᠠ︔ ᠨᠡᠶᠢᠭᠡᠮ ᠤᠨ ᠠᠮᠤᠷ ᠲᠦᠪᠰᠢᠨ ᠤ ᠬᠡᠷᠡᠭ ᠲᠤ ᠭᠤᠣᠯᠳᠠᠭᠤ ᠰᠦᠷᠳᠡᠭᠦᠯᠦᠯ ᠳᠠᠭᠠᠷᠢᠯᠲᠠ ᠶᠢᠨ ᠬᠡᠷᠡᠭ᠂ ᠡᠷᠡᠭᠦᠦ ᠶᠢᠨ ᠶᠠᠯᠠᠲᠤ ᠬᠡᠷᠡᠭ᠂ | ᠪᠦᠯᠦᠭᠵᠢᠯ ᠤᠨ ᠴᠢᠨᠠᠷᠲᠠᠢ ᠬᠡᠷᠡᠭ᠂ ᠲᠣᠰᠣ ᠬᠡᠢ ᠶᠢᠨ ᠬᠠᠩᠭᠠᠯᠭ᠎ᠠ ᠲᠠᠰᠤᠯᠳᠠᠭᠰᠠᠨ ᠭᠡᠨᠡᠳᠲᠡ ᠶᠢᠨ ᠬᠡᠷᠡᠭ᠂ ᠮᠥᠩᠭᠦᠨ ᠭᠦᠢᠯᠭᠡᠭᠡᠨ ᠤ ᠭᠡᠨᠡᠳᠲᠡ ᠶᠢᠨ ᠬᠡᠷᠡᠭ᠂ | ᠭᠠᠳᠠᠭᠠᠳᠤ ᠲᠠᠢ ᠬᠤᠯᠪᠣᠭᠳᠠᠭᠰᠠᠨ ᠭᠡᠨᠡᠳᠲᠡ ᠶᠢᠨ ᠬᠡᠷᠡᠭ᠂ ᠦᠨᠳᠦᠰᠦᠲᠡᠨ ᠱᠠᠰᠢᠨ ᠰᠤᠷᠲᠠᠬᠤᠨ ᠤ ᠬᠡᠷᠡᠭ᠂ ᠰᠦᠯᠵᠢᠶ᠎ᠡ ᠪᠠ ᠮᠡᠳᠡᠭᠡ ᠵᠠᠩᠬᠢ ᠶᠢᠨ ᠠᠮᠤᠷ | ᠲᠦᠪᠰᠢᠨ ᠤ ᠬᠡᠷᠡᠭ ᠵᠡᠷᠭᠡ ᠪᠠᠭᠲᠠᠨ᠎ᠠ᠃ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ︽ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ ︵ | ᠲᠤᠷᠰᠢᠨ ᠬᠡᠷᠡᠭᠵᠢᠭᠦᠯᠬᠦ︶︾ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | 1.4 ᠠᠵᠢᠯᠯᠠᠬᠤ ᠵᠠᠷᠴᠢᠮ | ᠨᠢᠭᠡᠳᠦᠯᠲᠡᠢ ᠤᠳᠤᠷᠢᠳᠴᠤ᠂ ᠱᠠᠲᠤ ᠬᠤᠪᠢᠶᠠᠨ ᠬᠠᠷᠢᠭᠤᠴᠠᠨ᠎ᠠ︔ ᠬᠠᠷᠢᠶᠠᠯᠠᠭᠳᠠᠬᠤ ᠭᠠᠵᠠᠷ ᠢᠶᠠᠷ ᠬᠠᠮᠢᠶᠠᠷᠤᠭᠤᠯᠵᠤ᠂ ᠡᠭᠦᠷᠭᠡ ᠬᠠᠷᠢᠭᠤᠴᠠᠯᠭ᠎ᠠ ᠶᠢ | ᠲᠣᠳᠣᠷᠬᠠᠢ ᠪᠣᠯᠭᠠᠨ᠎ᠠ︔ ᠬᠠᠥᠯᠢ ᠲᠣᠭᠲᠠᠭᠠᠯ ᠢ ᠵᠢᠷᠤᠮᠯᠠᠵᠤ᠂ ᠰᠢᠨᠵᠢᠯᠡᠬᠦ ᠤᠬᠠᠭᠠᠨᠴᠢ ᠵᠢᠷᠤᠮᠵᠢᠭᠤᠨ ᠪᠠᠶᠢᠯᠭᠠᠨ᠎ᠠ︔ ᠴᠠᠭ ᠲᠤ ᠨᠢ ᠲᠤᠰᠬᠠᠯ ᠭᠠᠷᠭᠠᠵᠤ᠂ ᠡᠷᠡᠰ | ᠰᠢᠭᠤᠷᠬᠠᠢ ᠠᠷᠭ᠎ᠠ ᠬᠡᠮᠵᠢᠶ᠎ᠡ ᠠᠪᠤᠨ᠎ᠠ︔ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠮᠡᠳᠡᠭᠡ ᠵᠠᠩᠬᠢ ᠶᠢ ᠬᠠᠮᠲᠤ ᠳᠤ ᠪᠠᠨ ᠬᠦᠷᠲᠡᠨ᠎ᠡ︔ ᠡᠩ ᠤᠨ ᠦᠶ᠎ᠡ ᠪᠠ | ᠪᠠᠴᠢᠮ ᠦᠶ᠎ᠡ ᠶᠢ ᠤᠶᠠᠯᠳᠤᠭᠤᠯᠵᠤ᠂ ᠰᠢᠨᠲᠠᠷᠠᠰᠢ ᠦᠭᠡᠢ ᠪᠠᠶᠢᠩᠭᠤ ᠪᠡᠯᠡᠳᠭᠡᠨ᠎ᠡ︔ ᠬᠠᠮᠵᠢᠯᠴᠠᠭ᠎ᠠ ᠪᠠᠨ ᠴᠢᠩᠭᠠᠳᠬᠠᠵᠤ᠂ ᠣᠯᠠᠨ ᠨᠡᠶᠢᠲᠡ ᠶᠢ ᠣᠷᠣᠯᠴᠠᠭᠤᠯᠤᠨ᠎ᠠ᠃ | | 2 ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠬᠡᠷᠡᠭ ᠤᠨ ᠳᠡᠰ ᠤᠨ ᠬᠤᠪᠢᠶᠠᠷᠢᠯᠠᠯ | ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠠᠴᠠ ᠪᠣᠯᠣᠭᠰᠠᠨ ᠬᠥᠮᠥᠨ ᠬᠠᠷ᠎ᠠ ᠶᠢᠨ ᠦᠬᠦᠯ ᠰᠢᠷᠬᠠᠲᠤᠯ ᠪᠠ ᠡᠷᠡᠭᠦᠯ ᠮᠡᠨᠳᠦ ᠶᠢ ᠬᠤᠬᠢᠷᠠᠭᠤᠯᠤᠭᠰᠠᠨ ᠪᠠᠶᠢᠳᠠᠯ ᠢ | ᠦᠨᠳᠦᠰᠦᠯᠡᠵᠦ᠂ ︽ ᠤᠯᠤᠰ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠪᠠᠴᠢᠮ | ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ︾ ᠤᠨ ᠱᠠᠭᠠᠷᠳᠠᠯᠭ᠎ᠠ ᠶᠣᠰᠣᠭᠠᠷ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠬᠡᠷᠡᠭ ᠢ ᠣᠨᠴᠠᠭᠠᠢ | ᠬᠦᠨᠳᠦ ᠶᠡᠭᠡ ︵ Ⅰ ᠳᠡᠰ︶᠂ ᠬᠦᠨᠳᠦ ᠶᠡᠭᠡ ︵ Ⅱ ᠳᠡᠰ ︶᠂ ᠨᠡᠯᠢᠶᠡᠳ ᠶᠡᠭᠡ ︵ Ⅲ ᠳᠡᠰ︶ ᠪᠠ ᠡᠩ ᠤᠨ ︵Ⅳ ᠳᠡᠰ︶ ᠭᠡᠬᠦ ᠳᠥᠷᠪᠡᠨ ᠳᠡᠰ ᠬᠤᠪᠢᠶᠠᠨ᠎ᠠ᠃ | | 2.1 ᠣᠨᠴᠠᠭᠠᠢ ᠬᠦᠨᠳᠦ ᠶᠡᠭᠡ ᠬᠡᠷᠡᠭ ︵ Ⅰ ᠳᠡᠰ︶ | ︵1︶ ᠨᠢᠭᠡ ᠤᠳᠠᠭᠠᠨ ᠤ ᠬᠡᠷᠡᠭ ᠲᠤ ᠣᠨᠴᠠᠭᠠᠢ ᠬᠦᠨᠳᠦ ᠶᠡᠭᠡ ᠬᠥᠮᠥᠨ ᠬᠠᠷ᠎ᠠ ᠦᠬᠦᠯ ᠰᠢᠷᠬᠠᠲᠤᠯ ᠡᠭᠦᠰᠦᠭᠰᠡᠨ ᠮᠥᠷᠲᠡᠭᠡᠨ ᠬᠦᠨᠳᠦ ᠲᠦᠭᠰᠢᠭᠦᠷᠢᠲᠡᠢ | ᠪᠠᠶᠢᠳᠠᠯ ᠳᠤ ᠪᠠᠶᠢᠭ᠎ᠠ ᠬᠥᠮᠥᠨ ᠠᠷᠪᠢᠨ᠂ ᠡᠰᠡᠭᠦᠯ᠎ᠡ ᠴᠥᠮ᠎ᠡ ᠶᠢᠨ ᠠᠳᠡᠯ ᠪᠠ ᠭᠡᠨᠡᠳᠲᠡ ᠶᠢᠨ ᠰᠠᠴᠤᠷᠠᠭ ᠤᠨ ᠬᠡᠷᠡᠭ᠂ ᠬᠢᠮᠢ ᠶᠢᠨ ᠡᠳ᠋ ᠯᠡᠪᠡᠷᠡᠭᠰᠡᠨ ᠠᠳᠡᠯ | ᠵᠡᠷᠭᠡ ᠠᠴᠠ ᠪᠣᠯᠵᠤ ᠶᠡᠭᠡ ᠬᠡᠮᠵᠢᠶᠡᠨ ᠤ ᠬᠥᠮᠥᠨ ᠬᠠᠷ᠎ᠠ ᠦᠬᠦᠵᠦ ᠰᠢᠷᠬᠠᠲᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠤᠶᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠠᠴᠠ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠲᠠᠯ᠎ᠠ ᠪᠠᠷ ᠳᠡᠮᠵᠢᠯᠭᠡ | ᠦᠵᠡᠭᠦᠯᠬᠦ ᠶᠢ ᠭᠤᠶᠤᠴᠢᠯᠠᠭᠰᠠᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ᠃ | ︵2︶ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠯᠤᠰᠯᠠᠭᠰᠠᠨ ᠣᠨᠴᠠᠭᠠᠢ ᠬᠦᠨᠳᠦ ᠨᠣᠴᠢᠲᠠᠢ ᠬᠥᠮᠥᠨ ᠬᠠᠷ᠎ᠠ ᠦᠬᠦᠵᠦ | ᠰᠢᠷᠬᠠᠲᠤᠭᠰᠠᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ᠃ | ︵3︶ ᠲᠥᠷᠥ ᠶᠢᠨ ᠶᠠᠪᠤᠳᠠᠯ ᠤᠨ ᠬᠤᠷᠢᠶ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠣᠭᠲᠠᠭᠠᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ | ᠠᠪᠤᠷᠠᠨ ᠲᠤᠰᠠᠯᠠᠬᠤ ᠠᠵᠢᠯ ᠥᠷᠨᠢᠭᠦᠯᠬᠦ ᠴᠢᠬᠤᠯᠠᠲᠠᠢ ᠪᠤᠰᠤᠳ ᠣᠨᠴᠠᠭᠠᠢ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ᠃ | 2.2 ᠬᠦᠨᠳᠦ ᠶᠡᠭᠡ ᠬᠡᠷᠡᠭ ︵ Ⅱ ᠳᠡᠰ ︶ | ︵1︶ ᠨᠢᠭᠡ ᠤᠳᠠᠭᠠᠨ ᠤ ᠬᠡᠷᠡᠭ ᠲᠤ ᠬᠦᠨᠳᠦ ᠶᠡᠭᠡ ᠬᠥᠮᠥᠨ ᠬᠠᠷ᠎ᠠ ᠦᠬᠦᠯ ᠰᠢᠷᠬᠠᠲᠤᠯ ᠡᠭᠦᠰᠴᠦ᠂ ᠡᠭᠦᠨ ᠳᠤ ᠦᠬᠦᠭᠰᠡᠨ ᠪᠠ ᠬᠦᠨᠳᠦ ᠲᠦᠭᠰᠢᠭᠦᠷᠢᠲᠡᠢ | ᠪᠠᠶᠢᠳᠠᠯ ᠳᠤ ᠪᠠᠶᠢᠭ᠎ᠠ ᠡᠪᠡᠳᠴᠢᠲᠡᠨ ᠤ ᠵᠢᠱᠢᠶ᠎ᠡ 5 ᠠᠴᠠ ᠳᠠᠪᠠᠭᠰᠠᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ᠃ | ︵2︶ ᠠᠶᠢᠮᠠᠭ ᠬᠤᠲᠠ ᠠᠯᠤᠰᠯᠠᠭᠰᠠᠨ ᠬᠥᠮᠥᠨ ᠬᠠᠷ᠎ᠠ ᠬᠦᠨᠳᠦ ᠨᠣᠴᠢᠲᠠᠢ ᠦᠬᠦᠵᠦ ᠰᠢᠷᠬᠠᠲᠤᠭᠰᠠᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ᠃ | ︵3︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠣᠭᠲᠠᠭᠠᠭᠰᠠᠨ ᠡᠮᠴᠢᠯᠡᠭᠡ | ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠥᠷᠨᠢᠭᠦᠯᠬᠦ ᠴᠢᠬᠤᠯᠠᠲᠠᠢ ᠪᠤᠰᠤᠳ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ᠃ | 2.3 ᠨᠡᠯᠢᠶᠡᠳ ᠶᠡᠭᠡ ᠬᠡᠷᠡᠭ ︵ Ⅲ ᠳᠡᠰ ︶ | ︵1︶ ᠨᠢᠭᠡ ᠤᠳᠠᠭᠠᠨ ᠤ ᠬᠡᠷᠡᠭ ᠲᠤ ᠨᠡᠯᠢᠶᠡᠳ ᠶᠡᠭᠡ ᠬᠥᠮᠥᠨ ᠬᠠᠷ᠎ᠠ ᠶᠢᠨ ᠦᠬᠦᠯ ᠰᠢᠷᠬᠠᠲᠤᠯ ᠡᠭᠦᠰᠴᠦ᠂ ᠡᠭᠦᠨ ᠳᠤ ᠦᠬᠦᠭᠰᠡᠨ ᠪᠠ ᠬᠦᠨᠳᠦ | ᠲᠦᠭᠰᠢᠭᠦᠷᠢᠲᠡᠢ ᠪᠠᠶᠢᠳᠠᠯ ᠳᠤ ᠪᠠᠶᠢᠭ᠎ᠠ ᠡᠪᠡᠳᠴᠢᠲᠡᠨ ᠤ ᠵᠢᠱᠢᠶ᠎ᠡ 3 ᠠᠴᠠ ᠳᠠᠪᠠᠭᠰᠠᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ᠃ | ︵2︶ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠣᠭᠲᠠᠭᠠᠭᠰᠠᠨ | ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠥᠷᠨᠢᠭᠦᠯᠬᠦ ᠴᠢᠬᠤᠯᠠᠲᠠᠢ ᠪᠤᠰᠤᠳ ᠨᠡᠯᠢᠶᠡᠳ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ᠃ | 2.4 ᠡᠩ ᠤᠨ ᠬᠡᠷᠡᠭ ︵Ⅳ ᠳᠡᠰ ︶ | ︵1︶ ᠨᠢᠭᠡ ᠤᠳᠠᠭᠠᠨ ᠤ ᠬᠡᠷᠡᠭ ᠲᠤ ᠵᠣᠬᠢᠬᠤ ᠲᠤᠭ᠎ᠠ ᠬᠡᠮᠵᠢᠶᠡᠨ ᠤ ᠬᠥᠮᠥᠨ ᠬᠠᠷ᠎ᠠ ᠶᠢᠨ ᠦᠬᠦᠯ ᠰᠢᠷᠬᠠᠲᠤᠯ ᠡᠭᠦᠰᠴᠦ᠂ ᠡᠭᠦᠨ ᠳᠤ ᠦᠬᠦᠭᠰᠡᠨ ᠪᠠ | ᠬᠦᠨᠳᠦ ᠲᠦᠭᠰᠢᠭᠦᠷᠢᠲᠡᠢ ᠪᠠᠶᠢᠳᠠᠯ ᠳᠤ ᠪᠠᠶᠢᠭ᠎ᠠ ᠡᠪᠡᠳᠴᠢᠲᠡᠨ ᠤ ᠵᠢᠱᠢᠶ᠎ᠡ 1 ᠠᠴᠠ ᠳᠠᠪᠠᠭᠰᠠᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ᠃ | ︵2︶ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ | ᠲᠣᠭᠲᠠᠭᠠᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠥᠷᠨᠢᠭᠦᠯᠬᠦ ᠴᠢᠬᠤᠯᠠᠲᠠᠢ ᠪᠤᠰᠤᠳ ᠡᠩ ᠤᠨ ᠣᠯᠠᠨ ᠨᠡᠶᠢᠲᠡ ᠶᠢᠨ ᠭᠡᠨᠡᠳᠲᠡ ᠶᠢᠨ | ᠬᠡᠷᠡᠭ᠃ | 3 ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠵᠣᠬᠢᠶᠠᠨ ᠪᠠᠶᠢᠭᠤᠯᠤᠯᠲᠠ ᠶᠢᠨ ᠲᠣᠭᠲᠠᠯᠴᠠᠭ᠎ᠠ | ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ | ᠪᠤᠶᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠶᠢᠨ ᠨᠢᠭᠡᠳᠦᠯᠲᠡᠢ | ᠤᠳᠤᠷᠢᠳᠤᠯᠭ᠎ᠠ᠂ ᠵᠢᠯᠣᠭᠤᠳᠤᠯᠭ᠎ᠠ ᠳᠣᠣᠷ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠨᠢᠭᠲᠠ ᠬᠠᠮᠵᠢᠯᠴᠠᠨ᠂ ᠵᠣᠬᠢᠴᠠᠭᠤᠯᠤᠨ ᠨᠢᠭᠡᠳᠦᠭᠦᠯᠵᠦ᠂ ᠣᠯᠠᠨ | ᠨᠡᠶᠢᠲᠡ ᠶᠢᠨ ᠭᠡᠨᠡᠳᠲᠡ ᠶᠢᠨ ᠬᠡᠷᠡᠭ ᠢ ᠬᠠᠮᠲᠤ ᠪᠠᠷ ᠠᠷᠭᠠᠴᠠᠵᠤ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ | ᠲᠤᠰᠠᠯᠠᠯᠲᠠ ᠬᠢᠬᠦ ᠠᠵᠢᠯ ᠢ ᠰᠠᠶᠢᠲᠤᠷ ᠬᠢᠬᠦ ᠬᠡᠷᠡᠭᠲᠡᠢ᠃ | ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠳᠤ ᠄ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠪᠠᠶᠢᠭᠤᠯᠤᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠳᠤᠷᠢᠳᠬᠤ | ᠳᠤᠭᠤᠶᠢᠯᠠᠩ᠂ ᠲᠤᠰᠬᠠᠢ ᠮᠡᠷᠭᠡᠵᠢᠯᠲᠡᠨ ᠤ ᠳᠤᠭᠤᠶᠢᠯᠠᠩ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠶᠢᠭᠤᠯᠤᠮᠵᠢ ﹇ᠡᠯ᠎ᠡ ᠱᠠᠲᠤᠨ ᠤ ᠡᠯ᠎ᠡ | ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠶᠢ ᠵᠢᠭᠠᠨ᠎ᠠ᠂ ᠡᠭᠦᠨ ᠳᠤ ᠡᠮᠴᠢᠯᠡᠭᠡᠨ ᠤ ᠲᠦᠷᠭᠡᠨ ᠠᠪᠤᠷᠠᠯᠳᠠ ᠶᠢᠨ ᠲᠥᠪ ︵ᠥᠷᠲᠡᠭᠡ︶᠂ ᠶᠡᠷᠦᠩᠬᠡᠢ ᠡᠮᠨᠡᠯᠭᠡ ᠶᠢᠨ | ᠬᠤᠷᠢᠶ᠎ᠠ᠂ ᠲᠤᠰᠬᠠᠢ ᠰᠠᠯᠠᠭᠠᠨ ᠤ ᠡᠮᠨᠡᠯᠭᠡ ᠶᠢᠨ ᠬᠤᠷᠢᠶ᠎ᠠ᠂ ᠬᠢᠮᠢ ᠶᠢᠨ ᠬᠤᠣᠷᠳᠠᠯ᠂ ᠴᠥᠮ᠎ᠡ ᠪᠠ ᠰᠠᠴᠤᠷᠠᠭ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ | ᠡᠮᠴᠢᠯᠡᠭᠡᠨ ᠤ ᠠᠪᠤᠷᠠᠨ ᠵᠠᠰᠠᠬᠤ ᠲᠤᠰᠬᠠᠢ ᠪᠠᠶᠢᠭᠤᠯᠤᠮᠵᠢ᠂ ᠴᠢᠰᠤ ᠠᠪᠬᠤ ᠴᠢᠰᠤ ᠬᠠᠩᠭᠠᠬᠤ ᠪᠠᠶᠢᠭᠤᠯᠤᠮᠵᠢ᠂ ᠡᠪᠡᠳᠴᠢᠨ ᠡᠮᠬᠡᠭ ᠢ ᠰᠡᠷᠭᠡᠶᠢᠯᠡᠨ ᠬᠤᠷᠢᠭᠯᠠᠬᠤ | ᠪᠠᠶᠢᠭᠤᠯᠤᠮᠵᠢ᠂ ᠣᠶᠣᠨ ᠮᠡᠳᠡᠷᠡᠯ ᠤᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠢᠨᠠᠯᠲᠠ ᠲᠠᠯᠪᠢᠬᠤ ᠪᠠᠶᠢᠭᠤᠯᠤᠮᠵᠢ | ᠵᠡᠷᠭᠡ ᠶᠢ ᠪᠠᠭᠲᠠᠭᠠᠨ᠎ᠠ﹈᠂ ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠵᠢᠯᠣᠭᠤᠳᠬᠤ ᠭᠠᠵᠠᠷ ᠢ ᠪᠠᠭᠲᠠᠭᠠᠨ᠎ᠠ᠃ | | 3.1 ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠳᠤᠷᠢᠳᠬᠤ ᠳᠤᠭᠤᠶᠢᠯᠠᠩ | ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠳᠤᠷᠢᠳᠬᠤ ᠳᠤᠭᠤᠶᠢᠯᠠᠩ᠄ ᠣᠨᠴᠠᠭᠠᠢ | ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠬᠤ ᠦᠶ᠎ᠡ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠡᠷᠢᠭᠦᠯᠡᠭᠴᠢ ᠠᠴᠠ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠬᠡᠯᠡᠵᠦ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠨᠠᠷᠢᠨ ᠪᠢᠴᠢᠭ ᠤᠨ ᠳᠡᠳ᠋ ᠳᠠᠷᠤᠭ᠎ᠠ ︵ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠡᠷᠬᠢᠯᠡᠭᠴᠢ︶᠂ ᠥᠪᠡᠷᠲᠡᠭᠡᠨ ᠵᠠᠰᠠᠬᠤ ᠣᠷᠣᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠭᠤᠣᠯ ᠤᠳᠤᠷᠢᠳᠤᠯᠭ᠎ᠠ ᠠᠴᠠ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠬᠡᠯᠡᠵᠦ᠂ ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠠᠷᠠᠭ᠎ᠠ ᠨᠦᠬᠡᠴᠡᠯᠡᠬᠦ ᠲᠣᠪᠴᠢᠶ᠎ᠠ︶᠂ ᠡᠳ᠋ ᠤᠨ ᠵᠠᠰᠠᠭ ᠤᠨ | ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ︶᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠢᠴᠢ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠪᠠᠲᠤᠯᠠᠭ᠎ᠠ ᠶᠢᠨ ᠲᠣᠪᠴᠢᠶ᠎ᠠ | ᠂ ᠬᠥᠬᠡᠬᠤᠲᠠ ᠪᠣᠭᠤᠮᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠶᠠᠷ ᠪᠦᠷᠢᠯᠳᠤᠭ᠍ᠰᠡᠨ ᠡᠮᠴᠢᠯᠡᠭᠡ ᠡᠷᠡᠭᠦᠯ | ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠣᠨᠴᠠᠭᠠᠢ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ | ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠠᠵᠢᠯ ᠢ ᠤᠳᠤᠷᠢᠳᠬᠤ᠂ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠪᠠᠶᠢᠷᠢᠯᠠᠭᠤᠯᠬᠤ | ᠠᠵᠢᠯ ᠢ ᠬᠠᠷᠢᠭᠤᠴᠠᠨ᠎ᠠ︔ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠬᠤ ᠦᠶ᠎ᠡ ᠳᠤ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠤᠨ ᠭᠤᠣᠯ ᠤᠳᠤᠷᠢᠳᠤᠯᠭ᠎ᠠ ᠠᠴᠠ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠬᠡᠯᠡᠵᠦ᠂ ᠬᠤᠪᠢᠳᠠᠨ ᠬᠠᠮᠢᠶᠠᠷᠴᠤ ᠪᠠᠶᠢᠭ᠎ᠠ | ᠤᠳᠤᠷᠢᠳᠤᠯᠭ᠎ᠠ ᠠᠴᠠ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠬᠡᠯᠡᠵᠦ᠂ ᠬᠤᠯᠪᠣᠭᠳᠠᠯ ᠪᠦᠬᠦᠢ ᠭᠠᠵᠠᠷ ᠲᠠᠰᠤᠭ ᠪᠠ ᠬᠤᠯᠪᠣᠭᠳᠠᠯ ᠪᠦᠬᠦᠢ | ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠢᠶᠠᠷ ᠪᠦᠷᠢᠯᠳᠦᠭᠰᠡᠨ ᠡᠮᠴᠢᠯᠡᠭᠡ ᠡᠷᠡᠭᠦᠯ | ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ | ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠠᠵᠢᠯ ᠢ ᠤᠳᠤᠷᠢᠳᠬᠤ᠂ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠪᠠᠶᠢᠷᠢᠯᠠᠭᠤᠯᠬᠤ ᠠᠵᠢᠯ ᠢ | ᠬᠠᠷᠢᠭᠤᠴᠠᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ | ᠲᠣᠬᠢᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠪᠠᠶᠢᠭᠤᠯᠤᠮᠵᠢ ᠶᠢᠨ ᠠᠩᠬᠢ ᠡᠩᠨᠡᠭᠡ ᠶᠢ ᠬᠠᠮᠢᠶᠠᠷᠬᠤ᠂ ᠵᠣᠬᠢᠶᠠᠨ ᠪᠠᠶᠢᠭᠤᠯᠵᠤ | ᠬᠠᠷᠢᠯᠴᠠᠬᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠢᠬᠦ᠂ ᠮᠡᠳᠡᠭᠡ ᠵᠠᠩᠬᠢ ᠶᠢ ᠴᠤᠭᠯᠠᠭᠤᠯᠬᠤ᠂ ᠮᠡᠷᠭᠡᠵᠢᠯ ᠴᠢᠳᠠᠪᠤᠷᠢ ᠶᠢᠨ ᠰᠣᠷᠢᠯᠲᠠ ᠬᠢᠬᠦ ᠵᠡᠷᠭᠡ ᠡᠳᠦᠷ | ᠲᠤᠲᠤᠮ ᠤᠨ ᠠᠵᠢᠯ ᠢ ᠬᠠᠷᠢᠭᠤᠴᠠᠨ᠎ᠠ᠃ | ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠳᠤᠷᠢᠳᠬᠤ ᠳᠤᠭᠤᠶᠢᠯᠠᠩ᠄ | ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ | ᠬᠠᠷᠠᠭᠠᠯᠵᠠᠭᠰᠠᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠳᠤᠷᠢᠳᠬᠤ | ᠳᠤᠭᠤᠶᠢᠯᠠᠩ ᠢ ᠪᠠᠶᠢᠭᠤᠯᠵᠤ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠨᠡᠯᠢᠶᠡᠳ ᠶᠡᠭᠡ ᠪᠠ ᠡᠩ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ | ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠲᠣᠰ ᠲᠣᠰ ᠤᠳᠤᠷᠢᠳᠤᠨ᠂ ᠡᠯ᠎ᠡ ᠲᠥᠷᠥᠯ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ | ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠬᠤ᠂ ᠵᠣᠬᠢᠴᠠᠭᠤᠯᠬᠤ ᠡᠭᠦᠷᠭᠡ ᠶᠢ ᠳᠠᠭᠠᠭᠠᠨ ᠡᠭᠦᠷᠬᠡᠯᠡᠬᠦ ᠶᠢᠨ ᠬᠠᠮᠲᠤ ᠨᠡᠷ᠎ᠡ | ᠵᠢᠭᠠᠭᠰᠠᠨ ᠪᠠᠶᠢᠭᠤᠯᠤᠮᠵᠢ ᠪᠠᠷ ᠡᠳᠦᠷ ᠲᠤᠲᠤᠮ ᠤᠨ ᠠᠵᠢᠯ ᠢ ᠬᠠᠷᠢᠭᠤᠴᠠᠭᠤᠯᠤᠨ᠎ᠠ᠃ | 3.2 ᠲᠤᠰᠬᠠᠢ ᠮᠡᠷᠭᠡᠵᠢᠯᠲᠡᠨ ᠤ ᠳᠤᠭᠤᠶᠢᠯᠠᠩ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ | ᠱᠠᠲᠤᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠢ ᠮᠡᠷᠭᠡᠵᠢᠯᠲᠡᠨ ᠤ ᠰᠠᠨᠠᠯ ᠵᠥᠪᠯᠡᠯᠭᠡ | ᠥᠭᠬᠦ ᠺᠣᠮᠢᠰ ᠢ ᠵᠣᠬᠢᠶᠠᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡᠨ ᠤ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠳᠤ ᠰᠠᠨᠠᠯ ᠵᠥᠪᠯᠡᠯᠭᠡ ᠰᠠᠨᠠᠭᠤᠯᠭ᠎ᠠ᠂ ᠮᠡᠷᠭᠡᠵᠢᠯ ᠤᠨ ᠵᠢᠯᠣᠭᠤᠳᠤᠯᠭ᠎ᠠ ᠪᠠ ᠳᠡᠮᠵᠢᠯᠭᠡ ᠬᠠᠩᠭᠠᠨ᠎ᠠ᠃ | ᠲᠤᠰᠬᠠᠢ ᠮᠡᠷᠭᠡᠵᠢᠯᠲᠡᠨ ᠤ ᠰᠠᠨᠠᠯ ᠵᠥᠪᠯᠡᠯᠭᠡ ᠥᠭᠬᠦ ᠺᠣᠮᠢᠰ ᠲᠤ 3 ᠵᠢᠯ ᠳᠤ ᠨᠢᠭᠡ ᠤᠳᠠᠭ᠎ᠠ ᠲᠣᠬᠢᠷᠠᠭᠤᠯᠤᠯᠲᠠ ᠬᠢᠨ᠎ᠡ᠃ | ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ | ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠣᠯᠠᠨ ᠨᠡᠶᠢᠲᠡ ᠶᠢᠨ ᠭᠡᠨᠡᠳᠲᠡ ᠶᠢᠨ | ᠬᠡᠷᠡᠭ ᠤᠨ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠳᠤ ᠮᠡᠷᠭᠡᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠢ᠃ | 3.3 ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠶᠢᠭᠤᠯᠤᠮᠵᠢ | ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠨᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ | ᠠᠪᠤᠷᠠᠨ ᠲᠤᠰᠠᠯᠠᠯᠲᠠ ᠬᠢᠬᠦ ᠡᠭᠦᠷᠭᠡ ᠶᠢ ᠳᠠᠭᠠᠭᠠᠨ ᠡᠭᠦᠷᠬᠡᠯᠡᠨ᠎ᠡ᠃ ᠨᠢᠭᠡᠳᠦᠯᠲᠡᠢ ᠪᠠᠶᠢᠷᠢᠯᠠᠭᠤᠯᠬᠤ᠂ ᠠᠵᠢᠯ ᠢᠶᠠᠨ ᠬᠤᠪᠢᠶᠠᠷᠢᠯᠠᠨ ᠬᠠᠷᠢᠭᠤᠴᠠᠬᠤ ᠵᠠᠷᠴᠢᠮ ᠶᠣᠰᠣᠭᠠᠷ | ᠂ ᠡᠯ᠎ᠡ ᠱᠠᠲᠤᠨ ᠤ ᠡᠮᠴᠢᠯᠡᠭᠡᠨ ᠤ ᠲᠦᠷᠭᠡᠨ ᠠᠪᠤᠷᠠᠯᠳᠠ ᠶᠢᠨ ᠲᠥᠪ ︵ᠥᠷᠳᠡᠭᠡ︶ ᠵᠢᠴᠢ ᠡᠮᠨᠡᠯᠭᠡ ᠶᠢᠨ ᠬᠤᠷᠢᠶᠠᠨ ᠤ ᠲᠦᠷᠭᠡᠨ ᠡᠮᠨᠡᠬᠦ ᠰᠠᠯᠠᠭ᠎ᠠ᠂ ᠬᠢᠮᠢ ᠶᠢᠨ | ᠬᠤᠣᠷᠳᠠᠯ᠂ ᠴᠥᠮ᠎ᠡ ᠪᠠ ᠰᠠᠴᠤᠷᠠᠭ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠡᠮᠴᠢᠯᠡᠭᠡᠨ ᠤ ᠠᠪᠤᠷᠠᠨ ᠵᠠᠰᠠᠬᠤ ᠲᠤᠰᠬᠠᠢ ᠪᠠᠶᠢᠭᠤᠯᠤᠮᠵᠢ ᠨᠢ ᠣᠯᠠᠨ | ᠨᠡᠶᠢᠲᠡ ᠶᠢᠨ ᠭᠡᠨᠡᠳᠲᠡ ᠶᠢᠨ ᠬᠡᠷᠡᠭ ᠤᠨ ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠ ᠰᠢᠷᠬᠠᠲᠤᠭᠰᠠᠳ ᠢ ᠰᠢᠯᠵᠢᠭᠦᠯᠦᠨ | ᠬᠦᠷᠭᠡᠬᠦ ᠡᠭᠦᠷᠭᠡ ᠶᠢ ᠳᠠᠭᠠᠭᠠᠨ ᠡᠭᠦᠷᠬᠡᠯᠡᠨ᠎ᠡ︔ ᠡᠯ᠎ᠡ ᠱᠠᠲᠤᠨ ᠤ ᠶᠡᠷᠦᠩᠬᠡᠢ ᠡᠮᠨᠡᠯᠭᠡ ᠶᠢᠨ ᠬᠤᠷᠢᠶ᠎ᠠ᠂ ᠲᠤᠰᠬᠠᠢ ᠰᠠᠯᠠᠭᠠᠨ ᠤ ᠡᠮᠨᠡᠯᠭᠡ ᠶᠢᠨ ᠬᠤᠷᠢᠶ᠎ᠠ ᠨᠢ | ᠰᠢᠷᠬᠠᠲᠤᠭᠰᠠᠳ ᠢ ᠬᠦᠯᠢᠶᠡᠨ ᠠᠪᠬᠤ ᠶᠢᠨ ᠬᠠᠮᠲᠤ ᠡᠮᠨᠡᠨ ᠰᠢᠢᠳᠪᠦᠷᠢᠯᠡᠬᠦ᠂ ᠠᠪᠤᠷᠠᠨ ᠵᠠᠰᠠᠬᠤ ᠠᠵᠢᠯ ᠢ ᠬᠠᠷᠢᠭᠤᠴᠠᠨ᠎ᠠ︔ ᠡᠯ᠎ᠡ ᠱᠠᠲᠤᠨ ᠤ ᠴᠢᠰᠤ ᠠᠪᠬᠤ ᠴᠢᠰᠤ | ᠬᠠᠩᠭᠠᠬᠤ ᠪᠠᠶᠢᠭᠤᠯᠤᠮᠵᠢ ᠨᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠠᠪᠤᠷᠠᠨ ᠲᠤᠰᠠᠯᠠᠬᠤ ᠬᠤᠭᠤᠴᠠᠭᠠᠨ ᠳᠠᠬᠢ ᠴᠢᠰᠤᠨ ᠤ ᠬᠠᠩᠭᠠᠯᠲᠠ ᠪᠠ ᠴᠢᠰᠤᠨ ᠤ | ᠢᠷᠡᠯᠲᠡ ᠶᠢ ᠵᠣᠬᠢᠶᠠᠨ ᠪᠠᠶᠢᠭᠤᠯᠬᠤ ᠠᠵᠢᠯ ᠢ ᠬᠠᠷᠢᠭᠤᠴᠠᠨ᠎ᠠ︔ ᠡᠯ᠎ᠡ ᠱᠠᠲᠤᠨ ᠤ ᠣᠶᠣᠨ ᠮᠡᠳᠡᠷᠡᠯ ᠤᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ | ᠰᠢᠷᠬᠠᠲᠤᠭᠰᠠᠳ ᠵᠢᠴᠢ ᠲᠡᠭᠦᠨ ᠤ ᠭᠡᠷ ᠤᠨ ᠬᠥᠮᠥᠰ᠂ ᠠᠪᠤᠷᠠᠨ ᠲᠤᠰᠠᠯᠠᠬᠤ ᠠᠵᠢᠯᠲᠠᠨ ᠤ ᠰᠡᠳᠭᠢᠴᠡ ᠶᠢᠨ ᠬᠢᠮᠤᠷᠠᠯ ᠢ ᠵᠢᠯᠣᠭᠤᠳᠤᠨ ᠨᠥᠯᠥᠭᠡᠯᠡᠬᠦ ᠠᠵᠢᠯ ᠢ | ᠬᠠᠷᠢᠭᠤᠴᠠᠨ᠎ᠠ︔ ᠡᠯ᠎ᠡ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠪᠠᠶᠢᠭᠤᠯᠤᠮᠵᠢ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠢᠨᠠᠯᠲᠠ ᠲᠠᠯᠪᠢᠬᠤ | ᠪᠠᠶᠢᠭᠤᠯᠤᠮᠵᠢ ᠨᠢ ᠥᠪᠡᠷ ᠥᠪᠡᠷ ᠤᠨ ᠡᠭᠦᠷᠭᠡ ᠴᠢᠳᠠᠪᠤᠷᠢ ᠪᠠᠨ ᠦᠨᠳᠦᠰᠦᠯᠡᠵᠦ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠠᠬᠢ ᠡᠪᠡᠳᠴᠢᠨ ᠡᠮᠬᠡᠭ ᠢ | ᠰᠡᠷᠭᠡᠶᠢᠯᠡᠨ ᠬᠤᠷᠢᠭᠯᠠᠬᠤ ᠪᠠ ᠡᠷᠡᠭᠦᠯ ᠬᠠᠮᠠᠭᠠᠯᠠᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠨ᠎ᠡ᠃ | 3.4 ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠵᠢᠯᠣᠭᠤᠳᠬᠤ ᠭᠠᠵᠠᠷ | ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠲᠤᠬᠠᠢ ᠶᠢᠨ ᠲᠠᠯᠠᠪᠠᠢ ᠶᠢᠨ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠬᠡᠷᠡᠭᠴᠡᠭᠡ ᠶᠢ ᠦᠨᠳᠦᠰᠦᠯᠡᠵᠦ᠂ ᠴᠢᠬᠤᠯᠠᠲᠠᠢ ᠦᠶ᠎ᠡ ᠳᠤ ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ | ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠵᠢᠯᠣᠭᠤᠳᠬᠤ ᠭᠠᠵᠠᠷ ᠢ ᠪᠠᠶᠢᠭᠤᠯᠵᠤ᠂ ᠲᠤᠬᠠᠢ ᠶᠢᠨ ᠲᠠᠯᠠᠪᠠᠢ ᠳᠠᠬᠢ ᠬᠠᠮᠤᠭ ᠤᠨ ᠳᠡᠭᠡᠳᠦ ᠵᠡᠷᠭᠡ ᠳᠡᠰ ᠲᠠᠢ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠤᠶᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠶᠢᠨ ᠨᠡᠷ᠎ᠡ ᠵᠢᠭᠠᠭᠰᠠᠨ ᠬᠠᠷᠢᠭᠤᠴᠠᠯᠭᠠᠲᠠᠨ ᠨᠥᠬᠦᠳ ᠠᠴᠠ ᠵᠢᠯᠣᠭᠤᠳᠬᠤ | ᠳᠠᠷᠤᠭ᠎ᠠ ᠶᠢᠨ ᠲᠤᠰᠢᠶᠠᠯ ᠢ ᠳᠠᠭᠠᠭᠠᠨ ᠡᠭᠦᠷᠬᠡᠯᠡᠵᠦ᠂ ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠨᠢᠭᠡᠳᠦᠯᠲᠡᠢ | ᠵᠢᠯᠣᠭᠤᠳᠴᠤ᠂ ᠵᠣᠬᠢᠴᠠᠭᠤᠯᠤᠨ᠎ᠠ᠃ | 4 ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠶᠢ ᠳᠠᠭᠠᠬᠤ ᠪᠠ ᠵᠣᠭᠰᠣᠭᠠᠬᠤ | 4.1 ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠶᠢ ᠳᠡᠰ ᠬᠤᠪᠢᠶᠠᠨ ᠳᠠᠭᠠᠬᠤ | 4.1.1 Ⅰ ᠳᠡᠰ ᠤᠨ ᠳᠠᠭᠠᠬᠤ ᠠᠵᠢᠯᠯᠠᠭ᠎ᠠ | 4.1.1.1 Ⅰ ᠳᠡᠰ ᠤᠨ ᠳᠠᠭᠠᠬᠤ ᠠᠵᠢᠯᠯᠠᠭ᠎ᠠ ᠶᠢ ᠡᠬᠢᠯᠡᠭᠦᠯᠬᠦ | ᠳᠣᠣᠷ᠎ᠠ ᠵᠢᠭᠰᠠᠭᠠᠭᠰᠠᠨ ᠨᠦᠭᠦᠴᠡᠯ ᠤᠨ ᠨᠢᠭᠡ ᠳᠤ ᠨᠢ ᠨᠡᠶᠢᠴᠡᠭᠰᠡᠨ ᠪᠠᠢᠪᠠᠯ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ | ᠠᠷᠭᠠᠴᠠᠭᠠᠬᠤ Ⅰ ᠳᠡᠰ ᠤᠨ ᠳᠠᠭᠠᠬᠤ ᠠᠵᠢᠯᠯᠠᠭ᠎ᠠ ᠶᠢ ᠡᠬᠢᠯᠡᠭᠦᠯᠦᠨ᠎ᠡ᠄ | ︵1︶ ᠣᠨᠴᠠᠭᠠᠢ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠴᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠤᠯᠤᠰ ᠤᠨ ᠣᠯᠠᠨ | ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠢ ᠪᠡᠯᠡᠳᠭᠡᠯ ᠲᠥᠰᠥᠯ ᠢ ᠡᠬᠢᠯᠡᠭᠦᠯᠦᠭᠰᠡᠨ᠃ | ︵2︶ ᠣᠨᠴᠠᠭᠠᠢ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠴᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠠᠴᠠ ᠤᠯᠤᠰ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠢ ᠪᠡᠯᠡᠳᠭᠡᠯ ᠲᠥᠰᠥᠯ ᠢ | ᠡᠬᠢᠯᠡᠭᠦᠯᠦᠭᠰᠡᠨ᠃ | ︵3︶ ᠣᠨᠴᠠᠭᠠᠢ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠴᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ | ᠣᠷᠳᠣᠨ ᠠᠴᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ | ᠲᠥᠰᠥᠯ ᠢ ᠡᠬᠢᠯᠡᠭᠦᠯᠦᠭᠰᠡᠨ᠃ | ︵4︶ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠣᠨᠴᠠᠭᠠᠢ ᠬᠦᠨᠳᠦ ᠶᠡᠭᠡ ᠬᠡᠷᠡᠭ ︵ Ⅰ ᠳᠡᠰ ︶ ᠤᠨ ᠳᠡᠰ ᠲᠤ ᠨᠡᠶᠢᠴᠡᠭᠰᠡᠨ ᠪᠤᠰᠤᠳ | ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ᠃ | 4.1.1.2 Ⅰ ᠳᠡᠰ ᠤᠨ ᠳᠠᠭᠠᠬᠤ ᠠᠵᠢᠯᠯᠠᠭᠠᠨ | ᠣᠨᠴᠠᠭᠠᠢ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠬᠤ ᠦᠶ᠎ᠡ ᠳᠤ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠵᠢᠯᠣᠭᠤᠳᠤᠯᠭ᠎ᠠ ᠳᠣᠣᠷ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠡᠷᠡᠭᠦᠯ ᠮᠠᠨᠳᠤ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠢᠭᠠᠨ ᠵᠢᠯᠣᠭᠤᠳᠤᠯᠭ᠎ᠠ ᠳᠣᠣᠷ᠎ᠠ᠂ | ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢᠨ ᠤᠳᠤᠷᠢᠳᠬᠤ ᠳᠤᠭᠤᠶᠢᠯᠠᠩ ᠤᠨ ᠠᠵᠢᠯ ᠢ ᠳᠠᠷᠦ᠋ᠬᠠᠨ ᠡᠬᠢᠯᠡᠭᠦᠯᠵᠦ᠂ ᠲᠣᠰ ᠵᠠᠰᠠᠭ ᠵᠠᠬᠢᠷᠭᠠᠨ ᠤ | ᠣᠷᠣᠨ ᠤ ᠳᠣᠲᠣᠷᠠᠬᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠳᠠᠷᠤᠢ ᠲᠦᠷᠭᠡᠨ | ᠵᠣᠬᠢᠶᠠᠨ ᠪᠠᠶᠢᠭᠤᠯᠵᠤ᠂ ᠵᠣᠬᠢᠴᠠᠭᠤᠯᠤᠨ ᠥᠷᠨᠢᠭᠦᠯᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠡᠩᠨᠡᠭᠡ ᠪᠠ ᠬᠤᠯᠪᠣᠭᠳᠠᠯ ᠪᠦᠬᠦᠢ ᠬᠥᠮᠥᠰ ᠢ | ᠵᠣᠬᠢᠶᠠᠨ ᠪᠠᠶᠢᠭᠤᠯᠵᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠤᠭᠰᠠᠨ ᠲᠤᠬᠠᠢ ᠶᠢᠨ ᠲᠠᠯᠠᠪᠠᠢ ᠳᠤ ᠬᠦᠷᠴᠦ ᠡᠮᠴᠢᠯᠡᠨ ᠠᠪᠤᠷᠠᠨ ᠵᠠᠰᠠᠬᠤ ᠠᠵᠢᠯ ᠢ | ᠥᠷᠨᠢᠭᠦᠯᠦᠨ᠂ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠰᠢᠷᠬᠠᠲᠠᠨ ᠡᠪᠡᠳᠴᠢᠲᠡᠨ ᠵᠢᠴᠢ ᠠᠪᠤᠷᠠᠨ ᠵᠠᠰᠠᠭᠰᠠᠨ ᠪᠠᠶᠢᠳᠠᠯ ᠳᠤ ᠶᠡᠷᠦᠩᠬᠡᠶᠢᠯᠡᠭᠰᠡᠨ ᠦᠨᠡᠯᠡᠨ | ᠵᠢᠱᠢᠯᠲᠠ ᠬᠢᠵᠦ᠂ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠰᠠᠨᠠᠭᠤᠯᠭ᠎ᠠ ᠶᠢ ᠳᠤᠷᠠᠳᠤᠨ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠪᠠ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠵᠢᠯᠣᠭᠤᠳᠬᠤ | ᠪᠠᠶᠢᠭᠤᠯᠤᠮᠵᠢ᠂ ᠲᠥᠷᠥ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠣᠨᠴᠠᠭᠠᠢ ᠬᠦᠨᠳᠦ | ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠭᠰᠠᠨ ᠬᠤᠯᠪᠣᠭᠳᠠᠯ ᠪᠦᠬᠦᠢ ᠪᠠᠶᠢᠳᠠᠯ ᠢ ᠴᠠᠭ | ᠲᠤᠬᠠᠢ ᠳᠤ ᠨᠢ ᠮᠡᠳᠡᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠥᠷᠥ ᠶᠢᠨ ᠶᠠᠪᠤᠳᠠᠯ ᠤᠨ ᠬᠤᠷᠢᠶᠠᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠤ ᠣᠨᠴᠠᠭᠠᠢ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ | ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠠᠵᠢᠯ ᠤᠨ ᠲᠠᠯ᠎ᠠ ᠪᠠᠷ ᠰᠢᠮᠳᠠᠭᠤᠯᠤᠨ ᠵᠢᠯᠣᠭᠤᠳᠤᠯᠭ᠎ᠠ ᠬᠢᠬᠦ ᠶᠢ ᠬᠢᠨᠠᠮᠠᠭᠠᠢ ᠬᠦᠯᠢᠶᠡᠵᠦ᠂ | ᠬᠡᠷᠡᠭᠴᠡᠭᠡ ᠪᠠᠨ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠢ ᠳᠤ ᠨᠢ ᠳᠡᠪᠰᠢᠭᠦᠯᠵᠦ ᠤᠯᠤᠰ ᠤᠨ | ᠲᠤᠰᠠᠯᠠᠮᠵᠢ ᠶᠢ ᠣᠯᠬᠤ ᠪᠠᠷ ᠬᠦᠴᠦᠯᠡᠨ ᠴᠢᠷᠮᠠᠶᠢᠨ᠎ᠠ᠃ | ᠬᠡᠷᠡᠭ ᠭᠠᠷᠤᠭᠰᠠᠨ ᠭᠠᠵᠠᠷ ᠤᠨ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ | ᠵᠢᠯᠣᠭᠤᠳᠤᠯᠭ᠎ᠠ ᠳᠣᠣᠷ᠎ᠠ᠂ ᠲᠣᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠣᠨᠴᠠᠭᠠᠢ ᠬᠦᠨᠳᠦ ᠶᠡᠭᠡ ᠣᠯᠠᠨ ᠨᠡᠶᠢᠲᠡ ᠶᠢᠨ | ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠠᠵᠢᠯ ᠢ ᠵᠣᠬᠢᠶᠠᠨ ᠪᠠᠶᠢᠭᠤᠯᠵᠤ᠂ ᠵᠣᠬᠢᠴᠠᠭᠤᠯᠤᠨ᠎ᠠ᠃ | 4.1.2 Ⅱ ᠳᠡᠰ ᠤᠨ ᠳᠠᠭᠠᠬᠤ ᠠᠵᠢᠯᠯᠠᠭ᠎ᠠ | 4.1.2.1 Ⅱ ᠳᠡᠰ ᠤᠨ ᠳᠠᠭᠠᠬᠤ ᠠᠵᠢᠯᠯᠠᠭ᠎ᠠ ᠶᠢ ᠡᠬᠢᠯᠡᠭᠦᠯᠬᠦ | ᠳᠣᠣᠷ᠎ᠠ ᠵᠢᠭᠰᠠᠭᠠᠭᠰᠠᠨ ᠨᠦᠭᠦᠴᠡᠯ ᠤᠨ ᠨᠢᠭᠡ ᠳᠤ ᠨᠢ ᠨᠡᠶᠢᠴᠡᠭᠰᠡᠨ ᠪᠠᠢᠪᠠᠯ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ | ᠠᠷᠭᠠᠴᠠᠭᠠᠬᠤ Ⅱ ᠳᠡᠰ ᠤᠨ ᠳᠠᠭᠠᠬᠤ ᠠᠵᠢᠯᠯᠠᠭ᠎ᠠ ᠶᠢ ᠡᠬᠢᠯᠡᠭᠦᠯᠦᠨ᠎ᠡ᠄ | ︵1︶ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ | ᠥᠪᠡᠷᠲᠡᠭᠡᠨ ᠵᠠᠰᠠᠬᠤ ᠣᠷᠣᠨ ᠤ ᠱᠠᠲᠤᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ ᠢ | ᠡᠬᠢᠯᠡᠭᠦᠯᠦᠭᠰᠡᠨ᠃ | ︵2︶ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠴᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ | ᠥᠪᠡᠷᠲᠡᠭᠡᠨ ᠵᠠᠰᠠᠬᠤ ᠣᠷᠣᠨ ᠤ ᠱᠠᠲᠤᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠢ ᠪᠡᠯᠡᠳᠭᠡᠯ ᠲᠥᠰᠥᠯ ᠢ | ᠡᠬᠢᠯᠡᠭᠦᠯᠦᠭᠰᠡᠨ᠃ | ︵3︶ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠬᠦᠨᠳᠦ ᠶᠡᠭᠡ ᠬᠡᠷᠡᠭ ︵ Ⅱ ᠳᠡᠰ ︶ ᠤᠨ ᠳᠡᠰ ᠲᠤ ᠨᠡᠶᠢᠴᠡᠭᠰᠡᠨ ᠪᠤᠰᠤᠳ ᠣᠯᠠᠨ | ᠨᠡᠶᠢᠲᠡ ᠶᠢᠨ ᠭᠡᠨᠡᠳᠲᠡ ᠶᠢᠨ ᠬᠡᠷᠡᠭ᠃ | 4.1.2.2 Ⅱ ᠳᠡᠰ ᠤᠨ ᠳᠠᠭᠠᠬᠤ ᠠᠵᠢᠯᠯᠠᠭᠠᠨ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠣᠯᠠᠨ ᠨᠡᠶᠢᠲᠡ ᠶᠢᠨ ᠬᠦᠨᠳᠦ ᠶᠡᠭᠡ | ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠬᠤᠯᠪᠣᠭᠳᠠᠯ ᠪᠦᠬᠦᠢ ᠵᠢᠭᠠᠪᠤᠷᠢ᠂ ᠨᠡᠪᠲᠡᠷᠡᠭᠦᠯᠭᠡ ᠪᠤᠶᠤ | ᠮᠡᠳᠡᠭᠦᠯᠦᠯᠲᠡ ᠶᠢ ᠲᠣᠰᠣᠭᠰᠠᠨ ᠤ ᠳᠠᠷᠠᠭ᠎ᠠ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢᠨ ᠤᠳᠤᠷᠢᠳᠬᠤ ᠳᠤᠭᠤᠶᠢᠯᠠᠩ ᠤᠨ ᠠᠵᠢᠯ ᠢ ᠳᠠᠷᠦ᠋ᠬᠠᠨ | ᠡᠬᠢᠯᠡᠭᠦᠯᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠳᠠᠷᠤᠢ ᠲᠦᠷᠭᠡᠨ ᠵᠣᠬᠢᠶᠠᠨ ᠪᠠᠶᠢᠭᠤᠯᠵᠤ᠂ ᠵᠣᠬᠢᠴᠠᠭᠤᠯᠤᠨ ᠥᠷᠨᠢᠭᠦᠯᠵᠦ᠂ | ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠩᠬᠢ ᠪᠠ ᠬᠤᠯᠪᠣᠭᠳᠠᠯ ᠪᠦᠬᠦᠢ ᠬᠥᠮᠥᠰ ᠢ ᠵᠣᠬᠢᠶᠠᠨ ᠪᠠᠶᠢᠭᠤᠯᠵᠤ ᠣᠯᠠᠨ ᠨᠡᠶᠢᠲᠡ ᠶᠢᠨ ᠭᠡᠨᠡᠳᠲᠡ ᠶᠢᠨ | ᠬᠡᠷᠡᠭ ᠭᠠᠷᠤᠭᠰᠠᠨ ᠲᠤᠬᠠᠢ ᠶᠢᠨ ᠲᠠᠯᠠᠪᠠᠢ ᠳᠤ ᠬᠦᠷᠴᠦ ᠡᠮᠴᠢᠯᠡᠵᠦ ᠠᠪᠤᠷᠠᠨ ᠵᠠᠰᠠᠬᠤ ᠠᠵᠢᠯ ᠢ ᠥᠷᠨᠢᠭᠦᠯᠵᠦ᠂ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ | ᠰᠢᠷᠬᠠᠲᠠᠨ ᠡᠪᠡᠳᠴᠢᠲᠡᠨ ᠵᠢᠴᠢ ᠠᠪᠤᠷᠠᠨ ᠵᠠᠰᠠᠭᠰᠠᠨ ᠪᠠᠶᠢᠳᠠᠯ ᠳᠤ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠵᠦ᠂ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠠᠵᠢᠯ ᠤᠨ ᠰᠠᠨᠠᠭᠤᠯᠭ᠎ᠠ ᠶᠢ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠ ᠣᠯᠠᠨ ᠨᠡᠶᠢᠲᠡ ᠶᠢᠨ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠣᠭᠤᠳᠬᠤ ᠪᠠᠶᠢᠭᠤᠯᠤᠮᠵᠢ᠂ ᠲᠥᠷᠥ ᠶᠢᠨ ᠶᠠᠪᠤᠳᠠᠯ ᠤᠨ ᠬᠤᠷᠢᠶᠠᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡᠨ ᠤ ᠡᠷᠡᠭᠦᠯ | ᠬᠠᠮᠠᠭᠠᠯᠠᠯ ᠤᠨ ᠠᠪᠤᠷᠠᠨ ᠲᠤᠰᠠᠯᠠᠭᠰᠠᠨ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠢ ᠳᠤ ᠨᠢ ᠮᠡᠳᠡᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠥᠷᠥ ᠶᠢᠨ ᠶᠠᠪᠤᠳᠠᠯ ᠤᠨ ᠬᠤᠷᠢᠶᠠᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠤ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ | ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠲᠠᠯ᠎ᠠ ᠪᠠᠷ ᠬᠢ ᠰᠢᠮᠳᠠᠭᠤᠯᠤᠯ ᠵᠢᠯᠣᠭᠤᠳᠤᠯᠭ᠎ᠠ ᠶᠢ ᠬᠢᠨᠠᠮᠠᠭᠠᠢ ᠬᠦᠯᠢᠶᠡᠵᠦ᠂ ᠬᠡᠷᠡᠭᠴᠡᠭᠡ ᠪᠠᠨ | ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠢ ᠳᠤ ᠨᠢ ᠳᠡᠪᠰᠢᠭᠦᠯᠵᠦ ᠤᠯᠤᠰ ᠤᠨ ᠲᠤᠰᠠᠯᠠᠮᠵᠢ ᠶᠢ | ᠣᠯᠬᠤ ᠪᠠᠷ ᠬᠦᠴᠦᠯᠡᠨ ᠴᠢᠷᠮᠠᠶᠢᠨ᠎ᠠ᠃ | ᠬᠡᠷᠡᠭ ᠭᠠᠷᠤᠭᠰᠠᠨ ᠭᠠᠵᠠᠷ ᠤᠨ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ | ᠵᠢᠯᠣᠭᠤᠳᠤᠯᠭ᠎ᠠ ᠳᠣᠣᠷ᠎ᠠ᠂ ᠲᠣᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ | ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠠᠵᠢᠯ ᠢ ᠵᠣᠬᠢᠶᠠᠨ ᠪᠠᠶᠢᠭᠤᠯᠵᠤ᠂ ᠵᠣᠬᠢᠴᠠᠭᠤᠯᠤᠨ᠎ᠠ᠃ | 4.1.3 Ⅲ ᠳᠡᠰ ᠤᠨ ᠳᠠᠭᠠᠬᠤ ᠠᠵᠢᠯᠯᠠᠭ᠎ᠠ | 4.1.3.1 Ⅲ ᠳᠡᠰ ᠤᠨ ᠳᠠᠭᠠᠬᠤ ᠠᠵᠢᠯᠯᠠᠭ᠎ᠠ ᠶᠢ ᠡᠬᠢᠯᠡᠭᠦᠯᠬᠦ | ᠳᠣᠣᠷ᠎ᠠ ᠵᠢᠭᠰᠠᠭᠠᠭᠰᠠᠨ ᠨᠥᠬᠦᠴᠡᠯ ᠤᠨ ᠨᠢᠭᠡ ᠳᠤ ᠨᠢ ᠨᠡᠶᠢᠴᠡᠭᠰᠡᠨ ᠪᠠᠢᠪᠠᠯ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ | ᠠᠷᠭᠠᠴᠠᠭᠠᠬᠤ Ⅲ ᠳᠡᠰ ᠤᠨ ᠳᠠᠭᠠᠬᠤ ᠠᠵᠢᠯᠯᠠᠭ᠎ᠠ ᠶᠢ ᠡᠬᠢᠯᠡᠭᠦᠯᠦᠨ᠎ᠡ᠄ | ︵1︶ ᠨᠡᠯᠢᠶᠡᠳ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠴᠤ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ | ᠠᠶᠢᠮᠠᠭ ᠬᠤᠲᠠ ᠶᠢᠨ ᠱᠠᠲᠤᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ ᠢ ᠡᠬᠢᠯᠡᠭᠦᠯᠦᠭᠰᠡᠨ᠃ | ︵2︶ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠨᠡᠯᠢᠶᠡᠳ ᠶᠡᠭᠡ ᠬᠡᠷᠡᠭ ︵Ⅲ ᠳᠡᠰ ︶ ᠤᠨ ᠳᠡᠰ ᠲᠤ ᠨᠡᠶᠢᠴᠡᠭᠰᠡᠨ ᠪᠤᠰᠤᠳ ᠣᠯᠠᠨ | ᠨᠡᠶᠢᠲᠡ ᠶᠢᠨ ᠭᠡᠨᠡᠳᠲᠡ ᠶᠢᠨ ᠬᠡᠷᠡᠭ᠃ | 4.1.3.2 Ⅲ ᠳᠡᠰ ᠤᠨ ᠳᠠᠭᠠᠬᠤ ᠠᠵᠢᠯᠯᠠᠭᠠᠨ | ᠠᠶᠢᠮᠠᠭ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠨᠡᠯᠢᠶᠡᠳ ᠶᠡᠭᠡ ᠣᠯᠠᠨ ᠨᠡᠶᠢᠲᠡ ᠶᠢᠨ | ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠬᠤᠯᠪᠣᠭᠳᠠᠯ ᠪᠦᠬᠦᠢ ᠵᠢᠭᠠᠪᠤᠷᠢ᠂ ᠨᠡᠪᠲᠡᠷᠡᠭᠦᠯᠭᠡ ᠪᠤᠶᠤ | ᠮᠡᠳᠡᠭᠦᠯᠦᠯᠲᠡ ᠶᠢ ᠲᠣᠰᠣᠭᠰᠠᠨ ᠤ ᠳᠠᠷᠠᠭ᠎ᠠ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢᠨ ᠤᠳᠤᠷᠢᠳᠬᠤ ᠳᠤᠭᠤᠶᠢᠯᠠᠩ ᠤᠨ ᠠᠵᠢᠯ ᠢ ᠳᠠᠷᠦ᠋ᠬᠠᠨ | ᠡᠬᠢᠯᠡᠭᠦᠯᠵᠦ᠂ ᠲᠤᠬᠠᠢ ᠶᠢᠨ ᠲᠠᠯᠠᠪᠠᠢ ᠳᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠳᠠᠷᠤᠢ ᠲᠦᠷᠭᠡᠨ ᠵᠣᠬᠢᠶᠠᠨ ᠪᠠᠶᠢᠭᠤᠯᠤᠨ ᠥᠷᠨᠢᠭᠦᠯᠵᠦ | ᠂ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠰᠢᠷᠬᠠᠲᠠᠨ ᠡᠪᠡᠳᠴᠢᠲᠡᠨ ᠵᠢᠴᠢ ᠠᠪᠤᠷᠠᠨ ᠵᠠᠰᠠᠭᠰᠠᠨ ᠪᠠᠶᠢᠳᠠᠯ ᠳᠤ ᠶᠡᠷᠦᠩᠬᠡᠶᠢᠯᠡᠭᠰᠡᠨ ᠦᠨᠡᠯᠡᠨ ᠵᠢᠱᠢᠯᠲᠡ | ᠬᠢᠬᠦ ᠶᠢᠨ ᠬᠠᠮᠲᠤ᠂ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠲᠣᠰ ᠱᠠᠲᠤᠨ ᠤ ᠣᠯᠠᠨ ᠨᠡᠶᠢᠲᠡ ᠶᠢᠨ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠣᠭᠤᠳᠬᠤ ᠪᠠᠶᠢᠭᠤᠯᠤᠮᠵᠢ ᠳᠤ ᠬᠤᠯᠪᠣᠭᠳᠠᠯ ᠪᠦᠬᠦᠢ ᠰᠢᠢᠳᠪᠦᠷᠢᠯᠡᠭᠰᠡᠨ ᠪᠠᠶᠢᠳᠠᠯ ᠢ | ᠮᠡᠳᠡᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠡᠮᠴᠢᠯᠡᠭᠡ ᠡᠷᠡᠭᠦᠯ ᠬᠠᠮᠠᠭᠠᠯᠠᠯ ᠤᠨ | ᠠᠪᠤᠷᠠᠨ ᠲᠤᠰᠠᠯᠠᠯᠲᠠ ᠬᠢᠬᠦ ᠨᠡᠯᠢᠶᠡᠳ ᠶᠡᠭᠡ ᠬᠡᠷᠡᠭ ᠤᠨ ᠮᠡᠳᠡᠭᠦᠯᠦᠯᠲᠡ ᠶᠢ ᠲᠣᠰᠣᠭᠰᠠᠨ ᠤ ᠳᠠᠷᠠᠭ᠎ᠠ᠂ ᠬᠡᠷᠡᠭ ᠭᠠᠷᠤᠭᠰᠠᠨ ᠭᠠᠵᠠᠷ ᠤᠨ ᠣᠯᠠᠨ ᠨᠡᠶᠢᠲᠡ ᠶᠢᠨ | ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠠᠵᠢᠯ ᠢ ᠰᠢᠮᠳᠠᠭᠤᠯᠤᠨ ᠵᠢᠯᠣᠭᠤᠳᠴᠤ᠂ ᠴᠢᠬᠤᠯᠠᠲᠠᠢ ᠦᠶ᠎ᠡ ᠳᠤ | ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠮᠡᠷᠭᠡᠵᠢᠯ ᠤᠨ ᠵᠢᠯᠣᠭᠤᠳᠤᠯᠭ᠎ᠠ ᠬᠠᠩᠭᠠᠬᠤ ᠪᠠ ᠳᠡᠮᠵᠢᠯᠭᠡ ᠦᠵᠡᠭᠦᠯᠬᠦ ᠬᠡᠷᠡᠭᠲᠡᠢ᠃ | 4.1.4 Ⅳ ᠳᠡᠰ ᠤᠨ ᠳᠠᠭᠠᠬᠤ ᠠᠵᠢᠯᠯᠠᠭ᠎ᠠ | 4.1.4.1 Ⅳ ᠳᠡᠰ ᠤᠨ ᠳᠠᠭᠠᠬᠤ ᠠᠵᠢᠯᠯᠠᠭ᠎ᠠ ᠶᠢ ᠡᠬᠢᠯᠡᠭᠦᠯᠬᠦ | ᠳᠣᠣᠷ᠎ᠠ ᠵᠢᠭᠰᠠᠭᠠᠭᠰᠠᠨ ᠨᠥᠬᠦᠴᠡᠯ ᠤᠨ ᠨᠢᠭᠡ ᠳᠤ ᠨᠢ ᠨᠡᠶᠢᠴᠡᠭᠰᠡᠨ ᠪᠠᠢᠪᠠᠯ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ | ᠠᠷᠭᠠᠴᠠᠭᠠᠬᠤ Ⅳ ᠳᠡᠰ ᠤᠨ ᠳᠠᠭᠠᠬᠤ ᠠᠵᠢᠯᠯᠠᠭ᠎ᠠ ᠶᠢ ᠡᠬᠢᠯᠡᠭᠦᠯᠦᠨ᠎ᠡ᠄ | ︵1︶ ᠡᠩ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠴᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ | ᠬᠤᠰᠢᠭᠤ ᠰᠢᠶᠠᠨ ᠤ ᠱᠠᠲᠤᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ ᠢ ᠡᠬᠢᠯᠡᠭᠦᠯᠦᠭᠰᠡᠨ᠃ | ︵2︶ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠡᠩ ᠤᠨ ᠬᠡᠷᠡᠭ ︵Ⅳ ᠳᠡᠰ ︶ ᠤᠨ ᠳᠡᠰ ᠲᠤ ᠨᠡᠶᠢᠴᠡᠭᠰᠡᠨ ᠪᠤᠰᠤᠳ ᠣᠯᠠᠨ ᠨᠡᠶᠢᠲᠡ ᠶᠢᠨ | ᠭᠡᠨᠡᠳᠲᠡ ᠶᠢᠨ ᠬᠡᠷᠡᠭ᠃ | 4.1.4.2 Ⅳ ᠳᠡᠰ ᠤᠨ ᠳᠠᠭᠠᠬᠤ ᠠᠵᠢᠯᠯᠠᠭᠠᠨ | ᠬᠤᠰᠢᠭᠤ ᠰᠢᠶᠠᠨ ︵ᠬᠤᠲᠠ᠂ ᠲᠣᠭᠤᠷᠢᠭ︶ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠡᠩ ᠤᠨ ᠣᠯᠠᠨ | ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠬᠤᠯᠪᠣᠭᠳᠠᠯ ᠪᠦᠬᠦᠢ ᠵᠢᠭᠠᠪᠤᠷᠢ᠂ ᠨᠡᠪᠲᠡᠷᠡᠭᠦᠯᠭᠡ ᠪᠤᠶᠤ | ᠮᠡᠳᠡᠭᠦᠯᠦᠯᠲᠡ ᠶᠢ ᠲᠣᠰᠣᠭᠰᠠᠨ ᠤ ᠳᠠᠷᠠᠭ᠎ᠠ᠂ ᠬᠤᠰᠢᠭᠤ ᠰᠢᠶᠠᠨ ᠤ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢᠨ ᠤᠳᠤᠷᠢᠳᠬᠤ | ᠳᠤᠭᠤᠶᠢᠯᠠᠩ ᠤᠨ ᠠᠵᠢᠯ ᠢ ᠳᠠᠷᠦ᠋ᠬᠠᠨ ᠡᠬᠢᠯᠡᠭᠦᠯᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠶᠢᠭᠤᠯᠤᠮᠵᠢ ᠶᠢ ᠳᠠᠷᠤᠢ ᠲᠦᠷᠭᠡᠨ ᠵᠣᠬᠢᠶᠠᠨ | ᠪᠠᠶᠢᠭᠤᠯᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠲᠤᠬᠠᠢ ᠶᠢᠨ ᠲᠠᠯᠠᠪᠠᠢ ᠶᠢᠨ ᠠᠪᠤᠷᠠᠨ ᠵᠠᠰᠠᠬᠤ ᠠᠵᠢᠯ ᠢ ᠥᠷᠨᠢᠭᠦᠯᠵᠦ᠂ ᠲᠤᠰᠬᠠᠢ ᠮᠡᠷᠭᠡᠵᠢᠯᠲᠡᠨ ᠢ | ᠵᠣᠬᠢᠶᠠᠨ ᠪᠠᠶᠢᠭᠤᠯᠵᠤ ᠰᠢᠷᠬᠠᠲᠠᠨ ᠡᠪᠡᠳᠴᠢᠲᠡᠨ ᠵᠢᠴᠢ ᠠᠪᠤᠷᠠᠨ ᠵᠠᠰᠠᠭᠰᠠᠨ ᠪᠠᠶᠢᠳᠠᠯ ᠢ ᠨᠤᠲᠠᠯᠠᠨ ᠲᠣᠭᠲᠠᠭᠠᠬᠤ ᠪᠠ ᠦᠨᠡᠯᠡᠨ ᠵᠢᠱᠢᠬᠦ ᠶᠢᠨ ᠬᠠᠮᠲᠤ᠂ ᠲᠣᠰ | ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠣᠭᠤᠳᠬᠤ | ᠪᠠᠶᠢᠭᠤᠯᠤᠮᠵᠢ ᠳᠤ ᠬᠤᠯᠪᠣᠭᠳᠠᠯ ᠪᠦᠬᠦᠢ ᠰᠢᠢᠳᠪᠦᠷᠢᠯᠡᠭᠰᠡᠨ ᠪᠠᠶᠢᠳᠠᠯ ᠢ ᠮᠡᠳᠡᠭᠦᠯᠦᠨ᠎ᠡ᠃ | ᠠᠶᠢᠮᠠᠭ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠴᠢᠬᠤᠯᠠᠲᠠᠢ ᠦᠶ᠎ᠡ ᠳᠤ ᠳᠠᠷᠤᠢ ᠲᠦᠷᠭᠡᠨ ᠲᠤᠰᠬᠠᠢ | ᠮᠡᠷᠭᠡᠵᠢᠯᠲᠡᠨ ᠢ ᠵᠣᠬᠢᠶᠠᠨ ᠪᠠᠶᠢᠭᠤᠯᠵᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠠᠵᠢᠯ ᠳᠤ | ᠮᠡᠷᠭᠡᠵᠢᠯ ᠤᠨ ᠵᠢᠯᠣᠭᠤᠳᠤᠯᠭ᠎ᠠ ᠥᠭᠬᠦ ᠬᠡᠷᠡᠭᠲᠡᠢ᠃ | 4.2 ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠵᠢᠴᠢ ᠵᠢᠯᠣᠭᠤᠳᠤᠯᠭ᠎ᠠ | ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠩᠬᠢ ᠨᠢ ᠠᠪᠤᠷᠠᠨ ᠲᠤᠰᠠᠯᠠᠬᠤ ᠵᠠᠷᠯᠢᠭ ᠵᠢᠭᠠᠪᠤᠷᠢ ᠶᠢ ᠲᠣᠰᠣᠭᠰᠠᠨ ᠤ ᠳᠠᠷᠠᠭ᠎ᠠ ᠴᠠᠭ | ᠲᠤᠬᠠᠢ ᠳᠤ ᠨᠢ ᠲᠤᠬᠠᠢ ᠶᠢᠨ ᠲᠠᠯᠠᠪᠠᠢ ᠳᠤ ᠬᠦᠷᠬᠦ ᠶᠢᠨ ᠬᠠᠮᠲᠤ ᠲᠤᠬᠠᠢ ᠶᠢᠨ ᠲᠠᠯᠠᠪᠠᠢ ᠶᠢᠨ ᠪᠠᠶᠢᠳᠠᠯ ᠢ ᠦᠨᠳᠦᠰᠦᠯᠡᠨ᠂ ᠡᠮᠴᠢᠯᠡᠭᠡ ᠡᠷᠡᠭᠦᠯ ᠬᠠᠮᠠᠭᠠᠯᠠᠯ ᠤᠨ | ᠠᠪᠤᠷᠠᠨ ᠲᠤᠰᠠᠯᠠᠬᠤ ᠠᠵᠢᠯ ᠢ ᠪᠥᠬᠦ ᠬᠦᠴᠦᠨ ᠢᠶᠠᠷ ᠢᠶᠠᠨ ᠥᠷᠨᠢᠭᠦᠯᠬᠦ ᠬᠡᠷᠡᠭᠲᠡᠢ᠃ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠶᠠᠪᠤᠴᠠ ᠳᠤ᠂ | ᠢᠳᠡᠪᠬᠢᠲᠡᠢ ᠪᠠᠷ ᠠᠪᠤᠷᠠᠨ ᠵᠠᠰᠠᠬᠤ ᠬᠡᠷᠡᠭᠲᠡᠢ ᠮᠥᠷᠲᠡᠭᠡᠨ ᠥᠪᠡᠷ ᠢ ᠪᠠᠨ ᠬᠠᠮᠠᠭᠠᠯᠠᠬᠤ ᠶᠢ ᠪᠠᠰᠠ ᠠᠩᠬᠠᠷᠴᠤ᠂ ᠠᠮᠤᠷ ᠲᠦᠪᠰᠢᠨ ᠢᠶᠠᠨ ᠦᠨᠡᠨ ᠬᠦ ᠪᠠᠲᠤᠯᠠᠬᠤ | ᠬᠡᠷᠡᠭᠲᠡᠢ᠃ | ᠲᠤᠬᠠᠢ ᠶᠢᠨ ᠲᠠᠯᠠᠪᠠᠢ ᠶᠢᠨ ᠪᠠᠶᠢᠳᠠᠯ ᠢ ᠴᠠᠭ ᠲᠤᠬᠠᠢ ᠳᠤ ᠨᠢ ᠣᠨᠣᠪᠴᠢᠲᠠᠢ ᠪᠠᠷ ᠡᠵᠡᠮᠰᠢᠨ᠂ ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ | ᠠᠪᠤᠷᠠᠨ ᠲᠤᠰᠠᠯᠠᠵᠤ ᠵᠢᠯᠣᠭᠤᠳᠬᠤ ᠠᠵᠢᠯ ᠢ ᠰᠠᠶᠢᠲᠤᠷ ᠬᠢᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠪᠤᠰᠢᠭᠤ ᠲᠦᠷᠭᠡᠨ᠂ ᠡᠮᠬᠢ | ᠵᠢᠷᠤᠮ ᠲᠠᠢ᠂ ᠥᠨᠳᠥᠷ ᠪᠦᠲᠦᠮᠵᠢᠲᠡᠢ ᠪᠠᠷ ᠶᠠᠪᠤᠭᠳᠠᠭᠤᠯᠬᠤ ᠶᠢᠨ ᠲᠤᠰᠠᠳᠠ᠂ ᠬᠤᠯᠪᠣᠭᠳᠠᠯ ᠪᠦᠬᠦᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠨᠢ ᠬᠡᠷᠡᠭ ᠭᠠᠷᠤᠭᠰᠠᠨ ᠲᠤᠬᠠᠢ ᠶᠢᠨ ᠲᠠᠯᠠᠪᠠᠢ ᠳᠤ ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ | ᠠᠵᠢᠯ ᠤᠨ ᠵᠢᠯᠣᠭᠤᠳᠬᠤ ᠭᠠᠵᠠᠷ ᠢ ᠲᠣᠬᠢᠷᠠᠭᠤᠯᠵᠤ᠂ ᠭᠤᠣᠯ ᠤᠳᠤᠷᠢᠳᠤᠯᠭ᠎ᠠ ᠪᠤᠶᠤ ᠬᠤᠪᠢᠳᠠᠨ ᠬᠠᠮᠢᠶᠠᠷᠴᠤ ᠪᠠᠢᠭ᠎ᠠ ᠤᠳᠤᠷᠢᠳᠤᠯᠭ᠎ᠠ ᠪᠡᠶ᠎ᠡ ᠪᠠᠷ ᠢᠶᠠᠨ | ᠲᠤᠬᠠᠢ ᠶᠢᠨ ᠲᠠᠯᠠᠪᠠᠢ ᠳᠤ ᠬᠦᠷᠴᠦ᠂ ᠡᠮᠦᠨ᠎ᠡ ᠹᠷᠤᠨᠲ ᠲᠤ ᠬᠦᠷᠴᠦ ᠵᠢᠯᠣᠭᠤᠳᠴᠤ᠂ ᠳᠤᠮᠳᠠᠬᠢ ᠭᠤᠭᠴᠤᠭ᠎ᠠ ᠶᠢ ᠪᠠᠭᠠᠰᠬᠠᠨ᠂ ᠰᠢᠢᠳᠪᠦᠷᠢᠯᠡᠴᠢᠯᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠠᠪᠤᠷᠠᠨ ᠲᠤᠰᠠᠯᠠᠬᠤ ᠠᠬᠢᠴᠠ ᠶᠢ ᠲᠦᠷᠭᠡᠳᠬᠡᠬᠦ ᠬᠡᠷᠡᠭᠲᠡᠢ᠃ ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ | ᠠᠪᠤᠷᠠᠨ ᠲᠤᠰᠠᠯᠠᠬᠤ ᠠᠵᠢᠯ ᠤᠨ ᠵᠢᠯᠣᠭᠤᠳᠬᠤ ᠭᠠᠵᠠᠷ ᠨᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ | ᠠᠵᠢᠯ ᠤᠨ ᠵᠢᠯᠣᠭᠤᠳᠬᠤ ᠪᠠᠶᠢᠭᠤᠯᠤᠮᠵᠢ ᠶᠢᠨ ᠤᠳᠤᠷᠢᠳᠤᠯᠭ᠎ᠠ ᠶᠢ ᠬᠦᠯᠢᠶᠡᠵᠦ᠂ ᠲᠤᠬᠠᠢ ᠶᠢᠨ ᠲᠠᠯᠠᠪᠠᠢ ᠶᠢᠨ ᠡᠯ᠎ᠡ ᠠᠪᠤᠷᠠᠨ ᠲᠤᠰᠠᠯᠠᠬᠤ ᠰᠠᠯᠠᠭ᠎ᠠ | ᠮᠥᠴᠢᠷ ᠯᠦᠭᠡ ᠶᠢᠨ ᠨᠡᠪᠲᠡᠷᠡᠯᠴᠡᠭᠡ ᠪᠠ ᠵᠣᠬᠢᠴᠠᠭᠤᠯᠭ᠎ᠠ ᠪᠠᠨ ᠴᠢᠩᠭᠠᠳᠬᠠᠬᠤ ᠬᠡᠷᠡᠭᠲᠡᠢ᠃ | 4.2.1 ᠲᠤᠬᠠᠢ ᠶᠢᠨ ᠲᠠᠯᠠᠪᠠᠢ ᠳᠤ ᠲᠦᠷᠭᠡᠨ ᠠᠪᠤᠷᠠᠬᠤ | ᠲᠤᠬᠠᠢ ᠶᠢᠨ ᠲᠠᠯᠠᠪᠠᠢ ᠳᠤ ᠬᠥᠷᠥᠭᠰᠡᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠩᠬᠢ ᠨᠢ ᠲᠤᠬᠠᠢ ᠶᠢᠨ ᠲᠠᠯᠠᠪᠠᠢ ᠶᠢᠨ ᠲᠤᠰᠬᠠᠢ ᠠᠪᠤᠷᠠᠨ | ᠲᠤᠰᠠᠯᠠᠬᠤ ᠠᠩᠬᠢ ᠯᠤᠭ᠎ᠠ ᠵᠣᠬᠢᠴᠠᠯᠳᠤᠨ ᠬᠠᠮᠵᠢᠯᠴᠠᠵᠤ᠂ ᠰᠢᠷᠬᠠᠲᠤᠭᠰᠠᠳ ᠢ ᠳᠠᠷᠤᠢ ᠲᠦᠷᠭᠡᠨ ᠠᠶᠤᠯᠲᠠᠢ ᠣᠷᠣᠨ ᠠᠴᠠ ᠰᠢᠯᠵᠢᠭᠦᠯᠦᠨ ᠵᠥᠭᠡᠭᠡᠵᠦ ᠭᠠᠷᠭᠠᠨ᠂ ︽ | ᠤᠷᠢᠳ ᠢᠶᠠᠷ ᠠᠮᠢ ᠶᠢ ᠨᠢ ᠠᠪᠤᠷᠠᠵᠤ ᠳᠠᠷᠠᠭ᠎ᠠ ᠨᠢ ᠰᠢᠷᠬ᠎ᠠ ᠶᠢ ᠨᠢ ᠠᠨᠠᠭᠠᠬᠤ᠂ ᠤᠷᠢᠳ ᠢᠶᠠᠷ ᠬᠦᠨᠳᠦ ᠰᠢᠷᠬᠠᠲᠤᠭᠰᠠᠨ ᠢ ᠨᠢ ᠳᠠᠷᠠᠭ᠎ᠠ ᠨᠢ ᠬᠥᠩᠭᠡᠨ | ᠰᠢᠷᠬᠠᠲᠤᠭᠰᠠᠨ ᠢ ᠨᠢ ᠠᠪᠤᠷᠠᠬᠤ︾ ᠵᠠᠷᠴᠢᠮ ᠢᠶᠠᠷ ᠠᠵᠢᠯ ᠢᠶᠠᠨ ᠥᠷᠨᠢᠭᠦᠯᠦᠨ᠂ ᠣᠯᠠᠨ ᠤᠯᠤᠰ ᠤᠨ ᠨᠢᠭᠡᠳᠦᠯᠲᠡᠢ ᠪᠠᠷᠢᠮᠵᠢᠶ᠎ᠠ ᠶᠣᠰᠣᠭᠠᠷ ᠰᠢᠷᠬᠠᠲᠠᠨ | ᠡᠪᠡᠳᠴᠢᠲᠡᠨ ᠤ ᠰᠢᠷᠬ᠎ᠠ ᠶᠢ ᠨᠢ ᠪᠠᠢᠴᠠᠭᠠᠬᠤ ᠳᠤ ᠪᠠᠨ ᠲᠥᠷᠥᠯ ᠬᠤᠪᠢᠶᠠᠨ᠂ ︽ ᠨᠣᠭᠤᠭᠠᠨ᠂ ᠰᠢᠷ᠎ᠠ᠂ ᠤᠯᠠᠭᠠᠨ᠂ ᠬᠠᠷ᠎ᠠ︾ ᠳᠥᠷᠪᠡᠨ ᠵᠦᠢᠯ ᠤᠨ ᠥᠩᠭᠡ ᠪᠠᠷ | ᠲᠣᠰ ᠲᠣᠰ ᠬᠥᠩᠭᠡᠨ᠂ ᠬᠦᠨᠳᠦ᠂ ᠬᠦᠨᠳᠦ ᠲᠦᠭᠰᠢᠭᠦᠷᠢ ᠲᠠᠢ ᠰᠢᠷᠬᠠᠲᠠᠨ ᠡᠪᠡᠳᠴᠢᠲᠡᠨ ᠪᠠ ᠨᠠᠰᠤ ᠪᠠᠷᠠᠭᠰᠠᠨ ᠬᠥᠮᠥᠰ ᠲᠤ ᠢᠯᠭᠠᠬᠤ ᠲᠡᠮᠳᠡᠭ ︵ᠰᠦᠯᠢᠶᠣᠣ | ᠮᠠᠲ᠋ᠧᠷᠢᠶᠠᠯ ᠤᠨ ᠪᠠᠭᠤᠪᠴᠢ ᠪᠠᠷ ᠲᠥᠷᠥᠯ ᠬᠤᠪᠢᠶᠠᠬᠤ ᠲᠡᠮᠳᠡᠭ ᠢ ᠵᠣᠬᠢᠶᠠᠨ᠎ᠠ︶ ᠬᠠᠳᠠᠵᠤ᠂ ᠰᠢᠷᠬᠠᠲᠠᠨ ᠡᠪᠡᠳᠴᠢᠲᠡᠨ ᠪᠤᠶᠤ ᠨᠠᠰᠤ ᠪᠠᠷᠠᠭᠰᠠᠨ ᠬᠥᠮᠥᠰ ᠤᠨ ᠪᠠᠭᠤᠤ | ᠪᠤᠶᠤ ᠰᠢᠯᠪᠢ ᠶᠢᠨ ᠬᠡᠰᠡᠭ ᠲᠤ ᠵᠠᠩᠭᠢᠳᠤᠨ᠂ ᠳᠠᠷᠠᠭᠠᠴᠢ ᠶᠢᠨ ᠠᠪᠤᠷᠠᠨ ᠵᠠᠰᠠᠯᠲᠠ ᠳᠤ ᠢᠯᠭᠠᠨ ᠲᠠᠨᠢᠬᠤ ᠪᠤᠶᠤ ᠵᠣᠬᠢᠬᠤ ᠠᠷᠭ᠎ᠠ ᠬᠡᠮᠵᠢᠶ᠎ᠡ ᠠᠪᠬᠤ ᠳᠤ ᠳᠥᠭᠦᠮ | ᠦᠵᠡᠭᠦᠯᠦᠨ᠎ᠡ᠃ | 4.2.2 ᠰᠢᠷᠬᠠᠲᠤᠭᠰᠠᠳ ᠢ ᠰᠢᠯᠵᠢᠭᠦᠯᠦᠨ ᠵᠥᠭᠡᠭᠡᠬᠦ | ᠲᠤᠬᠠᠢ ᠶᠢᠨ ᠲᠠᠯᠠᠪᠠᠢ ᠶᠢᠨ ᠣᠷᠴᠢᠨ ᠨᠢ ᠲᠦᠭᠰᠢᠭᠦᠷᠢᠲᠡᠢ ᠪᠤᠶᠤ ᠰᠢᠷᠬᠠᠲᠠᠨ ᠡᠪᠡᠳᠴᠢᠲᠡᠨ ᠤ ᠪᠠᠶᠢᠳᠠᠯ ᠨᠢ ᠠᠷᠠᠢ ᠪᠣᠯᠣᠮᠠᠷ ᠪᠣᠯ᠂ ᠰᠢᠷᠬᠠᠲᠠᠨ ᠡᠪᠡᠳᠴᠢᠲᠡᠨ ᠢ | ᠲᠦᠷᠭᠡᠬᠡᠨ ᠰᠢᠯᠵᠢᠭᠦᠯᠦᠨ ᠵᠥᠭᠡᠭᠡᠬᠦ ᠶᠢᠨ ᠬᠠᠮᠲᠤ ᠳᠣᠣᠷᠠᠬᠢ ᠠᠵᠢᠯ ᠤᠳ ᠢ ᠰᠠᠶᠢᠲᠤᠷ ᠬᠢᠬᠦ ᠬᠡᠷᠡᠭᠲᠡᠢ᠄ | ︵1︶ ᠨᠢᠭᠡᠨᠲᠡ ᠰᠢᠷᠬ᠎ᠠ ᠶᠢ ᠨᠢ ᠪᠠᠶᠢᠴᠠᠭᠠᠵᠤ ᠲᠥᠷᠥᠯ ᠬᠤᠪᠢᠶᠠᠭᠠᠳ ᠰᠢᠯᠵᠢᠭᠦᠯᠦᠨ ᠵᠥᠭᠡᠭᠡᠬᠦ ᠪᠠᠷ ᠪᠠᠶᠢᠭ᠎ᠠ ᠰᠢᠷᠬᠠᠲᠠᠨ ᠡᠪᠡᠳᠴᠢᠲᠡᠨ ᠳᠤ ᠳᠠᠬᠢᠨᠲᠠ | ᠪᠠᠶᠢᠴᠠᠭᠠᠯᠲᠠ ᠬᠢᠨ᠎ᠡ᠃ ᠬᠥᠳᠡᠯᠦᠮᠡᠯ ᠴᠢᠨᠠᠷᠲᠠᠢ ᠴᠢᠰᠤ ᠶᠡᠭᠡ ᠭᠠᠷᠤᠭᠰᠠᠨ ᠪᠤᠶᠤ ᠰᠢᠯᠵᠢᠭᠦᠯᠦᠨ ᠵᠥᠭᠡᠭᠡᠬᠦ ᠵᠠᠮ ᠳᠤ ᠪᠠᠨ ᠠᠮᠢ ᠨᠠᠰᠤᠨ ᠤ ᠠᠶᠤᠯ ᠲᠦᠭᠰᠢᠭᠦᠷᠢ | ᠭᠠᠷᠬᠤ ᠪᠣᠯᠣᠮᠵᠢ ᠲᠠᠢ ᠪᠠᠴᠢᠮ ᠲᠦᠭᠰᠢᠭᠦᠷᠢᠲᠡᠢ ᠬᠦᠨᠳᠦ ᠡᠪᠡᠳᠴᠢᠲᠡᠨ ᠢ ᠤᠷᠢᠳ ᠢᠶᠠᠷ ᠲᠤᠬᠠᠢ ᠶᠢᠨ ᠭᠠᠵᠠᠷ ᠲᠤ ᠨᠢ ᠲᠦᠷᠭᠡᠨ ᠠᠪᠤᠷᠠᠵᠤ᠂ ᠡᠮᠴᠢᠯᠡᠨ ᠵᠠᠰᠠᠵᠦ᠂ | ᠴᠢᠬᠤᠯᠠ ᠪᠦᠬᠦᠢ ᠵᠠᠰᠠᠯᠲᠠ ᠬᠢᠭᠰᠡᠨ ᠤ ᠳᠠᠷᠠᠭ᠎ᠠ ᠰᠠᠶ᠋ᠢ ᠬᠠᠷᠠᠭᠠᠯᠵᠠᠨ ᠬᠠᠮᠠᠭᠠᠯᠠᠭᠰᠠᠨ ᠤᠷᠢᠳᠠᠯ ᠳᠣᠣᠷ᠎ᠠ ᠰᠢᠯᠵᠢᠭᠦᠯᠦᠨ ᠵᠥᠭᠡᠭᠡᠨ᠎ᠡ᠃ | ︵2︶ ᠰᠢᠯᠵᠢᠭᠦᠯᠦᠨ ᠵᠥᠭᠡᠭᠡᠬᠦ ᠺᠠᠷᠲ ᠢ ᠬᠢᠨᠠᠮᠠᠭᠠᠢ ᠲᠠᠭᠯᠠᠵᠤ ᠬᠦᠯᠢᠶᠡᠨ ᠠᠪᠬᠤ ᠡᠮᠴᠢᠯᠡᠭᠡᠨ ᠤ ᠪᠠᠶᠢᠭᠤᠯᠤᠮᠵᠢ ᠳᠤ ᠲᠤᠰᠢᠶᠠᠨ ᠥᠭᠬᠦ ᠶᠢᠨ ᠬᠠᠮᠲᠤ | ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠵᠢᠯᠣᠭᠤᠳᠬᠤ ᠭᠠᠵᠠᠷ ᠲᠤ ᠮᠡᠳᠡᠭᠦᠯᠵᠦ ᠬᠤᠷᠢᠶᠠᠩᠭᠤᠶᠢᠯᠠᠭᠤᠯᠤᠨ᠎ᠠ᠃ | | ︵3︶ ᠰᠢᠯᠵᠢᠭᠦᠯᠦᠨ ᠵᠥᠭᠡᠭᠡᠬᠦ ᠶᠠᠪᠤᠴᠠ ᠳᠤ ᠡᠮᠴᠢ ᠰᠤᠪᠢᠯᠠᠭᠴᠢ ᠨᠠᠷ ᠡᠮᠴᠢᠯᠡᠭᠡᠨ ᠤ ᠴᠢᠩᠭᠡᠯᠢᠭ ᠲᠤ ᠰᠢᠷᠬᠠᠲᠠᠨ ᠡᠪᠡᠳᠴᠢᠲᠡᠨ ᠤ ᠡᠪᠡᠳᠴᠢᠨ ᠤ | ᠪᠠᠶᠢᠳᠠᠯ ᠤᠨ ᠬᠤᠪᠢᠷᠠᠯᠲᠠ ᠶᠢ ᠡᠷᠬᠡᠪᠰᠢ ᠨᠢᠭᠲᠠ ᠠᠵᠢᠶᠠᠷᠠᠬᠤ ᠶᠢᠨ ᠬᠠᠮᠲᠤ ᠡᠮᠴᠢᠯᠡᠭᠡ ᠵᠠᠰᠠᠯᠲᠠ ᠶᠢᠨ ᠦᠷᠭᠦᠯᠵᠢᠯᠡᠨ ᠶᠠᠪᠤᠭᠳᠠᠬᠤ ᠶᠢ ᠦᠨᠡᠨ ᠬᠦ ᠪᠠᠲᠤᠯᠠᠨ᠎ᠠ᠃ | ︵4︶ ᠰᠢᠯᠵᠢᠭᠦᠯᠦᠨ ᠵᠥᠭᠡᠭᠡᠬᠦ ᠶᠠᠪᠤᠴᠠ ᠳᠤ ᠰᠢᠨᠵᠢᠯᠡᠬᠦ ᠤᠬᠠᠭᠠᠨᠴᠢ ᠪᠠᠷ ᠡᠪᠲᠡᠢ ᠵᠥᠭᠡᠭᠡᠪᠦᠷᠢᠯᠡᠵᠦ᠂ ᠬᠤᠶᠠᠳᠠᠬᠢ ᠤᠳᠠᠭᠠᠨ ᠤ ᠭᠡᠮᠲᠤᠯ ᠭᠠᠷᠬᠤ ᠠᠴᠠ | ᠵᠠᠶᠢᠯᠠᠰᠭᠢᠬᠦ ᠬᠡᠷᠡᠭᠲᠡᠢ᠃ | ︵5︶ ᠰᠢᠷᠬᠠᠲᠠᠨ ᠡᠪᠡᠳᠴᠢᠲᠡᠨ ᠢ ᠵᠣᠬᠢᠰᠲᠠᠢ ᠰᠠᠯᠭᠠᠨ ᠲᠣᠬᠢᠷᠠᠭᠤᠯᠬᠤ ᠪᠤᠶᠤ ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ | ᠲᠤᠰᠠᠯᠠᠬᠤ ᠠᠵᠢᠯ ᠤᠨ ᠵᠢᠯᠣᠭᠤᠳᠬᠤ ᠭᠠᠵᠠᠷ ᠤᠨ ᠨᠡᠷ᠎ᠡ ᠵᠢᠭᠠᠭᠰᠠᠨ ᠴᠡᠭ ᠢᠶᠠᠷ ᠰᠢᠯᠵᠢᠭᠦᠯᠦᠨ ᠵᠥᠭᠡᠭᠡᠵᠦ᠂ ᠶᠠᠮᠠᠷᠪᠠ ᠡᠮᠴᠢᠯᠡᠭᠡᠨ ᠤ ᠪᠠᠶᠢᠭᠤᠯᠤᠮᠵᠢ ᠭᠡᠳ ᠶᠠᠮᠠᠷ | ᠨᠢᠭᠡᠨ ᠰᠢᠯᠲᠠᠭᠠᠨ ᠢᠶᠠᠷ ᠰᠢᠷᠬᠠᠲᠠᠨ ᠡᠪᠡᠳᠴᠢᠲᠡᠨ ᠢ ᠬᠦᠯᠢᠶᠡᠨ ᠠᠪᠬᠤ ᠪᠠ ᠡᠮᠴᠢᠯᠡᠬᠦ ᠶᠢ ᠲᠡᠪᠴᠢᠵᠦ ᠪᠣᠯᠬᠤ ᠦᠭᠡᠢ᠃ | 4.3 ᠣᠶᠣᠨ ᠮᠡᠳᠡᠷᠡᠯ ᠤᠨ ᠡᠷᠡᠭᠦᠯ ᠬᠠᠮᠠᠭᠠᠯᠠᠯ᠂ ᠡᠪᠡᠳᠴᠢᠨ ᠡᠮᠬᠡᠭ ᠢ ᠰᠡᠷᠭᠡᠶᠢᠯᠡᠨ ᠬᠤᠷᠢᠭᠯᠠᠬᠤ ᠪᠠ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠠᠵᠢᠯ | ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠤᠭᠰᠠᠨ ᠤ ᠳᠠᠷᠠᠭ᠎ᠠ᠂ ᠬᠤᠯᠪᠣᠭᠳᠠᠯ ᠪᠦᠬᠦᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠨᠢ ᠪᠠᠶᠢᠳᠠᠯ ᠢ ᠦᠨᠳᠦᠰᠦᠯᠡᠨ ᠣᠶᠣᠨ ᠮᠡᠳᠡᠷᠡᠯ ᠤᠨ ᠡᠷᠡᠭᠦᠯ ᠬᠠᠮᠠᠭᠠᠯᠠᠯ᠂ ᠡᠪᠡᠳᠴᠢᠨ ᠡᠮᠬᠡᠭ ᠢ ᠰᠡᠷᠭᠡᠶᠢᠯᠡᠨ ᠬᠤᠷᠢᠭᠯᠠᠬᠤ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠬᠢᠨᠠᠯᠲᠠ ᠲᠠᠯᠪᠢᠬᠤ ᠵᠡᠷᠭᠡ ᠬᠤᠯᠪᠣᠭᠳᠠᠯ ᠪᠦᠬᠦᠢ ᠲᠤᠰᠬᠠᠢ ᠪᠠᠶᠢᠭᠤᠯᠤᠮᠵᠢ ᠪᠠ ᠠᠵᠢᠯᠲᠠᠨ ᠢ ᠵᠣᠬᠢᠶᠠᠨ ᠪᠠᠶᠢᠭᠤᠯᠵᠤ᠂ ᠰᠡᠳᠭᠢᠴᠡ ᠶᠢᠨ | ᠬᠢᠮᠤᠷᠠᠯ ᠢ ᠵᠢᠯᠣᠭᠤᠳᠤᠨ ᠨᠥᠯᠥᠭᠡᠯᠡᠬᠦ᠂ ᠡᠷᠡᠭᠦᠯ ᠬᠠᠮᠠᠭᠠᠯᠠᠯ ᠤᠨ ᠤᠬᠠᠭᠠᠨ ᠤ ᠪᠠᠶᠢᠴᠠᠭᠠᠯᠲᠠ ᠪᠠ ᠦᠨᠡᠯᠡᠯᠲᠡ ᠬᠢᠬᠦ᠂ ᠡᠷᠡᠭᠦᠯ ᠬᠠᠮᠠᠭᠠᠯᠠᠯ ᠤᠨ ᠬᠠᠥᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠵᠡᠷᠭᠡ ᠠᠵᠢᠯ ᠢ ᠥᠷᠨᠢᠭᠦᠯᠵᠦ᠂ ᠪᠦᠲᠦᠮᠵᠢᠲᠡᠢ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠶᠢ ᠠᠪᠴᠤ᠂ ᠡᠯ᠎ᠡ | ᠲᠥᠷᠥᠯ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠠᠴᠠ ᠪᠣᠯᠣᠭᠰᠠᠨ ᠳᠠᠭᠠᠯᠲᠠ ᠪᠤᠶᠤ ᠡᠭᠦᠰᠦᠮᠡᠯ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠭᠡᠨᠡᠳᠲᠡ ᠶᠢᠨ ᠬᠡᠷᠡᠭ ᠭᠠᠷᠬᠤ ᠶᠢ ᠰᠡᠷᠭᠡᠶᠢᠯᠡᠵᠦ᠂ ᠶᠡᠭᠡ ᠭᠠᠮᠰᠢᠭ ᠤᠨ ᠳᠠᠷᠠᠭ᠎ᠠ ᠶᠡᠭᠡ ᠬᠢᠵᠢᠭ ᠡᠪᠡᠳᠴᠢᠨ ᠳᠡᠯᠭᠡᠷᠡᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ | ᠬᠡᠷᠡᠭᠲᠡᠢ᠃ | 4.4 ᠮᠡᠳᠡᠭᠡ ᠵᠠᠩᠬᠢ ᠶᠢ ᠮᠡᠳᠡᠭᠦᠯᠬᠦ ᠪᠠ ᠨᠡᠶᠢᠲᠡᠯᠡᠬᠦ | ᠡᠮᠴᠢᠯᠡᠭᠡᠨ ᠤ ᠲᠦᠷᠭᠡᠨ ᠠᠪᠤᠷᠠᠯᠳᠠ ᠶᠢᠨ ᠲᠥᠪ ︵ᠥᠷᠳᠡᠭᠡ︶ ᠪᠠ ᠪᠤᠰᠤᠳ ᠡᠮᠴᠢᠯᠡᠭᠡᠨ ᠤ ᠪᠠᠶᠢᠭᠤᠯᠤᠮᠵᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ | ᠭᠠᠷᠤᠭᠰᠠᠨ ᠮᠡᠳᠡᠭᠦᠯᠦᠯᠲᠡ ᠶᠢ ᠲᠣᠰᠣᠭᠰᠠᠨ ᠤ ᠳᠠᠷᠠᠭ᠎ᠠ᠂ ᠳᠠᠷᠤᠢ ᠲᠦᠷᠭᠡᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠥᠷᠨᠢᠭᠦᠯᠬᠦ ᠶᠢᠨ | ᠬᠠᠮᠲᠤ᠂ ᠬᠥᠮᠥᠨ ᠬᠠᠷ᠎ᠠ ᠦᠬᠦᠵᠦ ᠰᠢᠷᠬᠠᠲᠤᠭᠰᠠᠨ᠂ ᠲᠦᠷᠭᠡᠨ ᠠᠪᠤᠷᠠᠭᠰᠠᠨ ᠵᠠᠷᠭᠡ ᠪᠠᠶᠢᠳᠠᠯ ᠢ ᠳᠠᠷᠦ᠋ᠬᠠᠨ ᠬᠡᠷᠡᠭ ᠭᠠᠷᠤᠭᠰᠠᠨ ᠭᠠᠵᠠᠷ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠭᠡᠨᠡᠳᠲᠡ ᠶᠢᠨ | ᠬᠡᠷᠡᠭ ᠢ ᠠᠷᠭᠠᠴᠠᠬᠤ ᠪᠠᠷ ᠪᠠᠶᠢᠭᠤᠯᠤᠭᠰᠠᠨ ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠵᠢᠯᠤᠭᠤᠳᠬᠤ | ᠭᠠᠵᠠᠷ ᠲᠤ ᠮᠡᠳᠡᠭᠦᠯᠦᠨ᠎ᠡ᠃ | ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠵᠢᠯᠣᠭᠤᠳᠬᠤ ᠭᠠᠵᠠᠷ ᠠᠴᠠ ᠡᠮᠴᠢᠯᠡᠭᠡ ᠡᠷᠡᠭᠦᠯ | ᠬᠠᠮᠠᠭᠠᠯᠠᠯ ᠤᠨ ᠠᠪᠤᠷᠠᠨ ᠲᠤᠰᠠᠯᠠᠬᠤ ᠡᠭᠦᠷᠭᠡ ᠶᠢ ᠳᠠᠭᠠᠭᠠᠨ ᠡᠭᠦᠷᠬᠡᠯᠡᠭᠰᠡᠨ ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶ᠎ᠠ ᠪᠦᠬᠦᠢ ᠲᠤᠭ᠎ᠠ ᠪᠠᠷᠢᠮᠲᠠ ᠶᠢ | ᠬᠤᠷᠢᠶᠠᠩᠭᠤᠶᠢᠯᠠᠨ᠂ ᠡᠳᠦᠷ ᠪᠦᠷᠢ ᠳᠡᠭᠡᠳᠦ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠰᠢᠷᠬᠠᠲᠠᠨ | ᠡᠪᠡᠳᠴᠢᠲᠡᠨ ᠤ ᠪᠠᠶᠢᠳᠠᠯ᠂ ᠡᠮᠴᠢᠯᠡᠵᠦ ᠠᠪᠤᠷᠠᠨ ᠵᠠᠰᠠᠵᠤ ᠪᠠᠶᠢᠭ᠎ᠠ ᠠᠬᠢᠴᠠ ᠵᠡᠷᠭᠡ ᠶᠢ ᠮᠡᠳᠡᠭᠦᠯᠵᠦ᠂ ᠴᠢᠬᠤᠯᠠ ᠪᠠᠶᠢᠳᠠᠯ ᠢ ᠴᠠᠭ ᠲᠤᠬᠠᠢ ᠳᠤ ᠨᠢ ᠮᠡᠳᠡᠭᠦᠯᠦᠨ᠎ᠡ᠃ | ᠮᠡᠳᠡᠭᠦᠯᠦᠯᠲᠡ ᠲᠣᠰᠣᠭᠰᠠᠨ ᠬᠤᠯᠪᠣᠭᠳᠠᠯ ᠪᠦᠬᠦᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠣᠰ ᠱᠠᠲᠤᠨ ᠤ | ᠠᠷᠠᠳ ᠤᠨ ᠵᠠᠰᠠᠭ ᠤᠨ ᠣᠷᠳᠣᠨ ᠪᠠ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠣᠭᠤᠳᠬᠤ ᠭᠠᠵᠠᠷ ᠲᠤ | ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠢ ᠳᠤ ᠨᠢ ᠮᠡᠳᠡᠭᠦᠯᠦᠨ᠎ᠡ᠃ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠨᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠵᠢᠯᠣᠭᠤᠳᠬᠤ ᠭᠠᠵᠠᠷ ᠤᠨ ᠨᠢᠭᠡᠳᠦᠯᠲᠡᠢ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ | ᠮᠡᠳᠡᠭᠡ ᠵᠠᠩᠬᠢ ᠶᠢ ᠨᠡᠶᠢᠲᠡᠯᠡᠬᠦ ᠠᠵᠢᠯ ᠢ ᠨᠢ ᠬᠠᠮᠵᠢᠯᠴᠠᠵᠤ ᠰᠠᠶᠢᠲᠤᠷ ᠬᠢᠨ᠎ᠡ᠃ | 4.5 ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠨ ᠳᠠᠭᠠᠬᠤ ᠶᠢ ᠳᠡᠰ ᠳᠡᠪᠰᠢᠭᠦᠯᠬᠦ ᠪᠠ ᠵᠣᠭᠰᠣᠭᠠᠬᠤ | ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠴᠠᠭ ᠮᠥᠴᠡ ᠶᠢ ᠳᠠᠭᠠᠯᠳᠤᠨ ᠤᠯᠠᠷᠢᠨ ᠬᠤᠪᠢᠰᠴᠤ᠂ ᠬᠦᠨᠳᠦ ᠨᠣᠴᠢ ᠶᠢᠨ ᠪᠠ ᠬᠥᠨᠥᠭᠡᠯ ᠤᠨ ᠬᠡᠮᠵᠢᠶ᠎ᠡ ᠴᠦ | ᠤᠯᠠᠮ ᠨᠢᠭᠡ ᠠᠯᠬᠤᠮ ᠰᠢᠷᠦᠭᠦᠰᠬᠦ ᠶᠢᠨ ᠬᠠᠮᠲᠤ ᠦᠷᠪᠢᠰᠦᠨ ᠳᠡᠯᠭᠡᠷᠡᠬᠦ ᠬᠠᠨᠳᠤᠰᠢ ᠢᠯᠡᠷᠡᠬᠦ ᠪᠤᠶᠤ ᠪᠠᠶᠢᠳᠠᠯ ᠨᠢ ᠪᠤᠳᠤᠯᠢᠶᠠᠨᠲᠠᠢ ᠪᠣᠯᠵᠤ ᠬᠤᠷᠢᠭᠯᠠᠬᠤ ᠳᠤ ᠪᠡᠷᠬᠡ | ᠪᠣᠯᠪᠠᠯ᠂ ᠬᠡᠷᠡᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠨᠢ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠣᠯᠠᠨ ᠨᠡᠶᠢᠲᠡ ᠶᠢᠨ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠤᠨ ᠵᠢᠯᠣᠭᠤᠳᠬᠤ ᠪᠠᠶᠢᠭᠤᠯᠤᠮᠵᠢ ᠳᠤ ᠳᠠᠷᠤᠢ ᠲᠦᠷᠭᠡᠨ ᠲᠤᠰᠬᠠᠵᠤ᠂ | ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠵᠡᠷᠭᠡ ᠳᠡᠰ ᠢ ᠴᠠᠭ ᠲᠤᠬᠠᠢ ᠳᠤ ᠨᠢ ᠳᠡᠭᠡᠭᠰᠢᠯᠡᠭᠦᠯᠬᠦ ᠬᠡᠷᠡᠭᠲᠡᠢ᠃ | ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠳᠠᠭᠤᠰᠴᠤ᠂ | ᠰᠢᠷᠬᠠᠲᠠᠨ ᠡᠪᠡᠳᠴᠢᠲᠡᠨ ᠡᠮᠴᠢᠯᠡᠭᠡᠨ ᠤ ᠪᠠᠶᠢᠭᠤᠯᠤᠮᠵᠢ ᠳᠤ ᠪᠦᠲᠦᠮᠵᠢᠲᠡᠢ ᠠᠪᠤᠷᠠᠨ ᠵᠠᠰᠠᠯᠲᠠ ᠶᠢ ᠬᠦᠯᠢᠶᠡᠵᠤ᠂ ᠲᠣᠰ ᠱᠠᠲᠤᠨ ᠤ ᠠᠷᠠᠳ ᠤᠨ ᠵᠠᠰᠠᠭ ᠤᠨ | ᠣᠷᠳᠣᠨ᠂ ᠠᠳᠠᠯᠢ ᠱᠠᠲᠤᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠣᠭᠤᠳᠬᠤ ᠪᠠᠶᠢᠭᠤᠯᠤᠮᠵᠢ ᠪᠤᠶᠤ | ᠠᠳᠠᠯᠢ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ᠂ ᠡᠮᠴᠢᠯᠡᠭᠡ ᠡᠷᠡᠭᠦᠯ ᠬᠠᠮᠠᠭᠠᠯᠠᠯ ᠤᠨ | ᠠᠪᠤᠷᠠᠨ ᠲᠤᠰᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠨᠢ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠨ | ᠳᠠᠭᠠᠬᠤ ᠠᠵᠢᠯᠯᠠᠭ᠎ᠠ ᠳᠠᠭᠤᠰᠤᠭᠰᠠᠨ ᠢ ᠨᠡᠶᠢᠲᠡᠯᠡᠵᠦ ᠪᠣᠯᠬᠤ ᠶᠢᠨ ᠬᠠᠮᠲᠤ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ | ᠠᠷᠭᠠᠴᠠᠭᠠᠨ ᠳᠠᠭᠠᠬᠤ ᠠᠵᠢᠯᠯᠠᠭ᠎ᠠ ᠶᠢ ᠵᠣᠭᠰᠣᠭᠠᠭᠰᠠᠨ ᠮᠡᠳᠡᠭᠡ ᠵᠠᠩᠬᠢ ᠶᠢ ᠳᠡᠭᠡᠳᠦ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠲᠤ ᠮᠡᠳᠡᠭᠦᠯᠦᠨ᠎ᠡ᠃ | 5 ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠲᠤᠯᠠᠭ᠎ᠠ | ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠪᠠᠶᠢᠭᠤᠯᠤᠮᠵᠢ ᠪᠠ ᠡᠩᠨᠡᠭᠡᠨ ᠤ | ᠪᠠᠶᠢᠭᠤᠯᠤᠯᠲᠠ ᠪᠣᠯ ᠤᠯᠤᠰ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠢ ᠰᠡᠷᠭᠡᠶᠢᠯᠡᠨ ᠬᠤᠷᠢᠭᠯᠠᠬᠤ ᠲᠣᠭᠲᠠᠯᠴᠠᠭᠠᠨ ᠤ ᠪᠠᠶᠢᠭᠤᠯᠤᠯᠲᠠ ᠶᠢᠨ ᠴᠢᠬᠤᠯᠠ | ᠪᠦᠷᠢᠯᠳᠦᠭᠦᠨ ᠬᠡᠰᠡᠭ ᠪᠠᠶᠢᠵᠤ᠂ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠠᠨᠳᠤ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ︽ ᠡᠩ ᠤᠨ ᠦᠶ᠎ᠡ ᠪᠠ | ᠪᠠᠴᠢᠮ ᠦᠶ᠎ᠡ ᠶᠢ ᠤᠶᠠᠯᠳᠤᠭᠤᠯᠵᠤ᠂ ᠰᠢᠨᠲᠠᠷᠠᠰᠢ ᠦᠭᠡᠢ ᠪᠠᠶᠢᠩᠭᠤ ᠪᠡᠯᠡᠳᠭᠡᠬᠦ︾ ᠵᠠᠷᠴᠢᠮ ᠢ ᠵᠢᠷᠤᠮᠯᠠᠨ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ | ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠠᠵᠢᠯ ᠤᠨ ᠵᠣᠬᠢᠶᠠᠨ ᠪᠠᠶᠢᠭᠤᠯᠤᠯᠲᠠ ᠪᠠ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ | ᠡᠮᠴᠢᠯᠡᠭᠡ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠶᠢ ᠪᠠᠶᠢᠭᠤᠯᠵᠤ᠂ ᠡᠯ᠎ᠡ ᠵᠦᠢᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ | ᠲᠤᠰᠠᠯᠠᠬᠤ ᠮᠡᠷᠭᠡᠵᠢᠯ ᠤᠨ ᠲᠥᠰᠥᠯ ᠢ ᠲᠣᠭᠲᠠᠭᠠᠵᠤ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ | ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ | 5.1 ᠮᠡᠳᠡᠭᠡ ᠵᠠᠩᠬᠢ ᠶᠢᠨ ᠰᠢᠰᠲ᠋ᠧᠮ ᠤᠨ ᠪᠠᠲᠤᠯᠠᠭ᠎ᠠ | ᠣᠳᠣᠬᠢ ᠪᠠᠶᠢᠭ᠎ᠠ ᠡᠬᠢ ᠪᠠᠶᠠᠯᠢᠭ ᠢ ᠠᠰᠢᠭᠯᠠᠭᠰᠠᠨ ᠰᠠᠭᠤᠷᠢᠨ ᠳᠡᠭᠡᠷ᠎ᠡ᠂ ᠮᠡᠳᠡᠭᠡ ᠵᠠᠩᠬᠢᠴᠢᠯᠠᠯᠲᠠ ᠶᠢᠨ ᠮᠡᠷᠭᠡᠵᠢᠯ ᠢ ᠭᠦᠢᠴᠡᠳ ᠬᠡᠷᠡᠭᠯᠡᠵᠦ᠂ ᠥᠨᠳᠥᠷ | ᠪᠦᠲᠦᠮᠵᠢᠲᠡᠢ ᠪᠥᠭᠡᠳ ᠨᠢᠭᠡᠳᠦᠯᠲᠡᠢ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠭᠠᠵᠤ ᠵᠢᠯᠣᠭᠤᠳᠤᠨ ᠲᠣᠬᠢᠷᠠᠭᠤᠯᠬᠤ ᠮᠡᠳᠡᠭᠡ ᠵᠠᠩᠬᠢ ᠶᠢᠨ ᠰᠢᠰᠲ᠋ᠧᠮ ᠢ ᠪᠠᠶᠢᠭᠤᠯᠵᠤ | ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠠᠨᠠᠭᠠᠬᠤ ᠤᠬᠠᠭᠠᠨ ᠤ ᠪᠠᠴᠢᠮ ᠠᠪᠤᠷᠠᠨ ᠲᠤᠰᠠᠯᠠᠬᠤ ᠬᠠᠮᠢᠶ᠎ᠠ ᠪᠦᠬᠦᠢ ᠮᠡᠳᠡᠭᠡ ᠵᠠᠩᠬᠢ ᠶᠢ ᠴᠠᠭ ᠲᠤᠬᠠᠢ ᠳᠤ ᠨᠢ ᠂ | ᠣᠨᠣᠪᠴᠢᠲᠠᠢ ᠡᠵᠡᠮᠰᠢᠨ᠂ ᠲᠡᠷᠡ ᠳᠠᠷᠤᠢ ᠪᠠᠴᠢᠮ ᠪᠠᠶᠢᠳᠠᠯ ᠢ ᠠᠷᠭᠠᠴᠠᠭᠠᠨ ᠳᠠᠭᠠᠬᠤ ᠠᠵᠢᠯᠯᠠᠭ᠎ᠠ ᠶᠢ ᠡᠬᠢᠯᠡᠭᠦᠯᠦᠨ᠎ᠡ︔ ᠡᠮᠴᠢᠯᠡᠭᠡᠨ ᠤ ᠪᠠᠶᠢᠭᠤᠯᠤᠮᠵᠢ ᠪᠠ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠤᠭᠤᠷᠣ ᠬᠤᠭᠤᠷᠣᠨᠳᠤ ᠪᠠᠨ ᠵᠢᠴᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠬᠤᠭᠤᠷᠣ ᠬᠤᠭᠤᠷᠣᠨᠳᠤ ᠪᠠᠨ ᠮᠡᠳᠡᠭᠡ ᠵᠠᠩᠬᠢ ᠶᠢ ᠬᠠᠮᠲᠤ ᠳᠤ ᠪᠠᠨ ᠬᠦᠷᠲᠡᠵᠦ᠂ ᠵᠠᠷᠯᠢᠭ | ᠵᠢᠭᠠᠪᠤᠷᠢ ᠨᠢ ᠲᠣᠳᠣᠷᠬᠠᠢ᠂ ᠰᠢᠰᠲ᠋ᠧᠮ ᠨᠢ ᠡᠮᠬᠢ ᠵᠢᠷᠤᠮ ᠲᠠᠢ᠂ ᠬᠡᠰᠡᠭ ᠵᠤᠷᠪᠤᠰ ᠨᠢ ᠨᠡᠪᠲᠡᠷᠡᠯᠴᠡᠭᠰᠡᠨ᠂ ᠬᠡᠷᠡᠭᠵᠢᠭᠦᠯᠦᠯᠲᠡ ᠨᠢ ᠬᠦᠴᠦᠲᠡᠢ ᠪᠠᠶᠢᠬᠤ ᠶᠢ ᠦᠨᠡᠨ ᠬᠦ | ᠪᠠᠲᠤᠯᠠᠨ᠎ᠠ᠃ | 5.2 ᠲᠦᠷᠭᠡᠨ ᠠᠪᠤᠷᠠᠯᠳᠠ ᠶᠢᠨ ᠪᠠᠶᠢᠭᠤᠯᠤᠮᠵᠢ ᠶᠢᠨ ᠪᠠᠲᠤᠯᠠᠭ᠎ᠠ | ︽ ᠲᠦᠷᠭᠡᠨ ᠠᠪᠤᠷᠠᠯᠳᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ︾ ᠪᠠ ︽ ᠡᠮᠨᠡᠯᠭᠡ ᠶᠢᠨ ᠬᠤᠷᠢᠶᠠᠨ ᠳᠤ ᠣᠷᠣᠬᠤ ᠠᠴᠠ ᠡᠮᠦᠨᠡᠬᠢ | ᠡᠮᠴᠢᠯᠡᠭᠡᠨ ᠤ ᠲᠦᠷᠭᠡᠨ ᠠᠪᠤᠷᠠᠬᠤ ᠬᠠᠮᠢᠶᠠᠷᠤᠯᠲᠠ ᠶᠢᠨ ᠠᠷᠭ᠎ᠠ︾ ᠶᠣᠰᠣᠭᠠᠷ ᠥᠪᠡᠷᠲᠡᠭᠡᠨ ᠵᠠᠰᠠᠬᠤ ᠣᠷᠣᠨ ᠤ ᠲᠥᠪ ᠤᠨ ᠪᠠᠶᠢᠭ᠎ᠠ ᠭᠠᠵᠠᠷ ᠦᠢᠯᠡᠴᠢᠯᠡᠬᠦ ᠬᠥᠮᠥᠨ | ᠠᠮᠠ ᠶᠢᠨ ᠲᠤᠭ᠎ᠠ ᠪᠠ ᠡᠮᠴᠢᠯᠡᠵᠦ ᠠᠪᠤᠷᠠᠨ ᠵᠠᠰᠠᠬᠤ ᠬᠡᠷᠡᠭᠴᠡᠭᠡ ᠪᠠᠨ ᠦᠨᠳᠦᠰᠦᠯᠡᠵᠦ᠂ ᠵᠣᠬᠢᠬᠤ ᠬᠡᠪᠴᠢᠶ᠎ᠡ ᠲᠠᠢ ᠡᠮᠴᠢᠯᠡᠭᠡᠨ ᠤ ᠲᠦᠷᠭᠡᠨ ᠠᠪᠤᠷᠠᠯᠳᠠ ᠶᠢᠨ | ᠲᠥᠪ ᠢ 1 ᠪᠠᠶᠢᠭᠤᠯᠬᠤ ᠶᠢᠨ ᠬᠠᠮᠲᠤ᠂ ᠲᠦᠷᠭᠡᠨ ᠠᠪᠤᠷᠠᠯᠳᠠ ᠶᠢᠨ ᠲᠣᠣᠷ ᠰᠦᠯᠵᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ︔ ᠪᠤᠰᠤᠳ ᠠᠶᠢᠮᠠᠭ | ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠶᠡᠷᠦᠩᠬᠡᠶᠢᠯᠡᠭᠰᠡᠨ ᠬᠦᠴᠦᠨ ᠢᠶᠠᠷ ᠨᠡᠯᠢᠶᠡᠳ ᠴᠢᠩᠭ᠎ᠠ ᠡᠮᠴᠢᠯᠡᠭᠡᠨ ᠤ ᠪᠠᠶᠢᠭᠤᠯᠤᠮᠵᠢ ᠳᠤ ᠲᠦᠰᠢᠭᠯᠡᠨ᠂ | ᠵᠣᠬᠢᠬᠤ ᠬᠡᠪᠴᠢᠶ᠎ᠡ ᠲᠠᠢ ᠲᠦᠷᠭᠡᠨ ᠠᠪᠤᠷᠠᠯᠳᠠ ᠶᠢᠨ ᠪᠠᠶᠢᠭᠤᠯᠤᠮᠵᠢ ᠶᠢ ᠪᠠᠶᠢᠭᠤᠯᠬᠤ ᠬᠡᠷᠡᠭᠲᠡᠢ᠃ | 5.3 ᠬᠢᠮᠢ ᠶᠢᠨ ᠬᠤᠣᠷᠳᠠᠯ᠂ ᠴᠥᠮ᠎ᠡ ᠪᠠ ᠰᠠᠴᠤᠷᠠᠭ ᠤᠨ ᠡᠮᠴᠢᠯᠡᠭᠡᠨ ᠤ ᠠᠪᠤᠷᠠᠨ ᠵᠠᠰᠠᠬᠤ ᠪᠠᠶᠢᠭᠤᠯᠤᠮᠵᠢ ᠶᠢᠨ ᠪᠠᠲᠤᠯᠠᠭ᠎ᠠ | ᠤᠯᠤᠰ ᠤᠨ ᠨᠢᠭᠡᠳᠦᠯᠲᠡᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠵᠦ᠂ ︽ ᠡᠩ ᠤᠨ ᠦᠶ᠎ᠡ ᠪᠠ ᠪᠠᠴᠢᠮ ᠦᠶ᠎ᠡ ᠶᠢ ᠤᠶᠠᠯᠳᠤᠭᠤᠯᠬᠤ︾ | ᠵᠠᠷᠴᠢᠮ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠪᠤᠭᠤᠲᠤ ᠬᠤᠲᠠ ᠶᠢᠨ ᠬᠠᠪᠤᠳᠠᠷ ᠤᠨ ᠡᠮᠨᠡᠯᠭᠡ ᠶᠢᠨ | ᠬᠤᠷᠢᠶᠠᠨ ᠳᠤ ᠥᠪᠡᠷᠲᠡᠭᠡᠨ ᠵᠠᠰᠠᠬᠤ ᠣᠷᠣᠨ ᠤ ᠱᠠᠲᠤᠨ ᠤ ᠴᠥᠮ᠎ᠡ ᠪᠠ ᠰᠠᠴᠤᠷᠠᠭ ᠤᠨ ᠡᠮᠴᠢᠯᠡᠭᠡᠨ ᠤ ᠠᠪᠤᠷᠠᠨ ᠵᠠᠰᠠᠬᠤ ᠲᠤᠰᠬᠠᠢ ᠪᠠᠶᠢᠭᠤᠯᠤᠮᠵᠢ ᠪᠠ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠩᠬᠢ ᠶᠢ ᠲᠣᠬᠢᠷᠠᠭᠤᠯᠤᠨ᠎ᠠ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠳᠥᠷᠪᠡᠳᠦᠭᠡᠷ | ᠡᠮᠨᠡᠯᠭᠡ ᠶᠢᠨ ᠬᠤᠷᠢᠶᠠᠨ ᠳᠤ ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠢᠮᠢ ᠶᠢᠨ ᠬᠤᠣᠷᠳᠠᠯ ᠤᠨ ᠡᠮᠴᠢᠯᠡᠭᠡᠨ ᠤ ᠠᠪᠤᠷᠠᠨ ᠵᠠᠰᠠᠬᠤ ᠰᠠᠭᠤᠷᠢᠨ ᠭᠠᠵᠠᠷ ᠪᠠ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠩᠬᠢ ᠲᠣᠬᠢᠷᠠᠭᠤᠯᠤᠨ᠎ᠠ᠃ ᠪᠤᠰᠤᠳ ᠭᠠᠵᠠᠷ ᠣᠷᠣᠨ ᠨᠢ ᠪᠣᠳᠠᠲᠤ ᠬᠦᠴᠦᠨ ᠢᠶᠠᠷ ᠨᠡᠯᠢᠶᠡᠳ ᠴᠢᠩᠭ᠎ᠠ | ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠳᠤ ᠲᠦᠰᠢᠭᠯᠡᠵᠦ ᠬᠢᠮᠢ ᠶᠢᠨ ᠬᠤᠣᠷᠳᠠᠯ᠂ ᠴᠥᠮ᠎ᠡ ᠪᠠ ᠰᠠᠴᠤᠷᠠᠭ ᠤᠨ ᠪᠠᠴᠢᠮ ᠪᠠᠶᠢᠳᠠᠯ ᠢ ᠠᠷᠭᠠᠴᠠᠭᠠᠬᠤ ᠡᠮᠴᠢᠯᠡᠭᠡᠨ ᠤ | ᠠᠪᠤᠷᠠᠨ ᠵᠠᠰᠠᠬᠤ ᠲᠤᠰᠬᠠᠢ ᠰᠠᠯᠠᠭ᠎ᠠ ᠲᠠᠰᠤᠭ ᠪᠠᠶᠢᠭᠤᠯᠬᠤ ᠬᠡᠷᠡᠭᠲᠡᠢ᠃ | 5.4 ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠩᠬᠢ ᠶᠢᠨ ᠪᠠᠲᠤᠯᠠᠭ᠎ᠠ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠨᠠᠭᠠᠬᠤ ᠤᠬᠠᠭᠠᠨ ᠤ | ᠪᠠᠴᠢᠮ ᠠᠪᠤᠷᠠᠨ ᠲᠤᠰᠠᠯᠠᠬᠤ ᠠᠩᠬᠢ ᠶᠢ 4 ᠲᠣᠬᠢᠷᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ᠂ | ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠣᠯᠠᠨ ᠤᠯᠤᠰ ᠤᠨ ᠮᠣᠩᠭᠤᠯ ᠠᠨᠠᠭᠠᠬᠤ ᠤᠬᠠᠭᠠᠨ ᠤ ᠡᠮᠨᠡᠯᠭᠡ ᠶᠢᠨ ᠬᠤᠷᠢᠶ᠎ᠠ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ | ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶᠠᠨ ᠳᠤ ᠲᠣᠰ ᠲᠣᠰ ᠲᠣᠬᠢᠷᠠᠭᠤᠯᠤᠨ᠎ᠠ︔ ᠰᠡᠳᠭᠢᠴᠡ ᠶᠢᠨ ᠬᠢᠮᠤᠷᠠᠯ ᠢ ᠵᠢᠯᠣᠭᠤᠳᠤᠨ ᠨᠥᠯᠥᠭᠡᠯᠡᠬᠦ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠩᠬᠢ ᠶᠢ 1 ᠲᠣᠬᠢᠷᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠣᠨ ᠮᠡᠳᠡᠷᠡᠯ ᠤᠨ ᠡᠷᠡᠭᠦᠯ | ᠬᠠᠮᠠᠭᠠᠯᠠᠯ ᠤᠨ ᠲᠥᠪ ᠲᠤ ᠲᠣᠬᠢᠷᠠᠭᠤᠯᠤᠨ᠎ᠠ︔ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠩᠬᠢ ᠶᠢ 1 | ᠲᠣᠬᠢᠷᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠬᠢᠨᠠᠯᠲᠠ ᠲᠠᠯᠪᠢᠬᠤ | ᠪᠠᠲᠤᠯᠠᠭᠠᠨ ᠤ ᠲᠥᠪ ᠲᠤ ᠲᠣᠬᠢᠷᠠᠭᠤᠯᠤᠨ᠎ᠠ︔ ᠭᠡᠨᠡᠳᠲᠡ ᠶᠢᠨ ᠲᠦᠷᠭᠡᠨ ᠴᠢᠨᠠᠷᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠤᠷᠢᠭᠯᠠᠬᠤ ᠠᠩᠬᠢ ᠶᠢ 1 | ᠲᠣᠬᠢᠷᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠡᠳᠴᠢᠨ ᠡᠮᠬᠡᠭ ᠢ ᠰᠡᠷᠭᠡᠶᠢᠯᠡᠨ ᠬᠤᠷᠢᠭᠯᠠᠬᠤ ᠶᠡᠷᠦᠩᠬᠡᠶᠢᠯᠡᠭᠰᠡᠨ ᠲᠥᠪ ᠲᠤ | ᠲᠣᠬᠢᠷᠠᠭᠤᠯᠤᠨ᠎ᠠ︔ ᠬᠢᠲᠠᠳ ᠠᠨᠠᠭᠠᠬᠤ ᠤᠬᠠᠭᠠᠨ ᠤ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠭᠠᠬᠤ ᠠᠩᠬᠢ ᠶᠢ 1 ᠲᠣᠬᠢᠷᠠᠭᠤᠯᠵᠤ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶᠠᠨ ᠳᠤ ᠲᠣᠬᠢᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠮᠴᠢᠯᠡᠭᠡᠨ ᠤ ᠪᠠᠴᠢᠮ | ᠪᠠᠶᠢᠳᠠᠯ ᠢ ᠠᠷᠭᠠᠴᠠᠭᠠᠬᠤ ᠠᠩᠬᠢ ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠬᠦᠨᠳᠦ ᠶᠡᠭᠡ ᠵᠢᠴᠢ ᠲᠡᠭᠦᠨ ᠠᠴᠠ ᠬᠦᠨᠳᠦ ᠣᠯᠠᠨ ᠨᠡᠶᠢᠲᠡ ᠶᠢᠨ | ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠪᠠ ᠣᠷᠣᠨ ᠤ ᠭᠠᠳᠠᠨᠠᠬᠢ ᠤᠯᠤᠰ ᠠᠴᠠ ᠲᠣᠬᠢᠷᠠᠭᠤᠯᠤᠨ ᠲᠣᠮᠢᠯᠠᠭᠰᠠᠨ | ᠳᠡᠮᠵᠢᠨ ᠲᠤᠰᠠᠯᠠᠬᠤ ᠠᠵᠢᠯᠯᠠᠭ᠎ᠠ ᠶᠢ ᠡᠭᠦᠷᠬᠡᠯᠡᠬᠦ ᠶᠢᠨ ᠬᠠᠮᠲᠤ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠢ ᠵᠢᠯᠣᠭᠤᠳᠴᠤ ᠪᠠᠶᠢᠭᠠᠳ | ᠨᠡᠯᠢᠶᠡᠳ ᠶᠡᠭᠡ ᠵᠢᠴᠢ ᠲᠡᠭᠦᠨ ᠠᠴᠠ ᠬᠥᠩᠭᠡᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ | ᠠᠵᠢᠯ ᠢ ᠰᠠᠶᠢᠲᠤᠷ ᠬᠢᠯᠭᠡᠨ᠎ᠡ᠃ | ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠶᠡᠷᠦᠩᠬᠡᠶᠢᠯᠡᠭᠰᠡᠨ | ᠴᠢᠨᠠᠷᠲᠠᠢ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠵᠢᠵᠢᠭ ᠬᠤᠪᠢᠶᠠᠷᠢ ᠠᠩᠬᠢ ︵ᠠᠶᠢᠮᠠᠭ ᠬᠤᠲᠠ ᠶᠢᠨ | ᠱᠠᠲᠤᠨ ᠤ ᠬᠢ 50 ᠬᠥᠮᠥᠨ ᠠᠴᠠ ᠳᠤᠲᠠᠭᠤ ᠪᠠᠶᠢᠯᠭᠠᠬᠤ ᠦᠭᠡᠢ᠂ ᠬᠤᠰᠢᠭᠤ ᠰᠢᠶᠠᠨ ᠤ ᠱᠠᠲᠤᠨ ᠤ ᠬᠢ 20 ᠬᠥᠮᠥᠨ ᠠᠴᠠ ᠳᠤᠲᠠᠭᠤ ᠪᠠᠶᠢᠯᠭᠠᠬᠤ ᠦᠭᠡᠢ︶ ᠶᠢ | ᠲᠣᠬᠢᠷᠠᠭᠤᠯᠬᠤ ᠶᠢᠨ ᠬᠠᠮᠲᠤ᠂ ᠲᠤᠬᠠᠢ ᠶᠢᠨ ᠭᠠᠵᠠᠷ ᠤᠨ ᠣᠨᠴᠠᠯᠢᠭ ᠢ ᠨᠢ ᠦᠨᠳᠦᠰᠦᠯᠡᠨ᠂ ᠣᠨᠴᠠᠭᠠᠢ ᠲᠤᠰᠬᠠᠢ ᠮᠡᠷᠭᠡᠵᠢᠯ ᠤᠨ ᠡᠮᠴᠢᠯᠡᠭᠡ ᠡᠷᠡᠭᠦᠯ ᠬᠠᠮᠠᠭᠠᠯᠠᠯ ᠤᠨ | ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠠᠩᠬᠢ ᠶᠢ ᠪᠠᠶᠢᠭᠤᠯᠤᠨ᠎ᠠ᠃ | ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠵᠢᠯᠲᠠᠨ ᠤ ᠬᠤᠪᠢᠷᠠᠯᠲᠠ ᠪᠠ ᠪᠣᠳᠠᠲᠠᠢ ᠪᠠᠨ | ᠦᠨᠳᠦᠰᠦᠯᠡᠵᠦ᠂ 3 ᠵᠢᠯ ᠪᠦᠷᠢ ᠨᠢᠭᠡ ᠤᠳᠠᠭ᠎ᠠ ᠡᠩᠨᠡᠭᠡ ᠶᠢᠨ ᠪᠦᠷᠢᠯᠳᠦᠭᠦᠨ ᠢᠶᠠᠨ ᠲᠣᠬᠢᠷᠠᠭᠤᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ | ᠡᠩᠨᠡᠭᠡᠨ ᠤ ᠲᠣᠭᠲᠠᠭᠤᠨ ᠪᠠᠶᠢᠬᠤ ᠶᠢ ᠪᠠᠲᠤᠯᠠᠬᠤ ᠶᠢᠨ ᠬᠠᠮᠲᠤ᠂ ᠬᠠᠮᠢᠶᠠᠷᠤᠯᠲᠠ ᠪᠠᠨ ᠴᠢᠩᠳᠠᠯᠠᠵᠤ᠂ ᠪᠣᠯᠪᠠᠰᠤᠷᠠᠯ ᠪᠠ ᠰᠣᠷᠢᠯᠲᠠ ᠶᠢ ᠲᠣᠭᠲᠠᠮᠠᠯ | ᠬᠤᠭᠤᠴᠠᠭ᠎ᠠ ᠲᠠᠢ ᠪᠠᠷ ᠥᠷᠨᠢᠭᠦᠯᠤᠨ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠵᠠᠰᠠᠬᠤ ᠴᠢᠳᠠᠪᠤᠷᠢ ᠪᠠᠨ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | 5.5 ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ | ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠭᠠᠬᠤ ᠠᠩᠬᠢ | ᠂ ᠪᠠᠲᠤᠯᠠᠭᠠᠨ ᠤ ᠪᠠᠶᠢᠭᠤᠯᠤᠮᠵᠢ ᠨᠢ ᠬᠤᠯᠪᠣᠭᠳᠠᠯ ᠪᠦᠬᠦᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢᠨ | ᠵᠢᠯᠣᠭᠤᠳᠬᠤ ᠭᠠᠵᠠᠷ ᠤᠨ ᠨᠢᠭᠡᠳᠦᠯᠲᠡᠢ ᠵᠢᠭᠠᠨ ᠵᠢᠯᠣᠭᠤᠳᠤᠯᠭ᠎ᠠ ᠲᠣᠬᠢᠷᠠᠭᠤᠯᠤᠯᠲᠠ ᠳᠣᠣᠷ᠎ᠠ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡ ᠡᠷᠡᠭᠦᠯ | ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠢᠳᠡᠪᠬᠢᠲᠡᠢ ᠥᠷᠨᠢᠭᠦᠯᠬᠦ ᠬᠡᠷᠡᠭᠲᠡᠢ︔ ᠡᠮᠴᠢᠯᠡᠭᠡᠨ ᠤ ᠪᠠᠴᠢᠮ ᠪᠠᠶᠢᠳᠠᠯ ᠢ | ᠠᠷᠭᠠᠴᠠᠭᠠᠬᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠪᠡᠯᠡᠳᠭᠡᠯ ᠲᠥᠰᠥᠯ ᠤᠨ ᠱᠠᠭᠠᠷᠳᠠᠯᠭ᠎ᠠ ᠶᠢ ᠦᠨᠳᠦᠰᠦᠯᠡᠵᠦ ᠲᠣᠰ ᠰᠠᠯᠠᠭ᠎ᠠ | ᠮᠥᠴᠢᠷ᠂ ᠲᠣᠰ ᠨᠢᠭᠡᠴᠢ ᠶᠢᠨ ᠣᠨ ᠤ ᠰᠣᠷᠢᠯᠲᠠ ᠶᠢᠨ ᠲᠥᠯᠥᠪᠯᠡᠭᠡ ᠪᠠᠨ ᠲᠣᠭᠲᠠᠭᠠᠵᠤ᠂ ᠰᠢᠷᠡᠭᠡᠨ ᠤ ᠰᠣᠷᠢᠯᠲᠠ ᠪᠤᠶᠤ ᠪᠣᠳᠠᠲᠤ ᠪᠠᠶᠢᠯᠳᠤᠭᠠᠨ ᠤ ᠰᠣᠷᠢᠯᠲᠠ᠂ | ᠬᠡᠰᠡᠭ ᠴᠢᠳᠠᠮᠵᠢ ᠶᠢᠨ ᠰᠣᠷᠢᠯᠲᠠ ᠪᠤᠶᠤ ᠪᠥᠬᠦ ᠲᠠᠯ᠎ᠠ ᠶᠢᠨ ᠰᠣᠷᠢᠯᠲᠠ ᠵᠡᠷᠭᠡ ᠬᠡᠯᠪᠡᠷᠢ ᠶᠢ ᠠᠪᠴᠤ ᠪᠣᠯᠣᠨ᠎ᠠ᠃ ᠰᠣᠷᠢᠯᠲᠠ ᠳᠤ ᠣᠯᠠᠨ ᠨᠡᠶᠢᠲᠡ ᠶᠢᠨ ᠭᠡᠨᠡᠳᠲᠡ ᠶᠢᠨ | ᠬᠡᠷᠡᠭ ᠤᠨ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠭᠠᠬᠤ᠂ ᠵᠣᠬᠢᠶᠠᠨ ᠪᠠᠶᠢᠭᠤᠯᠵᠤ ᠬᠠᠮᠢᠶᠠᠷᠬᠤ᠂ ᠲᠦᠷᠭᠡᠨ ᠲᠤᠰᠬᠠᠯ ᠭᠠᠷᠭᠠᠬᠤ ︵ᠠᠩᠬᠢ ᠶᠢᠨ ᠴᠤᠭᠯᠠᠷᠠᠬᠤ᠂ | ᠲᠤᠬᠠᠢ ᠶᠢᠨ ᠲᠠᠯᠠᠪᠠᠢ ᠳᠤ ᠨᠢ ᠠᠪᠤᠷᠠᠨ ᠵᠠᠰᠠᠬᠤ᠂ ᠰᠢᠷᠬᠠᠲᠤᠭᠰᠠᠳ ᠢ ᠰᠢᠯᠵᠢᠭᠦᠯᠦᠨ ᠵᠥᠭᠡᠭᠡᠬᠦ᠂ ᠡᠮᠨᠡᠯᠭᠡ ᠶᠢᠨ ᠬᠤᠷᠢᠶᠠᠨ ᠳᠤ ᠠᠪᠤᠷᠠᠨ ᠵᠠᠰᠠᠬᠤ ᠵᠡᠷᠭᠡ︶᠂ ᠡᠳ᠋ | ᠪᠠᠷᠠᠭ᠎ᠠ ᠨᠦᠬᠡᠴᠡᠯᠡᠬᠦ᠂ ᠰᠠᠯᠠᠭ᠎ᠠ ᠮᠥᠴᠢᠷ ᠢ ᠵᠣᠬᠢᠴᠠᠭᠤᠯᠬᠤ᠂ ᠵᠠᠭᠤᠴᠢᠯᠠᠭᠤᠷ ᠤᠨ ᠨᠡᠪᠲᠡᠷᠡᠯᠴᠡᠭᠡ ᠵᠢᠴᠢ ᠮᠡᠳᠡᠭᠡ ᠵᠠᠩᠬᠢᠴᠢᠯᠠᠯᠲᠠ ᠶᠢᠨ ᠬᠠᠮᠵᠢᠯᠴᠠᠭ᠎ᠠ ᠵᠡᠷᠭᠡ | ᠠᠭᠤᠯᠭ᠎ᠠ ᠲᠠᠢ ᠬᠤᠯᠪᠣᠭᠳᠠᠭᠤᠯᠬᠤ ᠬᠡᠷᠡᠭᠲᠡᠢ᠃ | ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠰᠣᠷᠢᠯᠲᠠ ᠳᠤ ᠣᠯᠠᠨ ᠨᠡᠶᠢᠲᠡ ᠣᠷᠣᠯᠴᠠᠬᠤ ᠴᠢᠬᠤᠯᠠᠲᠠᠢ ᠪᠣᠯ᠂ ᠲᠣᠰ ᠱᠠᠲᠤᠨ ᠤ ᠠᠷᠠᠳ ᠤᠨ | ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠢ᠃ | 5.6 ᠡᠳ᠋ ᠪᠠᠷᠠᠭ᠎ᠠ ᠨᠥᠭᠡᠴᠡᠯᠡᠬᠦ ᠪᠠᠲᠤᠯᠠᠭ᠎ᠠ | ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ | ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠯᠡᠭᠦᠷ᠂ ᠲᠥᠬᠦᠭᠡᠷᠦᠮᠵᠢ᠂ ᠲᠦᠷᠭᠡᠨ ᠪᠠᠶᠢᠴᠠᠭᠠᠨ ᠬᠡᠮᠵᠢᠬᠦ ᠬᠡᠷᠡᠭᠰᠡᠯ | ᠪᠠ ᠤᠷᠪᠠᠯᠵᠢ᠂ ᠡᠷᠡᠭᠦᠯ ᠬᠠᠮᠠᠭᠠᠯᠠᠯ ᠤᠨ ᠰᠡᠷᠭᠡᠶᠢᠯᠡᠨ ᠬᠠᠮᠠᠭᠠᠯᠠᠬᠤ ᠬᠡᠷᠡᠭᠰᠡᠯ ᠵᠡᠷᠭᠡ ᠡᠳ᠋ ᠪᠠᠷᠠᠭᠠᠨ ᠤ ᠨᠦᠬᠡᠴᠡᠯᠡᠬᠦ ᠲᠥᠯᠥᠪᠯᠡᠭᠡ ᠶᠢᠨ ᠰᠠᠨᠠᠭᠤᠯᠭ᠎ᠠ ᠶᠢ ᠳᠤᠷᠠᠳᠤᠨ᠎ᠠ᠃ | ᠡᠯ᠎ᠡ ᠱᠠᠲᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ︵ᠡᠳ᠋ ᠪᠠᠷᠠᠭ᠎ᠠ ᠨᠦᠬᠡᠴᠡᠯᠡᠬᠦ︶᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠵᠡᠷᠭᠡ ᠰᠠᠯᠠᠭ᠎ᠠ | ᠮᠥᠴᠢᠷ ᠨᠢ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭᠠᠨ ᠤ ᠦᠢᠯᠡᠳᠪᠦᠷᠢᠯᠡᠬᠦ᠂ ᠨᠦᠬᠡᠴᠡᠯᠡᠬᠦ ᠪᠠ ᠲᠣᠬᠢᠷᠠᠭᠤᠯᠤᠨ ᠵᠥᠭᠡᠭᠡᠪᠦᠷᠢᠯᠡᠬᠦ ᠶᠢ ᠵᠣᠬᠢᠶᠠᠨ | ᠪᠠᠶᠢᠭᠤᠯᠬᠤ ᠶᠢ ᠬᠠᠷᠢᠭᠤᠴᠠᠵᠤ᠂ ᠬᠠᠩᠭᠠᠯᠭ᠎ᠠ ᠶᠢ ᠪᠠᠲᠤᠯᠠᠨ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠤ᠂ ᠪᠠᠷᠠᠭᠠᠨ ᠤ ᠦᠨ᠎ᠡ ᠶᠢ ᠲᠣᠭᠲᠠᠭᠤᠨ | ᠪᠠᠶᠢᠯᠭᠠᠨ᠎ᠠ᠃ ᠡᠮ ᠡᠮᠨᠡᠯᠭᠡ ᠶᠢᠨ ᠨᠦᠬᠡᠴᠡ ᠡᠳ᠋ ᠪᠠᠷᠠᠭᠠᠨ ᠤ ᠨᠦᠬᠡᠴᠡᠯᠡᠬᠦ᠂ ᠬᠡᠷᠡᠭᠯᠡᠬᠦ ᠶᠢ ︽ ᠤᠯᠤᠰ ᠤᠨ ᠡᠮ ᠡᠮᠨᠡᠯᠭᠡ ᠶᠢᠨ ᠨᠦᠬᠡᠴᠡᠯᠡᠬᠦ ᠬᠠᠮᠢᠶᠠᠷᠤᠯᠲᠠ ᠶᠢᠨ | ᠠᠷᠭ᠎ᠠ︾ ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠮ ᠡᠮᠨᠡᠯᠭᠡ ᠶᠢᠨ ᠨᠦᠬᠡᠴᠡᠯᠡᠬᠦ ᠬᠠᠮᠢᠶᠠᠷᠤᠯᠲᠠ ᠶᠢᠨ ᠠᠷᠭ᠎ᠠ︾ ᠶᠣᠰᠣᠭᠠᠷ | ᠬᠡᠷᠡᠭᠵᠢᠭᠦᠯᠦᠨ᠎ᠡ᠃ | 5.7 ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠵᠠᠷᠤᠳᠠᠯ ᠤᠨ ᠪᠠᠲᠤᠯᠠᠭ᠎ᠠ | ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠠᠴᠠ ᠡᠭᠦᠷᠬᠡᠯᠡᠪᠡᠰᠦ ᠵᠣᠬᠢᠬᠤ ᠣᠯᠠᠨ ᠨᠡᠶᠢᠲᠡ ᠶᠢᠨ ᠭᠡᠨᠡᠳᠲᠡ ᠶᠢᠨ | ᠬᠡᠷᠡᠭ ᠲᠤ ᠬᠢᠬᠦ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠳᠤ ᠬᠡᠷᠡᠭᠰᠡᠬᠦ ᠴᠢᠬᠤᠯᠠᠲᠠᠢ ᠵᠠᠷᠤᠳᠠᠯ ᠢ ᠨᠢ ᠬᠠᠷᠢᠭᠤᠴᠠᠨ ᠲᠣᠬᠢᠷᠠᠭᠤᠯᠬᠤ ᠶᠢᠨ ᠬᠠᠮᠲᠤ᠂ | ᠵᠠᠷᠤᠳᠠᠯ ᠤᠨ ᠬᠡᠷᠡᠭᠯᠡᠭᠡᠨ ᠤ ᠪᠠᠶᠢᠳᠠᠯ ᠳᠤ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠨ᠎ᠡ᠃ | ᠪᠠᠶᠢᠭᠠᠯᠢ ᠶᠢᠨ ᠭᠠᠢ ᠭᠠᠮᠰᠢᠭ ᠠᠴᠠ ᠪᠣᠯᠵᠤ ᠬᠥᠮᠥᠨ ᠬᠠᠷ᠎ᠠ ᠦᠬᠦᠵᠦ ᠰᠢᠷᠬᠠᠲᠤᠪᠠᠯ᠂ ᠡᠯ᠎ᠡ ᠱᠠᠲᠤᠨ ᠤ ᠡᠳ᠋ ᠤᠨ ᠵᠠᠰᠠᠭ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠡᠮᠴᠢᠯᠡᠵᠦ ᠠᠪᠤᠷᠠᠨ ᠵᠠᠰᠠᠬᠤ ᠵᠠᠷᠤᠳᠠᠯ ᠢ ᠡᠭᠦᠷᠬᠡᠯᠡᠬᠦ ᠪᠤᠶᠤ ᠨᠥᠬᠦᠪᠦᠷᠢ ᠣᠯᠭᠤᠨ᠎ᠠ᠃ | ᠠᠶᠤᠯ ᠦᠭᠡᠢ ᠦᠢᠯᠡᠳᠪᠦᠷᠢᠯᠡᠯ ᠤᠨ ᠠᠳᠡᠯ ᠠᠴᠠ ᠪᠣᠯᠵᠤ ᠬᠥᠮᠥᠨ ᠬᠠᠷ᠎ᠠ ᠦᠬᠦᠵᠦ ᠰᠢᠷᠬᠠᠲᠤᠪᠠᠯ᠂ ᠠᠳᠡᠯ ᠭᠠᠷᠤᠭᠰᠠᠨ ᠨᠢᠭᠡᠴᠢ ᠨᠢ ᠡᠮᠴᠢᠯᠡᠭᠡᠨ ᠤ ᠲᠦᠷᠭᠡᠨ | ᠠᠪᠤᠷᠠᠯᠳᠠ ᠶᠢᠨ ᠲᠥᠪ ︵ᠥᠷᠳᠡᠭᠡ︶ ᠪᠤᠶᠤ ᠬᠠᠮᠢᠶ᠎ᠠ ᠪᠦᠬᠦᠢ ᠡᠮᠴᠢᠯᠡᠭᠡᠨ ᠤ ᠪᠠᠶᠢᠭᠤᠯᠤᠮᠵᠢ ᠳᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ | ᠶᠠᠪᠤᠴᠠ ᠳᠤ ᠡᠭᠦᠰᠦᠭᠰᠡᠨ ᠵᠠᠷᠤᠳᠠᠯ ᠢ ᠲᠥᠯᠥᠬᠦ ᠬᠡᠷᠡᠭᠲᠡᠢ᠂ ᠬᠡᠷᠡᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠨᠢ ᠰᠢᠮᠳᠠᠭᠤᠯᠤᠨ ᠨᠠᠢᠳᠠᠪᠤᠷᠢᠵᠢᠭᠤᠯᠬᠤ ᠶᠢ ᠬᠠᠷᠢᠭᠤᠴᠠᠬᠤ ᠬᠡᠷᠡᠭᠲᠡᠢ᠃ | ᠨᠡᠶᠢᠭᠡᠮ ᠤᠨ ᠠᠮᠤᠷ ᠲᠦᠪᠰᠢᠨ ᠤ ᠬᠡᠷᠡᠭ ᠲᠤ ᠡᠭᠦᠰᠦᠭᠰᠡᠨ ᠬᠥᠮᠥᠨ ᠬᠠᠷ᠎ᠠ ᠶᠢᠨ ᠦᠬᠦᠯ ᠰᠢᠷᠬᠠᠲᠤᠯ ᠢ ᠪᠣᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ | ᠲᠣᠭᠲᠠᠭᠠᠭᠰᠠᠨ ᠬᠠᠷᠢᠭᠤᠴᠠᠯᠭᠠᠲᠤ ᠨᠢᠭᠡᠴᠢ ᠪᠤᠶᠤ ᠬᠠᠷᠢᠭᠤᠴᠠᠯᠭᠠᠲᠠᠨ ᠠᠴᠠ ᠡᠮᠴᠢᠯᠡᠭᠡᠨ ᠤ ᠠᠪᠤᠷᠠᠨ ᠵᠠᠰᠠᠬᠤ ᠵᠠᠷᠤᠳᠠᠯ ᠢ ᠨᠢ ᠡᠭᠦᠷᠬᠡᠯᠡᠵᠦ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠰᠢᠮᠳᠠᠭᠤᠯᠤᠨ ᠨᠠᠢᠳᠠᠪᠤᠷᠢᠵᠢᠭᠤᠯᠬᠤ ᠶᠢ ᠬᠠᠷᠢᠭᠤᠴᠠᠬᠤ ᠬᠡᠷᠡᠭᠲᠡᠢ᠃ ᠡᠯ᠎ᠡ ᠱᠠᠲᠤᠨ ᠤ ᠡᠳ᠋ ᠤᠨ ᠵᠠᠰᠠᠭ ᠨᠢ ᠬᠤᠯᠪᠣᠭᠳᠠᠯ ᠪᠦᠬᠦᠢ ᠲᠥᠷᠥ ᠶᠢᠨ | ᠪᠣᠳᠣᠯᠭ᠎ᠠ ᠶᠢᠨ ᠲᠣᠭᠲᠠᠭᠠᠯ ᠪᠤᠶᠤ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ ᠢ ᠦᠨᠳᠦᠰᠦᠯᠡᠨ ᠡᠮᠴᠢᠯᠡᠭᠡᠨ ᠤ ᠠᠪᠤᠷᠠᠨ ᠵᠠᠰᠠᠬᠤ | ᠵᠠᠷᠤᠳᠠᠯ ᠳᠤ ᠨᠥᠬᠦᠪᠦᠷᠢ ᠣᠯᠭᠤᠵᠤ ᠪᠣᠯᠣᠨ᠎ᠠ᠃ | ᠡᠯ᠎ᠡ ᠲᠥᠷᠥᠯ ᠤᠨ ᠳᠠᠭᠠᠳᠬᠠᠯ ᠤᠨ ᠪᠠᠶᠢᠭᠤᠯᠤᠮᠵᠢ ᠨᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠪᠡᠶ᠎ᠡ ᠮᠠᠬᠠᠪᠤᠳ᠂ ᠡᠮᠴᠢᠯᠡᠭᠡ᠂ ᠡᠷᠡᠭᠦᠯ ᠮᠡᠨᠳᠦ ᠵᠡᠷᠭᠡ | ᠳᠠᠭᠠᠳᠬᠠᠯ ᠳᠤ ᠣᠷᠣᠯᠴᠠᠭᠰᠠᠨ ᠦᠬᠦᠵᠦ ᠰᠢᠷᠬᠠᠲᠤᠭᠰᠠᠨ ᠬᠥᠮᠥᠰ ᠲᠤ ᠳᠠᠭᠠᠳᠬᠠᠯ ᠤᠨ ᠲᠥᠯᠥᠪᠦᠷᠢ ᠥᠭᠬᠦ ᠠᠵᠢᠯ ᠢ ᠰᠠᠶᠢᠲᠤᠷ ᠬᠢᠨ᠎ᠡ᠃ | 5.8 ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ | ᠡᠯ᠎ᠡ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠩᠬᠢ ᠨᠢ ᠪᠣᠳᠠᠲᠠᠢ ᠠᠵᠢᠯ ᠤᠨ ᠬᠡᠷᠡᠭᠴᠡᠭᠡ ᠪᠠᠨ ᠦᠨᠳᠦᠰᠦᠯᠡᠨ ᠠᠪᠤᠷᠠᠨ | ᠰᠤᠪᠢᠯᠠᠬᠤ ᠲᠡᠷᠭᠡ ᠬᠥᠰᠭᠡ᠂ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠪᠠ ᠴᠢᠮᠡᠭᠡ ᠬᠤᠯᠪᠣᠭᠠᠨ ᠤ ᠲᠥᠬᠦᠭᠡᠷᠦᠮᠵᠢ ᠶᠢ ᠲᠣᠬᠢᠷᠠᠭᠤᠯᠤᠨ᠎ᠠ᠃ | ᠲᠡᠮᠦᠷ ᠵᠠᠮ᠂ ᠵᠠᠮ ᠬᠠᠷᠢᠯᠴᠠᠭ᠎ᠠ᠂ ᠠᠷᠠᠳ ᠤᠨ ᠠᠭᠠᠷ ᠤᠨ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ︵ᠵᠠᠮ ᠬᠠᠷᠢᠯᠴᠠᠭᠠᠨ ᠤ ᠬᠠᠮᠢᠶᠠᠷᠤᠯᠲᠠ︶ ᠵᠡᠷᠭᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠬᠥᠮᠥᠰ ᠪᠠ ᠡᠳ᠋ ᠪᠠᠷᠠᠭ᠎ᠠ ᠲᠡᠭᠡᠭᠡᠪᠦᠷᠢᠯᠡᠬᠦ ᠶᠢ ᠤᠷᠢᠳ ᠢᠶᠠᠷ | ᠪᠠᠶᠢᠷᠢᠯᠠᠭᠤᠯᠵᠤ᠂ ᠤᠷᠢᠳ ᠢᠶᠠᠷ ᠲᠣᠬᠢᠷᠠᠭᠤᠯᠬᠤ᠂ ᠤᠷᠢᠳ ᠢᠶᠠᠷ ᠶᠠᠪᠤᠭᠤᠯᠬᠤ ᠶᠢ ᠪᠠᠲᠤᠯᠠᠵᠤ᠂ ᠲᠡᠭᠡᠭᠡᠪᠦᠷᠢ ᠶᠢᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ | ᠦᠨᠡᠨ ᠬᠦ ᠪᠠᠲᠤᠯᠠᠬᠤ ᠬᠡᠷᠡᠭᠲᠡᠢ᠃ ᠪᠠᠶᠢᠳᠠᠯ ᠣᠨᠴᠠᠭᠠᠢ ᠪᠠᠴᠢᠮ ᠦᠶ᠎ᠡ ᠳᠤ᠂ ᠲᠤᠬᠠᠢ ᠶᠢᠨ ᠲᠠᠯᠠᠪᠠᠢ ᠵᠢᠴᠢ ᠬᠠᠮᠢᠶ᠎ᠠ ᠪᠦᠬᠦᠢ ᠵᠠᠮ ᠨᠡᠪᠲᠡᠷᠡᠯᠭᠡ ᠳᠤ ᠵᠠᠮ | ᠬᠠᠷᠢᠯᠴᠠᠭᠠᠨ ᠤ ᠬᠠᠮᠢᠶᠠᠷᠤᠨ ᠬᠤᠷᠢᠭᠯᠠᠯᠲᠠ ᠶᠢ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ︽ ᠰᠠᠭᠠᠳ ᠦᠭᠡᠢ ᠨᠡᠪᠲᠡᠷᠡᠬᠦ ᠵᠠᠮ︾ | ᠭᠠᠷᠭᠠᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠨ᠎ᠠ᠃ | 5.9 ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠣᠯᠠᠨ ᠨᠡᠶᠢᠲᠡ ᠶᠢᠨ ᠭᠡᠨᠡᠳᠲᠡ ᠶᠢᠨ | ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠠᠵᠢᠯ ᠳᠤ ᠳᠡᠮᠵᠢᠯᠭᠡ ᠪᠠ ᠪᠠᠲᠤᠯᠠᠭ᠎ᠠ ᠬᠠᠩᠭᠠᠬᠤ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠤᠭᠰᠠᠨ ᠲᠤᠬᠠᠢ ᠶᠢᠨ | ᠲᠠᠯᠠᠪᠠᠢ ᠶᠢᠨ ᠠᠮᠤᠷ ᠢ ᠬᠠᠮᠠᠭᠠᠯᠠᠬᠤ ᠡᠮᠬᠢ ᠳᠢᠭᠯᠢᠮ᠂ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠵᠤ᠂ ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ | ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢ ᠨᠢ ᠬᠠᠷᠢᠭᠤᠴᠠᠨ᠎ᠠ᠃ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠯᠠᠭ᠎ᠠ ᠮᠥᠴᠢᠷ ᠨᠢ ᠰᠢᠨᠵᠢᠯᠡᠬᠦ ᠤᠬᠠᠭᠠᠨ ᠤ ᠰᠤᠳᠤᠯᠤᠯ ᠤᠨ ᠬᠦᠴᠦᠨ ᠢ | ᠵᠣᠬᠢᠶᠠᠨ ᠪᠠᠶᠢᠭᠤᠯᠵᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠪᠠᠴᠢᠮ ᠪᠠᠶᠢᠳᠠᠯ ᠢ | ᠠᠷᠭᠠᠴᠠᠭᠠᠬᠤ ᠮᠡᠷᠭᠡᠵᠢᠯ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠪᠣᠭᠤᠮᠲᠠ ᠰᠢᠪᠲᠤᠯᠬᠤ ᠠᠵᠢᠯ ᠥᠷᠨᠢᠭᠦᠯᠬᠦ ᠶᠢ ᠬᠠᠷᠢᠭᠤᠴᠠᠨ᠎ᠠ᠃ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ︵ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ︶ ᠶᠢᠨ ᠰᠠᠯᠠᠭ᠎ᠠ ᠮᠥᠴᠢᠷ ᠨᠢ | ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠡᠮ ᠤᠨ ᠵᠦᠢᠯ᠂ ᠡᠮᠴᠢᠯᠡᠭᠡᠨ ᠤ ᠪᠠᠭᠠᠵᠢ | ᠬᠡᠷᠡᠭᠯᠡᠭᠦᠷ ᠪᠠ ᠲᠥᠬᠦᠭᠡᠷᠦᠮᠵᠢ ᠶᠢᠨ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠲᠠ ᠬᠠᠮᠢᠶᠠᠷᠤᠯᠲᠠ ᠲᠠᠯᠪᠢᠬᠤ ᠶᠢ ᠬᠠᠷᠢᠭᠤᠴᠠᠨ᠎ᠠ᠃ | ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠨᠢ ︽ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠶᠡᠷᠦᠩᠬᠡᠢ ᠨᠡᠶᠢᠭᠡᠮᠯᠢᠭ ᠤᠨ | ᠪᠠᠶᠢᠭᠠᠯᠢ ᠶᠢᠨ ᠭᠠᠢ ᠭᠠᠮᠰᠢᠭ ᠪᠠ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ︾ ᠪᠠ ︽ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠭᠠᠢ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ︾ ᠶᠣᠰᠣᠭᠠᠷ᠂ ᠣᠯᠠᠨ | ᠲᠦᠮᠡᠨ ᠢ ᠵᠣᠬᠢᠶᠠᠨ ᠪᠠᠶᠢᠭᠤᠯᠵᠤ ᠪᠠᠶᠢᠭᠠᠳ ᠲᠤᠬᠠᠢ ᠶᠢᠨ ᠲᠠᠯᠠᠪᠠᠢ ᠳᠤ ᠥᠪᠡᠷ ᠢ ᠪᠠᠨ ᠠᠪᠤᠷᠠᠬᠤ ᠪᠠ ᠬᠠᠷᠢᠯᠴᠠᠨ ᠠᠪᠤᠷᠠᠬᠤ ᠠᠵᠢᠯ ᠥᠷᠨᠢᠭᠦᠯᠬᠦ᠂ ᠬᠠᠮᠢᠶ᠎ᠠ ᠪᠦᠬᠦᠢ | ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃ ᠡᠭᠦᠨ ᠤ ᠬᠠᠮᠲᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠣᠳᠠᠲᠤ ᠪᠠᠶᠢᠳᠠᠯ ᠢ ᠦᠨᠳᠦᠰᠦᠯᠡᠨ᠂ | ᠤᠯᠤᠰ ᠤᠨ ᠳᠣᠲᠣᠭᠠᠳᠤ ᠭᠠᠳᠠᠭᠠᠳᠤ ᠳᠤ ᠤᠷᠢᠶᠠᠯᠠᠭ᠎ᠠ ᠭᠠᠷᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠤ | ᠬᠠᠨᠳᠢᠪ ᠢ ᠬᠠᠥᠯᠢ ᠶᠣᠰᠣᠭᠠᠷ ᠬᠦᠯᠢᠶᠡᠨ᠂ ᠪᠠᠴᠢᠮ ᠱᠠᠭᠠᠷᠳᠠᠭᠳᠠᠬᠤ ᠬᠦᠮᠦᠯᠢᠭ ᠦᠵᠡᠯ ᠤᠨ ᠲᠤᠰᠠᠯᠠᠮᠵᠢ ᠬᠠᠩᠭᠠᠨ᠎ᠠ᠃ | ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠴᠡᠷᠢᠭ ᠠᠩᠬᠢ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ | ᠵᠣᠬᠢᠴᠠᠭᠤᠯᠵᠤ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠵᠢᠴᠢ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠵᠢᠭᠠᠪᠤᠷᠢ ᠶᠢ ᠦᠨᠳᠦᠰᠦᠯᠡᠨ᠂ ᠴᠡᠷᠢᠭ ᠠᠩᠬᠢ ᠶᠢᠨ | ᠬᠤᠯᠪᠣᠭᠳᠠᠯ ᠪᠦᠬᠦᠢ ᠡᠮᠴᠢᠯᠡᠭᠡ ᠡᠷᠡᠭᠦᠯ ᠬᠠᠮᠠᠭᠠᠯᠠᠯ ᠤᠨ ᠮᠡᠷᠭᠡᠵᠢᠯ ᠤᠨ ᠬᠥᠮᠥᠰ ᠪᠠ ᠬᠦᠴᠦᠨ ᠢ ᠵᠣᠬᠢᠶᠠᠨ ᠪᠠᠶᠢᠭᠤᠯᠵᠤ᠂ ᠣᠯᠠᠨ ᠨᠡᠶᠢᠲᠡ ᠶᠢᠨ ᠭᠡᠨᠡᠳᠲᠡ ᠶᠢᠨ | ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠠᠵᠢᠯ ᠢ ᠳᠡᠮᠵᠢᠬᠦ ᠪᠠ ᠲᠡᠭᠦᠨ ᠳᠤ ᠬᠠᠮᠵᠢᠯᠴᠠᠨ᠎ᠠ᠃ | ᠬᠥᠬᠡᠬᠤᠲᠠ ᠪᠣᠭᠤᠮᠲᠠ ᠨᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠪᠠᠴᠢᠮ | ᠪᠠᠶᠢᠳᠠᠯ ᠢ ᠠᠷᠭᠠᠴᠠᠭᠠᠬᠤ ᠳᠤ ᠬᠡᠷᠡᠭᠰᠡᠬᠦ ᠭᠠᠳᠠᠭᠠᠳᠤ ᠠᠴᠠ ᠣᠷᠣᠭᠤᠯᠬᠤ ᠣᠨᠴᠠ ᠵᠦᠢᠯ ᠤᠨ ᠡᠮ ᠤᠨ ᠵᠦᠢᠯ᠂ ᠤᠷᠪᠠᠯᠵᠢ᠂ ᠪᠠᠭᠠᠵᠢ ᠬᠡᠷᠡᠭᠰᠡᠯ ᠢ ᠤᠷᠢᠳ ᠢᠶᠠᠷ | ᠪᠣᠭᠤᠮᠲᠠ ᠪᠠᠷ ᠨᠡᠪᠲᠡᠷᠡᠭᠦᠯᠵᠦ ᠪᠠᠶᠢᠴᠠᠭᠠᠨ ᠰᠢᠯᠭᠠᠵᠤ ᠥᠩᠭᠡᠷᠡᠭᠦᠯᠬᠦ ᠠᠵᠢᠯ ᠢ ᠬᠠᠷᠢᠭᠤᠴᠠᠨ᠎ᠠ᠃ | 6 ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠳᠤ ᠣᠯᠠᠨ ᠨᠡᠶᠢᠲᠡ ᠣᠷᠣᠯᠴᠠᠬᠤ | ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ | ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠮᠡᠳᠡᠯᠭᠡ ᠶᠢᠨ ᠲᠦᠭᠡᠮᠡᠯᠵᠢᠯ ᠤᠨ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠨ᠎ᠡ︔ ᠥᠪᠡᠷᠲᠡᠭᠡᠨ | ᠵᠠᠰᠠᠬᠤ ᠣᠷᠣᠨ ᠪᠠ ᠣᠷᠣᠨ ᠨᠤᠲᠤᠭ ᠤᠨ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠭᠦᠯ᠂ ᠢᠨᠲ᠋ᠧᠷ ᠰᠦᠯᠵᠢᠶ᠎ᠡ ᠵᠡᠷᠭᠡ ᠵᠠᠭᠤᠴᠢᠯᠠᠭᠤᠷ ᠨᠢ ᠨᠡᠶᠢᠭᠡᠮ | ᠨᠡᠶᠢᠲᠡ ᠳᠠᠬᠢ ᠤᠬᠠᠭᠤᠯᠭ᠎ᠠ ᠬᠥᠮᠥᠵᠢᠯ ᠢᠶᠠᠨ ᠥᠷᠭᠡᠳᠬᠡᠬᠦ ᠬᠡᠷᠡᠭᠲᠡᠢ︔ ᠡᠯ᠎ᠡ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ | ᠪᠦᠯᠬᠦᠮ ᠨᠢ ᠬᠠᠷᠢᠶᠠᠲᠤ ᠬᠥᠮᠥᠰ ᠢᠶᠠᠨ ᠤᠬᠠᠭᠤᠯᠤᠨ ᠬᠥᠮᠥᠵᠢᠭᠦᠯᠬᠦ ᠶᠢ ᠴᠢᠩᠭᠠᠳᠬᠠᠬᠤ ᠬᠡᠷᠡᠭᠲᠡᠢ︔ ᠡᠯ᠎ᠡ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ | ᠤᠬᠠᠭᠤᠯᠬᠤ ᠮᠠᠲ᠋ᠧᠷᠢᠶᠠᠯ ᠢ ᠬᠠᠩᠭᠠᠬᠤ ᠪᠠ ᠪᠠᠭᠰᠢ ᠶᠢᠨ ᠪᠣᠯᠪᠠᠰᠤᠷᠠᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ | ᠲᠤᠰᠠᠯᠠᠬᠤ ᠮᠡᠳᠡᠯᠭᠡ ᠶᠢ ᠥᠷᠭᠡᠨ ᠬᠡᠪᠴᠢᠶ᠎ᠡ ᠪᠠᠷ ᠲᠦᠭᠡᠮᠡᠯᠵᠢᠭᠦᠯᠦᠭᠰᠡᠨ ᠰᠠᠭᠤᠷᠢᠨ ᠳᠡᠭᠡᠷ᠎ᠡ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠢ ᠶᠢᠨ ᠠᠮᠤᠷ ᠲᠦᠪᠰᠢᠨ ᠢ ᠬᠠᠮᠠᠭᠠᠯᠠᠭᠴᠢ ᠪᠠ ᠡᠷᠡᠭᠦᠯ ᠬᠠᠮᠠᠭᠠᠯᠠᠭᠴᠢ ᠪᠠᠷ ᠭᠤᠣᠯᠯᠠᠬᠤ ᠬᠦᠴᠦᠨ ᠪᠣᠯᠭᠠᠭᠰᠠᠨ ᠣᠯᠠᠨ ᠲᠦᠮᠡᠨᠴᠢ | ᠴᠢᠨᠠᠷᠲᠠᠢ ᠠᠪᠤᠷᠠᠨ ᠲᠤᠰᠠᠯᠠᠬᠤ ᠲᠣᠣᠷ ᠰᠦᠯᠵᠢᠶ᠎ᠡ ᠶᠢ ᠠᠯᠬᠤᠮ ᠠᠯᠬᠤᠮ ᠢᠶᠠᠷ ᠵᠣᠬᠢᠶᠠᠨ ᠪᠠᠶᠢᠭᠤᠯᠤᠨ᠂ ᠪᠣᠯᠪᠠᠰᠤᠷᠠᠯ ᠪᠠ ᠰᠣᠷᠢᠯᠲᠠ ᠪᠠᠷ ᠳᠠᠮᠵᠢᠨ ᠲᠡᠳᠡᠨ ᠤ | ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ | 7 ᠳᠠᠭᠠᠯᠳᠤᠭᠤᠯᠤᠯ | 7.1 ᠬᠠᠷᠢᠭᠤᠴᠠᠯᠭ᠎ᠠ ᠪᠠ ᠱᠠᠩᠨᠠᠯ ᠲᠣᠷᠭᠠᠭᠤᠯᠢ | ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠠᠪᠤᠷᠠᠨ ᠲᠤᠰᠠᠯᠠᠬᠤ ᠠᠵᠢᠯ ᠨᠢ ᠬᠠᠷᠢᠭᠤᠴᠠᠯᠭᠠᠲᠤ ᠳᠦᠷᠢᠮ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ | ᠬᠡᠷᠡᠭᠵᠢᠭᠦᠯᠦᠨ᠎ᠡ᠃ | ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ | ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠠᠵᠢᠯ ᠤᠨ ᠳᠤᠮᠳᠠ ᠬᠤᠪᠢ ᠨᠡᠮᠡᠷᠢ ᠦᠵᠡᠭᠦᠯᠦᠭᠰᠡᠨ ᠲᠡᠷᠢᠭᠦᠨ ᠤ ᠬᠠᠮᠲᠤ ᠪᠠ ᠬᠤᠪᠢ ᠬᠥᠮᠥᠨ ᠢ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠠᠶᠢᠰᠢᠶᠠᠨ ᠬᠥᠬᠢᠭᠦᠯᠬᠦ ᠪᠠ ᠱᠠᠩᠨᠠᠯ ᠣᠯᠭᠤᠨ᠎ᠠ᠃ | ᠬᠠᠷᠢᠭᠤᠴᠠᠯᠭ᠎ᠠ ᠪᠠᠨ ᠠᠯᠳᠠᠵᠤ᠂ ᠲᠤᠰᠢᠶᠠᠯ ᠢᠶᠠᠨ ᠭᠤᠲᠤᠭᠠᠭᠰᠠᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢ ᠬᠤᠯᠪᠣᠭᠳᠠᠯ ᠪᠦᠬᠦᠢ ᠲᠣᠭᠲᠠᠭᠠᠯ ᠢ | ᠦᠨᠳᠦᠰᠦᠯᠡᠨ ᠲᠥᠪ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠨ᠎ᠡ᠂ ᠶᠠᠯ᠎ᠠ ᠳᠤ ᠬᠥᠷᠥᠭᠰᠡᠨ ᠪᠠᠶᠢᠪᠠᠯ᠂ ᠬᠠᠥᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | 7.2 ᠪᠡᠯᠡᠳᠭᠡᠯ ᠲᠥᠰᠥᠯ ᠢ ᠲᠣᠭᠲᠠᠭᠠᠬᠤ ᠪᠠ ᠵᠠᠰᠠᠪᠤᠷᠢ ᠣᠷᠣᠭᠤᠯᠬᠤ | ᠲᠣᠰ ᠪᠡᠯᠡᠳᠭᠡᠯ ᠲᠥᠰᠥᠯ ᠢ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠵᠣᠬᠢᠶᠠᠨ ᠪᠠᠶᠢᠭᠤᠯᠵᠤ | ᠲᠣᠭᠲᠠᠭᠠᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠭᠡᠳ ᠨᠡᠶᠢᠲᠡᠯᠡᠨ᠎ᠡ᠃ ᠡᠯ᠎ᠡ | ᠭᠠᠵᠠᠷ ᠣᠷᠣᠨ ᠨᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠭᠠᠵᠠᠷ ᠣᠷᠣᠨ ᠤ ᠪᠠᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ | ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ ᠢ ᠲᠣᠭᠲᠠᠭᠠᠬᠤ ᠶᠢᠨ ᠬᠠᠮᠲᠤ ᠲᠣᠰ ᠱᠠᠲᠤᠨ ᠤ | ᠠᠷᠠᠳ ᠤᠨ ᠵᠠᠰᠠᠭ ᠤᠨ ᠣᠷᠳᠣᠨ ᠳᠤ ᠪᠠᠨ ᠮᠡᠳᠡᠭᠦᠯᠵᠦ ᠬᠢᠨᠠᠨ ᠵᠥᠪᠰᠢᠶᠡᠷᠡᠭᠦᠯᠦᠭᠡᠳ ᠨᠡᠶᠢᠲᠡᠯᠡᠵᠦ ᠪᠣᠯᠣᠨ᠎ᠠ᠃ | ᠲᠣᠰ ᠪᠡᠯᠡᠳᠭᠡᠯ ᠲᠥᠰᠥᠯ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠲᠣᠭᠲᠠᠭᠠᠵᠤ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡ ᠡᠷᠡᠭᠦᠯ | ᠬᠠᠮᠠᠭᠠᠯᠠᠯ ᠤᠨ ᠠᠪᠤᠷᠠᠨ ᠲᠤᠰᠠᠯᠠᠯᠲᠠ ᠶᠢ ᠬᠡᠷᠡᠭᠵᠢᠭᠦᠯᠬᠦ ᠶᠠᠪᠤᠴᠠ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠦᠨᠳᠦᠰᠦᠯᠡᠨ ᠴᠠᠭ ᠲᠤᠬᠠᠢ ᠳᠤ ᠨᠢ ᠵᠠᠰᠠᠪᠤᠷᠢ | ᠣᠷᠣᠭᠤᠯᠵᠤ᠂ ᠨᠥᠬᠦᠪᠦᠷᠢᠯᠡᠨ᠎ᠡ᠃ | 7.3 ᠪᠡᠯᠡᠳᠭᠡᠯ ᠲᠥᠰᠥᠯ ᠳᠤ ᠲᠠᠶᠢᠯᠪᠤᠷᠢ ᠥᠭᠬᠦ ᠰᠠᠯᠠᠭ᠎ᠠ ᠮᠥᠴᠢᠷ | ᠲᠣᠰ ᠪᠡᠯᠡᠳᠭᠡᠯ ᠲᠥᠰᠥᠯ ᠢ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠠᠷᠢᠭᠤᠴᠠᠨ ᠲᠠᠶᠢᠯᠪᠤᠷᠢᠯᠠᠨ᠎ᠠ᠃ | 7.4 ᠪᠡᠯᠡᠳᠭᠡᠯ ᠲᠥᠰᠥᠯ ᠤᠨ ᠬᠡᠷᠡᠭᠵᠢᠭᠦᠯᠬᠦ ᠬᠤᠭᠤᠴᠠᠭ᠎ᠠ | ᠲᠣᠰ ᠪᠡᠯᠡᠳᠭᠡᠯ ᠲᠥᠰᠥᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ︽ ︿ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ ﹀ ᠪᠠ ︿ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ | ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ ﹀ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠦᠰᠦᠭ ﹇2006﹈ 364 ᠳ᠋ᠦ᠋ᠭᠡᠷ ᠲᠣᠭᠠᠲᠤ︶ ᠢ ᠬᠠᠮᠲᠤ ᠳᠤ ᠨᠢ | ᠬᠦᠴᠦᠨ ᠦᠭᠡᠢ ᠪᠣᠯᠭᠠᠨ᠎ᠠ᠃ | | 2023 ᠤᠨ ᠤ 12 ᠳ᠋ᠤᠭᠠᠷ ᠰᠠᠷ᠎ᠠ ᠶᠢᠨ 21 ᠤ ᠡᠳᠦᠷ ᠳᠠᠷᠤᠮᠠᠯᠯᠠᠨ ᠲᠠᠷᠬᠠᠭᠠᠪᠠ |