ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ﹇2024﹈ 16 ᠳ᠋ᠤᠭᠠᠷ ᠲᠣᠭᠠᠲᠤ | | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳ᠋᠊ᠡᠯ | | ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ | ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠢ ᠳᠤ ᠄ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶᠠᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠨ ᠂ ︽ᠮᠢᠩᠭ᠎ᠠ ᠲᠦᠮᠡ ᠶᠢᠨ ᠢᠨᠵᠧᠨᠧᠷᠢᠩ ︾ ᠤᠨ | ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠪᠥᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠭ᠎ᠠ ᠬᠡᠮᠵᠢᠶ᠎ᠡ ᠂ ᠶᠠᠰᠤ | ᠴᠢᠨᠠᠷ ᠤᠨ ᠬᠤᠣᠰ ᠳᠡᠭᠡᠭᠰᠢᠯᠡᠯᠲᠡ ᠶᠢ ᠠᠬᠢᠭᠤᠯᠵᠤ ᠂ 2032 ᠣᠨ ᠪᠣᠯᠬᠤ ᠳᠤ ᠲᠦᠷᠦᠭᠦᠯᠡᠨ ᠥᠨᠢᠳᠡ ᠶᠢᠨ ᠦᠨᠳᠦᠰᠦᠨ ᠲᠠᠷᠢᠶᠠᠨ ᠭᠠᠵᠠᠷ ᠪᠦᠬᠦᠨ ᠢ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠶᠢ ᠦᠨᠡᠨ ᠬᠦ ᠪᠠᠲᠤᠯᠠᠵᠤ ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ | ᠲᠤᠰᠠᠳᠠ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠂ ᠡᠳᠦᠭᠡ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠬᠤ ᠬᠤᠯᠪᠣᠭᠳᠠᠯ ᠪᠦᠬᠦᠢ ᠤᠴᠢᠷ ᠤᠳ ᠢ ᠳᠣᠣᠷᠠᠬᠢ ᠮᠡᠲᠦ ᠮᠡᠳᠡᠭᠳᠡᠪᠡ ᠃ | ᠨᠢᠭᠡ ᠂ ᠨᠥᠬᠦᠪᠦᠷᠢᠯᠡᠬᠦ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠠᠬᠢ ᠲᠥᠪ ᠤᠨ ᠲᠥᠰᠥᠪ ᠤᠨ ᠳᠣᠲᠣᠷᠠᠬᠢ ᠪᠠ ᠲᠥᠪ ᠤᠨ ᠡᠳ᠋ ᠤᠨ ᠵᠠᠰᠠᠭ ᠤᠨ | ᠰᠢᠯᠵᠢᠭᠦᠯᠦᠨ ᠣᠯᠭᠤᠬᠤ ᠵᠡᠷᠭᠡ ᠠᠷᠭ᠎ᠠ ᠵᠠᠮ ᠢᠶᠠᠷ ᠬᠢ ᠪᠡᠯᠡ ᠣᠷᠣᠭᠤᠯᠤᠯᠲᠠ ᠶᠢ ᠨᠢᠭᠡᠳᠦᠯᠲᠡᠢ ᠲᠥᠯᠥᠪᠯᠡᠵᠦ ᠡᠮᠬᠢᠯᠡᠨ ᠨᠡᠶᠢᠯᠡᠭᠦᠯᠬᠦ ᠬᠡᠷᠡᠭᠲᠡᠢ ᠃ ᠤᠯᠤᠰ ᠠᠴᠠ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠳᠦᠬᠦᠷᠵᠢᠭᠦᠯᠦᠨ ᠪᠡᠯᠡ ᠣᠷᠣᠭᠤᠯᠬᠤ ᠪᠠᠷ ᠱᠠᠭᠠᠷᠳᠠᠭᠰᠠᠨ ᠵᠠᠷᠤᠯᠭ᠎ᠠ ᠶᠢ ᠥᠪᠡᠷᠲᠡᠭᠡᠨ | ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠠᠴᠠ ᠡᠭᠦᠷᠭᠡᠯᠡᠵᠦ ᠂ ᠠᠶᠢᠮᠠᠭ ᠬᠤᠲᠠ ᠂ ᠬᠤᠰᠢᠭᠤ ᠰᠢᠶᠠᠨ ︵ᠬᠤᠲᠠ ᠂ ᠲᠣᠭᠤᠷᠢᠭ︶ ᠤ ᠬᠢᠨ ᠳᠠᠬᠢᠵᠤ | ᠲᠥᠬᠦᠷᠵᠢᠭᠦᠯᠬᠦ ᠦᠭᠡᠢ ᠃ ᠥᠪᠡᠷᠲᠡᠭᠡᠨ ᠵᠠᠰᠠᠬᠤ ᠣᠷᠣᠨ ᠠᠴᠠ ᠡᠯ᠎ᠡ ᠠᠶᠢᠮᠠᠭ ᠬᠤᠲᠠ ᠶᠢᠨ ᠮᠦ ᠪᠦᠷᠢ ᠶᠢᠨ ᠳᠤᠮᠳᠠᠴᠢ ᠡᠳ᠋ ᠤᠨ ᠵᠠᠰᠠᠭ ᠤᠨ ᠨᠥᠬᠦᠪᠦᠷᠢ ᠶᠢᠨ | ᠪᠠᠷᠢᠮᠵᠢᠶ᠎ᠠ ᠶᠢ ᠲᠥᠷᠥᠯ ᠬᠤᠪᠢᠶᠠᠨ ᠲᠣᠭᠲᠠᠭᠠᠵᠤ ᠂ ᠡᠯ᠎ᠡ ᠠᠶᠢᠮᠠᠭ ᠬᠤᠲᠠ ᠨᠢ ᠲᠤᠰ ᠭᠠᠵᠠᠷ ᠣᠷᠣᠨ ᠤ ᠪᠠᠨ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ | ᠮᠥᠩᠭᠦ ᠶᠢ ᠨᠢᠭᠡᠳᠦᠯᠲᠡᠢ ᠲᠥᠯᠥᠪᠯᠡᠨ ᠂ ᠠᠳᠠᠯᠢ ᠪᠤᠰᠤ ᠭᠠᠵᠠᠷ ᠤᠨ ᠲᠥᠷᠥᠯ ᠪᠠ ᠪᠦᠲᠦᠭᠡᠨ ᠪᠠᠶᠢᠭᠤᠯᠬᠤ ᠠᠭᠤᠯᠭ᠎ᠠ ᠶᠢᠨ ᠶᠣᠰᠣᠭᠠᠷ ᠡᠯ᠎ᠡ ᠬᠤᠰᠢᠭᠤ ᠰᠢᠶᠠᠨ ︵ | ᠬᠤᠲᠠ ᠂ ᠲᠣᠭᠤᠷᠢᠭ︶ ᠤ ᠮᠦ ᠪᠦᠷᠢ ᠶᠢᠨ ᠳᠤᠮᠳᠠᠴᠢ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ ᠲᠣᠭᠲᠠᠭᠠᠵᠤ ᠂ ᠬᠤᠰᠢᠭᠤ ᠰᠢᠶᠠᠨ ︵ᠬᠤᠲᠠ ᠂ | ᠲᠣᠭᠤᠷᠢᠭ︶ ᠢᠶᠠᠷ ᠨᠢᠭᠡᠴᠢ ᠪᠣᠯᠭᠠᠨ ᠨᠢᠭᠡᠳᠦᠯᠲᠡᠢ ᠲᠥᠯᠥᠪᠯᠡᠨ ᠪᠣᠳᠣᠨ᠎ᠠ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠵᠢᠷᠤᠭᠯᠠᠨ ᠲᠥᠯᠥᠪᠯᠡᠬᠦ ᠪᠠ ᠪᠦᠲᠦᠭᠡᠨ | ᠪᠠᠶᠢᠭᠤᠯᠬᠤ ᠶᠠᠪᠤᠴᠠ ᠳᠤ ᠂ ᠮᠦ ᠪᠦᠷᠢ ᠳᠤ 100 ᠲᠥᠭᠦᠷᠢᠭ ᠠᠴᠠ ᠳᠣᠣᠷ᠎ᠠ ᠦᠭᠡᠢ ᠪᠠᠷᠢᠮᠵᠢᠶ᠎ᠠ ᠪᠠᠷ ᠪᠡᠯᠡ ᠮᠥᠩᠭᠦ ᠴᠤᠭᠯᠠᠭᠤᠯᠤᠨ ᠬᠥᠳᠡᠯᠮᠦᠷᠢ ᠬᠦᠴᠦ | ᠣᠷᠣᠭᠤᠯᠬᠤ ᠬᠡᠷᠡᠭᠲᠡᠢ ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠳᠤ | ᠨᠥᠬᠦᠴᠡᠯ ᠳᠤ ᠨᠡᠶᠢᠴᠡᠬᠦ ᠲᠠᠷᠢᠶᠠᠯᠠᠩ ᠮᠠᠯ ᠠᠵᠤ ᠠᠬᠤᠢ ᠂ ᠤᠰᠤᠨ ᠠᠰᠢᠭᠯᠠᠯᠲᠠ ᠂ ᠣᠶ ᠰᠢᠭᠤᠢ ᠨᠤᠲᠤᠭ ᠪᠡᠯᠴᠢᠭᠡᠷ ᠂ ᠵᠠᠮ ᠬᠠᠷᠢᠯᠴᠠᠭ᠎ᠠ ᠵᠡᠷᠭᠡ ᠡᠯ᠎ᠡ | ᠲᠥᠷᠥᠯ ᠤᠨ ᠲᠥᠷᠥᠯ ᠵᠦᠢᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ ᠪᠠᠶᠢᠭᠠᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠶᠢ ᠰᠠᠨᠠᠭᠠᠴᠢᠯᠠᠨ᠎ᠠ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ ᠡᠵᠡᠩᠨᠡᠬᠦ ᠳᠤ ᠪᠥᠬᠦ ᠠᠵᠤ ᠦᠢᠯᠡᠰ ᠤᠨ | ᠬᠡᠯᠬᠢᠶᠡᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠵᠡᠷᠭᠡ ᠨᠡᠶᠢᠭᠡᠮ ᠤᠨ ᠬᠥᠷᠥᠩᠭᠡ ᠶᠢᠨ ᠪᠡᠯᠡ ᠣᠷᠣᠭᠤᠯᠬᠤ ᠪᠠ ᠣᠷᠣᠯᠴᠠᠬᠤ ᠶᠢ ᠨᠢ | ᠵᠣᠷᠢᠭᠵᠢᠭᠤᠯᠤᠨ᠎ᠠ ᠃ ︵ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︶ | ᠬᠤᠶᠠᠷ ᠂ ᠡᠮᠦᠨᠡᠬᠢ ᠬᠤᠭᠤᠴᠠᠭᠠᠨ ᠤ ᠠᠵᠢᠯ ᠢᠶᠠᠨ ᠰᠢᠯᠢᠳᠡᠭᠵᠢᠭᠦᠯᠬᠦ ᠬᠡᠷᠡᠭᠲᠡᠢ | ᠦᠯᠡᠭᠦᠦ ᠥᠨᠢᠳᠡ ᠶᠢᠨ ᠦᠨᠳᠦᠰᠦᠨ ᠲᠠᠷᠢᠶᠠᠨ ᠭᠠᠵᠠᠷ ᠪᠦᠬᠦᠨ ᠢ ᠨᠥᠭᠡᠴᠡ ᠲᠥᠷᠥᠯ ᠵᠦᠢᠯ ᠤᠨ ᠬᠥᠮᠥᠷᠭᠡ ᠳᠤ ᠠᠯᠬᠤᠮ ᠠᠯᠬᠤᠮ ᠢᠶᠠᠷ ᠣᠷᠣᠭᠤᠯᠵᠤ ᠂ | ᠪᠣᠳᠠᠲᠤ ᠪᠠᠶᠢᠳᠠᠯ ᠳᠤ ᠪᠠᠨ ᠰᠠᠭᠤᠷᠢᠯᠠᠵᠤ ᠪᠦᠲᠦᠭᠡᠨ ᠪᠠᠶᠢᠭᠤᠯᠬᠤ ᠡᠭᠦᠷᠭᠡ ᠪᠠ ᠤᠷᠢᠲᠠᠵᠤ ᠬᠢᠬᠦ ᠳᠠᠷᠠᠭᠠᠯᠠᠯ ᠢ ᠲᠣᠭᠲᠠᠭᠠᠨ ᠂ ᠤᠷᠢᠳ ᠢᠶᠠᠷ ᠬᠢᠯᠪᠠᠷ ᠢ ᠨᠢ | ᠳᠠᠷᠠᠭ᠎ᠠ ᠨᠢ ᠬᠦᠴᠢᠷᠲᠡᠢ ᠶᠢ ᠨᠢ ᠬᠢᠬᠦ ᠶᠢ ᠪᠠᠷᠢᠮᠲᠠᠯᠠᠵᠤ ᠂ ᠲᠤᠷᠰᠢᠯᠲᠠ ᠶᠢᠨ ᠭᠠᠵᠠᠷ ᠣᠷᠣᠨ ᠂ ᠬᠠᠷ᠎ᠠ ᠬᠥᠷᠥᠰᠥᠲᠦ ᠭᠠᠵᠠᠷ ᠣᠷᠣᠨ ᠂ ᠲᠠᠯ᠎ᠠ ᠭᠠᠵᠠᠷ ᠂ ᠤᠰᠤᠨ | ᠠᠰᠢᠭᠯᠠᠯᠲᠠ ᠶᠢᠨ ᠤᠰᠤᠯᠠᠯᠲᠠ ᠶᠢᠨ ᠨᠥᠬᠦᠴᠡᠯ ᠢ ᠪᠦᠷᠢᠳᠦᠭᠦᠯᠦᠭᠰᠡᠨ ᠭᠠᠵᠠᠷ ᠣᠷᠣᠨ ᠪᠠ ᠦᠯᠡᠳᠡᠭᠳᠡᠯ ᠡᠭᠦᠷᠭᠡ ᠪᠠᠷ ᠨᠡᠯᠢᠶᠡᠳ ᠴᠥᠭᠡᠨ ᠪᠠᠶᠢᠭ᠎ᠠ ᠪᠦᠬᠦᠯᠢ | ᠪᠠᠶᠢᠭᠤᠯᠤᠮᠵᠢᠲᠤ ᠳᠦᠷᠢᠮ ᠤᠨ ᠭᠠᠵᠠᠷ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠤᠷᠢᠳ ᠢᠶᠠᠷ ᠠᠬᠢᠭᠤᠯᠵᠤ ᠂ ᠬᠠᠷ᠎ᠠ | ᠬᠥᠷᠥᠰᠥᠲᠦ ᠭᠠᠵᠠᠷ ᠢ ᠬᠠᠮᠠᠭᠠᠯᠠᠨ ᠠᠰᠢᠭᠯᠠᠬᠤ ᠪᠠ ᠬᠤᠵᠢᠷᠰᠢᠭᠰᠠᠨ ᠲᠠᠷᠢᠶᠠᠯᠠᠬᠤ ᠭᠠᠵᠠᠷ ᠢ ᠵᠠᠰᠠᠵᠤ ᠰᠠᠶᠢᠵᠢᠷᠠᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ ᠃ | ᠬᠤᠰᠢᠭᠤ ᠰᠢᠶᠠᠨ ︵ᠬᠤᠲᠠ ᠂ ᠲᠣᠭᠤᠷᠢᠭ︶ ᠨᠢ ᠲᠥᠷᠥᠯ ᠵᠦᠢᠯ ᠲᠣᠭᠲᠠᠭᠠᠬᠤ ᠠᠴᠠ ᠡᠮᠦᠨᠡᠬᠢ 3 ᠵᠢᠯ ᠤᠨ ᠮᠦ ᠪᠦᠷᠢ ᠶᠢᠨ ᠳᠤᠮᠳᠠᠴᠢ ᠪᠣᠳᠠᠲᠠᠢ ᠵᠠᠷᠤᠯᠭ᠎ᠠ ᠶᠢᠨ | ᠵᠣᠭᠤᠰᠤᠨ ᠲᠤᠭ᠎ᠠ ᠶᠣᠰᠣᠭᠠᠷ ᠂ ᠵᠢᠷᠤᠭ ᠲᠥᠯᠥᠪᠯᠡᠭᠡ ᠶᠢᠨ ᠳᠠᠭᠠᠭᠠᠴᠢᠯᠠᠯᠲᠠ ᠵᠠᠷᠯᠠᠬᠤ ᠂ ᠠᠩᠬ᠎ᠠ ᠠᠯᠬᠤᠮ ᠤᠨ ᠵᠢᠷᠤᠭ ᠲᠥᠯᠥᠪᠯᠡᠭᠡ ᠬᠢᠬᠦ ᠂ ᠤᠰᠤᠨ ᠤ ᠡᠬᠢ | ᠰᠤᠷᠪᠤᠯᠵᠢ ᠶᠢᠨ ᠨᠤᠲᠠᠯᠠᠯᠲᠠ ᠶᠢ ᠬᠢᠨᠠᠨ ᠵᠥᠪᠰᠢᠶᠡᠷᠡᠭᠦᠯᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠤᠷᠢᠳᠴᠢᠯᠠᠨ ᠥᠷᠨᠢᠭᠦᠯᠵᠦ ᠂ ᠪᠦᠲᠦᠭᠡᠨ ᠪᠠᠶᠢᠭᠤᠯᠬᠤ | ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠠᠵᠢᠯ ᠡᠬᠢᠯᠡᠭᠦᠯᠬᠦ ᠨᠥᠬᠦᠴᠡᠯ ᠪᠦᠷᠢᠳᠦᠭᠦᠯᠬᠦ ᠶᠢ ᠦᠨᠡᠨ ᠬᠦ ᠪᠠᠲᠤᠯᠠᠨ ᠂ ︽ᠵᠣᠭᠤᠰ ᠨᠢ ᠲᠥᠷᠥᠯ ᠵᠦᠢᠯ ᠢ | ᠬᠦᠯᠢᠶᠡᠬᠦ ︾ ᠠᠴᠠ ᠵᠠᠶᠢᠯᠠᠰᠬᠢᠨ᠎ᠡ ᠃ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ︾ ᠵᠢᠷᠤᠭ ᠲᠥᠯᠥᠪᠯᠡᠭᠡ ᠶᠢᠨ ᠣᠨᠣᠯᠵᠢᠬᠤᠨ ᠢ ᠪᠠᠷᠢᠮᠲᠠᠯᠠᠵᠤ ᠂ ᠭᠠᠵᠠᠷ | ᠳᠣᠣᠷᠠᠬᠢ ᠤᠰᠤ ᠶᠢ ᠬᠠᠮᠢᠶᠠᠷᠤᠨ ᠡᠵᠡᠮᠳᠡᠬᠦ ᠨᠢᠭᠡᠴᠢ ᠶᠢᠨ ᠶᠡᠷᠦᠩᠬᠡᠢ ᠬᠡᠮᠵᠢᠶ᠎ᠡ ᠶᠢ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠨ ᠂ ᠭᠠᠵᠠᠷ ᠣᠷᠣᠨ ᠤ ᠪᠠᠨ | ᠪᠠᠶᠢᠳᠠᠯ ᠳᠤ ᠲᠣᠬᠢᠷᠠᠭᠤᠯᠤᠨ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢ ᠥᠷᠨᠢᠭᠦᠯᠦᠨ᠎ᠡ ᠃ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠠᠬᠢ ᠣᠶ ᠰᠢᠭᠤᠢ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ ᠬᠢᠨᠠᠨ ᠵᠥᠪᠰᠢᠶᠡᠷᠡᠯ ᠪᠠ | ᠬᠠᠶᠢᠷ ᠴᠢᠯᠠᠭᠤᠨ ᠮᠠᠲ᠋ᠧᠷᠢᠶᠠᠯ ᠠᠪᠴᠤ ᠬᠡᠷᠡᠭᠯᠡᠬᠦ ᠵᠥᠪᠰᠢᠶᠡᠷᠡᠯ ᠂ ᠤᠰᠤ ᠠᠪᠴᠤ ᠬᠡᠷᠡᠭᠯᠡᠬᠦ ᠵᠥᠪᠰᠢᠶᠡᠷᠡᠯ ᠤᠨ ᠬᠢᠨᠠᠨ ᠵᠥᠪᠰᠢᠶᠡᠷᠡᠯ ᠵᠡᠷᠭᠡ ᠶᠢᠨ ᠵᠠᠮ ᠱᠤᠭᠤᠮ ᠢ | ᠰᠠᠭᠠᠳ ᠦᠭᠡᠢ ᠨᠡᠪᠲᠡᠷᠡᠭᠦᠯᠬᠦ ᠬᠡᠷᠡᠭᠲᠡᠢ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠰᠡᠳᠦᠪ | ᠲᠣᠭᠲᠠᠭᠠᠬᠤ ᠲᠥᠰᠥᠯ ᠪᠠ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠲᠥᠰᠥᠯ ᠢ ᠲᠣᠰ ᠲᠣᠰ ᠭᠠᠴᠠᠭ᠎ᠠ ᠲᠣᠰᠬᠤᠨ ᠤ ᠠᠷᠠᠳ ᠤᠨ ᠬᠤᠷᠠᠯ ᠢᠶᠠᠷ | ᠰᠤᠳᠤᠯᠤᠨ ᠪᠠᠲᠤᠯᠠᠭᠤᠯᠬᠤ ᠶᠢᠨ ᠬᠠᠮᠲᠤ ᠭᠠᠷ ᠤᠨ ᠥᠰᠥᠭ ᠵᠢᠷᠤᠭᠤᠯᠵᠤ ᠨᠤᠲᠠᠯᠠᠨ ᠲᠣᠭᠲᠠᠭᠠᠬᠤ ᠬᠡᠷᠡᠭᠲᠡᠢ ᠃ ︵ᠬᠠᠷᠢᠭᠤᠴᠠᠯᠭᠠᠲᠤ ᠨᠢᠭᠡᠴᠢ ᠄ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠂ | ᠤᠰᠤᠨ ᠠᠰᠢᠭᠯᠠᠯᠲᠠ ᠶᠢᠨ ᠲᠢᠩᠬᠢᠮ ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ︶ | ᠭᠤᠷᠪᠠ ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠵᠢᠷᠤᠮᠵᠢᠭᠤᠯᠬᠤ ᠬᠡᠷᠡᠭᠲᠡᠢ | ᠵᠠᠷᠴᠢᠮ ᠳᠡᠭᠡᠷ᠎ᠡ ᠪᠠᠨ ᠪᠠᠷᠢᠯᠭ᠎ᠠ ᠶᠢᠨ ᠠᠵᠢᠯ ᠤᠨ ᠳᠠᠭᠠᠭᠠᠴᠢᠯᠠᠯᠲᠠ ᠶᠢᠨ ᠬᠡᠰᠡᠭ ᠤᠨ ᠲᠠᠯᠠᠪᠠᠶ ᠶᠢ 10000 ᠮᠦ ᠠᠴᠠ ᠳᠤᠲᠠᠭᠤ ᠪᠠᠶᠢᠯᠭᠠᠵᠤ ᠪᠣᠯᠬᠤ ᠦᠭᠡᠢ ᠂ | ᠬᠤᠰᠢᠭᠤ ᠰᠢᠶᠠᠨ ︵ᠬᠤᠲᠠ ᠂ ᠲᠣᠭᠤᠷᠢᠭ︶ ᠤ ᠬᠢᠨ ᠤ ᠣᠨ ᠤ ᠪᠠᠷᠢᠯᠭ᠎ᠠ ᠶᠢᠨ ᠠᠵᠢᠯ ᠤᠨ ᠪᠠᠷᠢᠬᠤ ᠡᠭᠦᠷᠭᠡ ᠪᠠᠨ ᠪᠦᠬᠦᠯᠢ ᠴᠣᠭᠴᠠ ᠪᠠᠷ ᠨᠢ | ᠳᠠᠭᠠᠭᠠᠴᠢᠯᠠᠭᠤᠯᠬᠤ ᠶᠢ ᠵᠥᠪᠰᠢᠶᠡᠷᠡᠨ᠎ᠡ ᠃ ᠪᠦᠬᠦ ᠶᠠᠪᠤᠴᠠ ᠶᠢᠨ ᠡᠯᠧᠺᠳ᠋ᠷᠣᠨᠴᠢᠯᠠᠭᠰᠠᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠠ ᠠᠯᠤᠰ ᠠᠴᠠ | ᠣᠨᠳᠣᠣ ᠭᠠᠵᠠᠷ ᠲᠤ ᠳᠠᠭᠠᠭᠠᠴᠢᠯᠠᠯᠲᠠ ᠦᠨᠡᠯᠡᠬᠦ ᠶᠢ ᠳᠡᠯᠭᠡᠷᠡᠭᠦᠯᠦᠨ ᠬᠡᠷᠡᠭᠵᠢᠭᠦᠯᠵᠦ ᠂ ᠵᠢᠷᠤᠭ ᠲᠥᠯᠥᠪᠯᠡᠭᠡ ᠶᠢᠨ ᠦᠯᠢᠭᠡᠷ ᠶᠠᠩᠵᠤ ᠂ ᠬᠢᠨᠠᠨ ᠵᠠᠬᠢᠷᠬᠤ ᠪᠠ | ᠪᠠᠷᠢᠯᠭ᠎ᠠ ᠶᠢᠨ ᠠᠵᠢᠯ ᠤᠨ ᠮᠠᠲ᠋ᠧᠷᠢᠶᠠᠯ ᠤᠨ ᠦᠯᠢᠭᠡᠷ ᠶᠠᠩᠵᠤ ᠂ ᠮᠠᠲ᠋ᠧᠷᠢᠶᠠᠯ ᠤᠨ ᠦᠯᠢᠭᠡᠷ ᠶᠠᠩᠵᠤ ᠵᠡᠷᠭᠡ ᠶᠢ ᠳᠠᠭᠠᠭᠠᠴᠢᠯᠠᠯᠲᠠ ᠦᠨᠡᠯᠡᠬᠦ ᠬᠦᠴᠦᠨ ᠵᠦᠢᠯ ᠪᠠ | ᠭᠡᠷ᠎ᠡ ᠭᠦᠢᠴᠡᠳᠬᠡᠬᠦ ᠪᠠᠷᠢᠮᠵᠢᠶ᠎ᠠ ᠪᠣᠯᠭᠠᠬᠤ ᠶᠢ ᠠᠬᠢᠭᠤᠯᠵᠤ ᠂ ᠪᠦᠲᠦᠭᠡᠨ ᠪᠠᠶᠢᠭᠤᠯᠤᠯᠲᠠ ᠶᠢᠨ ᠣᠨ ᠤ 2 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ | ᠪᠠᠷᠢᠯᠭ᠎ᠠ ᠶᠢᠨ ᠠᠵᠢᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢ ᠪᠡᠶᠡᠯᠡᠭᠦᠯᠦᠨ᠎ᠡ ᠃ ᠪᠠᠷᠢᠯᠭ᠎ᠠ ᠶᠢᠨ ᠭᠡᠷ᠎ᠡ ᠶᠢ ᠵᠠᠷᠯᠠᠨ ᠨᠡᠶᠢᠲᠡᠯᠡᠵᠦ ᠂ ︽ᠦᠨᠡᠨ | ᠬᠤᠳᠠᠯ ᠭᠡᠷ᠎ᠡ ︾᠂ ︽ᠳᠣᠣᠷ᠎ᠠ ᠦᠨ᠎ᠡ ᠪᠠᠷ ᠳᠠᠭᠠᠭᠠᠴᠢᠯᠠᠯᠲᠠ ᠣᠨᠣᠵᠤ ᠥᠨᠳᠥᠷ ᠦᠨ᠎ᠡ ᠪᠠᠷ ᠳ᠋ᠦᠩᠨᠡᠨ ᠪᠣᠳᠣᠬᠤ ︾ ᠵᠡᠷᠭᠡ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠃ ᠥᠩᠭᠡᠨ ᠳᠡᠭᠡᠷ᠎ᠡ ᠪᠠᠨ ᠳᠠᠭᠠᠭᠠᠴᠢᠯᠠᠯᠲᠠ ᠵᠠᠷᠯᠠᠵᠤ ᠳᠠᠯᠳᠠᠭᠤᠷ ᠲᠣᠭᠲᠠᠭᠠᠬᠤ ᠂ | ᠳᠠᠭᠠᠭᠠᠴᠢᠯᠠᠯᠲᠠ ᠬᠦᠯᠢᠶᠡᠬᠦ ᠳᠤ ᠬᠤᠤᠪᠢᠯᠳᠤᠵᠤ ᠬᠤᠮᠣᠷᠭᠠᠯᠠᠬᠤ ᠂ ᠰᠢᠯᠵᠢᠭᠦᠯᠦᠨ ᠳᠠᠭᠠᠭᠠᠴᠢᠯᠠᠭᠤᠯᠵᠤ ᠲᠦᠰᠢᠭᠯᠡᠬᠦ ᠵᠡᠷᠭᠡ ᠬᠡᠯᠪᠡᠷᠢ ᠪᠠᠷ ᠬᠤᠳᠠᠯ ᠬᠡᠯᠡᠵᠦ | ᠬᠠᠭᠤᠷᠮᠠᠭ ᠢᠶᠠᠷ ᠵᠣᠬᠢᠶᠠᠭᠰᠠᠨ ᠪᠠᠶᠢᠪᠠᠯ ᠂ ᠪᠣᠳᠠᠲᠤ ᠪᠠᠶᠢᠳᠠᠯ ᠢ ᠪᠠᠶᠢᠴᠠᠭᠠᠨ ᠲᠣᠳᠣᠯᠠᠮᠠᠭᠴᠠ ᠳᠠᠭᠠᠭᠠᠴᠢᠯᠠᠯᠲᠠ ᠬᠦᠯᠢᠶᠡᠭᠴᠢ ᠶᠢᠨ ᠳᠠᠭᠠᠭᠠᠴᠢᠯᠠᠯᠲᠠ ᠬᠦᠯᠢᠶᠡᠬᠦ ︵ | ᠳᠠᠭᠠᠭᠠᠴᠢᠯᠠᠯᠲᠠ ᠣᠨᠣᠬᠤ︶ ᠬᠢᠷᠢ ᠬᠡᠮ ᠢ ᠨᠢ ᠬᠦᠴᠦᠨ ᠦᠭᠡᠢ ᠪᠣᠯᠭᠠᠵᠤ ᠂ 3 ᠵᠢᠯ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠬᠢᠯᠢ ᠳᠣᠲᠣᠷᠠᠬᠢ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠳᠤ ᠣᠷᠤᠯᠴᠠᠬᠤ ᠶᠢ ᠴᠠᠭᠠᠵᠠᠯᠠᠬᠤ ᠶᠢᠨ ᠬᠠᠮᠲᠤ ᠂ ᠬᠠᠮᠢᠶ᠎ᠠ | ᠪᠦᠬᠦᠢ ᠰᠦᠪᠡᠭᠴᠢ ᠶᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠨ᠎ᠠ ᠃ ︵ᠬᠠᠷᠢᠭᠤᠴᠠᠯᠭᠠᠲᠤ ᠨᠢᠭᠡᠴᠢ ᠄ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠂ ᠡᠳ᠋ ᠤᠨ ᠵᠠᠰᠠᠭ ᠤᠨ ᠲᠢᠩᠬᠢᠮ︶ | ᠳᠥᠷᠪᠡ ᠂ ᠪᠡᠯᠡ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ | ᠲᠥᠷᠥᠯ ᠵᠦᠢᠯ ᠤᠨ ᠪᠡᠯᠡ ᠣᠷᠣᠭᠤᠯᠤᠯᠲᠠ ᠳᠤ ︽ᠨᠢᠭᠡ ᠭᠠᠵᠠᠷ ᠢ ᠨᠢᠭᠡ ᠵᠥᠪᠯᠡᠬᠦ ᠶᠢ ᠬᠡᠷᠡᠭᠵᠢᠭᠦᠯᠵᠦ ︾᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠠᠭᠤᠯᠭ᠎ᠠ ᠶᠢ ᠵᠢᠷᠤᠭᠯᠠᠨ ᠲᠥᠯᠥᠪᠯᠡᠬᠦ ᠳᠤ ᠪᠠᠨ ︽ᠶᠠᠭᠤ ᠳᠤᠲᠠᠭᠳᠠᠵᠤ ᠪᠠᠶᠢᠪᠠᠯ ᠲᠡᠭᠦᠨ ᠢ ᠨᠢ ᠨᠥᠬᠦᠪᠦᠷᠢᠯᠡᠵᠦ ︾᠂ ᠤᠷᠢᠳ ᠢᠶᠠᠷ ᠲᠠᠷᠢᠶᠠᠨ | ᠭᠠᠵᠠᠷ ᠤᠨ ᠰᠠᠭᠤᠷᠢ ᠪᠡᠯᠡᠳᠬᠡᠮᠵᠢ ᠶᠢᠨ ᠢᠨᠵᠧᠨᠧᠷᠢᠩ ᠳᠠᠷᠠᠭ᠎ᠠ ᠨᠢ ᠲᠠᠷᠢᠶᠠᠨ ᠭᠠᠵᠠᠷ ᠤᠨ ᠭᠠᠵᠠᠷ ᠤᠨ ᠬᠦᠴᠦ ᠶᠢ ᠨᠡᠮᠡᠭᠳᠡᠭᠦᠯᠬᠦ ᠢᠨᠵᠧᠨᠧᠷᠢᠩ ᠤᠨ ᠳᠡᠰ | ᠳᠠᠷᠠᠭᠠᠯᠠᠯ ᠤᠨ ᠲᠣᠬᠢᠷᠠᠭᠤᠯᠤᠯᠲᠠ ᠶᠣᠰᠣᠭᠠᠷ ᠂ ᠲᠠᠷᠢᠶᠠᠨ ᠭᠠᠵᠠᠷ ᠂ ᠤᠰᠤ ᠂ ᠴᠠᠬᠢᠯᠭᠠᠨ ᠂ ᠵᠠᠮ ᠂ ᠣᠢ ᠰᠢᠭᠤᠢ ᠶᠢ ᠶᠡᠷᠦᠩᠬᠡᠶᠢᠯᠡᠨ ᠳᠦᠬᠦᠷᠵᠢᠭᠦᠯᠬᠦ ᠶᠢ ᠪᠡᠶᠡᠯᠡᠭᠦᠯᠵᠦ ᠂ | ︽ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠠᠴᠠ ᠬᠡᠲᠦᠷᠡᠭᠦᠯᠦᠭᠰᠡᠨ ᠵᠢᠷᠤᠭ ᠲᠥᠯᠥᠪᠯᠡᠭᠡ ︾ ᠶᠢ ᠲᠠᠰᠤ ᠵᠣᠭᠰᠣᠭᠠᠵᠤ ᠂ ᠳᠠᠩ ᠭᠠᠭᠴᠠ ᠲᠥᠷᠥᠯ ᠵᠦᠢᠯ ᠤᠨ | ᠮᠦ ᠪᠦᠷᠢ ᠶᠢᠨ ᠳᠤᠮᠳᠠᠴᠢ ᠪᠡᠯᠡ ᠣᠷᠣᠭᠤᠯᠤᠯᠲᠠ ᠶᠢ ᠪᠣᠳᠠᠲᠤ ᠪᠠᠶᠢᠳᠠᠯ ᠢᠶᠠᠨ ᠦᠨᠳᠦᠰᠦᠯᠡᠨ ᠮᠦ ᠪᠦᠷᠢ ᠶᠢᠨ ᠳᠤᠮᠳᠠᠴᠢ ᠡᠳ᠋ ᠤᠨ ᠵᠠᠰᠠᠭ ᠤᠨ ᠨᠥᠬᠦᠪᠦᠷᠢ ᠶᠢᠨ | ᠪᠠᠷᠢᠮᠵᠢᠶ᠎ᠠ ᠠᠴᠠ ᠥᠨᠳᠥᠷ ᠪᠤᠶᠤ ᠳᠣᠣᠷ᠎ᠠ ᠪᠠᠶᠢᠯᠭᠠᠵᠤ ᠪᠣᠯᠣᠨ᠎ᠠ ᠃ ᠬᠤᠰᠢᠭᠤ ᠰᠢᠶᠠᠨ ︵ᠬᠤᠲᠠ ᠂ ᠲᠣᠭᠤᠷᠢᠭ︶ ᠨᠢ ᠴᠢᠩᠭ᠎ᠠ ᠬᠢᠨᠠᠭᠤᠷ ᠪᠠᠶᠢᠬᠤ ᠵᠠᠷᠴᠢᠮ ᠤᠨ | ᠶᠣᠰᠣᠭᠠᠷ ᠲᠤᠰᠠᠭᠠᠷ ᠵᠠᠷᠤᠳᠠᠯ ᠢ ᠦᠨᠡᠨ ᠪᠣᠳᠠᠲᠠᠢ ᠪᠠᠷ ᠵᠠᠷᠤᠯᠭ᠎ᠠ ᠪᠠᠷ ᠵᠢᠭᠰᠠᠭᠠᠨ ᠭᠠᠷᠭᠠᠵᠤ ᠂ ᠨᠡᠶᠢᠲᠡ ᠲᠤᠭ᠎ᠠ ᠶᠢ ᠲᠤᠰ ᠲᠥᠷᠥᠯ ᠵᠦᠢᠯ ᠤᠨ ᠥᠪᠡᠷᠲᠡᠭᠡᠨ | ᠵᠠᠰᠠᠬᠤ ᠣᠷᠣᠨ ᠤ ᠵᠢᠴᠢ ᠲᠡᠭᠦᠨ ᠠᠴᠠ ᠳᠡᠭᠡᠭᠰᠢᠬᠢ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢᠨ ᠶᠡᠷᠦᠩᠬᠡᠢ ᠲᠣᠭᠠᠨ ᠤ 5% ᠠᠴᠠ ᠬᠡᠲᠦᠷᠡᠭᠦᠯᠵᠦ | ᠪᠣᠯᠬᠤ ᠦᠭᠡᠢ ᠃ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠬᠢᠨᠠᠨ ᠬᠠᠷᠭᠤᠭᠤᠯᠵᠤ ᠬᠠᠰᠤᠭᠰᠠᠨ ᠪᠠ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ | ᠬᠦᠯᠢᠶᠡᠭᠰᠡᠨ ᠦᠯᠡᠳᠡᠪᠦᠷᠢ ᠪᠡᠯᠡ ᠮᠥᠩᠭᠦ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠬᠡᠷᠡᠭᠲᠡᠢ ᠃ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠳᠤ ᠲᠤᠰᠬᠠᠢ ᠳᠠᠩᠰᠠᠨ ᠡᠷᠦᠬᠡ ᠶᠢᠨ ᠬᠠᠮᠢᠶᠠᠷᠤᠯᠲᠠ ᠶᠢ ᠬᠡᠷᠡᠭᠵᠢᠭᠦᠯᠵᠦ ᠂ ᠪᠥᠬᠦ | ᠶᠠᠪᠤᠴᠠ ᠳᠤ ᠮᠥᠷᠳᠡᠵᠦ ᠬᠢᠨᠠᠨ ᠪᠤᠳᠤᠬᠤ ᠠᠵᠢᠯ ᠢ ᠥᠷᠨᠢᠭᠦᠯᠵᠦ ᠂ ᠪᠠᠷᠢᠯᠭ᠎ᠠ ᠶᠢᠨ ᠠᠬᠢᠴᠠ ᠶᠢ ᠴᠢᠩᠭ᠎ᠠ ᠵᠢᠷᠤᠮᠯᠠᠨ ᠲᠣᠭᠠᠴᠠᠭ᠎ᠠ ᠬᠢᠵᠦ ᠂ ᠪᠠᠷᠢᠯᠭ᠎ᠠ ᠶᠢᠨ | ᠠᠬᠢᠴᠠ ᠶᠢᠨ ᠵᠣᠭᠤᠰ ᠥᠭᠬᠦ ᠬᠠᠷᠢᠴᠠᠯ ᠢ ᠨᠢᠭᠡᠨᠲᠡ ᠱᠠᠲᠤᠯᠠᠨ ᠰᠢᠯᠭᠠᠨ ᠬᠤᠷᠢᠶᠠᠵᠤ ᠠᠪᠬᠤ ᠶᠢ ᠪᠡᠶᠡᠯᠡᠭᠦᠯᠦᠭᠰᠡᠨ ᠪᠠ ᠦᠵᠦᠭᠯᠡᠭᠰᠡᠨ ᠭᠡᠷᠡᠴᠢᠯᠡᠯᠲᠡ ᠲᠣᠭᠲᠠᠭᠰᠠᠨ | ᠪᠠᠷᠢᠯᠭ᠎ᠠ ᠶᠢᠨ ᠦᠨ᠎ᠡ ᠮᠥᠩᠭᠦᠨ ᠤ 80% ᠠᠴᠠ ᠳᠣᠣᠷ᠎ᠠ ᠪᠠᠶᠢᠯᠭᠠᠵᠤ ᠪᠣᠯᠬᠤ ᠦᠭᠡᠢ ᠂ ᠪᠤᠰᠤᠳ ᠥᠭᠬᠦ ᠶᠣᠰᠣᠲᠠᠢ ᠪᠠᠷᠢᠯᠭ᠎ᠠ ᠶᠢᠨ ᠵᠣᠭᠤᠰ ᠢ ᠪᠠᠷᠢᠯᠭ᠎ᠠ | ᠳᠠᠭᠤᠰᠴᠤ ᠰᠢᠯᠭᠠᠨ ᠬᠤᠷᠢᠶᠠᠵᠤ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ 30 ᠡᠳᠦᠷ ᠤᠨ ᠳᠣᠲᠣᠷ᠎ᠠ ᠥᠭᠬᠦ ᠬᠡᠷᠡᠭᠲᠡᠢ ᠃ ︵ᠬᠠᠷᠢᠭᠤᠴᠠᠯᠭᠠᠲᠤ ᠨᠢᠭᠡᠴᠢ ᠄ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︶ | ᠲᠠᠪᠤ ᠂ ᠨᠡᠮᠡᠭᠳᠡᠭᠦᠯᠦᠭᠰᠡᠨ ᠭᠠᠵᠠᠷ ᠤᠨ ᠳᠠᠯᠳᠠ ᠬᠦᠴᠦᠨ ᠢ ᠠᠭᠤᠳᠠᠯᠬᠤ ᠬᠡᠷᠡᠭᠲᠡᠢ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠢ ᠪᠦᠲᠦᠭᠡᠨ ᠪᠠᠶᠢᠭᠤᠯᠬᠤ ᠠᠴᠠ ᠡᠮᠦᠨ᠎ᠡ ᠂ ᠬᠤᠰᠢᠭᠤ ᠰᠢᠶᠠᠨ ︵ᠬᠤᠲᠠ ᠂ ᠲᠣᠭᠤᠷᠢᠭ︶ ᠤ | ᠠᠷᠠᠳ ᠤᠨ ᠵᠠᠰᠠᠭ ᠤᠨ ᠣᠷᠳᠣᠨ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠭᠠᠵᠠᠷ ᠤᠨ ᠲᠥᠷᠥᠯ ᠤᠨ ᠰᠢᠨᠵᠢ ᠴᠢᠨᠠᠷ ᠢ ᠨᠤᠲᠠᠯᠠᠵᠤ ᠂ ᠣᠳᠣᠬᠢ | ᠪᠠᠶᠢᠳᠠᠯ ᠳᠠᠬᠢ ᠲᠠᠷᠢᠮᠠᠯ ᠤᠨ ᠪᠠᠶᠢᠳᠠᠯ ᠤᠨ ᠡᠬᠡ ᠲᠠᠩᠰᠠ ᠶᠢ ᠪᠠᠶᠢᠭᠤᠯᠤᠨ ᠂ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠤᠨ ᠣᠷᠣᠨ ᠪᠠᠶᠢᠷᠢ ᠂ ᠲᠤᠭ᠎ᠠ | ᠬᠡᠮᠵᠢᠶ᠎ᠡ ᠶᠢ ᠲᠣᠭᠲᠠᠭᠠᠬᠤ ᠬᠡᠷᠡᠭᠲᠡᠢ ᠃ ︽ᠨᠢᠭᠡ ᠡᠷᠦᠬᠡ ᠳᠤ ᠨᠢᠭᠡ ᠬᠡᠰᠡᠭ ᠲᠠᠷᠢᠶᠠᠨ ᠭᠠᠵᠠᠷ ︾ ᠤᠨ ᠪᠠᠷᠢᠮᠵᠢᠶ᠎ᠠ ᠶᠣᠰᠣᠭᠠᠷ ︽ᠭᠤᠷᠪᠠ ᠶᠢ ᠬᠤᠪᠢᠷᠠᠭᠠᠬᠤ ᠂ | ᠲᠠᠪᠤ ᠶᠢ ᠨᠢᠭᠡᠳᠦᠯᠲᠡᠢ ᠬᠢᠬᠦ ᠂ ᠨᠢᠭᠡ ᠶᠢ ᠳᠠᠬᠢᠨᠲᠠ ᠬᠤᠪᠢᠶᠠᠷᠢᠯᠠᠬᠤ ︾ ︵ᠲᠠᠷᠢᠶᠠᠴᠢᠨ ᠡᠷᠦᠬᠡ ᠶᠢᠨ ᠳᠠᠭᠠᠭᠠᠴᠢᠯᠠᠯᠲᠠ ᠶᠢᠨ ᠵᠠᠭᠠᠭ ᠬᠢᠵᠠᠭᠠᠷ ᠢ ᠬᠤᠪᠢᠷᠠᠭᠠᠬᠤ ᠂ ᠡᠮᠬᠢ | ᠳᠢᠭᠯᠢᠮ ᠦᠭᠡᠢ ᠭᠠᠵᠠᠷ ᠬᠡᠰᠡᠭ ᠤᠨ ᠵᠠᠭᠠᠭ ᠬᠢᠵᠠᠭᠠᠷ ᠢ ᠬᠤᠪᠢᠷᠠᠭᠠᠬᠤ ᠂ ᠡᠮᠬᠢ ᠵᠠᠮᠪᠠᠷᠠᠭ᠎ᠠ ᠦᠭᠡᠢ ᠭᠤᠤ ᠰᠤᠪᠠᠭ ᠵᠠᠮ ᠤᠨ ᠪᠠᠶᠢᠷᠢᠰᠢᠭᠤᠯᠤᠯᠲᠠ ᠶᠢ ᠬᠤᠪᠢᠷᠠᠭᠠᠬᠤ︔ | ᠰᠢᠨ᠎ᠡ ᠵᠢᠷᠤᠭ ᠲᠥᠯᠥᠪᠯᠡᠭᠡ ᠶᠢᠨ ᠶᠣᠰᠣᠭᠠᠷ ᠂ ᠨᠢᠭᠡᠳᠦᠯᠲᠡᠢ ᠭᠤᠤ ᠰᠤᠪᠠᠭ ᠮᠠᠯᠲᠠᠬᠤ ᠂ ᠨᠢᠭᠡᠳᠦᠯᠲᠡᠢ ᠵᠠᠮ ᠵᠠᠰᠠᠬᠤ ᠂ ᠨᠢᠭᠡᠳᠦᠯᠲᠡᠢ ᠮᠣᠳᠣ ᠲᠠᠷᠢᠵᠤ | ᠣᠶᠢᠵᠢᠭᠤᠯᠬᠤ ᠂ ᠭᠠᠵᠠᠷ ᠰᠢᠷᠣᠢ ᠶᠢ ᠨᠢᠭᠡᠳᠦᠯᠲᠡᠢ ᠲᠡᠭᠰᠢᠯᠡᠬᠦ ᠂ ᠭᠠᠵᠠᠷ ᠬᠡᠰᠡᠭ ᠢ ᠨᠢᠭᠡᠳᠦᠯᠲᠡᠢ ᠬᠤᠪᠢᠶᠠᠷᠢᠯᠠᠬᠤ︔ ᠴᠡᠭᠴᠡᠯᠡᠨ ᠵᠠᠰᠠᠬᠤ ᠶᠢ ᠪᠡᠶᠡᠯᠡᠭᠦᠯᠦᠭᠰᠡᠨ ᠤ | ᠳᠠᠷᠠᠭ᠎ᠠ ᠂ ᠲᠠᠷᠢᠶᠠᠴᠢᠨ ᠮᠠᠯᠴᠢᠳ ᠤᠨ ᠤᠤᠯ ᠤᠨ ᠪᠠᠶᠢᠭᠰᠠᠨ ᠲᠠᠯᠠᠪᠠᠶ ᠠᠴᠠ ᠬᠡᠲᠦᠷᠡᠭᠦᠯᠬᠦ ᠦᠭᠡᠢ ᠪᠠᠷ ᠡᠵᠡᠩᠨᠡᠯᠲᠡ ᠶᠢᠨ ᠡᠷᠬᠡ ᠶᠢ ᠡᠷᠦᠬᠡ ᠳᠤ ᠬᠦᠷᠲᠡᠯ᠎ᠡ ᠳᠠᠬᠢᠨᠲᠠ | ᠬᠤᠪᠢᠶᠠᠷᠢᠯᠠᠬᠤ︶ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠳᠡᠯᠭᠡᠷᠡᠭᠦᠯᠦᠨ ᠬᠡᠷᠡᠭᠵᠢᠭᠦᠯᠵᠦ ᠂ ︽ᠵᠢᠵᠢᠭ ᠲᠠᠷᠢᠶᠠᠨ ᠭᠠᠵᠠᠷ ᠢ ᠲᠣᠮᠣ ᠲᠠᠷᠢᠶᠠᠨ ᠭᠠᠵᠠᠷ ᠪᠣᠯᠭᠠᠨ | ᠬᠤᠪᠢᠷᠠᠭᠤᠯᠬᠤ ︾ ᠶᠢ ᠪᠡᠶᠡᠯᠡᠭᠦᠯᠦᠨ᠎ᠡ ᠃ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠢ ᠤᠯᠤᠰ ᠤᠨ ᠥᠮᠴᠢᠯᠡᠯᠲᠦ ᠠᠴᠠ ᠪᠤᠰᠤᠳ ᠢ ᠨᠢ ᠪᠦᠬᠦᠨ ᠢ ᠭᠠᠴᠠᠭ᠎ᠠ | ᠲᠣᠰᠬᠤᠨ ᠤ ᠬᠠᠮᠲᠤ ᠶᠢᠨ ᠡᠵᠡᠩᠨᠡᠯᠲᠡ ᠬᠠᠮᠢᠶᠠᠷᠤᠯᠲᠠ ᠳᠤ ᠣᠷᠣᠭᠤᠯᠤᠨ᠎ᠠ ᠃ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠬᠡᠷᠡᠭᠯᠡᠭᠰᠡᠨ ᠪᠤᠶᠤ ᠡᠵᠡᠯᠡᠨ | ᠬᠡᠷᠡᠭᠯᠡᠭᠰᠡᠨ ᠪᠠᠶᠢᠪᠠᠯ ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠲᠤ ᠲᠣᠬᠢᠷᠠᠭᠤᠯᠤᠯᠲᠠ ᠬᠢᠵᠦ ᠨᠥᠬᠦᠪᠦᠷᠢᠯᠡᠨ ᠬᠤᠪᠢᠶᠠᠷᠢᠯᠠᠬᠤ ᠶᠢ ᠪᠡᠶᠡᠯᠡᠭᠦᠯᠬᠦ ᠬᠡᠷᠡᠭᠲᠡᠢ ᠃ | ᠲᠠᠷᠢᠶᠠᠯᠠᠬᠤ ᠭᠠᠵᠠᠷ ᠤᠨ ᠡᠷᠬᠢᠨ ᠲᠣᠭᠤᠷᠢᠨ ᠤ ᠬᠡᠰᠡᠭ ᠪᠤᠰᠠᠭ ᠡᠪᠡᠰᠦ ᠪᠡᠯᠴᠢᠭᠡᠷ ᠢ ᠡᠵᠡᠯᠡᠨ ᠬᠡᠷᠡᠭᠯᠡᠬᠦ ᠳᠤ ᠬᠤᠯᠪᠣᠭᠳᠠᠭᠰᠠᠨ ᠪᠠᠶᠢᠪᠠᠯ ᠂ ︽ᠡᠵᠡᠯᠡᠬᠦ | ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ︾ ᠪᠤᠶᠤ ︽ᠣᠷᠣᠭᠤᠯᠵᠤ ᠭᠠᠷᠭᠠᠬᠤ ᠶᠢ ᠲᠡᠩᠴᠡᠭᠦᠷᠢᠲᠡᠢ ᠪᠠᠶᠢᠯᠭᠠᠬᠤ ︾ ᠶᠢ ᠨᠠᠶᠢᠳᠠᠪᠤᠷᠢᠵᠢᠭᠤᠯᠤᠭᠰᠠᠨ ᠤ ᠳᠠᠷᠠᠭ᠎ᠠ | ᠰᠢᠯᠵᠢᠭᠦᠯᠦᠨ ᠭᠠᠷᠭᠠᠬᠤ ᠶᠢ ᠨᠢ ᠵᠥᠪᠰᠢᠶᠡᠷᠡᠨ᠎ᠡ ᠃ ︵ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠣᠰᠬᠤᠨ ᠮᠠᠯᠵᠢᠬᠤ ᠣᠷᠣᠨ ᠤ ᠲᠢᠩᠬᠢᠮ ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ︶ | ᠵᠢᠷᠭᠤᠭ᠎ᠠ ᠂ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠪᠠᠲᠤᠯᠠᠬᠤ ᠬᠡᠷᠡᠭᠲᠡᠢ | ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠨᠠᠰᠤᠨ ᠲᠤᠷᠰᠢ ᠶᠢᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ ᠂ ︽ᠬᠤᠶᠠᠷ ᠢ ᠰᠤᠭᠤᠴᠢᠵᠤ ᠂ | ᠨᠢᠭᠡ ᠶᠢ ᠢᠯᠡ ᠪᠣᠯᠭᠠᠬᠤ ︾ ᠲᠥᠷᠥᠯ ᠵᠦᠢᠯ ᠤᠨ ᠰᠤᠭᠤᠴᠢᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ ᠂ ᠣᠯᠵᠤ ᠮᠡᠳᠡᠭᠰᠡᠨ ᠠᠰᠠᠭᠤᠳᠠᠯ ᠢ ᠲᠣᠳᠣᠷᠬᠠᠢ | ᠬᠠᠭᠤᠳᠠᠰᠤ ᠶᠢᠨ ᠬᠠᠮᠢᠶᠠᠷᠤᠯᠲᠠ ᠶᠢᠨ ᠰᠢᠰᠲ᠋ᠧᠮ ᠳᠤ ᠲᠡᠮᠳᠡᠭᠯᠡᠨ ᠣᠷᠣᠭᠤᠯᠵᠤ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠨ᠎ᠠ ᠃ ᠪᠦᠲᠦᠭᠡᠨ | ᠪᠠᠶᠢᠭᠤᠯᠤᠯᠲᠠ ᠳᠤ ᠣᠷᠣᠯᠴᠠᠭᠰᠠᠨ ᠠᠵᠤ ᠠᠬᠤᠶᠢᠯᠠᠯ ᠳᠤ ᠢᠲᠡᠭᠡᠮᠵᠢ ᠶᠢᠨ ᠦᠨᠡᠯᠡᠯᠲᠡ ᠬᠢᠬᠦ ᠠᠵᠢᠯ ᠢ ᠥᠷᠨᠢᠭᠦᠯᠵᠦ ᠂ ᠬᠠᠷ᠎ᠠ ᠴᠠᠭᠠᠨ ᠳᠠᠩᠰᠠ ᠶᠢ ᠪᠠᠶᠢᠭᠤᠯᠵᠤ ᠂ | ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠪᠠᠨ ᠴᠢᠩᠭᠠᠷᠠᠭᠤᠯᠤᠨ᠎ᠠ ᠃ ᠥᠪᠡᠷᠲᠡᠭᠡᠨ ᠵᠠᠰᠠᠬᠤ ᠣᠷᠣᠨ ᠂ ᠠᠶᠢᠮᠠᠭ ᠬᠤᠲᠠ ᠬᠤᠶᠠᠷ ᠱᠠᠲᠤᠨ ᠤ | ᠲᠠᠷᠢᠶᠠᠯᠠᠩ ᠤᠨ ᠪᠡᠯᠡ ᠣᠷᠤᠭᠤᠯᠤᠯᠲᠠ ᠂ ᠨᠡᠭᠡᠭᠡᠯᠲᠡ ᠬᠥᠭᠵᠢᠭᠦᠯᠦᠯᠲᠡ ᠂ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠰᠦᠪᠡᠭᠴᠢᠯᠡᠨ | ᠵᠣᠬᠢᠶᠠᠨ ᠪᠠᠶᠢᠭᠤᠯᠵᠤ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠤᠯᠤᠨ᠎ᠠ ᠃ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠪᠠᠶᠢᠭᠤᠯᠤᠨ ᠬᠦᠴᠦᠷᠬᠡᠭᠵᠢᠭᠦᠯᠵᠦ ᠂ ᠮᠡᠷᠭᠡᠵᠢᠯ ᠤᠨ | ᠲᠤᠯᠭᠠᠭᠤᠷᠢᠯᠠᠯ ᠤᠨ ᠦᠢᠯᠡᠴᠢᠯᠡᠭᠡ ᠶᠢ ᠰᠠᠶᠢᠲᠤᠷ ᠬᠢᠵᠦ ᠂ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠬᠥᠮᠥᠰ ᠤᠨ ᠲᠥᠪᠯᠡᠷᠡᠭᠦᠯᠦᠨ ᠠᠵᠢᠯᠯᠠᠬᠤ ᠶᠢ | ᠵᠣᠷᠢᠭᠵᠢᠭᠤᠯᠵᠤ ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ ᠃ ᠥᠪᠡᠷᠲᠡᠭᠡᠨ ᠵᠠᠰᠠᠬᠤ ᠣᠷᠣᠨ ᠬᠢᠨᠠᠯᠲᠠ ᠲᠠᠯᠪᠢᠬᠤ ᠬᠠᠯᠠᠮᠰᠢᠯ ᠤᠲᠠᠰᠤ 12316 ᠶᠢ | ᠨᠡᠪᠲᠡᠷᠡᠭᠦᠯᠬᠦ ᠶᠢᠨ ᠬᠠᠮᠲᠤ ︽ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠭᠠᠷ ᠤᠨ ᠠᠶ᠎ᠠ ᠪᠠᠷ ᠰᠡᠭᠦᠳᠡᠷᠯᠡᠬᠦ ︾ ᠵᠢᠵᠢᠭ ᠫᠷᠣᠭ᠍ᠷᠠᠮ ᠢ | ᠢᠳᠡᠪᠬᠢᠲᠡᠢ ᠳᠡᠯᠭᠡᠷᠡᠭᠦᠯᠵᠦ ᠂ ᠬᠤᠰᠢᠭᠤ ᠰᠢᠶᠠᠨ ︵ᠬᠤᠲᠠ ᠂ ᠲᠣᠭᠤᠷᠢᠭ︶ ᠳᠤ ᠲᠠᠷᠢᠶᠠᠴᠢᠨ ᠮᠠᠯᠴᠢᠨ ᠤ ᠬᠢᠨᠠᠯᠲᠠ ᠲᠠᠯᠪᠢᠭᠴᠢ ᠶᠢᠨ ᠨᠡᠶᠢᠲᠡ ᠶᠢᠨ ᠠᠰᠠᠷᠠᠮᠵᠢ ᠶᠢᠨ | ᠠᠵᠢᠯ ᠤᠨ ᠪᠠᠶᠢᠷᠢ ᠲᠣᠬᠢᠷᠠᠭᠤᠯᠤᠨ ᠂ ᠢᠯᠡ ᠪᠠᠷ ᠨᠡᠶᠢᠲᠡᠯᠡᠬᠦ ᠠᠵᠢᠯ ᠢ ᠵᠢᠷᠤᠮᠵᠢᠭᠤᠯᠤᠨ ᠥᠷᠨᠢᠭᠦᠯᠵᠦ ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠴᠢᠩᠭᠠᠷᠠᠭᠤᠯᠤᠨ᠎ᠠ ᠃ | ᠠᠰᠠᠭᠤᠳᠠᠯ ᠢ ᠴᠠᠭ ᠲᠤᠬᠠᠢ ᠳᠤ ᠨᠢ ᠢᠯᠡᠷᠡᠭᠦᠯᠬᠦ ᠂ ᠲᠦᠷᠭᠡᠨ ᠴᠤᠤᠷᠢᠶᠠᠲᠤᠨ ᠳᠠᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ ᠃ ︵ᠬᠠᠷᠢᠭᠤᠴᠠᠯᠭᠠᠲᠤ | ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠤᠭ᠎ᠠ ᠶᠢᠨ ᠠᠯᠪᠠᠨ ᠭᠡᠷ︶ | ᠳᠣᠯᠤᠭ᠎ᠠ ᠂ ᠰᠢᠯᠭᠠᠵᠤ ᠬᠤᠷᠢᠶᠠᠨ ᠠᠪᠴᠤ ᠬᠥᠮᠥᠷᠭᠡ ᠳᠤ ᠣᠷᠣᠭᠤᠯᠬᠤ ᠶᠢ ᠵᠢᠷᠤᠮᠵᠢᠭᠤᠯᠬᠤ ᠬᠡᠷᠡᠭᠲᠡᠢ | ᠠᠶᠢᠮᠠᠭ ᠬᠤᠳᠡ ᠶᠢᠨ ᠪᠠᠷᠢᠯᠭ᠎ᠠ ᠳᠠᠭᠤᠰᠴᠤ ᠰᠢᠯᠭᠠᠨ ᠬᠤᠷᠢᠶᠠᠵᠤ ᠠᠪᠬᠤ ᠬᠠᠷᠢᠴᠠᠯ ᠢ ᠳᠥᠷᠦᠯ ᠵᠦᠢᠯ ᠤᠨ ᠲᠣᠭᠤᠷᠢᠭ ᠢᠶᠠᠷ 100% ᠳᠤ ᠬᠦᠷᠦᠭᠦᠯᠵᠦ ᠂ | ᠥᠪᠡᠷᠲᠡᠭᠡᠨ ᠵᠠᠰᠠᠬᠤ ᠣᠷᠣᠨ ᠤ ᠰᠤᠭᠤᠴᠢᠨ ᠪᠠᠶᠢᠴᠠᠭᠠᠬᠤ ᠬᠠᠷᠢᠴᠠᠯ ᠢ ᠳᠡᠯᠡᠪᠡᠢ ᠶᠢᠨ ᠬᠢᠨᠢ 20% ᠠᠴᠠ ᠳᠣᠣᠷ᠎ᠠ ᠪᠠᠶᠢᠯᠭᠠᠵᠤ ᠪᠣᠯᠬᠤ ᠦᠭᠡᠢ ᠃ ᠪᠦᠲᠦᠭᠡᠨ | ᠪᠠᠶᠢᠭᠤᠯᠤᠯᠲᠠ ᠶᠢᠨ ᠶᠠᠰᠤ ᠴᠢᠨᠠᠷ ᠨᠢ ᠪᠠᠷᠢᠮᠵᠢᠶ᠎ᠠ ᠳᠤ ᠬᠦᠷᠬᠦ ᠦᠭᠡᠢ ᠶᠢ ᠨᠢ ᠬᠤᠰᠢᠭᠤ ᠰᠢᠶᠠᠨ ︵ᠬᠤᠲᠠ ᠂ ᠲᠣᠭᠤᠷᠢᠭ︶ ᠥᠪᠡᠷ ᠢᠶᠠᠨ ᠪᠡᠯᠡ ᠭᠠᠷᠭᠠᠵᠤ ᠲᠤᠰ | ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠪᠤᠶᠤ ᠨᠥᠬᠦᠵᠦ ᠪᠠᠶᠢᠭᠤᠯᠤᠨ ᠂ ᠬᠤᠭᠤᠴᠠᠭ᠎ᠠ ᠶᠣᠰᠣᠭᠠᠷ ᠪᠡᠶᠡᠯᠡᠭᠦᠯᠵᠦ ᠳᠡᠶᠢᠯᠬᠦ | ᠦᠭᠡᠢ ᠪᠣᠯ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢ ᠬᠤᠷᠢᠶᠠᠨ ᠠᠪᠬᠤ ᠬᠡᠷᠡᠭᠲᠡᠢ ᠃ ᠬᠤᠰᠢᠭᠤ ᠰᠢᠶᠠᠨ ︵ᠬᠤᠲᠠ ᠂ ᠲᠣᠭᠤᠷᠢᠭ︶ ᠤ ᠲᠠᠷᠢᠶᠠᠯᠠᠩ | ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ᠲᠥᠷᠥᠯ ᠵᠦᠢᠯ ᠲᠣᠭᠲᠠᠭᠠᠬᠤ ᠂ ᠠᠵᠢᠯ ᠳᠠᠭᠤᠰᠬᠠᠬᠤ ᠂ ᠪᠠᠷᠢᠯᠭ᠎ᠠ ᠳᠠᠭᠤᠰᠴᠤ ᠰᠢᠯᠭᠠᠨ ᠬᠤᠷᠢᠶᠠᠵᠤ ᠠᠪᠬᠤ 3 | ᠱᠠᠲᠤᠨ ᠳᠤ ᠪᠦᠬᠦ ᠤᠯᠤᠰ ᠤᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠶᠢᠯᠡᠭᠰᠡᠨ ᠬᠢᠨᠠᠨ ᠰᠢᠨᠵᠢᠵᠦ ᠬᠢᠨᠠᠨ ᠬᠠᠮᠢᠶᠠᠷᠬᠤ ᠲᠠᠪᠴᠠᠩ ᠢᠶᠠᠷ | ᠳᠠᠮᠵᠢᠭᠤᠯᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤ ᠨᠢ ᠲᠡᠮᠳᠡᠭᠯᠡᠨ ᠣᠷᠣᠭᠤᠯᠬᠤ ᠶᠢᠨ ᠬᠠᠮᠲᠤ ᠵᠢᠷᠤᠭ ᠢᠶᠠᠷ ᠬᠥᠮᠥᠷᠭᠡ ᠳᠤ ᠣᠷᠣᠭᠤᠯᠬᠤ ᠬᠡᠷᠡᠭᠲᠡᠢ ᠃ | ︵ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠂ | ᠡᠳ᠋ ᠤᠨ ᠵᠠᠰᠠᠭ ᠤᠨ ᠲᠢᠩᠬᠢᠮ︶ | ᠨᠠᠢᠮᠠ ᠂ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠪᠠᠨ ᠴᠢᠩᠭᠠᠷᠠᠭᠤᠯᠬᠤ ᠬᠡᠷᠡᠭᠲᠡᠢ | ᠬᠤᠰᠢᠭᠤ ᠰᠢᠶᠠᠨ ︵ᠬᠤᠲᠠ ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠢᠨᠵᠧᠨᠧᠷᠢᠩ ᠤᠨ ᠬᠠᠮᠢᠶᠠᠷᠴᠤ ᠬᠠᠮᠠᠭᠠᠯᠠᠬᠤ ᠠᠵᠢᠯ ᠳᠤ ᠶᠡᠷᠦᠩᠬᠡᠢ ᠬᠠᠷᠢᠭᠤᠴᠠᠯᠭ᠎ᠠ ᠡᠭᠦᠷᠭᠡᠯᠡᠵᠦ ᠂ ︽ᠬᠡᠨ ᠠᠰᠢᠭ ᠭᠥᠷᠳᠡᠪᠡᠯ ᠲᠡᠷᠡ | ᠬᠠᠮᠢᠶᠠᠷᠤᠨ ᠬᠠᠮᠠᠭᠠᠯᠠᠵᠤ ᠂ ᠬᠡᠨ ᠬᠡᠷᠡᠭᠯᠡᠪᠡᠯ ᠲᠡᠷᠡ ᠬᠠᠮᠢᠶᠠᠷᠴᠤ ᠬᠠᠮᠠᠭᠠᠯᠠᠬᠤ ︾ ᠵᠠᠷᠴᠢᠮ ᠶᠣᠰᠣᠭᠠᠷ ᠢᠨᠵᠧᠨᠧᠷᠢᠩ ᠤᠨ ᠬᠠᠮᠢᠶᠠᠷᠴᠤ ᠬᠠᠮᠠᠭᠠᠯᠠᠬᠤ ᠭᠤᠣᠯ | ᠴᠣᠭᠴᠠ ᠶᠢ ᠲᠣᠳᠣᠷᠬᠠᠶᠢᠯᠠᠵᠤ ᠂ ᠣᠯᠠᠨ ᠡᠰᠢᠵᠢᠭᠰᠡᠨ ᠢᠨᠵᠧᠨᠧᠷᠢᠩ ᠤᠨ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠦᠨ᠎ᠡ ᠃ ᠲᠠᠷᠢᠶᠠᠯᠠᠩ ᠮᠠᠯ ᠠᠵᠤ | ᠠᠬᠤᠢ ᠶᠢᠨ ᠰᠠᠯᠠᠭ᠎ᠠ ᠮᠥᠴᠢᠷ ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠳᠠᠬᠢ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠬᠤ ᠬᠡᠷᠡᠭᠲᠡᠢ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠠᠬᠢ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠤᠨ | ᠡᠵᠡᠩᠨᠡᠯᠲᠡ ᠶᠢᠨ ᠠᠰᠢᠭ ᠣᠷᠣᠯᠭ᠎ᠠ ᠶᠢ ᠭᠤᠣᠯᠳᠠᠭᠤ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠳᠤ ᠬᠡᠷᠡᠭᠯᠡᠨ᠎ᠡ︔ ᠰᠢᠨ᠎ᠡ ᠪᠠᠷ ᠨᠡᠮᠡᠭᠳᠡᠭᠰᠡᠨ | ᠲᠠᠷᠢᠶᠠᠯᠠᠬᠤ ᠭᠠᠵᠠᠷ ᠤᠨ ᠭᠦᠢᠴᠡᠳᠬᠡᠯ ᠲᠤᠭ᠎ᠠ ᠶᠢ ᠡᠵᠡᠯᠡᠬᠦ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠳᠤ ᠬᠡᠷᠡᠭᠯᠡᠭᠡᠳ ᠣᠯᠣᠭᠰᠠᠨ ᠠᠰᠢᠭ ᠣᠷᠣᠯᠭ᠎ᠠ ᠶᠢ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠳᠠᠬᠢᠨᠲᠠ ᠣᠷᠤᠭᠤᠯᠤᠯᠲᠠ ᠬᠢᠬᠦ ᠂ ᠵᠢᠭᠡᠯᠡᠯᠭᠡ ᠶᠢᠨ ᠲᠡᠮᠳᠡᠭᠲᠦ ᠵᠢᠴᠢ ᠪᠡᠯᠡ | ᠲᠣᠬᠢᠷᠠᠭᠤᠯᠭ᠎ᠠ ᠲᠥᠯᠥᠬᠦ ᠪᠠ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠬᠢᠬᠦ ᠳᠤ ᠤᠷᠢᠳ ᠢᠶᠠᠷ ᠬᠡᠷᠡᠭᠯᠡᠨ᠎ᠡ︔ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠡᠵᠡᠩᠨᠡᠵᠦ ᠠᠵᠢᠯᠯᠠᠭᠤᠯᠬᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠡᠯᠡ ᠭᠠᠷᠭᠠᠬᠤ ᠪᠤᠶᠤ ᠬᠠᠮᠢᠶᠠᠷᠴᠤ ᠬᠠᠮᠠᠭᠠᠯᠠᠬᠤ | ᠬᠠᠷᠢᠭᠤᠴᠠᠯᠭ᠎ᠠ ᠪᠠᠨ ᠥᠪᠡᠰᠦᠪᠡᠨ ᠡᠭᠦᠷᠭᠡᠯᠡᠬᠦ ᠶᠢ ᠵᠣᠷᠢᠭᠵᠢᠭᠤᠯᠤᠨ᠎ᠠ ᠃ ︽ᠬᠤᠳᠳᠤᠭ ᠤᠨ ᠳᠠᠷᠤᠭ᠎ᠠ ︾᠂ ︽ᠲᠠᠷᠢᠶᠠᠨ ᠭᠠᠵᠠᠷ ᠤᠨ ᠳᠠᠷᠤᠭ᠎ᠠ ︾ ᠶᠢᠨ ᠳᠦᠷᠢᠮ | ᠵᠡᠷᠭᠡ ᠬᠠᠮᠢᠶᠠᠷᠴᠤ ᠬᠠᠮᠠᠭᠠᠯᠠᠬᠤ ᠵᠠᠭᠪᠤᠷ ᠢ ᠳᠡᠯᠭᠡᠷᠡᠭᠦᠯᠵᠦ ᠂ ᠲᠠᠷᠢᠶᠠᠯᠠᠩ ᠤᠨ ᠤᠰᠤᠯᠠᠯᠲᠠ ᠶᠢᠨ ᠬᠤᠳᠳᠤᠭ ᠤᠨ ᠤᠰᠤᠨ ᠤ ᠦᠨ᠎ᠡ ᠳᠤ ᠵᠢᠯᠣᠭᠤᠳᠤᠯᠭ᠎ᠠ ᠬᠢᠬᠦ ᠪᠠᠨ | ᠴᠢᠩᠭᠠᠷᠠᠭᠤᠯᠤᠨ᠎ᠠ ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢ ᠬᠡᠷᠡᠭᠯᠡᠨ ᠂ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠪᠠᠷ | ᠲᠤᠰᠬᠠᠶᠢᠵᠢᠭᠰᠠᠨ ᠬᠠᠮᠢᠶᠠᠷᠤᠯᠲᠠ ᠬᠠᠮᠠᠭᠠᠯᠠᠯᠲᠠ ᠬᠢᠯᠭᠡᠬᠦ ᠶᠢ ᠰᠦᠪᠡᠭᠴᠢᠯᠡᠨ᠎ᠡ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠶᠠᠰᠤ ᠴᠢᠨᠠᠷ ᠤᠨ ᠨᠢᠭᠤᠭᠳᠠᠮᠠᠯ ᠭᠡᠮ ᠰᠣᠭᠤᠭ ᠤᠨ ᠳᠠᠭᠠᠳᠬᠠᠯ ᠤᠨ ᠲᠤᠷᠰᠢᠯᠲᠠ ᠶᠢᠨ ᠴᠡᠭ ᠤᠨ ᠠᠵᠢᠯ ᠢ ᠦᠷᠭᠦᠯᠵᠢᠯᠡᠨ ᠥᠷᠨᠢᠭᠦᠯᠬᠦ ᠬᠡᠷᠡᠭᠲᠡᠢ ᠃ | ᠡᠯ᠎ᠡ ᠭᠠᠵᠠᠷ ᠣᠷᠣᠨ ᠤ ᠬᠢᠨ ᠨᠢᠭᠡᠨᠲᠡ ᠪᠠᠶᠢᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ 10 ᠺᠢᠯᠣᠸᠠᠲ ᠤᠨ ᠴᠠᠬᠢᠯᠭᠠᠨ ᠬᠦᠴᠦᠨ ᠤ ᠵᠠᠮ | ᠱᠤᠭᠤᠮ ᠢᠶᠠᠨ ︽ᠰᠠᠶᠢᠨ ᠳᠤᠷ᠎ᠠ ᠠᠴᠠ ᠪᠠᠨ ᠵᠥᠪᠳᠡᠯᠴᠡᠵᠦ ᠂ ᠲᠥᠯᠥᠪᠦᠷᠢ ᠦᠭᠡᠢ ᠪᠠᠷ ᠰᠢᠯᠵᠢᠭᠦᠯᠦᠨ ᠲᠤᠰᠢᠶᠠᠬᠤ ︾ ᠵᠠᠷᠴᠢᠮ ᠶᠣᠰᠣᠭᠠᠷ ᠂ ᠴᠠᠬᠢᠯᠭᠠᠨ ᠬᠠᠩᠭᠠᠬᠤ | ᠠᠵᠤ ᠠᠬᠤᠶᠢᠯᠠᠯ ᠳᠤ ᠲᠥᠯᠥᠪᠦᠷᠢ ᠦᠭᠡᠢ ᠪᠠᠷ ᠰᠢᠯᠵᠢᠭᠦᠯᠦᠨ ᠲᠤᠰᠢᠶᠠᠵᠤ ᠲᠤᠰᠬᠠᠶᠢᠵᠢᠭᠰᠠᠨ ᠠᠵᠢᠯᠯᠠᠭᠠᠨ ᠤ ᠬᠠᠮᠠᠭᠠᠯᠠᠯᠲᠠ ᠥᠷᠨᠢᠭᠦᠯᠵᠦ ᠂ ᠰᠢᠯᠵᠢᠭᠦᠯᠦᠨ | ᠲᠤᠰᠢᠶᠠᠬᠤ ᠴᠤᠪᠤᠷᠠᠯ ᠪᠠ ᠲᠥᠬᠦᠭᠡᠷᠦᠮᠵᠢ ᠶᠢᠨ ᠶᠠᠰᠤ ᠴᠢᠨᠠᠷ ᠨᠢ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ ᠃ ᠲᠠᠷᠢᠶᠠᠨ ᠭᠠᠵᠠᠷ ᠤᠨ | ᠴᠠᠬᠢᠯᠭᠠᠨ ᠬᠠᠩᠭᠠᠬᠤ ᠬᠦᠴᠦᠳᠡᠯ ᠥᠭᠡᠷᠡᠴᠢᠯᠡᠭᠴᠢ ᠵᠢᠴᠢ ᠳᠣᠣᠷ᠎ᠠ ᠬᠦᠴᠦᠳᠡᠯᠲᠦ ᠴᠠᠬᠢᠯᠭᠠᠨ ᠬᠠᠩᠭᠠᠬᠤ ᠱᠤᠭᠤᠮ ᠢ ᠮᠥᠨ ᠬᠦ ᠤᠤᠯ ᠤᠨ ᠵᠠᠭᠪᠤᠷ ᠢᠶᠠᠷ ᠥᠮᠴᠢᠯᠡᠬᠦ | ᠡᠷᠬᠡ ᠶᠢᠨ ᠬᠠᠷᠢᠶᠠᠯᠠᠯ ᠵᠢᠴᠢ ᠬᠠᠮᠢᠶᠠᠷᠴᠤ ᠬᠠᠮᠠᠭᠠᠯᠠᠬᠤ ᠭᠤᠣᠯ ᠴᠣᠭᠴᠠ ᠶᠢ ᠲᠣᠭᠲᠠᠭᠠᠨ᠎ᠠ ᠃ ﹇ ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠂ ᠡᠳ᠋ ᠤᠨ ᠵᠠᠰᠠᠭ ᠤᠨ ᠲᠢᠩᠬᠢᠮ ᠂ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ ᠂ ᠡᠨᠧᠷᠭᠢ ᠶᠢᠨ ᠲᠣᠪᠴᠢᠶ᠎ᠠ ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ︵ᠪᠦᠯᠦᠭᠯᠡᠯ︶ ᠺᠣᠮᠫᠠᠨᠢ ᠂ ᠤᠯᠤᠰ ᠤᠨ ᠴᠠᠬᠢᠯᠭᠠᠨ ᠬᠦᠴᠦᠨ ᠤ | ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ ﹈ | ᠶᠢᠰᠦ ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠨ ᠭᠦᠨᠵᠡᠭᠡᠶᠢᠷᠡᠭᠦᠯᠬᠦ ᠬᠡᠷᠡᠭᠲᠡᠢ | ᠲᠠᠷᠢᠶᠠᠨ ᠭᠠᠵᠠᠷ ᠤᠨ ᠴᠠᠬᠢᠯᠭᠠᠨ ᠬᠠᠩᠭᠠᠬᠤ ᠢᠨᠵᠧᠨᠧᠷᠢᠩ ᠳᠤ ︽ᠪᠠᠶᠢᠭᠤᠯᠬᠤ ᠬᠠᠮᠢᠶᠠᠷᠬᠤ ᠠᠵᠢᠯᠯᠠᠭᠤᠯᠬᠤ ︾ ᠶᠢ ᠨᠢᠭᠡ ᠴᠣᠭᠴᠠᠵᠢᠭᠤᠯᠬᠤ ᠶᠢ ᠠᠬᠢᠭᠤᠯᠤᠨ ᠂ | ᠴᠠᠬᠢᠯᠭᠠᠨ ᠬᠦᠴᠦᠨ ᠤ ᠲᠣᠣᠷ ᠤᠨ ᠴᠠᠬᠢᠯᠭᠠᠨ ᠬᠠᠩᠭᠠᠵᠤ ᠪᠠᠶᠢᠭ᠎ᠠ ᠤᠰᠤᠯᠠᠯᠲᠠ ᠶᠢᠨ ᠭᠠᠵᠠᠷ ᠬᠡᠰᠡᠭ ᠪᠣᠯ ᠪᠣᠳᠠᠲᠠᠢ ᠶᠢ ᠦᠨᠳᠦᠰᠦᠯᠡᠨ ᠪᠡᠯᠡ ᠣᠷᠣᠭᠤᠯᠤᠭᠰᠠᠨ | ᠲᠤᠭ᠎ᠠ ᠬᠡᠮᠵᠢᠶ᠎ᠡ ᠶᠢ ᠭᠠᠷᠭᠠᠨ ᠠᠪᠴᠤ ᠂ ᠬᠢᠷᠢ ᠭᠡᠮ ᠲᠠᠢ ᠨᠢᠭᠡᠴᠢ ᠳᠤ ᠨᠠᠶᠢᠳᠠᠨ ᠵᠢᠷᠤᠭ ᠲᠥᠯᠥᠪᠯᠡᠭᠡ ᠂ ᠡᠳ᠋ ᠮᠠᠲ᠋ᠧᠷᠢᠶᠠᠯ ᠬᠤᠳᠠᠯᠳᠤᠨ ᠠᠪᠬᠤ ᠂ ᠪᠠᠷᠢᠯᠭ᠎ᠠ ᠪᠠᠷᠢᠬᠤ ᠂ | ᠬᠠᠮᠢᠶᠠᠷᠤᠨ ᠬᠠᠮᠠᠭᠠᠯᠠᠵᠤ ᠠᠵᠢᠯᠯᠠᠭᠤᠯᠬᠤ ᠠᠵᠢᠯ ᠢ ᠵᠣᠬᠢᠶᠠᠨ ᠪᠠᠶᠢᠭᠤᠯᠵᠤ ᠂ ᠤᠰᠤᠯᠠᠬᠤ ᠪᠠ ᠤᠰᠤ ᠵᠠᠯᠠᠬᠤ ᠳᠤ ᠬᠡᠷᠡᠭᠯᠡᠬᠦ ᠴᠠᠬᠢᠯᠭᠠᠨ ᠤ ᠬᠡᠷᠡᠭᠴᠡᠭᠡ | ᠱᠠᠭᠠᠷᠳᠠᠯᠭ᠎ᠠ ᠶᠢ ᠨᠢ ᠬᠠᠩᠭᠠᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠳᠠᠭᠠᠭᠠᠴᠢᠯᠠᠯᠲᠠ ᠣᠨᠣᠭᠰᠠᠨ ᠵᠣᠭᠤᠰᠤᠨ | ᠲᠣᠭᠠᠨ ᠤ 10% ᠠᠴᠠ ᠳᠣᠣᠷ᠎ᠠ ᠦᠭᠡᠢ ᠬᠠᠷᠢᠴᠠᠯ ᠶᠣᠰᠣᠭᠠᠷ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠶᠢ ᠨᠠᠶᠢᠳᠠᠪᠤᠷᠢᠵᠢᠭᠤᠯᠤᠨ᠎ᠠ ᠃ ︽ | ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ ︾ ᠵᠠᠭᠪᠤᠷ ᠢ ᠢᠳᠡᠪᠬᠢᠲᠡᠢ ᠳᠡᠯᠭᠡᠷᠡᠭᠦᠯᠵᠦ ᠂ ᠲᠣᠭᠲᠠᠭᠰᠠᠨ ᠲᠠᠰ ᠳᠠᠷᠠᠭᠠᠯᠠᠯ ᠢ ᠴᠢᠩᠭ᠎ᠠ ᠵᠢᠷᠤᠮᠯᠠᠨ | ᠮᠡᠳᠡᠭᠦᠯᠦᠨ ᠵᠥᠪᠰᠢᠶᠡᠷᠡᠭᠦᠯᠵᠦ ᠂ ᠥᠪᠡᠷᠲᠡᠭᠡᠨ ᠵᠠᠰᠠᠬᠤ ᠣᠷᠣᠨ ᠢᠶᠠᠷ ᠵᠥᠪᠰᠢᠶᠡᠷᠡᠭᠦᠯᠦᠭᠰᠡᠨ ᠦᠭᠡᠢ ᠪᠠᠷ ᠳᠤᠷ᠎ᠠ ᠪᠠᠷ ᠢᠶᠠᠨ ᠬᠡᠷᠡᠭᠵᠢᠭᠦᠯᠵᠦ ᠪᠣᠯᠬᠤ ᠦᠭᠡᠢ ᠂ | ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠂ | ᠲᠠᠷᠢᠶᠠᠯᠠᠬᠤ ᠮᠠᠯᠵᠢᠬᠤ ᠡᠷᠦᠬᠡ ᠵᠡᠷᠭᠡ ᠶᠢ ᠬᠥᠲᠥᠯᠥᠨ ᠵᠢᠯᠤᠭᠤᠳᠴᠤ ᠪᠠᠶᠢᠭᠠᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠬᠠᠮᠠᠭᠠᠯᠠᠯᠲᠠ ᠳᠤ ᠰᠢᠭᠤᠳ ᠣᠷᠣᠯᠴᠠᠭᠤᠯᠬᠤ ᠬᠡᠷᠡᠭᠲᠡᠢ ᠃ ᠰᠠᠶᠢᠨ ᠲᠠᠷᠢᠶᠠᠨ ᠭᠠᠵᠠᠷ ᠢ ᠠᠮᠤ ᠪᠤᠳᠠᠭᠠᠨ ᠤ ᠲᠠᠷᠢᠮᠠᠯ ᠳᠤ ᠬᠡᠷᠡᠭᠯᠡᠬᠦ ᠶᠢ ᠪᠠᠷᠢᠮᠲᠠᠯᠠᠵᠤ ᠂ | ᠤᠷᠢᠳ ᠢᠶᠠᠷ ᠰᠢᠯᠵᠢᠭᠦᠯᠦᠨ ᠡᠷᠭᠢᠯᠳᠦᠭᠦᠯᠵᠦ ᠳᠠᠷᠠᠭ᠎ᠠ ᠨᠢ ᠲᠦᠷᠦᠯ ᠵᠦᠢᠯ ᠲᠣᠭᠲᠠᠭᠠᠬᠤ ᠂ ᠤᠷᠢᠳ ᠢᠶᠠᠷ ᠲᠡᠭᠰᠢᠯᠡᠵᠦ ᠳᠠᠷᠠᠭ᠎ᠠ ᠨᠢ ᠪᠦᠲᠦᠭᠡᠨ ᠪᠠᠶᠢᠭᠤᠯᠬᠤ ᠶᠢ | ᠵᠣᠷᠢᠭᠵᠢᠭᠤᠯᠵᠤ ᠂ ᠲᠠᠷᠢᠶᠠᠯᠠᠬᠤ ᠭᠠᠵᠠᠷ ᠢ ᠬᠠᠮᠲᠤ ᠳᠤ ᠨᠢ ᠰᠢᠯᠵᠢᠭᠦᠯᠦᠨ ᠡᠷᠭᠢᠯᠳᠦᠭᠦᠯᠬᠦ ᠵᠢᠴᠢ ᠲᠠᠷᠢᠶᠠᠴᠢᠨ ᠮᠠᠯᠴᠢᠳ ᠤᠨ ᠬᠤᠷᠰᠢᠵᠤ ᠬᠠᠮᠲᠤᠷᠠᠯᠴᠠᠬᠤ | ᠡᠵᠡᠩᠨᠡᠯᠲᠡ ᠶᠢ ᠠᠬᠢᠭᠤᠯᠵᠤ ᠂ ᠪᠦᠬᠦᠯᠢ ᠪᠠᠶᠢᠭᠤᠯᠤᠮᠵᠢᠲᠤ ᠳᠦᠷᠢᠮ ᠢᠶᠠᠷ ᠲᠠᠷᠢᠶᠠᠯᠠᠬᠤ ᠶᠢ ᠨᠠᠶᠢᠳᠠᠨ ᠬᠠᠮᠢᠶᠠᠷᠤᠭᠤᠯᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠶᠢ | ᠳᠡᠯᠭᠡᠷᠡᠭᠦᠯᠵᠦ ᠂ ︽ᠰᠢᠯᠵᠢᠭᠦᠯᠦᠨ ᠡᠷᠭᠢᠯᠳᠦᠭᠦᠯᠬᠦ — ᠲᠠᠷᠢᠬᠤ — ᠡᠳ᠋ᠰᠢᠭᠦᠯᠬᠦ — ᠦᠢᠯᠡᠴᠢᠯᠡᠬᠦ — ᠡᠵᠡᠩᠨᠡᠨ ᠪᠣᠷᠣᠯᠠᠭᠤᠯᠬᠤ ︾ ᠪᠦᠬᠦ ᠬᠡᠯᠬᠢᠶ᠎ᠡ ᠶᠢ | ᠨᠠᠪᠲᠠᠷᠡᠭᠦᠯᠵᠦ ᠂ ᠲᠠᠷᠢᠶᠠᠯᠠᠩ ᠮᠠᠯ ᠠᠵᠤ ᠠᠬᠤᠢ ᠶᠢᠨ ᠬᠡᠪᠴᠢᠶᠡᠵᠢᠯᠲᠡ ᠂ ᠠᠵᠤ ᠦᠢᠯᠡᠰᠵᠢᠯᠲᠡ ᠂ ᠨᠡᠷᠡᠲᠦ ᠳᠡᠮᠳᠡᠭᠵᠢᠯᠲᠡ ᠶᠢ ᠠᠬᠢᠭᠤᠯᠤᠨ᠎ᠠ ᠃ ᠭᠤᠷᠪᠠᠳᠤᠭᠠᠷ | ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠳᠠᠷᠠᠭ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠬᠡᠪᠴᠢᠶᠡᠵᠢᠭᠦᠯᠦᠨ ᠡᠵᠡᠩᠨᠡᠬᠦ ᠠᠷᠭ᠎ᠠ ᠮᠠᠶ᠋ᠢᠭ ᠠᠪᠬᠤ | ᠪᠠ ᠭᠤᠣᠯ ᠴᠣᠭᠴᠠ ᠶᠢᠨ ᠬᠠᠷᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠬᠤ ᠪᠠᠨ ᠰᠠᠨᠠᠭᠠᠴᠢᠯᠠᠨ᠎ᠠ ᠃ ᠭᠠᠴᠠᠭ᠎ᠠ ᠲᠣᠰᠬᠤᠨ ᠢᠶᠠᠷ ᠰᠠᠭᠤᠷᠢ ᠪᠣᠯᠭᠠᠭᠰᠠᠨ ᠂ ᠰᠤᠮᠤ | ᠰᠢᠶᠠᠩ ᠪᠠᠯᠭᠠᠰᠤ ᠪᠠᠷ ᠨᠢᠭᠡᠴᠢ ᠪᠣᠯᠭᠠᠭᠰᠠᠨ ᠂ ᠪᠥᠬᠦ ᠬᠤᠰᠢᠭᠤ ᠰᠢᠶᠠᠨ ︵ᠬᠤᠲᠠ ᠂ ᠲᠣᠭᠤᠷᠢᠭ︶ ᠢᠶᠠᠷ ᠠᠬᠢᠭᠤᠯᠬᠤ ᠶᠢ ᠤᠷᠢᠳ ᠢᠶᠠᠷ ᠳᠡᠮᠵᠢᠵᠦ ᠂ ᠪᠥᠬᠦ ᠣᠷᠣᠨ | ᠪᠦᠰᠡ ᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠤᠨ᠎ᠠ ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠵᠢᠱᠢᠶ᠎ᠡ ᠦᠵᠡᠭᠦᠯᠬᠦ ᠣᠷᠣᠨ ᠢ ᠥᠨᠳᠥᠷ ᠲᠦᠪᠰᠢᠨ ᠲᠠᠢ ᠪᠠᠷ ᠪᠦᠲᠦᠭᠡᠨ ᠪᠠᠶᠢᠭᠤᠯᠵᠤ ᠂ ᠰᠢᠨ᠎ᠡ ᠮᠡᠷᠭᠡᠵᠢᠯ ᠂ ᠰᠢᠨ᠎ᠡ ᠵᠠᠭᠪᠤᠷ ᠢ | ︽ᠣᠨᠴᠠᠭᠠᠢ ᠠᠴᠠ ᠲᠦᠭᠡᠮᠡᠯ ᠪᠣᠯᠭᠠᠬᠤ ︾ ᠶᠢ ᠦᠷᠭᠦᠯᠵᠢᠯᠡᠨ ᠠᠬᠢᠭᠤᠯᠵᠤ ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠦᠨ᠎ᠡ ᠃ ﹇ ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠂ ᠡᠳ᠋ ᠤᠨ ᠵᠠᠰᠠᠭ ᠤᠨ ᠲᠢᠩᠬᠢᠮ ᠂ ᠡᠨᠧᠷᠭᠢ ᠶᠢᠨ ᠲᠣᠪᠴᠢᠶ᠎ᠠ ᠂ ᠥᠪᠥᠷ ᠮᠣᠩᠭᠤᠯ ᠤᠨ ᠴᠠᠬᠢᠯᠭᠠᠨ ᠬᠦᠴᠦᠨ ︵ | ᠪᠦᠯᠦᠭᠯᠡᠯ︶ ᠤ ᠺᠣᠮᠫᠠᠨᠢ ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ﹈ | ᠠᠷᠪᠠ ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠱᠠᠭᠠᠷᠳᠠᠯᠭ᠎ᠠ | ᠶᠣᠰᠣᠭᠠᠷ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ | ᠭᠤᠣᠯ ᠤᠳᠤᠷᠢᠳᠤᠯᠭ᠎ᠠ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠵᠦ ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠰᠢᠭᠤᠳ ᠬᠠᠷᠢᠭᠤᠴᠠᠬᠤ ᠬᠡᠷᠡᠭᠲᠡᠢ ᠃ | ᠬᠤᠰᠢᠭᠤ ᠰᠢᠶᠠᠨ ︵ᠬᠤᠲᠠ ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ ᠂ ᠲᠣᠰ ᠭᠠᠵᠠᠷ ᠣᠷᠣᠨ ᠤ ᠪᠣᠳᠠᠲᠤ ᠪᠠᠶᠢᠳᠠᠯ ᠢᠶᠠᠨ ᠦᠨᠳᠦᠰᠦᠯᠡᠨ ᠲᠥᠷᠥᠯ ᠵᠦᠢᠯ ᠢ ᠬᠢᠨᠠᠨ ᠬᠠᠮᠢᠶᠠᠷᠬᠤ | ᠨᠢᠭᠡᠴᠢ ᠶᠢ ᠲᠣᠳᠣᠷᠬᠠᠶᠢᠯᠠᠨ᠎ᠠ︔ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ᠠᠵᠢᠯ ᠲᠥᠷᠥᠯ ᠤᠨ ᠬᠠᠮᠢᠶᠠᠷᠤᠯᠲᠠ ᠪᠠ ᠲᠤᠬᠠᠶᠢᠯᠠᠭᠰᠠᠨ ᠠᠵᠢᠯ ᠤᠨ | ᠵᠢᠯᠣᠭᠤᠳᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ ᠃ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠢ ᠬᠥᠲᠥᠯᠥᠨ ᠵᠢᠯᠣᠭᠤᠳᠴᠤ ᠪᠠᠶᠢᠭᠠᠳ ᠣᠯᠠᠨ ᠲᠦᠮᠡᠨ ᠢ | ᠢᠳᠡᠪᠬᠢᠲᠡᠢ ᠵᠣᠬᠢᠶᠠᠨ ᠪᠠᠶᠢᠭᠤᠯᠤᠨ ᠣᠷᠣᠯᠴᠠᠭᠤᠯᠵᠤ ᠂ ᠵᠥᠷᠢᠴᠡᠯ ᠢ ᠵᠣᠬᠢᠴᠠᠭᠤᠯᠤᠨ ᠰᠢᠢᠳᠪᠦᠷᠢᠯᠡᠵᠦ ᠂ ᠪᠠᠶᠢᠴᠠᠭᠠᠵᠤ ᠰᠢᠯᠭᠠᠨ ᠬᠤᠷᠢᠶᠠᠵᠤ ᠠᠪᠬᠤ ᠳᠤ | ᠣᠷᠣᠯᠴᠠᠭᠤᠯᠬᠤ ᠬᠡᠷᠡᠭᠲᠡᠢ ᠃ ︵ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ︶ | ᠠᠷᠪᠠᠨ ᠨᠢᠭᠡ ᠂ ᠱᠠᠩᠨᠠᠨ ᠬᠥᠬᠢᠭᠦᠯᠬᠦ ᠲᠣᠭᠲᠠᠴᠠ ᠶᠢ ᠪᠠᠶᠢᠭᠤᠯᠬᠤ ᠬᠡᠷᠡᠭᠲᠡᠢ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠤᠨ ᠦᠨᠡᠯᠡᠵᠦ ᠱᠠᠩᠨᠠᠬᠤ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ ᠂ ᠡᠮᠦᠨᠡᠬᠢ ᠬᠤᠭᠤᠴᠠᠭᠠᠨ ᠤ ᠠᠵᠢᠯ ᠂ ᠪᠦᠲᠦᠭᠡᠨ ᠪᠠᠶᠢᠭᠤᠯᠤᠯᠲᠠ ᠶᠢᠨ ᠲᠠᠯᠠᠪᠠᠶ ᠬᠢᠭᠡᠳ ᠶᠠᠰᠤ ᠴᠢᠨᠠᠷ ᠂ ᠪᠡᠯᠡ ᠮᠥᠩᠭᠦ ᠶᠢᠨ | ᠣᠷᠣᠭᠤᠯᠤᠯᠲᠠ ᠪᠠ ᠵᠠᠷᠤᠯᠭ᠎ᠠ ᠂ ᠪᠠᠷᠢᠯᠭ᠎ᠠ ᠳᠠᠭᠤᠰᠴᠤ ᠰᠢᠯᠭᠠᠨ ᠬᠤᠷᠢᠶᠠᠵᠤ ᠠᠪᠬᠤ ᠪᠠ ᠵᠢᠷᠤᠭ ᠢᠶᠠᠷ ᠬᠥᠮᠥᠷᠭᠡ ᠳᠤ ᠣᠷᠣᠭᠤᠯᠬᠤ ᠂ ᠪᠠᠶᠢᠭᠤᠯᠤᠭᠰᠠᠨ ᠤ ᠳᠠᠷᠠᠭᠠᠬᠢ | ᠬᠠᠮᠢᠶᠠᠷᠤᠯᠲᠠ ᠬᠠᠮᠠᠭᠠᠯᠠᠯᠲᠠ ᠪᠠ ᠳᠦᠷᠢᠮ ᠤᠨ ᠪᠠᠶᠢᠭᠤᠯᠤᠯᠲᠠ ᠵᠡᠷᠭᠡ ᠳᠤ ᠶᠡᠷᠦᠩᠬᠡᠶᠢᠯᠡᠭᠰᠡᠨ ᠦᠨᠡᠯᠡᠯᠲᠡ ᠬᠢᠵᠦ ᠂ ᠳᠠᠷᠠᠭ᠎ᠠ ᠵᠢᠯ ᠨᠢ ᠲᠥᠷᠥᠯ ᠵᠦᠢᠯ ᠤᠨ ᠪᠡᠯᠡ | ᠮᠥᠩᠭᠦ ᠬᠤᠪᠢᠶᠠᠷᠢᠯᠠᠬᠤ ᠳᠤ ᠪᠠᠨ ᠱᠠᠩᠨᠠᠨ ᠬᠥᠬᠢᠭᠦᠯᠬᠦ ᠬᠡᠪᠴᠢᠶᠡᠨ ᠳᠤ ᠣᠷᠣᠭᠤᠯᠤᠭᠰᠠᠨ ᠭᠠᠵᠠᠷ ᠣᠷᠣᠨ ᠲᠡᠶᠢᠰᠢ ᠬᠡᠯᠪᠠᠶᠢᠯᠭᠡᠬᠦ ᠬᠡᠷᠡᠭᠲᠡᠢ ᠃ ᠡᠭᠦᠨ ᠤ ᠬᠠᠮᠲᠤ ᠂ | ᠥᠪᠡᠷᠲᠡᠭᠡᠨ ᠵᠠᠰᠠᠬᠤ ᠣᠷᠣᠨ ᠠᠴᠠ ᠵᠢᠯ ᠪᠦᠷᠢ 1000 ᠲᠦᠮᠡᠨ ᠲᠥᠭᠦᠷᠢᠭ ᠲᠣᠬᠢᠷᠠᠭᠤᠯᠤᠨ ᠲᠤᠬᠠᠢ ᠶᠢᠨ ᠵᠢᠯ ᠳᠤ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠦᠷ᠎ᠡ ᠪᠦᠲᠦᠮᠵᠢ ᠪᠠᠷ ᠰᠠᠶᠢᠨ ᠬᠤᠰᠢᠭᠤ ᠰᠢᠶᠠᠨ ︵ᠬᠤᠲᠠ ᠂ ᠲᠣᠭᠤᠷᠢᠭ︶ ᠢ ᠱᠠᠩᠨᠠᠨ ᠬᠥᠬᠢᠭᠦᠯᠵᠦ ᠂ ᠪᠠᠶᠢᠭᠤᠯᠤᠭᠰᠠᠨ ᠲᠥᠷᠥᠯ ᠵᠦᠢᠯ ᠢᠶᠠᠨ | ᠬᠠᠮᠢᠶᠠᠷᠴᠤ ᠬᠠᠮᠠᠭᠠᠯᠠᠭᠰᠠᠨ ᠦᠷ᠎ᠡ ᠪᠦᠲᠦᠮᠵᠢ ᠪᠠᠷ ᠰᠠᠶᠢᠨ ᠭᠠᠴᠠᠭ᠎ᠠ ᠲᠣᠰᠬᠤᠨ ᠤ ᠬᠠᠮᠲᠤ ᠨᠡᠶᠢᠲᠡ ᠳᠤ 1000 ᠲᠦᠮᠡᠨ ᠲᠥᠭᠦᠷᠢᠭ ᠲᠣᠬᠢᠷᠠᠭᠤᠯᠤᠨ ᠱᠠᠩᠨᠠᠯ | ᠣᠯᠭᠤᠨ᠎ᠠ ᠃ ︵ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠡᠳ᠋ ᠤᠨ ᠵᠠᠰᠠᠭ ᠤᠨ ᠲᠢᠩᠬᠢᠮ︶ | ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ ᠂ ᠬᠡᠷᠡᠭᠵᠢᠭᠦᠯᠬᠦ ᠶᠠᠪᠤᠴᠠ ᠳᠠᠬᠢ ᠪᠣᠳᠠᠲᠠᠢ ᠠᠰᠠᠭᠤᠳᠠᠯ ᠢ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠬᠠᠷᠢᠭᠤᠴᠠᠨ ᠲᠠᠶᠢᠯᠪᠤᠷᠢᠯᠠᠨ᠎ᠠ ᠃ ︽ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠷᠪᠠᠨ ᠨᠢᠭᠡᠨ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠴᠢᠩᠭᠠᠳᠬᠠᠬᠤ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︾ ︵ᠥᠪᠥᠷ ᠵᠠᠰᠠᠭ ᠠᠯᠪᠠᠨ | ᠲᠠᠷᠬᠠᠭᠠᠭᠰᠠᠨ ﹇2022﹈ 72 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ ᠃ | 2024 ᠣᠨ ᠤ 4 ᠳ᠋ᠦ᠋ᠭᠡᠷ ᠰᠠᠷ᠎ᠠ ᠶᠢᠨ 19 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2024 ᠣᠨ ᠤ 4 ᠳ᠋ᠦ᠋ᠭᠡᠷ ᠰᠠᠷ᠎ᠠ ᠶᠢᠨ 19 ᠤ ᠡᠳᠦᠷ ᠳᠠᠷᠤᠮᠠᠯᠯᠠᠨ ᠲᠠᠷᠬᠠᠭᠠᠪᠠ |