ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ﹇2024﹈ 38 ᠳ᠋ᠤᠭᠠᠷ ᠲᠣᠭᠠᠲᠤ | | ᠥᠪᠡᠷᠲᠡᠭᠡᠨ ᠵᠠᠰᠠᠬᠤ ᠣᠷᠣᠨ ᠤ ᠳᠣᠣᠷ᠎ᠠ ᠠᠭᠠᠷ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠵᠢᠭᠦᠯᠬᠦ ᠲᠥᠰᠥᠯ ︵2024 – 2027 | ᠣᠨ︶ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠣᠷ᠎ᠠ ᠠᠭᠠᠷ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠵᠢᠭᠦᠯᠬᠦ ᠲᠥᠰᠥᠯ | ︵2024 – 2027 ᠣᠨ︶︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ | ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | 2024 ᠣᠨ ᠤ 9 ᠳ᠋ᠦ᠋ᠭᠡᠷ ᠰᠠᠷ᠎ᠠ ᠶᠢᠨ 12 ᠤᠨ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠣᠷ᠎ᠠ ᠠᠭᠠᠷ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠵᠢᠭᠦᠯᠬᠦ ᠲᠥᠰᠥᠯ ︵ | 2024 – 2027 ᠣᠨ︶ | ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠦᠷᠦ ᠲᠠᠷᠬᠠᠭᠠᠭᠰᠠᠨ ﹇2023﹈ 16 ᠳ᠋ᠤᠭᠠᠷ ᠲᠣᠭᠠᠲᠤ︶ ᠤᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ | ᠭᠤᠣᠯ ᠰᠢᠵᠢᠮ ᠪᠣᠯᠭᠠᠬᠤ ᠶᠢ ᠪᠠᠷᠢᠮᠲᠠᠯᠠᠨ᠂ ᠬᠥᠭᠵᠢᠯᠲᠡ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠳᠣᠣᠷ᠎ᠠ ᠠᠭᠠᠷ ᠤᠨ ᠠᠵᠤ ᠠᠬᠤᠢ ᠶᠢ ᠲᠦᠷᠭᠡᠬᠡᠨ | ᠪᠤᠶᠢᠵᠢᠭᠤᠯᠬᠤ ᠪᠠ ᠴᠢᠨᠠᠷ ᠰᠠᠶᠢᠲᠠᠢ ᠬᠥᠭᠵᠢᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠣᠰ ᠲᠥᠰᠥᠯ ᠢ | ᠲᠣᠭᠲᠠᠭᠠᠪᠠ᠃ | ᠨᠢᠭᠡ᠂ ᠬᠥᠭᠵᠢᠯᠲᠡ ᠶᠢᠨ ᠬᠠᠷᠠᠯᠲᠠ | ᠥᠪᠥᠷ ᠮᠣᠩᠭᠤᠯ ᠤᠨ ᠣᠷᠣᠨ ᠪᠠᠶᠢᠷᠢ ᠶᠢᠨ ᠳᠠᠪᠠᠭᠤᠯᠢᠭ᠂ ᠪᠤᠳᠤᠬᠤ ᠴᠢᠳᠠᠪᠤᠷᠢ ᠶᠢᠨ ᠳᠠᠪᠠᠭᠤᠯᠢᠭ᠂ ᠠᠭᠠᠷ ᠤᠨ ᠣᠷᠣᠨ ᠤ ᠳᠠᠪᠠᠭᠤᠯᠢᠭ ᠢ ᠪᠠᠳᠠᠷᠠᠭᠤᠯᠵᠤ᠂ ︽ | ᠳᠣᠣᠷ᠎ᠠ ᠠᠭᠠᠷ +︾ ᠬᠡᠷᠡᠭᠯᠡᠭᠡᠨ ᠤ ᠠᠬᠤᠢ ᠪᠠᠶᠢᠳᠠᠯ ᠢ ᠥᠷᠭᠡᠳᠬᠡᠨ ᠪᠠᠶᠠᠯᠢᠭᠵᠢᠭᠤᠯᠬᠤ ᠪᠠ ᠵᠢᠱᠢᠶ᠎ᠡ ᠦᠵᠡᠭᠦᠯᠦᠨ ᠳᠡᠯᠭᠡᠷᠡᠭᠦᠯᠵᠦ᠂ ᠳᠣᠣᠷ᠎ᠠ ᠠᠭᠠᠷ ᠤᠨ ᠨᠢᠰᠦᠭᠦᠷ | ᠵᠢᠴᠢ ᠰᠡᠯᠪᠢᠭ ᠲᠤᠨᠤᠭ ᠦᠢᠯᠡᠳᠬᠦ᠂ ᠰᠠᠭᠤᠷᠢ ᠪᠡᠯᠡᠳᠬᠡᠮᠵᠢ᠂ ᠳᠣᠣᠷ᠎ᠠ ᠠᠭᠠᠷ ᠤᠨ ᠨᠢᠰᠦᠯᠲᠡ ᠬᠢᠭᠡᠳ ᠪᠠᠲᠤᠯᠠᠭ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠪᠠᠷ | ᠳᠠᠶᠢᠴᠢᠯᠠᠨ᠂ ᠰᠢᠨ᠎ᠡ ᠡᠵᠡᠩᠨᠡᠯᠲᠡ ᠶᠢᠨ ᠪᠠᠶᠢᠳᠠᠯ ᠰᠢᠨ᠎ᠡ ᠵᠠᠭᠪᠤᠷ ᠢ ᠪᠤᠶᠢᠵᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠦᠨ᠎ᠡ᠃ | 2027 ᠣᠨ ᠪᠣᠯᠬᠤ ᠳᠤ᠂ ᠳᠣᠣᠷ᠎ᠠ ᠠᠭᠠᠷ ᠤᠨ ᠣᠷᠣᠨ ᠤ ᠥᠭᠡᠷᠡᠴᠢᠯᠡᠯᠲᠡ ᠠᠩᠬ᠎ᠠ ᠠᠯᠬᠤᠮ ᠦᠷ᠎ᠡ ᠪᠦᠳᠦᠮᠵᠢ ᠣᠯᠵᠤ᠂ ᠳᠣᠣᠷ᠎ᠠ ᠠᠭᠠᠷ ᠤᠨ ᠣᠷᠣᠨ ᠤ | ᠬᠠᠮᠢᠶᠠᠷᠤᠯᠲᠠ ᠶᠢᠨ ᠲᠠᠯ᠎ᠠ ᠪᠠᠷ 1 – 2 ᠥᠭᠡᠷᠡᠴᠢᠯᠡᠯᠲᠡ ᠶᠢᠨ ᠲᠤᠷᠰᠢᠬᠤ ᠴᠡᠭ ᠢ ᠪᠤᠶᠢᠵᠢᠭᠤᠯᠤᠨ᠎ᠠ᠃ ᠳᠣᠣᠷ᠎ᠠ ᠠᠭᠠᠷ ᠤᠨ ᠰᠠᠭᠤᠷᠢ ᠪᠡᠯᠡᠳᠬᠡᠮᠵᠢ ᠶᠢ ᠠᠯᠬᠤᠮ | ᠠᠯᠬᠤᠮ ᠢᠶᠠᠷ ᠲᠡᠭᠦᠯᠳᠡᠷᠵᠢᠭᠦᠯᠵᠦ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠤᠭ᠎ᠠ ᠬᠡᠮᠵᠢᠶ᠎ᠡ ᠶᠢ 33 ᠳᠤ ᠬᠦᠷᠦᠭᠦᠯᠵᠦ᠂ ᠪᠠᠷᠢᠮᠵᠢᠶᠠᠵᠢᠭᠤᠯᠤᠭᠰᠠᠨ | ᠲᠦᠷ ᠴᠠᠭ ᠤᠨ ᠨᠢᠰᠴᠦ ᠭᠠᠵᠠᠷᠳᠠᠬᠤ ᠲᠠᠯᠠᠪᠤᠷ ︵ᠴᠡᠭ︶ ᠢ 100 ᠳᠤ ᠬᠦᠷᠦᠭᠦᠯᠵᠦ᠂ ᠳᠣᠣᠷ᠎ᠠ ᠠᠭᠠᠷ ᠤᠨ ᠨᠢᠰᠦᠯᠲᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ | ᠥᠷᠲᠡᠭᠡ ᠶᠢ 2 ᠠᠴᠠ ᠳᠡᠭᠡᠭᠰᠢ ᠪᠠᠶᠢᠭᠤᠯᠤᠨ᠎ᠠ᠃ ᠬᠡᠷᠡᠭᠯᠡᠭᠡᠨ ᠤ ᠠᠬᠤᠢ ᠪᠠᠶᠢᠳᠠᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠳᠣᠣᠷ᠎ᠠ ᠠᠭᠠᠷ ᠤᠨ ᠠᠵᠤ | ᠠᠬᠤᠢ ᠶᠢᠨ ᠬᠡᠷᠡᠭᠯᠡᠭᠡᠨ ᠤ ᠨᠡᠶᠢᠲᠡᠯᠢᠭ ᠠᠬᠤᠢ ᠪᠠᠶᠢᠳᠠᠯ ᠢ 10 ᠣᠷᠴᠢᠮ ᠴᠣᠭᠴᠠᠯᠠᠨ᠎ᠠ᠃ ᠳᠣᠣᠷ᠎ᠠ ᠠᠭᠠᠷ ᠤᠨ ᠦᠢᠯᠡᠳᠬᠦ ᠦᠢᠯᠡᠰ ᠲᠤ ᠰᠢᠪᠲᠤᠯᠤᠯᠲᠠ ᠭᠠᠷᠭᠠᠵᠤ | ᠂ ᠳᠣᠣᠷ᠎ᠠ ᠠᠭᠠᠷ ᠤᠨ ᠠᠵᠤ ᠠᠬᠤᠢ ᠶᠢᠨ 3 – 5 ᠲᠣᠯᠣᠭᠠᠶᠢᠯᠠᠭᠴᠢ ᠠᠵᠤ ᠠᠬᠤᠶᠢᠯᠠᠯ ᠪᠠ 30 ᠰᠤᠳᠤᠯᠤᠨ ᠨᠡᠭᠡᠭᠡᠵᠦ ᠦᠢᠯᠡᠳᠬᠦ ᠠᠵᠤ ᠠᠬᠤᠶᠢᠯᠠᠯ ᠢ | ᠣᠷᠣᠭᠤᠯᠤᠨ ᠪᠤᠶᠢᠵᠢᠭᠤᠯᠤᠨ᠎ᠠ᠃ ᠠᠵᠤ ᠦᠢᠯᠡᠰ ᠤᠨ ᠪᠥᠭᠡᠮᠨᠡᠷᠡᠯ ᠤᠨ ᠨᠥᠯᠥᠭᠡᠯᠡᠯ ᠢ ᠠᠩᠬ᠎ᠠ ᠠᠯᠬᠤᠮ ᠢᠯᠡᠷᠡᠭᠦᠯᠵᠦ᠂ ᠬᠥᠬᠡᠬᠤᠲᠠ ᠪᠤᠭᠤᠲᠤ ᠣᠷᠳᠣᠰ | ᠬᠤᠲᠠ ᠶᠢᠨ ᠳᠣᠣᠷ᠎ᠠ ᠠᠭᠠᠷ ᠤᠨ ᠠᠵᠤ ᠠᠬᠤᠢ ᠶᠢᠨ ᠬᠥᠭᠵᠢᠯᠲᠡ ᠶᠢᠨ ᠲᠣᠭᠤᠷᠢᠭ ᠢ ᠪᠤᠶᠢᠵᠢᠭᠤᠯᠤᠨ᠂ ᠭᠦᠬᠡᠬᠤᠲᠠ᠂ ᠣᠷᠳᠣᠰ ᠬᠤᠲᠠ ᠶᠢᠨ ᠳᠣᠣᠷ᠎ᠠ ᠠᠭᠠᠷ ᠤᠨ | ᠠᠵᠤ ᠠᠬᠤᠢ ᠶᠢᠨ 2 ᠵᠢᠱᠢᠶ᠎ᠡ ᠦᠵᠡᠭᠦᠯᠬᠦ ᠲᠣᠭᠤᠷᠢᠭ ᠢ ᠪᠦᠲᠦᠭᠡᠨ ᠪᠠᠶᠢᠭᠤᠯᠵᠤ᠂ ᠪᠤᠭᠤᠲᠤ ᠶᠢᠨ ᠳᠣᠣᠷ᠎ᠠ ᠠᠭᠠᠷ ᠤᠨ ᠦᠢᠯᠡᠳᠬᠦ᠂ ᠤᠯᠠᠭᠠᠨᠬᠠᠳᠠ ᠲᠦᠩᠯᠢᠶᠣᠣ | ᠰᠢᠯᠢ ᠶᠢᠨ ᠭᠤᠣᠯ ᠤᠨ ᠳᠣᠣᠷ᠎ᠠ ᠠᠭᠠᠷ ᠤᠨ ᠬᠡᠷᠡᠭᠯᠡᠭᠡᠨ᠂ ᠤᠯᠠᠭᠠᠨᠬᠤᠲᠠ ᠷᠠᠰᠢᠶᠠᠨ ᠬᠠᠶᠢᠯᠠᠷ ᠮᠠᠨᠵᠤᠤᠷ ᠤᠨ ᠳᠣᠣᠷ᠎ᠠ ᠠᠭᠠᠷ ᠤᠨ ᠵᠢᠭᠤᠯᠴᠢᠯᠠᠯ ᠵᠡᠷᠭᠡ 3 | ᠪᠥᠭᠡᠮᠨᠡᠷᠡᠯ ᠣᠷᠣᠨ ᠢ ᠴᠣᠭᠴᠠᠯᠠᠵᠤ᠂ ᠳᠣᠣᠷ᠎ᠠ ᠠᠭᠠᠷ ᠤᠨ ᠦᠢᠯᠡᠳᠬᠦ᠂ ᠳᠣᠣᠷ᠎ᠠ ᠠᠭᠠᠷ ᠤᠨ ᠨᠢᠰᠦᠯᠲᠡ᠂ ᠳᠣᠣᠷ᠎ᠠ ᠠᠭᠠᠷ ᠤᠨ ᠪᠠᠲᠤᠯᠠᠭ᠎ᠠ᠂ ᠶᠡᠷᠦᠩᠬᠡᠶᠢᠯᠡᠭᠰᠡᠨ | ᠦᠢᠯᠡᠴᠢᠯᠡᠭᠡᠨ ᠢ ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠦᠨᠳᠦᠰᠦᠨ ᠳᠤ ᠪᠠᠨ ᠪᠦᠷᠢᠯᠳᠦᠭᠦᠯᠦᠨ᠎ᠡ᠃ | ᠬᠤᠶᠠᠷ᠂ ᠭᠤᠣᠯ ᠡᠭᠦᠷᠭᠡ | ︵ᠨᠢᠭᠡ︶ ᠳᠣᠣᠷ᠎ᠠ ᠠᠭᠠᠷ ᠤᠨ ᠣᠷᠣᠨ ᠤ ᠥᠭᠡᠷᠡᠴᠢᠯᠡᠯᠲᠡ ᠶᠢ ᠲᠦᠷᠭᠡᠳᠬᠡᠨ᠎ᠡ᠃ ᠳᠣᠣᠷ᠎ᠠ ᠠᠭᠠᠷ ᠤᠨ ᠣᠷᠣᠨ ᠤ ᠡᠬᠢ ᠪᠠᠶᠠᠯᠢᠭ ᠢ ᠠᠭᠤᠳᠠᠯᠵᠤ᠂ ᠨᠡᠶᠢᠳᠡᠮ | ᠬᠡᠷᠡᠭᠯᠡᠭᠡᠨ ᠤ ᠠᠭᠠᠷ ᠤᠨ ᠠᠶᠠᠯᠠᠯ ᠤᠨ ᠺᠣᠮᠫᠠᠨᠢ ᠶᠢᠨ ᠲᠤᠭ᠎ᠠ ᠬᠡᠮᠵᠢᠶ᠎ᠡ ᠵᠢᠴᠢ ᠰᠠᠭᠤᠷᠢᠰᠢᠯ ᠲᠠᠷᠬᠠᠯᠲᠠ ᠶᠢᠨ ᠪᠠᠶᠢᠳᠠᠯ ᠤᠨ ᠲᠣᠭᠤᠷᠢᠨ ᠳᠤ᠂ ᠠᠶᠢᠮᠠᠭ ᠬᠤᠲᠠ ᠶᠢᠨ | ᠳᠣᠣᠷ᠎ᠠ ᠠᠭᠠᠷ ᠤᠨ ᠣᠷᠣᠨ ᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠵᠤ᠂ ᠳᠣᠣᠷ᠎ᠠ ᠠᠭᠠᠷ ᠤᠨ ᠨᠢᠰᠬᠦ ᠳᠤ ᠲᠣᠬᠢᠷᠠᠮᠵᠢᠲᠠᠢ ᠣᠷᠣᠨ ᠢ ᠲᠥᠷᠥᠯ ᠠᠩᠭᠢᠯᠠᠵᠤ | ᠬᠤᠪᠢᠶᠠᠷᠢᠯᠠᠨ ᠲᠣᠬᠢᠷᠠᠭᠤᠯᠤᠨ᠎ᠠ᠃ ᠨᠥᠬᠦᠴᠡᠯ ᠲᠠᠢ ᠠᠶᠢᠮᠠᠭ ᠬᠤᠲᠠ ᠶᠢ ᠵᠣᠷᠢᠭᠵᠢᠭᠤᠯᠵᠤ ᠪᠠᠶᠢᠭᠠᠳ ᠳᠣᠣᠷ᠎ᠠ ᠠᠭᠠᠷ ᠤᠨ ᠣᠷᠣᠨ ᠤ ᠬᠠᠮᠢᠶᠠᠷᠤᠯᠲᠠ ᠶᠢᠨ | ᠲᠠᠯ᠎ᠠ ᠪᠠᠷ ᠥᠭᠡᠷᠡᠴᠢᠯᠡᠯᠲᠡ ᠦᠷᠨᠢᠬᠦᠯᠦᠬᠦᠯᠵᠦ᠂ ᠣᠷᠳᠣᠰ ᠬᠤᠲᠠ ᠶᠢᠨ ᠳᠣᠣᠷ᠎ᠠ ᠠᠭᠠᠷ ᠤᠨ ᠣᠷᠣᠨ ᠤ ᠬᠠᠮᠢᠶᠠᠷᠤᠯᠲᠠ ᠶᠢᠨ ᠲᠠᠯ᠎ᠠ ᠪᠠᠷ ᠥᠭᠡᠷᠡᠴᠢᠯᠡᠯᠲᠡ ᠶᠢᠨ | ᠲᠤᠷᠰᠢᠬᠤ ᠴᠡᠭ ᠴᠣᠭᠴᠠᠯᠠᠬᠤ ᠳᠤ ᠳᠡᠮᠵᠢᠯᠭᠡ ᠦᠵᠡᠭᠦᠯᠦᠨ᠂ ᠬᠥᠯᠥᠨ ᠪᠤᠶᠢᠷ ᠬᠤᠲᠠ᠂ ᠠᠯᠠᠱᠠ ᠠᠶᠢᠮᠠᠭ ᠲᠤ ︽ᠳᠣᠣᠷ᠎ᠠ ᠠᠭᠠᠷ ᠤᠨ ᠣᠷᠣᠨ ᠤ ᠬᠠᠮᠢᠶᠠᠷᠤᠯᠲᠠ | + ᠳᠣᠣᠷ᠎ᠠ ᠠᠭᠠᠷ ᠤᠨ ᠠᠵᠤ ᠠᠬᠤᠢ ᠶᠢᠨ ᠬᠥᠭᠵᠢᠯᠲᠡ︾ ᠶᠢᠨ ᠰᠢᠨ᠎ᠡ ᠵᠠᠭᠪᠤᠷ ᠢ ᠬᠠᠶᠢᠨ ᠰᠦᠪᠡᠭᠴᠢᠯᠡᠨ᠎ᠡ᠃ | ︵ᠬᠤᠶᠠᠷ︶ ᠰᠠᠭᠤᠷᠢ ᠪᠡᠯᠡᠳᠬᠡᠮᠵᠢ ᠶᠢ ᠨᠢᠭᠡᠳᠦᠯᠲᠡᠢ ᠲᠥᠯᠥᠪᠯᠡᠨ ᠬᠠᠮᠲᠤ ᠪᠠᠷ ᠪᠠᠶᠢᠭᠤᠯᠤᠨ᠎ᠠ᠃ ᠳᠣᠣᠷ᠎ᠠ ᠠᠭᠠᠷ ᠤᠨ ᠨᠢᠰᠦᠭᠦᠷ ᠤᠨ ᠨᠢᠰᠴᠦ ᠭᠠᠵᠠᠷᠳᠠᠬᠤ᠂ | ᠭᠠᠵᠠᠷᠳᠠᠬᠤ ᠳᠤ ᠪᠡᠯᠡᠳᠬᠡᠬᠦ᠂ ᠵᠣᠭᠰᠤᠭᠠᠬᠤ᠂ ᠡᠨᠧᠷᠭᠢ ᠨᠥᠬᠦᠪᠦᠷᠢᠯᠡᠬᠦ ᠵᠡᠷᠭᠡ ᠴᠢᠳᠠᠮᠵᠢ ᠲᠠᠢ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ᠂ ᠨᠢᠰᠴᠦ | ᠭᠠᠵᠠᠷᠳᠠᠬᠤ ᠲᠠᠯᠠᠪᠤᠷ ︵ᠴᠡᠭ︶ ᠢ ᠲᠦᠷᠭᠡᠬᠡᠨ ᠪᠠᠶᠢᠭᠤᠯᠵᠤ᠂ ᠳᠣᠣᠷ᠎ᠠ ᠠᠭᠠᠷ ᠤᠨ ᠨᠢᠰᠦᠭᠦᠷ ᠤᠨ ᠲᠤᠷᠰᠢᠨ ᠠᠶᠠᠯᠠᠵᠤ ᠲᠤᠷᠰᠢᠨ ᠨᠢᠰᠬᠦ ᠰᠠᠭᠤᠷᠢᠨ ᠭᠠᠵᠠᠷ ᠢ | ᠰᠦᠪᠡᠭᠴᠢᠯᠡᠨ ᠪᠤᠶᠢᠵᠢᠭᠤᠯᠤᠨ᠎ᠠ᠃ ᠵᠢᠭᠤᠯᠴᠢᠯᠠᠯ ᠤᠨ ᠦᠵᠡᠮᠵᠢ ᠶᠢᠨ ᠣᠷᠣᠨ᠂ ᠡᠮᠴᠢᠯᠡᠭᠡᠨ ᠤ ᠪᠠᠶᠢᠭᠤᠯᠤᠮᠵᠢ᠂ ᠲᠦᠷᠭᠡᠨ ᠤ ᠵᠠᠮ ᠤᠨ ᠦᠢᠯᠡᠴᠢᠯᠡᠭᠡᠨ ᠤ | ᠲᠣᠭᠤᠷᠢᠭ᠂ ᠬᠦᠢᠰᠦ ᠲᠠᠯᠠᠪᠤᠷ ᠥᠷᠲᠡᠭᠡ᠂ ᠭᠤᠣᠯᠳᠠᠯᠭ᠎ᠠ ᠲᠠᠢ ᠰᠢᠭᠤᠶᠢᠲᠤ ︵ᠮᠠᠯᠵᠢᠬᠤ︶ ᠣᠷᠣᠨ ᠵᠢᠴᠢ ᠪᠠᠶᠢᠭᠠᠯᠢ ᠶᠢᠨ ᠭᠠᠢ ᠭᠠᠮᠰᠢᠭ ᠤᠨ ᠲᠦᠭᠰᠢᠭᠦᠷᠢ | ᠶᠡᠬᠡᠲᠡᠢ ᠣᠷᠣᠨ ᠳᠤ ᠡᠭᠴᠡ ᠨᠢᠰᠬᠡᠯ ᠤᠨ ᠲᠦᠷ ᠴᠠᠭ ᠨᠢᠰᠴᠦ ᠭᠠᠵᠠᠷᠳᠠᠬᠤ ᠴᠡᠭ ᠪᠠ ᠵᠢᠯᠣᠭᠤᠴᠢ ᠦᠭᠡᠢ ᠨᠢᠰᠬᠡᠯ ᠤᠨ ᠨᠢᠰᠴᠦ ᠭᠠᠵᠠᠷᠳᠠᠬᠤ ᠲᠠᠪᠴᠠᠩ ᠢ | ᠪᠦᠲᠦᠭᠡᠨ ᠪᠠᠶᠢᠭᠤᠯᠵᠤ᠂ ᠬᠤᠳᠠᠯᠳᠤᠭᠠᠨ ᠤ ᠲᠣᠭᠤᠷᠢᠭ᠂ ᠴᠡᠴᠡᠷᠯᠢᠭ᠂ ᠬᠡᠭᠡᠷᠡᠯᠡᠨ ᠪᠠᠭᠤᠳᠠᠯᠯᠠᠬᠤ ᠴᠡᠭ᠂ ᠲᠣᠮᠣ ᠬᠡᠯᠪᠡᠷᠢ ᠶᠢᠨ ᠨᠡᠶᠢᠭᠡᠮ ᠲᠣᠭᠤᠷᠢᠭ ᠵᠡᠷᠭᠡ ᠣᠷᠣᠨ | ᠪᠦᠰᠡ ᠳᠤ ᠵᠢᠯᠣᠭᠤᠴᠢ ᠦᠭᠡᠢ ᠨᠢᠰᠬᠡᠯ ᠤᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠳᠤ ᠵᠣᠷᠢᠭᠤᠯᠤᠭᠰᠠᠨ ᠨᠢᠰᠴᠦ ᠭᠠᠵᠠᠷᠳᠠᠬᠤ ᠲᠠᠪᠴᠠᠩ ᠪᠦᠲᠦᠭᠡᠨ | ᠪᠠᠶᠢᠭᠤᠯᠬᠤ ᠶᠢ ᠳᠡᠮᠵᠢᠵᠦ᠂ ᠪᠦᠲᠦᠭᠡᠨ ᠪᠠᠶᠢᠭᠤᠯᠤᠯᠲᠠ ᠳᠤ ᠨᠡᠶᠢᠭᠡᠮ ᠤᠨ ᠬᠥᠷᠥᠩᠭᠡ ᠶᠢᠨ ᠣᠷᠣᠯᠴᠠᠬᠤ ᠶᠢ ᠵᠣᠷᠢᠭᠵᠢᠭᠤᠯᠤᠨ᠎ᠠ᠃ | ︵ᠭᠤᠷᠪᠠ︶ ᠬᠠᠮᠵᠢᠯᠴᠠᠨ ᠪᠠᠲᠤᠯᠠᠬᠤ ᠲᠣᠣᠷ ᠰᠦᠯᠵᠢᠶ᠎ᠡ ᠶᠢ ᠪᠠᠶᠢᠭᠤᠯᠤᠨ᠎ᠠ᠃ ᠪᠥᠬᠦ ᠤᠯᠤᠰ ᠤᠨ ᠨᠢᠭᠡ ᠴᠣᠭᠴᠠᠲᠤ ᠪᠤᠳᠤᠬᠤ ᠴᠢᠳᠠᠪᠤᠷᠢ ᠶᠢᠨ ᠲᠣᠣᠷ | ᠰᠦᠯᠵᠢᠶᠡᠨ ᠤ ᠤᠯᠤᠰ ︵ᠥᠪᠥᠷ ᠮᠣᠩᠭᠤᠯ︶ ᠤᠨ ᠬᠦᠢᠰᠦ ᠵᠠᠩᠭᠢᠶᠠᠰᠤ ᠶᠢᠨ ᠪᠦᠲᠦᠭᠡᠨ ᠪᠠᠶᠢᠭᠤᠯᠤᠯᠲᠠ ᠪᠠ ᠪᠣᠬᠢᠷᠳᠤᠯ ᠦᠭᠡᠢ ᠪᠣᠳᠣᠯᠲᠠ ᠶᠢᠨ ᠡᠬᠢ | ᠪᠠᠶᠠᠯᠢᠭ ᠲᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ ᠤ ᠳᠣᠣᠷ᠎ᠠ ᠠᠭᠠᠷ ᠤᠨ ᠨᠢᠰᠦᠯᠲᠡ ᠶᠢᠨ ᠣᠶᠤᠨᠴᠢ ᠮᠡᠳᠡᠭᠡ ᠵᠠᠩᠭᠢ ᠶᠢᠨ ᠲᠣᠣᠷ ᠰᠦᠯᠵᠢᠶ᠎ᠡ ᠶᠢ | ᠪᠠᠶᠢᠭᠤᠯᠵᠤ᠂ ᠳᠣᠣᠷ᠎ᠠ ᠠᠭᠠᠷ ᠤᠨ ᠲᠤᠭ᠎ᠠ ᠪᠠᠷᠢᠮᠲᠠ ᠶᠢ ᠠᠦ᠋ᠲ᠋ᠣ᠋ ᠴᠤᠭᠯᠠᠭᠤᠯᠬᠤ ᠪᠠ ᠲᠡᠳᠡᠭᠡᠷ ᠲᠤ ᠣᠶᠤᠨᠴᠢ ᠵᠠᠳᠠᠯᠤᠯᠲᠠ ᠬᠢᠬᠦ ᠶᠢ ᠪᠡᠶᠡᠯᠡᠭᠦᠯᠵᠦ᠂ ᠥᠪᠡᠷᠲᠡᠭᠡᠨ | ᠵᠠᠰᠠᠬᠤ ᠣᠷᠣᠨ ᠤ ᠳᠣᠣᠷ᠎ᠠ ᠠᠭᠠᠷ ᠤᠨ ᠠᠵᠤ ᠠᠬᠤᠢ ᠶᠢᠨ ᠲᠤᠭ᠎ᠠ ᠪᠠᠷᠢᠮᠲᠠ ᠶᠢᠨ ᠰᠠᠭᠤᠷᠢ ᠲᠤᠯᠭᠠᠭᠤᠷᠢᠯᠠᠯ ᠢ ᠴᠣᠭᠴᠠᠯᠠᠨ᠎ᠠ᠃ ᠥᠪᠡᠷᠲᠡᠭᠡᠨ ᠵᠠᠰᠠᠬᠤ ᠣᠷᠣᠨ ᠤ | ᠳᠣᠣᠷ᠎ᠠ ᠠᠭᠠᠷ ᠤᠨ ᠨᠢᠰᠦᠯᠲᠡ ᠶᠢᠨ ᠠᠵᠢᠯᠯᠠᠭ᠎ᠠ ᠳᠤ ᠲᠣᠬᠢᠷᠠᠬᠤ ᠲᠣᠭᠠᠵᠢᠭᠤᠯᠤᠭᠰᠠᠨ᠂ ᠣᠶᠤᠨᠴᠢᠯᠠᠭᠰᠠᠨ ᠨᠢᠰᠦᠯᠲᠡ ᠶᠢᠨ ᠳᠦᠷᠢᠮ ᠪᠠ ᠵᠠᠭᠪᠤᠷ ᠤᠨ | ᠰᠤᠳᠤᠯᠭᠠᠨ ᠢ ᠥᠷᠨᠢᠭᠦᠯᠵᠦ᠂ ᠳᠣᠣᠷ᠎ᠠ ᠠᠭᠠᠷ ᠤᠨ ᠣᠷᠣᠨ ᠤ ᠬᠠᠮ ᠨᠢᠰᠦᠯᠲᠡ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠣᠭᠲᠠᠴᠠ ᠶᠢ ᠰᠦᠪᠡᠭᠴᠢᠯᠡᠨ᠂ | ᠥᠪᠡᠷᠲᠡᠭᠡᠨ ᠵᠠᠰᠠᠬᠤ ᠣᠷᠣᠨ ᠤ ᠳᠣᠣᠷ᠎ᠠ ᠠᠭᠠᠷ ᠤᠨ ᠣᠷᠣᠨ ᠤ ᠳ᠋ᠢᠵᠢᠲ᠋ᠠᠯ ᠵᠢᠷᠤᠭ ᠪᠠ ᠨᠢᠰᠦᠯᠲᠡ ᠶᠢᠨ ᠬᠠᠷᠠᠭᠠᠨ ᠵᠢᠷᠤᠭ ᠢ ᠨᠠᠶᠢᠷᠠᠭᠤᠯᠤᠨ ᠵᠣᠬᠢᠶᠠᠵᠤ᠂ ᠳᠣᠣᠷ᠎ᠠ | ᠠᠭᠠᠷ ᠤᠨ ᠠᠶᠠᠯᠠᠯ ᠤᠨ ᠵᠠᠮ ᠪᠠ ᠠᠶᠠᠯᠠᠯ ᠤᠨ ᠱᠤᠭᠤᠮ ᠤᠨ ᠪᠡᠶᠡᠲᠦ ᠵᠠᠮ ᠬᠠᠷᠢᠯᠴᠠᠭᠠᠨ ᠤ ᠲᠣᠣᠷ ᠰᠦᠯᠵᠢᠶ᠎ᠡ ᠶᠢ ᠪᠠᠶᠢᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ᠳᠣᠣᠷ᠎ᠠ ᠠᠭᠠᠷ ᠤᠨ ᠨᠢᠰᠦᠯᠲᠡ ᠶᠢᠨ ᠦᠢᠯᠡᠴᠢᠯᠡᠭᠡᠨ ᠤ ᠲᠣᠬᠢᠷᠠᠭᠤᠯᠤᠯᠲᠠ ᠶᠢᠨ ᠲᠠᠪᠴᠠᠩ ᠢ ᠪᠠᠶᠢᠭᠤᠯᠵᠤ᠂ ᠳᠣᠣᠷ᠎ᠠ ᠠᠭᠠᠷ ᠤᠨ ᠨᠢᠰᠦᠯᠲᠡ ᠶᠢᠨ | ᠦᠢᠯᠡᠴᠢᠯᠡᠭᠡᠨ ᠢ ︽ᠨᠢᠭᠡ ᠥᠷᠲᠡᠭᠡ ᠪᠠᠷ ᠭᠦᠢᠴᠡᠳᠬᠡᠬᠦ︾ ᠶᠢ ᠪᠡᠶᠡᠯᠡᠭᠦᠯᠦᠨ᠎ᠡ︔ ᠥᠪᠡᠷᠲᠡᠭᠡᠨ ᠵᠠᠰᠠᠬᠤ ᠣᠷᠣᠨ ᠤ ᠳᠣᠣᠷ᠎ᠠ ᠠᠭᠠᠷ ᠤᠨ ᠨᠢᠰᠦᠯᠲᠡ ᠶᠢᠨ | ᠤᠬᠠᠭᠠᠯᠢᠭ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠠᠭᠠᠷ ᠤᠨ ᠵᠠᠮ ᠬᠠᠷᠢᠯᠴᠠᠭᠠᠨ ᠤ ᠬᠠᠮᠢᠶᠠᠷᠤᠯᠲᠠ᠂ ᠳᠣᠣᠷ᠎ᠠ ᠠᠭᠠᠷ ᠤᠨ ᠬᠢᠨᠠᠨ | ᠠᠵᠢᠭᠯᠠᠯᠲᠠ ᠶᠢᠨ ᠰᠡᠷᠡᠮᠵᠢᠯᠡᠬᠦᠯᠦᠯ᠂ ᠭᠡᠨᠡᠳᠲᠡ ᠶᠢᠨ ᠬᠡᠷᠡᠭ ᠤᠨ ᠰᠢᠢᠳᠪᠦᠷᠢᠯᠡᠯᠲᠡ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠠᠲᠤᠯᠠᠭ᠎ᠠ ᠵᠡᠷᠭᠡ ᠶᠢ | ︽ᠨᠢᠭᠡ ᠰᠦᠯᠵᠢᠶ᠎ᠡ ᠪᠠᠷ ᠨᠡᠶᠢᠳᠡᠮ ᠬᠠᠮᠢᠶᠠᠷᠬᠤ︾ ᠶᠢ ᠪᠡᠶᠡᠯᠡᠭᠦᠯᠦᠨ᠎ᠡ᠃ | ︵ᠳᠥᠷᠪᠡ︶ ᠬᠡᠷᠡᠭᠯᠡᠭᠡᠨ ᠤ ᠠᠬᠤᠢ ᠪᠠᠶᠢᠳᠠᠯ ᠢ ᠨᠡᠭᠡᠭᠡᠨ ᠠᠰᠢᠭᠯᠠᠵᠤ ᠴᠢᠯᠦᠭᠡᠲᠡᠢ ᠪᠣᠯᠭᠠᠨ᠎ᠠ᠃ ᠳᠣᠣᠷ᠎ᠠ ᠠᠭᠠᠷ + ᠬᠡᠷᠡᠭᠯᠡᠭᠡᠨ ᠤ ᠠᠬᠤᠢ ᠪᠠᠶᠢᠳᠠᠯ ᠤᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠡᠰᠢᠲᠦ ᠭᠤᠣᠯ ᠴᠣᠭᠴᠠ ᠶᠢᠨ ᠣᠷᠣᠯᠴᠠᠬᠤ ᠶᠢ ᠵᠣᠷᠢᠭᠵᠢᠭᠤᠯᠤᠨ᠂ ᠳᠣᠣᠷ᠎ᠠ ᠠᠭᠠᠷ ᠤᠨ ᠠᠵᠤ | ᠠᠬᠤᠢ ᠶᠢᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠲᠡᠶᠢᠰᠢ ᠳᠠᠶᠢᠴᠢᠯᠠᠨ᠎ᠠ᠃ ᠳᠣᠣᠷ᠎ᠠ ᠠᠭᠠᠷ ᠤᠨ ᠣᠶᠤᠨᠴᠢ ᠨᠢᠰᠦᠭᠦᠷ ᠤᠨ ᠤᠯᠤᠰ ᠤᠨ ᠨᠤᠲᠤᠭ | ᠳᠡᠪᠢᠰᠬᠡᠷ᠂ ᠴᠠᠭ ᠠᠭᠤᠷ᠂ ᠣᠷᠴᠢᠨ ᠲᠣᠭᠤᠷᠢᠨ ᠤ ᠬᠠᠮᠠᠭᠠᠯᠠᠯᠲᠠ᠂ ᠪᠠᠴᠢᠮ ᠪᠠᠶᠢᠳᠠᠯ ᠢ ᠠᠷᠭᠠᠴᠠᠭᠠᠬᠤ᠂ ᠴᠠᠬᠢᠯᠭᠠᠨ ᠬᠦᠴᠦᠨ᠂ ᠵᠠᠮ ᠬᠠᠷᠢᠯᠴᠠᠭ᠎ᠠ᠂ ᠬᠤᠲᠠ ᠶᠢᠨ | ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠬᠢᠯᠢ ᠶᠢᠨ ᠬᠠᠮᠠᠭᠠᠯᠠᠯᠲᠠ ᠵᠡᠷᠭᠡ ᠬᠦᠷᠢᠶᠡᠨ ᠳᠠᠬᠢ ᠵᠢᠱᠢᠶ᠎ᠡ ᠦᠵᠡᠭᠦᠯᠬᠦ ᠬᠡᠷᠡᠭᠯᠡᠭᠡᠨ ᠢ ᠠᠬᠢᠭᠤᠯᠤᠨ᠎ᠠ᠃ ᠲᠠᠷᠢᠶᠠᠯᠠᠩ | ︵ᠤᠢ ᠰᠢᠭᠤᠢ︶᠂ ᠳᠣᠣᠷ᠎ᠠ ᠠᠭᠠᠷ ᠤᠨ ᠪᠠᠷᠠᠭᠠᠨ ᠤ ᠭᠦᠢᠯᠭᠡᠭᠡ᠂ ᠳᠣᠣᠷ᠎ᠠ ᠠᠭᠠᠷ ᠤᠨ ᠬᠡᠷᠡᠭᠯᠡᠭᠡ ᠵᠡᠷᠭᠡ ᠬᠦᠷᠢᠶᠡᠨ ᠳᠠᠬᠢ ᠬᠡᠪᠴᠢᠶᠡᠵᠢᠭᠰᠡᠨ ᠬᠡᠷᠡᠭᠯᠡᠭᠡᠨ ᠢ | ᠥᠷᠭᠡᠳᠬᠡᠨ᠎ᠡ᠃ | ︵ᠲᠠᠪᠤ︶ ᠳᠣᠣᠷ᠎ᠠ ᠠᠭᠠᠷ ᠤᠨ ᠦᠢᠯᠡᠳᠬᠦ ᠠᠵᠤ ᠦᠢᠯᠡᠰ ᠢ ᠬᠥᠭᠵᠢᠭᠦᠯᠦᠨ᠎ᠡ᠃ ᠬᠥᠬᠡᠬᠤᠲᠠ᠂ ᠪᠤᠭᠤᠲᠤ ᠬᠤᠲᠠ᠂ ᠲᠦᠩᠯᠢᠶᠣᠣ ᠬᠤᠲᠠ᠂ ᠣᠷᠳᠣᠰ | ᠬᠤᠲᠠ ᠵᠡᠷᠭᠡ ᠭᠠᠵᠠᠷ ᠣᠷᠣᠨ ᠤ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠳᠠᠪᠠᠭᠤᠯᠢᠭ ᠢ ᠪᠠᠳᠠᠷᠠᠭᠤᠯᠵᠤ᠂ ᠨᠢᠭᠡ ᠪᠦᠯᠦᠭ ᠭᠤᠣᠯᠯᠠᠬᠤ ᠥᠷᠢᠰᠦᠯᠳᠦᠬᠦ | ᠬᠦᠴᠦᠨ ᠪᠦᠬᠦᠢ ᠲᠣᠯᠣᠭᠠᠶᠢᠯᠠᠭᠴᠢ ᠠᠵᠤ ᠠᠬᠤᠶᠢᠯᠠᠯ ᠢ ᠲᠥᠪᠯᠡᠷᠡᠭᠦᠯᠦᠨ ᠣᠷᠣᠭᠤᠯᠵᠤ᠂ ᠵᠢᠯᠣᠭᠤᠴᠢ ᠦᠭᠡᠢ ᠨᠢᠰᠬᠡᠯ᠂ ᠴᠠᠬᠢᠯᠭᠠᠨ ᠬᠥᠳᠡᠯᠭᠡᠭᠦᠷᠲᠦ ᠡᠭᠴᠡ | ᠴᠢᠭᠯᠡᠯ ᠤᠨ ᠨᠢᠰᠴᠦ ᠭᠠᠵᠠᠷᠳᠠᠬᠤ ᠨᠢᠰᠦᠭᠦᠷ ︵eVTOL︶᠂ ᠭᠤᠣᠯ ᠰᠡᠯᠪᠢᠭ ᠲᠣᠨᠤᠭ᠂ ᠠᠭᠠᠷ ᠤᠨ ᠠᠶᠠᠯᠠᠯ ᠤᠨ ᠮᠠᠲ᠋ᠧᠷᠢᠶᠠᠯ ᠵᠡᠷᠭᠡ ᠳᠣᠣᠷ᠎ᠠ ᠠᠭᠠᠷ ᠤᠨ | ᠦᠢᠯᠡᠳᠬᠦ ᠦᠢᠯᠡᠰ ᠢ ᠬᠥᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠦᠭᠦᠬᠡᠢ ᠮᠠᠲ᠋ᠧᠷᠢᠶᠠᠯ᠂ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠶᠢᠨ ᠠᠵᠤ | ᠦᠢᠯᠡᠰ ᠤᠨ ᠳᠠᠪᠠᠭᠤᠯᠢᠭ ᠲᠤ ᠲᠦᠰᠢᠭᠯᠡᠨ᠂ ᠨᠡᠭᠦᠷᠡᠰᠦᠲᠥ᠋ᠷᠥᠭᠴᠢᠲᠦ ᠰᠢᠷᠬᠡᠭ᠂ ᠬᠡᠲᠦ ᠥᠨᠳᠥᠷ ᠬᠦᠴᠦᠯᠡᠴᠡᠲᠦ ᠪᠣᠯᠣᠳ᠂ ᠮᠠᠭᠨᠢ ᠬᠥᠩᠭᠡᠨ ᠴᠠᠭᠠᠨ ᠤ ᠬᠥᠩᠭᠡᠨ | ᠬᠠᠶᠢᠯᠤᠰᠢ ᠵᠡᠷᠭᠡ ᠰᠢᠨ᠎ᠡ ᠬᠡᠯᠪᠡᠷᠢ ᠶᠢᠨ ᠠᠭᠠᠷ ᠤᠨ ᠠᠶᠠᠯᠠᠯ ᠤᠨ ᠮᠠᠲ᠋ᠧᠷᠢᠶᠠᠯ ᠵᠢᠴᠢ ᠴᠠᠬᠢᠯᠭᠠᠨ ᠮᠠᠰᠢᠨ᠂ ᠳ᠋ᠢᠶᠠᠨ ᡂᠢ᠂ ᠨᠢᠰᠦᠯᠲᠡ ᠶᠢᠨ ᠡᠵᠡᠮᠳᠡᠬᠦᠷ ᠰᠢᠰᠲ᠋ᠧᠮ | ᠵᠡᠷᠭᠡ ᠰᠡᠯᠪᠢᠭ ᠲᠣᠨᠤᠭ ᠢ ᠰᠤᠳᠤᠯᠤᠨ ᠨᠡᠭᠡᠭᠡᠵᠦ ᠦᠢᠯᠡᠳᠪᠦᠷᠢᠯᠡᠬᠦ ᠠᠵᠢᠯ ᠢ ᠥᠷᠨᠢᠭᠦᠯᠵᠦ᠂ ︽ᠲᠤᠰᠬᠠᠶᠢᠵᠢᠭᠰᠠᠨ ᠰᠣᠳᠣᠨ ᠥᠪᠡᠷᠮᠢᠴᠡ ᠰᠢᠨ᠎ᠡ︾ ᠳᠤᠮᠳᠠ | ᠵᠢᠵᠢᠭ ᠠᠵᠤ ᠠᠬᠤᠶᠢᠯᠠᠯ ᠢ ᠪᠤᠶᠢᠵᠢᠭᠤᠯᠤᠨ᠎ᠠ᠃ | ︵ᠵᠢᠷᠭᠤᠭ᠎ᠠ︶ ᠰᠢᠨ᠎ᠡ ᠡᠭᠦᠳᠦᠯᠲᠡ ᠲᠠᠢ ᠪᠠᠷ ᠬᠥᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠣᠷᠣᠨ ᠤ ᠭᠠᠳᠠᠨᠠᠬᠢ ᠳᠣᠣᠷ᠎ᠠ ᠠᠭᠠᠷ ᠤᠨ ᠨᠢᠰᠦᠭᠦᠷ ᠤᠨ | ᠰᠤᠳᠤᠯᠤᠨ ᠨᠡᠭᠡᠭᠡᠬᠦ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠬᠢᠭᠡᠳ ᠣᠷᠣᠨ ᠤ ᠳᠣᠲᠣᠷᠠᠬᠢ ᠠᠵᠤ ᠠᠬᠤᠶᠢᠯᠠᠯ ᠬᠠᠮᠲᠤᠷᠠᠨ | ᠪᠠᠶᠢᠭᠤᠯᠤᠭᠰᠠᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠳᠡᠮᠵᠢᠵᠦ᠂ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠤᠨ ᠨᠡᠭᠡᠭᠡᠯᠲᠡ᠂ ᠰᠢᠰᠲ᠋ᠧᠮᠲᠦ ᠬᠤᠷᠠᠮᠠᠯ ᠪᠠ | ᠢᠨᠵᠧᠨᠧᠷᠢᠩᠵᠢᠭᠦᠯᠬᠦ ᠬᠡᠷᠡᠭᠯᠡᠭᠡᠨ ᠢ ᠥᠷᠨᠢᠭᠦᠯᠦᠨ᠎ᠡ᠃ ᠠᠵᠤ ᠠᠬᠤᠶᠢᠯᠠᠯ ᠬᠢᠭᠡᠳ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ | ᠬᠦᠷᠢᠶᠡᠯᠡᠩ ᠭᠠᠵᠠᠷ ᠤᠨ ᠬᠠᠮᠲᠤᠷᠠᠯᠴᠠᠭ᠎ᠠ ᠶᠢ ᠴᠢᠩᠭᠠᠳᠬᠠᠨ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠨᠢᠭᠡ ᠴᠣᠭᠴᠠᠵᠢᠭᠤᠯᠬᠤ ᠲᠣᠭᠲᠠᠴᠠ ᠶᠢ | ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠳᠤ ᠭᠦᠨᠵᠡᠭᠡᠢ | ᠣᠷᠣᠯᠴᠠᠨ᠎ᠠ᠃ ᠲᠥᠪ ᠤᠨ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠢ ᠬᠥᠲᠥᠯᠥᠨ | ᠵᠢᠯᠤᠭᠤᠳᠴᠤ ᠪᠠᠶᠢᠭᠠᠳ ᠬᠥᠬᠡᠬᠤᠲᠠ᠂ ᠪᠤᠭᠤᠲᠤ ᠬᠤᠲᠠ ᠳᠤ ᠳᠣᠣᠷ᠎ᠠ ᠠᠭᠠᠷ ᠤᠨ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠤᠨ ᠨᠡᠪᠴᠢᠭᠦᠯᠦᠭᠦᠷ ᠪᠠᠶᠢᠷᠢᠯᠠᠭᠤᠯᠵᠤ᠂ ᠰᠢᠨ᠎ᠡ ᠡᠭᠦᠳᠦᠯᠲᠡ ᠲᠠᠢ ᠦᠷ᠎ᠡ ᠪᠦᠲᠦᠭᠡᠯ᠂ ᠦᠢᠯᠡᠳᠬᠦᠨ ᠪᠠ ᠮᠡᠷᠭᠡᠵᠢᠯ ᠢ ᠨᠡᠪᠴᠢᠭᠦᠯᠬᠦ ᠪᠠ ᠰᠢᠯᠭᠠᠨ | ᠭᠡᠷᠡᠴᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠳᠤᠮᠳᠠ ᠲᠣᠮᠣ ᠬᠡᠯᠪᠡᠷᠢ ᠶᠢᠨ ᠵᠢᠯᠣᠭᠤᠴᠢ ᠦᠭᠡᠢ ᠠᠭᠠᠷ ᠤᠨ ᠨᠢᠰᠦᠭᠦᠷ ᠤᠨ ᠲᠤᠷᠰᠢᠨ ᠠᠶᠠᠯᠠᠵᠤ ᠲᠤᠷᠰᠢᠨ | ᠨᠢᠰᠬᠦ ᠶᠢ ᠰᠢᠯᠭᠠᠨ ᠲᠤᠷᠰᠢᠵᠤ ᠰᠢᠯᠭᠠᠨ ᠪᠠᠲᠤᠯᠠᠬᠤ ᠲᠤᠷᠰᠢᠯᠲᠠ ᠶᠢᠨ ᠲᠠᠰᠤᠭ᠂ ᠳᠣᠣᠷ᠎ᠠ ᠠᠭᠠᠷ ᠤᠨ ᠪᠡᠶᠡᠲᠦ ᠵᠠᠮ ᠬᠠᠷᠢᠯᠴᠠᠭᠠᠨ ᠤ ᠲᠣᠣᠷ ᠰᠦᠯᠵᠢᠶᠡᠨ ᠤ | ᠲᠤᠷᠰᠢᠯᠲᠠ ᠶᠢᠨ ᠲᠠᠰᠤᠭ ᠢ ᠰᠦᠪᠡᠭᠴᠢᠯᠡᠨ ᠪᠠᠶᠢᠭᠤᠯᠵᠤ᠂ ᠳᠣᠣᠷ᠎ᠠ ᠠᠭᠠᠷ ᠤᠨ ᠪᠡᠶᠡᠲᠦ ᠵᠠᠮ ᠬᠠᠷᠢᠯᠴᠠᠭᠠᠨ ᠤ ᠰᠦᠯᠵᠢᠶ᠎ᠡ ᠬᠢᠭᠡᠳ ᠳᠣᠣᠷ᠎ᠠ ᠠᠭᠠᠷ ᠤᠨ | ᠨᠢᠰᠦᠯᠲᠡ ᠶᠢᠨ ᠬᠠᠮᠢᠶ᠎ᠠ ᠪᠦᠬᠦᠢ ᠣᠯᠠᠨ ᠤᠯᠤᠰ᠂ ᠤᠯᠤᠰ ᠭᠦᠷᠦᠨ᠂ ᠠᠵᠢᠯ ᠲᠥᠷᠥᠯ᠂ ᠪᠦᠯᠬᠦᠮ ᠨᠡᠶᠢᠳᠡ ᠵᠢᠴᠢ ᠣᠷᠣᠨ ᠨᠤᠲᠤᠭ ᠤᠨ ᠪᠠᠷᠢᠮᠵᠢᠶ᠎ᠠ ᠵᠢᠷᠤᠮᠵᠢᠯ ᠤᠨ | ᠰᠤᠳᠤᠯᠤᠯ ᠳᠤ ᠢᠳᠡᠪᠬᠢᠲᠡᠢ ᠣᠷᠣᠯᠴᠠᠵᠤ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ | ᠭᠠᠵᠠᠷ ᠤᠨ ᠬᠢᠨ ᠤ ᠤᠯᠤᠰ ᠤᠨ ᠬᠠᠮᠢᠶ᠎ᠠ ᠪᠦᠬᠦᠢ ᠬᠦᠷᠢᠶ᠎ᠡ ᠴᠠᠷᠠᠭᠠᠨ ᠤ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠳᠤ ᠣᠷᠣᠯᠴᠠᠬᠤ ᠶᠢ ᠨᠢ ᠵᠣᠷᠢᠭᠵᠢᠭᠤᠯᠤᠨ᠎ᠠ᠃ | ︵ᠲᠤᠯᠤᠭ᠎ᠠ︶ ᠠᠵᠤ ᠦᠢᠯᠡᠰ ᠤᠨ ᠪᠥᠭᠡᠮᠨᠡᠷᠡᠨ ᠵᠢᠱᠢᠶ᠎ᠡ ᠦᠵᠡᠭᠦᠯᠬᠦ ᠶᠢ ᠲᠦᠷᠭᠡᠳᠬᠡᠨ᠎ᠡ᠃ ᠬᠥᠬᠡᠬᠤᠲᠠ ᠶᠢᠨ ᠳᠣᠣᠷ᠎ᠠ ᠠᠭᠠᠷ ᠤᠨ ᠠᠵᠤ ᠠᠬᠤᠢ ᠶᠢᠨ ᠠᠵᠤ | ᠦᠢᠯᠡᠰ ᠤᠨ ᠬᠦᠷᠢᠶᠡᠯᠡᠩ ᠳᠤ ᠲᠦᠰᠢᠭᠯᠡᠨ᠂ ᠵᠢᠯᠣᠭᠤᠴᠢ ᠦᠭᠡᠢ ᠨᠢᠰᠬᠡᠯ ᠵᠢᠴᠢ ᠭᠤᠣᠯ ᠰᠡᠯᠪᠢᠭ ᠲᠣᠨᠤᠭ ᠦᠢᠯᠡᠳᠬᠦ ᠪᠠᠷ ᠭᠤᠣᠯᠳᠠᠯᠭ᠎ᠠ ᠪᠣᠯᠭᠠᠵᠤ᠂ ᠦᠢᠯᠡᠴᠢᠯᠡᠭᠡ | ᠂ ᠰᠤᠳᠤᠯᠤᠨ ᠨᠡᠭᠡᠭᠡᠬᠦ᠂ ᠪᠣᠯᠪᠠᠰᠤᠷᠠᠯ᠂ ᠪᠠᠷᠠᠭᠠᠨ ᠤ ᠭᠦᠢᠯᠭᠡᠭᠡᠨ ᠢᠶᠠᠷ ᠣᠨᠴᠠᠯᠢᠭ ᠪᠣᠯᠭᠠᠭᠰᠠᠨ ᠳᠣᠣᠷ᠎ᠠ ᠠᠭᠠᠷ ᠤᠨ ᠠᠵᠤ ᠠᠬᠤᠢ ᠶᠢᠨ ᠵᠢᠱᠢᠶ᠎ᠡ ᠦᠵᠡᠭᠦᠯᠬᠦ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠣᠷᠳᠣᠰ ᠬᠤᠲᠠ ᠶᠢᠨ ᠲᠤᠷᠰᠢᠨ ᠨᠢᠰᠬᠦ ᠲᠤᠬᠠᠶᠢᠯᠠᠭᠰᠠᠨ ᠠᠵᠢᠯ᠂ ᠣᠶᠢᠷ᠎ᠠ ᠵᠠᠮ ᠤᠨ ᠲᠡᠭᠡᠭᠡᠪᠦᠷᠢ᠂ | ᠠᠭᠠᠷ ᠤᠨ ᠠᠶᠠᠯᠠᠯ ᠤᠨ ᠪᠣᠯᠪᠠᠰᠤᠷᠠᠯ᠂ ᠵᠢᠯᠣᠭᠤᠴᠢ ᠦᠭᠡᠢ ᠨᠢᠰᠬᠡᠯ ᠤᠨ ᠠᠵᠤ ᠦᠢᠯᠡᠰ ᠵᠡᠷᠭᠡ ᠲᠠᠯ᠎ᠠ ᠪᠠᠷ ᠬᠢ ᠠᠵᠤ ᠦᠢᠯᠡᠰ ᠤᠨ ᠰᠠᠭᠤᠷᠢ ᠳᠤ ᠠᠩᠬᠠᠷᠤᠯ ᠢᠶᠠᠨ | ᠲᠥᠪᠯᠡᠷᠡᠭᠦᠯᠵᠦ᠂ ᠠᠭᠠᠷ ᠤᠨ ᠣᠷᠣᠨ ᠤ ᠥᠭᠡᠷᠡᠴᠢᠯᠡᠯᠲᠡ᠂ ᠵᠢᠯᠣᠭᠤᠴᠢ ᠦᠭᠡᠢ ᠨᠢᠰᠬᠡᠯ ᠦᠢᠯᠡᠳᠬᠦ᠂ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ᠂ | ᠶᠡᠷᠦᠩᠬᠡᠶᠢᠯᠡᠭᠰᠡᠨ ᠪᠠᠲᠤᠯᠠᠭ᠎ᠠ ᠪᠠᠷ ᠭᠤᠣᠯ ᠪᠣᠯᠭᠠᠭᠰᠠᠨ ᠳᠣᠣᠷ᠎ᠠ ᠠᠭᠠᠷ ᠤᠨ ᠠᠵᠤ ᠠᠬᠤᠢ ᠶᠢᠨ ᠵᠢᠱᠢᠶ᠎ᠡ ᠦᠵᠡᠭᠦᠯᠬᠦ ᠲᠣᠭᠤᠷᠢᠭ ᠢ ᠴᠣᠭᠴᠠᠯᠠᠨ᠎ᠠ᠃ ᠪᠤᠭᠤᠲᠤ | ᠬᠤᠲᠠ ᠶᠢᠨ ᠲᠣᠨᠤᠭ ᠲᠥᠬᠦᠭᠡᠷᠦᠮᠵᠢ ᠦᠢᠯᠡᠳᠬᠦ ᠪᠠ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠳᠠᠪᠠᠭᠤᠯᠢᠭ ᠤᠨ ᠲᠣᠭᠤᠷᠢᠨ ᠳᠤ᠂ ᠳᠣᠣᠷ᠎ᠠ ᠠᠭᠠᠷ ᠤᠨ | ᠨᠢᠰᠦᠭᠦᠷ ᠤᠨ ᠪᠦᠬᠦᠯᠢ ᠮᠠᠰᠢᠨ ᠵᠢᠴᠢ ᠭᠤᠣᠯ ᠰᠡᠯᠪᠢᠭ ᠲᠣᠨᠤᠭ ᠦᠢᠯᠡᠳᠬᠦ ᠪᠠᠷ ᠭᠤᠣᠯ ᠪᠣᠯᠭᠠᠭᠰᠠᠨ ᠳᠣᠣᠷ᠎ᠠ ᠠᠭᠠᠷ ᠤᠨ ᠦᠢᠯᠡᠳᠬᠦ ᠲᠠᠯ᠎ᠠ ᠳᠤ ᠪᠥᠭᠡᠮᠨᠡᠷᠡᠯ | ᠣᠷᠣᠨ ᠢ ᠪᠤᠶᠢᠵᠢᠭᠤᠯᠤᠨ᠎ᠠ᠃ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ ᠭᠤᠷᠪᠠᠨ ᠬᠤᠲᠠ ᠶᠢᠨ ᠬᠤᠯᠪᠤᠭᠠᠯᠠᠨ ᠬᠥᠳᠡᠯᠦᠯᠴᠡᠬᠦ ᠪᠠ ᠠᠵᠤ ᠦᠢᠯᠡᠰ ᠤᠨ | ᠬᠠᠮᠵᠢᠯᠴᠠᠭ᠎ᠠ ᠬᠢᠬᠦ ᠶᠢ ᠴᠢᠩᠭᠠᠳᠬᠠᠨ᠂ ᠬᠥᠬᠡᠬᠤᠲᠠ ᠪᠤᠭᠤᠲᠤ ᠣᠷᠳᠣᠰ ᠤᠨ ᠳᠣᠣᠷ᠎ᠠ ᠠᠭᠠᠷ ᠤᠨ ᠠᠵᠤ ᠠᠬᠤᠢ ᠶᠢᠨ ᠬᠥᠭᠵᠢᠯᠲᠡ ᠶᠢᠨ ᠲᠣᠭᠤᠷᠢᠭ ᠢ | ᠪᠠᠶᠢᠭᠤᠯᠤᠨ᠎ᠠ᠃ ᠲᠦᠩᠯᠢᠶᠣᠣ ᠬᠤᠲᠠ᠂ ᠤᠯᠠᠭᠠᠨᠬᠠᠳᠠ ᠬᠤᠲᠠ᠂ ᠰᠢᠯᠢ ᠶᠢᠨ ᠭᠤᠣᠯ ᠠᠶᠢᠮᠠᠭ ᠤᠨ ᠠᠬᠤᠢ ᠪᠠᠶᠢᠳᠠᠯ ᠤᠨ ᠣᠯᠠᠨ ᠡᠰᠢᠲᠦ ᠳᠠᠪᠠᠭᠤᠯᠢᠭ ᠵᠢᠴᠢ | ᠵᠡᠭᠦᠨ ᠬᠡᠰᠡᠭ ᠤᠨ ᠭᠠᠵᠠᠷ ᠣᠷᠣᠨ ᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠵᠤ᠂ ᠤᠯᠠᠭᠠᠨᠬᠠᠳᠠ ᠲᠦᠩᠯᠢᠶᠣᠣ ᠰᠢᠯᠢ ᠶᠢᠨ | ᠭᠤᠣᠯ ᠤᠨ ᠳᠣᠣᠷ᠎ᠠ ᠠᠭᠠᠷ ᠤᠨ ᠬᠡᠷᠡᠭᠯᠡᠭᠡᠨ ᠪᠠ ᠤᠯᠠᠭᠠᠨᠬᠤᠲᠠ ᠷᠠᠰᠢᠶᠠᠨ ᠬᠠᠶᠢᠯᠠᠷ ᠮᠠᠨᠵᠤᠤᠷ ᠤᠨ ᠳᠣᠣᠷ᠎ᠠ ᠠᠭᠠᠷ ᠤᠨ ᠵᠢᠭᠤᠯᠴᠢᠯᠠᠯ ᠤᠨ ᠪᠥᠭᠡᠮᠨᠡᠷᠡᠭᠰᠡᠨ ᠣᠷᠣᠨ ᠢ | ᠪᠦᠲᠦᠭᠡᠨ ᠪᠠᠶᠢᠭᠤᠯᠤᠨ᠎ᠠ᠃ ᠳᠣᠣᠷ᠎ᠠ ᠠᠭᠠᠷ ᠤᠨ ᠨᠢᠰᠦᠯᠲᠡ ᠶᠢ ᠣᠯᠠᠨ ᠬᠦᠷᠢᠶ᠎ᠡ ᠴᠠᠷᠠᠭ᠎ᠠ᠂ ᠣᠯᠠᠨ ᠠᠵᠢᠯ ᠲᠥᠷᠥᠯ ᠲᠠᠢ ᠠᠭᠤᠰᠤᠯᠴᠠᠭᠤᠯᠬᠤ ᠪᠠᠨ ᠲᠦᠷᠭᠡᠳᠬᠡᠨ᠂ | ᠴᠡᠭ ᠢᠶᠠᠷ ᠨᠡᠶᠢᠳᠡᠮ ᠢ ᠳᠠᠶᠢᠴᠢᠯᠠᠨ ᠥᠪᠡᠷᠲᠡᠭᠡᠨ ᠵᠠᠰᠠᠬᠤ ᠣᠷᠣᠨ ᠤ ᠳᠣᠣᠷ᠎ᠠ ᠠᠭᠠᠷ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ | ︵ᠨᠠᠢᠮᠠ︶ ᠳᠣᠣᠷ᠎ᠠ ᠠᠭᠠᠷ ᠤᠨ ᠠᠵᠤ ᠠᠬᠤᠢ ᠶᠢᠨ ᠦᠢᠯᠡᠴᠢᠯᠡᠭᠡᠨ ᠤ ᠦᠢᠯᠡᠰ ᠢ ᠪᠤᠶᠢᠵᠢᠭᠤᠯᠤᠨ᠎ᠠ᠃ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ ᠨᠡᠶᠢᠭᠡᠮ ᠤᠨ ᠬᠥᠷᠥᠩᠭᠡ ᠶᠢᠨ ᠬᠢᠨ ᠤ ᠨᠢᠰᠦᠯᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ | ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠬᠡᠷᠡᠭᠯᠡᠭᠡᠨ ᠤ ᠠᠬᠤᠢ ᠪᠠᠶᠢᠳᠠᠯ ᠢ ᠪᠣᠳᠠᠲᠠᠢ ᠰᠢᠯᠭᠠᠨ ᠰᠢᠨᠵᠢᠬᠦ ᠪᠠ ᠵᠠᠬ᠎ᠠ | ᠳᠡᠯᠭᠡᠭᠦᠷ ᠤᠨ ᠰᠢᠯᠭᠠᠨ ᠪᠠᠲᠤᠯᠠᠬᠤ ᠠᠵᠢᠯ ᠢ ᠢᠳᠡᠪᠬᠢᠲᠡᠢ ᠥᠷᠨᠢᠭᠦᠯᠵᠦ᠂ ᠰᠢᠨ᠎ᠡ ᠮᠡᠷᠭᠡᠵᠢᠯ ᠰᠢᠨ᠎ᠡ ᠦᠢᠯᠡᠳᠬᠦᠨ ᠢ ᠳᠡᠯᠭᠡᠷᠡᠭᠦᠯᠦᠨ ᠬᠡᠷᠡᠭᠯᠡᠬᠦ ᠠᠵᠢᠯ ᠢ | ᠠᠬᠢᠭᠤᠯᠤᠨ᠎ᠠ᠃ ᠨᠢᠰᠦᠯᠲᠡ ᠶᠢᠨ ᠪᠣᠯᠪᠠᠰᠤᠷᠠᠯ᠂ ᠰᠡᠯᠪᠢᠨ ᠵᠠᠰᠠᠬᠤ ᠪᠠᠲᠤᠯᠠᠭ᠎ᠠ᠂ ᠨᠢᠰᠦᠭᠦᠷ ᠢ ᠨᠠᠶᠢᠳᠠᠨ ᠬᠠᠮᠢᠶᠠᠷᠤᠭᠤᠯᠬᠤ ᠪᠠ ᠲᠦᠷᠢᠶᠡᠰᠦᠯᠡᠬᠦ ᠵᠡᠷᠭᠡ ᠳᠣᠣᠷ᠎ᠠ | ᠠᠭᠠᠷ ᠤᠨ ᠠᠵᠤ ᠠᠬᠤᠢ ᠶᠢᠨ ᠦᠢᠯᠡᠴᠢᠯᠡᠭᠡᠨ ᠤ ᠦᠢᠯᠡᠰ ᠢ ᠪᠤᠶᠢᠵᠢᠭᠤᠯᠵᠤ᠂ ᠳᠣᠣᠷ᠎ᠠ ᠠᠭᠠᠷ ᠤᠨ ᠠᠵᠤ ᠠᠬᠤᠢ ᠶᠢᠨ ᠲᠣᠮᠣ ᠳ᠋ᠠᠶᠢᠲ᠋ᠠ ᠵᠢᠴᠢ ᠬᠠᠮᠢᠶ᠎ᠠ ᠪᠦᠬᠦᠢ | ᠬᠡᠷᠡᠭᠯᠡᠭᠡᠨ ᠤ ᠠᠵᠤ ᠦᠢᠯᠡᠰ ᠤᠨ ᠬᠥᠭᠵᠢᠯᠲᠡ ᠶᠢ ᠳᠡᠮᠵᠢᠨ᠎ᠡ᠃ ᠠᠵᠢᠯ ᠲᠥᠷᠥᠯ ᠤᠨ ᠨᠡᠶᠢᠭᠡᠮᠯᠢᠭ᠂ ᠡᠷᠳᠡᠮ ᠰᠢᠨᠵᠢᠯᠡᠭᠡᠨ ᠤ ᠨᠡᠶᠢᠭᠡᠮᠯᠢᠭ ᠲᠤ ᠲᠦᠰᠢᠭᠯᠡᠨ᠂ ᠡᠯ᠎ᠡ | ᠲᠥᠷᠥᠯ ᠤᠨ ᠦᠵᠡᠰᠬᠦᠯᠡᠩ ᠦᠵᠡᠭᠦᠯᠭᠡ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠮᠡᠷᠭᠡᠵᠢᠯ ᠤᠨ | ᠰᠣᠯᠢᠯᠴᠠᠭᠠᠨ ᠤ ᠠᠵᠢᠯᠯᠠᠭ᠎ᠠ ᠶᠢ ᠡᠷᠬᠢᠯᠡᠨ᠎ᠡ᠃ | ᠭᠤᠷᠪᠠ᠂ ᠳᠡᠮᠵᠢᠯᠭᠡ ᠶᠢᠨ ᠲᠥᠷᠥ ᠶᠢᠨ ᠪᠣᠳᠣᠯᠭ᠎ᠠ | ︵ᠨᠢᠭᠡ︶ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠡᠯ᠎ᠡ ᠠᠶᠢᠮᠠᠭ ᠬᠤᠲᠠ ᠶᠢᠨ ᠬᠢᠨ ᠤ ᠨᠥᠬᠦᠵᠦ ᠨᠡᠮᠡᠷᠢᠯᠡᠬᠦ ᠪᠠ ᠪᠡᠯᠡ | ᠣᠷᠣᠭᠤᠯᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠣᠣᠷ᠎ᠠ ᠠᠭᠠᠷ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ | ᠵᠣᠷᠢᠭᠵᠢᠭᠤᠯᠤᠨ᠎ᠠ᠃ ᠨᠥᠬᠦᠴᠡᠯ ᠲᠠᠢ ᠭᠠᠵᠠᠷ ᠣᠷᠣᠨ ᠳᠤ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠠᠵᠢᠯᠯᠠᠭᠠᠨ ᠤ ᠪᠠᠲᠤᠯᠠᠭ᠎ᠠ ᠶᠢᠨ ᠰᠠᠭᠤᠷᠢᠨ ᠭᠠᠵᠠᠷ᠂ | ᠵᠢᠯᠣᠭᠤᠴᠢ ᠦᠭᠡᠢ ᠠᠭᠠᠷ ᠤᠨ ᠨᠢᠰᠦᠭᠦᠷ ᠤᠨ ᠰᠢᠯᠭᠠᠨ ᠲᠤᠷᠰᠢᠬᠤ ᠲᠠᠯᠠᠪᠤᠷ ᠵᠢᠴᠢ eVTOL᠂ ᠡᠭᠴᠡ ᠨᠢᠰᠬᠡᠯ᠂ ᠲᠣᠮᠣ ᠳᠤᠮᠳᠠ ᠬᠡᠯᠪᠡᠷᠢ ᠶᠢᠨ ᠵᠢᠯᠣᠭᠤᠴᠢ | ᠦᠭᠡᠢ ᠨᠢᠰᠬᠡᠯ ᠤᠨ ᠬᠦᠢᠰᠦ ᠪᠣᠯᠬᠤ ᠨᠢᠰᠴᠦ ᠭᠠᠵᠠᠷᠳᠠᠬᠤ ᠲᠠᠯᠠᠪᠤᠷ ᠪᠠᠶᠢᠭᠤᠯᠬᠤ ᠶᠢ ᠳᠡᠮᠵᠢᠨ᠎ᠡ᠃ ᠨᠡᠶᠢᠭᠡᠮ ᠤᠨ ᠬᠥᠷᠥᠩᠭᠡ ᠶᠢᠨ ᠰᠢᠯᠭᠠᠨ ᠲᠤᠷᠰᠢᠬᠤ ᠲᠠᠯᠠᠪᠤᠷ᠂ | ᠨᠢᠰᠴᠦ ᠭᠠᠵᠠᠷᠳᠠᠬᠤ ᠲᠠᠯᠠᠪᠤᠷ ᠵᠡᠷᠭᠡ ᠤᠯᠠᠨ ᠨᠡᠶᠢᠳᠡ ᠶᠢᠨ ᠰᠠᠭᠤᠷᠢ ᠪᠡᠯᠡᠳᠬᠡᠮᠵᠢ ᠶᠢ ᠪᠡᠯᠡ ᠣᠷᠣᠭᠤᠯᠵᠤ ᠪᠦᠲᠦᠭᠡᠨ ᠪᠠᠶᠢᠭᠤᠯᠬᠤ ᠪᠠ ᠡᠵᠡᠩᠨᠡᠨ ᠠᠵᠢᠯᠯᠠᠭᠤᠯᠬᠤ ᠶᠢ | ᠵᠣᠷᠢᠭᠵᠢᠭᠤᠯᠤᠨ᠎ᠠ᠃ | ︵ᠬᠤᠶᠠᠷ︶ ᠬᠡᠷᠡᠭᠯᠡᠭᠡᠨ ᠤ ᠠᠬᠤᠢ ᠪᠠᠶᠢᠳᠠᠯ ᠢ ᠥᠷᠭᠡᠳᠬᠡᠬᠦ ᠶᠢ ᠳᠡᠮᠵᠢᠨ᠎ᠡ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠳ ᠤᠨ ᠳᠣᠣᠷ᠎ᠠ ᠠᠭᠠᠷ ᠤᠨ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ᠂ ᠡᠮᠴᠢᠯᠡᠭᠡ ᠪᠠᠷ ᠠᠪᠤᠷᠠᠨ ᠲᠤᠰᠠᠯᠠᠬᠤ᠂ ᠨᠡᠶᠢᠭᠡᠮ ᠤᠨ ᠵᠠᠰᠠᠯᠲᠠ ᠬᠢᠬᠦ ᠵᠡᠷᠭᠡ ᠲᠤᠰᠢᠶᠠᠯ ᠢᠶᠠᠨ ᠭᠦᠢᠴᠡᠳᠬᠡᠬᠦ | ᠲᠤᠰᠠᠯᠠᠬᠤ ᠴᠢᠨᠠᠷᠲᠠᠢ ᠦᠢᠯᠡᠴᠢᠯᠡᠭᠡ ᠶᠢ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠭᠠᠷᠴᠠᠭ ᠲᠤ ᠣᠷᠣᠭᠤᠯᠬᠤ ᠶᠢ ᠵᠣᠷᠢᠭᠵᠢᠭᠤᠯᠤᠨ᠎ᠠ᠃ ᠠᠵᠤ | ᠠᠬᠤᠶᠢᠯᠠᠯ ᠤᠨ ᠳᠣᠣᠷ᠎ᠠ ᠠᠭᠠᠷ ᠤᠨ ᠪᠠᠷᠠᠭᠠᠨ ᠤ ᠭᠦᠢᠯᠭᠡᠭᠡ ᠶᠢᠨ ᠲᠣᠬᠢᠷᠠᠭᠤᠯᠤᠨ ᠬᠦᠷᠭᠡᠬᠦ ᠠᠵᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠬᠢᠬᠦ ᠶᠢ ᠨᠢ | ᠲᠡᠮᠵᠢᠵᠦ᠂ ᠴᠠᠬᠢᠯᠭᠠᠨ ᠤᠲᠠᠰᠤ ᠶᠢ ᠲᠣᠭᠤᠷᠢᠨ ᠪᠠᠶᠢᠴᠠᠭᠠᠬᠤ᠂ ᠠᠭᠠᠷ ᠠᠴᠠ ᠰᠡᠭᠦᠳᠡᠷᠯᠡᠵᠦ ᠬᠡᠮᠵᠢᠨ ᠵᠢᠷᠤᠬᠤ᠂ ᠲᠠᠷᠢᠶᠠᠯᠠᠩ ᠤᠢ ᠰᠢᠭᠤᠢ ᠶᠢᠨ ᠤᠷᠭᠤᠮᠠᠯ ᠢ | ᠬᠠᠮᠠᠭᠠᠯᠠᠬᠤ᠂ ᠠᠮᠢ ᠠᠬᠤᠢ ᠶᠢ ᠬᠢᠨᠠᠨ ᠰᠢᠨᠵᠢᠬᠦ ᠵᠡᠷᠭᠡ ᠬᠦᠷᠢᠶ᠎ᠡ ᠴᠠᠷᠠᠭᠠᠨ ᠳᠠᠬᠢ ᠬᠤᠳᠠᠯᠳᠤᠭᠠᠴᠢᠯᠠᠭᠰᠠᠨ ᠬᠡᠷᠡᠭᠯᠡᠯᠲᠡ ᠶᠢ ᠥᠷᠨᠢᠭᠦᠯᠦᠨ᠂ ᠠᠭᠠᠷ ᠤᠨ ᠵᠤᠭᠠᠴᠠᠯ᠂ | ᠠᠭᠠᠷ ᠤᠨ ᠪᠡᠶ᠎ᠡ ᠶᠢᠨ ᠲᠠᠮᠢᠷ ᠵᠡᠷᠭᠡ ᠦᠢᠯᠡᠴᠢᠯᠡᠭᠡᠨ ᠤ ᠲᠦᠷᠦᠯ ᠵᠦᠢᠯ ᠵᠢᠴᠢ ᠵᠠᠬᠢᠶᠠᠯᠠᠭ᠎ᠠ ᠶᠢᠨ ᠦᠢᠯᠡᠴᠢᠯᠡᠭᠡ ᠪᠠ ᠦᠢᠯᠡᠳᠬᠦᠨ ᠢ ᠨᠡᠭᠡᠭᠡᠨ ᠬᠥᠭᠵᠢᠭᠦᠯᠦᠨ᠎ᠡ᠃ | ︵ᠭᠤᠷᠪᠠ︶ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠡᠮᠵᠢᠨ᠎ᠡ᠃ ᠨᠥᠬᠦᠴᠡᠯ ᠳᠤ ᠨᠡᠶᠢᠴᠡᠬᠦ ᠳᠣᠣᠷ᠎ᠠ ᠠᠭᠠᠷ ᠤᠨ ᠠᠵᠤ ᠠᠬᠤᠢ ᠶᠢᠨ | ᠠᠵᠤ ᠠᠬᠤᠶᠢᠯᠠᠯ ᠤᠳ ᠤᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠤᠯᠤᠰ ᠬᠢᠭᠡᠳ ᠥᠪᠡᠷᠲᠡᠭᠡᠨ ᠵᠠᠰᠠᠬᠤ ᠣᠷᠣᠨ ᠤ ᠲᠤᠰᠬᠠᠶᠢᠵᠢᠭᠰᠠᠨ | ᠰᠣᠳᠣᠨ ᠥᠪᠡᠷᠮᠢᠴᠡ ᠰᠢᠨ᠎ᠡ ᠳᠤᠮᠳᠠ ᠵᠢᠵᠢᠭ ᠠᠵᠤ ᠠᠬᠤᠶᠢᠯᠠᠯ ᠢᠶᠠᠷ ᠦᠨᠡᠮᠰᠢᠭᠦᠯᠬᠦ ᠪᠠᠷ ᠭᠤᠶᠤᠴᠢᠯᠠᠨ ᠮᠡᠳᠡᠭᠦᠯᠬᠦ ᠶᠢ ᠨᠢ ᠳᠡᠮᠵᠢᠨ᠎ᠡ᠃ ᠮᠥᠩᠭᠦᠨ ᠭᠦᠢᠯᠭᠡᠭᠡᠨ ᠤ | ᠪᠠᠶᠢᠭᠤᠯᠤᠮᠵᠢ ᠨᠤᠭᠤᠳ ᠤᠨ ᠳᠣᠣᠷ᠎ᠠ ᠠᠭᠠᠷ ᠤᠨ ᠠᠵᠤ ᠠᠬᠤᠢ ᠶᠢᠨ ᠰᠢᠨ᠎ᠡ ᠡᠭᠦᠳᠦᠯᠲᠡ ᠲᠠᠢ ᠰᠤᠳᠤᠯᠤᠨ ᠨᠡᠭᠡᠭᠡᠬᠦ᠂ ᠮᠡᠷᠭᠡᠵᠢᠯ ᠤᠨ ᠥᠭᠡᠷᠡᠴᠢᠯᠡᠯᠲᠡ ᠬᠢᠬᠦ | ᠵᠡᠷᠭᠡ ᠳᠤ ᠬᠠᠨᠳᠤᠭᠤᠯᠤᠭᠰᠠᠨ ᠵᠢᠭᠡᠯᠡᠯᠭᠡ ᠶᠢᠨ ᠨᠡᠷᠡᠳᠬᠦᠨ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠤᠨ᠎ᠠ᠃ ᠳᠠᠭᠠᠳᠬᠠᠯ ᠤᠨ ᠺᠣᠮᠫᠠᠨᠢ ᠶᠢ ᠵᠣᠷᠢᠭᠵᠢᠭᠤᠯᠵᠤ | ᠪᠠᠶᠢᠭᠠᠳ ᠳᠣᠣᠷ᠎ᠠ ᠠᠭᠠᠷ ᠤᠨ ᠬᠤᠳᠠᠯᠳᠤᠭᠠᠨ ᠤ ᠬᠡᠷᠡᠭᠯᠡᠭᠡᠨ ᠤ ᠳᠠᠭᠠᠳᠬᠠᠯ ᠤᠨ ᠲᠦᠷᠦᠯ ᠵᠦᠢᠯ ᠢ ᠨᠡᠭᠡᠭᠡᠨ ᠭᠦᠭᠵᠢᠬᠦᠯᠦᠬᠦᠯᠵᠦ᠂ ᠳᠠᠭᠠᠳᠬᠠᠯ ᠤᠨ ᠬᠠᠮᠤᠷᠬᠤ | ᠬᠡᠪᠴᠢᠶ᠎ᠡ ᠪᠠ ᠬᠤᠳᠠᠯᠳᠤᠭᠠᠨ ᠤ ᠠᠬᠤᠢ ᠪᠠᠶᠢᠳᠠᠯ ᠤᠨ ᠲᠣᠬᠢᠷᠠᠯᠴᠠᠬᠤ ᠬᠡᠮᠵᠢᠶ᠎ᠡ ᠶᠢ ᠥᠷᠭᠡᠳᠬᠡᠨ᠂ ᠲᠦᠭᠰᠢᠭᠦᠷᠢ ᠶᠢᠨ ᠬᠠᠮᠤᠷᠬᠤ ᠬᠡᠪᠴᠢᠶ᠎ᠡ ᠥᠷᠭᠡᠨ ᠳᠡᠯᠭᠡᠷ | ᠪᠦᠬᠦᠢ ᠳᠣᠣᠷ᠎ᠠ ᠠᠭᠠᠷ ᠤᠨ ᠠᠵᠤ ᠠᠬᠤᠢ ᠶᠢᠨ ᠳᠠᠭᠠᠳᠬᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠤᠨ᠎ᠠ᠃ | ︵ᠳᠥᠷᠪᠡ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠲᠠᠢ ᠬᠥᠭᠵᠢᠯᠲᠡ ᠶᠢ ᠳᠡᠮᠵᠢᠨ᠎ᠡ᠃ ᠠᠵᠤ ᠠᠬᠤᠶᠢᠯᠠᠯ᠂ ᠶᠡᠭᠡ ᠳᠡᠭᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠲᠤ ᠳᠣᠣᠷ᠎ᠠ ᠠᠭᠠᠷ ᠤᠨ ᠠᠵᠤ ᠠᠬᠤᠢ ᠶᠢᠨ ᠰᠢᠨ᠎ᠡ ᠶᠢ ᠡᠭᠦᠳᠬᠦ ᠰᠤᠳᠤᠯᠤᠯ ᠤᠨ | ᠪᠠᠶᠢᠭᠤᠯᠤᠮᠵᠢ ᠪᠠᠶᠢᠭᠤᠯᠬᠤ ᠶᠢ ᠵᠣᠷᠢᠭᠵᠢᠭᠤᠯᠵᠤ᠂ ᠪᠣᠳᠠᠲᠠᠶᠢᠵᠢᠨ ᠨᠠᠶᠢᠳᠠᠪᠤᠷᠢᠵᠢᠵᠤ ᠠᠵᠢᠯᠯᠠᠭᠠᠨ ᠳᠤ ᠣᠷᠣᠭᠰᠠᠨ ᠰᠤᠳᠤᠯᠤᠨ ᠨᠡᠭᠡᠭᠡᠬᠦ ᠠᠴᠢᠶᠠᠯᠠᠪᠤᠷᠢ ᠳᠤ | ᠲᠥᠷᠥ ᠶᠢᠨ ᠪᠣᠳᠣᠯᠭ᠎ᠠ ᠶᠢᠨ ᠶᠣᠰᠣᠭᠠᠷ ᠡᠳ᠋ ᠤᠨ ᠵᠠᠰᠠᠭ ᠤᠨ ᠪᠡᠯᠡ ᠮᠥᠩᠭᠦᠨ ᠤ ᠳᠡᠮᠵᠢᠯᠭᠡ ᠦᠵᠡᠭᠦᠯᠦᠨ᠎ᠡ᠃ ᠠᠵᠤ ᠠᠬᠤᠶᠢᠯᠠᠯ ᠤᠨ ᠳᠣᠣᠷ᠎ᠠ ᠠᠭᠠᠷ ᠤᠨ | ᠨᠢᠰᠦᠭᠦᠷ ᠤᠨ ᠪᠦᠬᠦᠯᠢ ᠮᠠᠰᠢᠨ᠂ ᠵᠠᠩᠭᠢᠯᠠᠭ᠎ᠠ ᠶᠢᠨ ᠰᠢᠰᠲ᠋ᠧᠮ᠂ ᠰᠡᠯᠪᠢᠭ ᠲᠣᠨᠤᠭ ᠢ ᠡᠵᠡ ᠮᠡᠳᠡᠵᠦ ᠰᠤᠳᠤᠯᠬᠤ ᠪᠤᠶᠤ ᠬᠠᠮᠲᠤᠷᠠᠨ ᠰᠤᠳᠤᠯᠬᠤ ᠠᠵᠢᠯ | ᠥᠷᠨᠢᠭᠦᠯᠬᠦ ᠶᠢ ᠨᠢ ᠳᠡᠮᠵᠢᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠤᠨ ᠬᠢᠨ ᠤ | ᠬᠠᠮᠢᠶ᠎ᠠ ᠪᠦᠬᠦᠢ ᠬᠦᠷᠢᠶ᠎ᠡ ᠴᠠᠷᠠᠭ᠎ᠠ ᠳᠤ ᠭᠤᠣᠯ ᠪᠣᠯᠬᠤ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠥᠷᠨᠢᠭᠦᠯᠬᠦ ᠶᠢ ᠲᠡᠮᠵᠢᠨ᠎ᠡ᠃ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ︽ᠵᠠᠷᠯᠠᠯ ᠬᠦᠯᠢᠶᠡᠵᠦ ᠬᠤᠰᠢᠭᠤᠷᠠᠨ ᠠᠵᠢᠯᠯᠠᠬᠤ︾ ᠲᠣᠭᠲᠠᠴᠠ ᠶᠢ ᠭᠦᠨᠵᠡᠭᠡᠶᠢᠷᠡᠭᠦᠯᠵᠦ᠂ ᠳᠣᠣᠷ᠎ᠠ ᠠᠭᠠᠷ ᠤᠨ | ᠦᠢᠯᠡᠳᠬᠡᠯ ᠤᠨ ᠬᠠᠮᠢᠶ᠎ᠠ ᠪᠦᠬᠦᠢ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠣᠰᠣᠭᠠᠷ᠂ ᠬᠥᠲᠥᠴᠢ ᠠᠵᠤ ᠠᠬᠤᠶᠢᠯᠠᠯ ᠲᠦᠷᠦᠭᠦᠯᠡᠨ ᠰᠢᠨ᠎ᠡ ᠶᠢ ᠡᠭᠦᠳᠬᠦ | ᠬᠤᠯᠪᠣᠭᠠᠲᠤ ᠴᠣᠭᠴᠠ ᠵᠣᠬᠢᠶᠠᠨ ᠪᠠᠶᠢᠭᠤᠯᠵᠤ ᠪᠠᠶᠢᠭᠠᠳ ᠵᠠᠷᠯᠠᠯ ᠬᠦᠯᠢᠶᠡᠬᠦ ᠶᠢ ᠨᠢ ᠳᠡᠮᠵᠢᠨ᠎ᠡ᠃ | ︵ᠲᠠᠪᠤ︶ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠪᠤᠶᠢᠵᠢᠭᠤᠯᠬᠤ ᠶᠢ ᠳᠡᠮᠵᠢᠨ᠎ᠡ᠃ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠡᠬᠢ ᠪᠠᠶᠠᠯᠢᠭ ᠬᠢᠭᠡᠳ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠬᠠᠷᠢᠯᠴᠠᠨ ᠨᠥᠬᠦᠪᠦᠷᠢᠯᠡᠬᠦ ᠶᠢ | ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠣᠣᠷ᠎ᠠ ᠠᠭᠠᠷ ᠤᠨ ᠠᠵᠤ ᠠᠬᠤᠢ ᠶᠢᠨ ᠬᠥᠭᠵᠢᠯᠲᠡ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠨ᠎ᠠ᠃ | ᠴᠢᠳᠠᠪᠤᠷᠢᠲᠠᠨ ᠢ ᠤᠶᠠᠨ ᠬᠠᠳᠠᠨ ᠴᠢᠨᠠᠷᠲᠠᠢ ᠪᠤᠶᠤ ᠴᠢᠩᠳᠠᠯᠢᠭ ᠴᠢᠨᠠᠷᠲᠠᠢ ᠣᠷᠣᠭᠤᠯᠤᠨ ᠠᠪᠴᠢᠷᠠᠬᠤ ᠠᠷᠭ᠎ᠠ ᠬᠡᠯᠪᠡᠷᠢ ᠪᠠᠷ ᠳᠣᠣᠷ᠎ᠠ ᠠᠭᠠᠷ ᠤᠨ ᠠᠵᠤ ᠠᠬᠤᠢ ᠶᠢᠨ | ᠲᠣᠯᠣᠭᠠᠶᠢᠯᠠᠭᠴᠢ ᠠᠵᠤ ᠠᠬᠤᠶᠢᠯᠠᠯ᠂ ᠴᠡᠷᠢᠭ ᠤᠨ ᠠᠵᠤ ᠦᠢᠯᠡᠳᠪᠦᠷᠢ᠂ ᠲᠥᠪ ᠤᠨ ᠠᠵᠤ ᠠᠬᠤᠶᠢᠯᠠᠯ ᠠᠴᠠ ᠭᠠᠷᠴᠤ ᠢᠷᠡᠭᠰᠡᠨ ᠳᠡᠭᠡᠳᠦ ᠲᠡᠰ ᠳᠠᠪᠬᠤᠷᠭ᠎ᠠ ᠶᠢᠨ | ᠴᠢᠳᠠᠪᠤᠷᠢᠲᠠᠨ ᠪᠠ ᠪᠦᠯᠬᠦᠮ ᠨᠡᠶᠢᠲᠡ ᠶᠢ ᠲᠡᠳᠡᠨ ᠠᠪᠴᠢᠷᠠᠵᠤ ᠨᠤᠲᠤᠭᠰᠢᠭᠤᠯᠤᠨ᠂ ᠦᠵᠦᠭᠦᠷᠯᠡᠭᠰᠡᠨ ᠭᠠᠷᠮᠠᠭᠠᠢ ᠴᠢᠳᠠᠪᠤᠷᠢᠲᠠᠨ ᠳᠤ ᠠᠵᠢᠯ ᠦᠢᠯᠡᠰ ᠤᠨ ᠲᠠᠪᠴᠠᠩ | ᠂ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ᠂ ᠦᠢᠯᠡᠴᠢᠯᠡᠭᠡᠨ ᠤ ᠪᠠᠲᠤᠯᠠᠭ᠎ᠠ ᠵᠡᠷᠭᠡ ᠲᠦᠷᠦ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠵᠦ᠂ ᠨᠥᠬᠦᠴᠡᠯ ᠳᠤ | ᠨᠡᠶᠢᠴᠡᠬᠦ ᠳᠣᠣᠷ᠎ᠠ ᠠᠭᠠᠷ ᠤᠨ ᠠᠵᠤ ᠠᠬᠤᠢ ᠶᠢᠨ ᠳᠡᠭᠡᠳᠦ ᠲᠡᠰ ᠤᠨ ᠴᠢᠳᠠᠪᠤᠷᠢᠲᠠᠨ ᠤ ᠡᠯ᠎ᠡ ᠲᠦᠷᠦᠯ ᠤᠨ ᠴᠢᠳᠠᠪᠤᠷᠢᠲᠠᠨ ᠤ ᠱᠠᠩᠨᠠᠯ ᠤᠨ ᠲᠦᠷᠦᠯ ᠵᠦᠢᠯ | ᠭᠤᠶᠤᠴᠢᠯᠠᠨ ᠮᠡᠳᠡᠭᠦᠯᠬᠦ ᠳᠤ ᠳᠡᠮᠵᠢᠯᠭᠡ ᠦᠵᠡᠭᠦᠯᠦᠨ᠎ᠡ᠃ ᠣᠷᠣᠨ ᠤ ᠳᠣᠲᠣᠷᠠᠬᠢ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠤᠨ ᠨᠡᠶᠢᠳᠡᠮ ᠬᠡᠷᠡᠭᠯᠡᠭᠡᠨ ᠤ | ᠠᠭᠠᠷ ᠤᠨ ᠠᠶᠠᠯᠠᠯ ᠤᠨ ᠬᠤᠳᠠᠯᠳᠤᠭᠠᠨ ᠤ ᠬᠡᠷᠡᠭᠯᠡᠭᠡᠨ ᠤ ᠨᠢᠰᠦᠯᠭᠡ ᠶᠢᠨ ᠦᠨᠡᠮᠯᠡᠯ᠂ ᠬᠤᠪᠢ ᠶᠢᠨ ᠬᠡᠷᠡᠭᠯᠡᠭᠡᠨ ᠤ ᠵᠢᠯᠣᠭᠤᠴᠢ ᠶᠢᠨ ᠦᠨᠡᠮᠯᠡᠯ᠂ ᠲᠠᠮᠢᠷ ᠤᠨ | ᠬᠥᠳᠡᠯᠭᠡᠭᠡᠨ ᠤ ᠲᠥᠷᠥᠯ ᠤᠨ ᠦᠨᠡᠮᠯᠡᠯ᠂ ᠠᠷᠠᠳ ᠤᠨ ᠬᠡᠷᠡᠭᠯᠡᠭᠡᠨ ᠤ ᠵᠢᠯᠣᠭᠤᠴᠢ ᠦᠭᠡᠢ ᠨᠢᠰᠬᠡᠯ ᠤᠨ ᠵᠢᠯᠣᠭᠤᠴᠢ ᠶᠢᠨ ᠦᠨᠡᠮᠯᠡᠯ᠂ ᠠᠯᠤᠰ ᠡᠵᠡᠮᠰᠢᠯᠲᠦ ᠠᠭᠠᠷ ᠤᠨ | ᠵᠠᠭᠪᠤᠷ ᠨᠢᠰᠦᠭᠦᠷ ᠤᠨ ᠨᠢᠰᠬᠡᠭᠴᠢ ᠶᠢᠨ ᠦᠨᠡᠮᠯᠡᠯ ᠵᠡᠷᠭᠡ ᠪᠣᠯᠪᠠᠰᠤᠷᠠᠯ ᠥᠷᠨᠢᠭᠦᠯᠬᠦ ᠶᠢ ᠳᠡᠮᠵᠢᠨ᠎ᠡ᠃ | ᠳᠥᠷᠪᠡ᠂ ᠠᠵᠢᠯ ᠤᠨ ᠱᠠᠭᠠᠷᠳᠠᠯᠭ᠎ᠠ | ᠥᠪᠡᠷᠲᠡᠭᠡᠨ ᠵᠠᠰᠠᠬᠤ ᠣᠷᠣᠨ ᠤ ᠳᠣᠣᠷ᠎ᠠ ᠠᠭᠠᠷ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠵᠣᠬᠢᠴᠠᠭᠤᠯᠤᠨ ᠠᠬᠢᠭᠤᠯᠬᠤ ᠲᠣᠭᠲᠠᠴᠠ ᠶᠢ | ᠪᠠᠶᠢᠭᠤᠯᠵᠤ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠰᠠᠯᠠᠭ᠎ᠠ ᠮᠥᠴᠢᠷ ᠠᠯᠤᠰᠯᠠᠭᠰᠠᠨ ᠵᠣᠬᠢᠴᠠᠭᠤᠯᠭ᠎ᠠ ᠪᠠᠨ ᠴᠢᠩᠭᠠᠳᠬᠠᠵᠤ᠂ ᠳᠣᠣᠷ᠎ᠠ | ᠠᠭᠠᠷ ᠤᠨ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ᠂ ᠴᠢᠬᠤᠯᠠ ᠶᠡᠭᠡ ᠵᠦᠢᠯᠡᠰ ᠢ ᠵᠣᠬᠢᠴᠠᠭᠤᠯᠤᠨ ᠠᠬᠢᠭᠤᠯᠤᠨ᠎ᠠ᠃ | ᠴᠡᠷᠢᠭ ᠠᠩᠭᠢ ᠣᠷᠣᠨ ᠨᠤᠲᠤᠭ ᠠᠷᠠᠳ ᠤᠯᠠᠨ ᠭᠤᠷᠪᠠᠨ ᠲᠠᠯ᠎ᠠ ᠪᠠᠷ ᠢᠶᠠᠨ ᠬᠠᠮᠲᠤ ᠪᠠᠷ ᠣᠷᠣᠯᠴᠠᠭᠰᠠᠨ ᠳᠣᠣᠷ᠎ᠠ ᠠᠭᠠᠷ ᠤᠨ ᠣᠷᠣᠨ ᠤ ᠬᠠᠮᠢᠶᠠᠷᠤᠯᠲᠠ ᠶᠢᠨ | ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠬᠠᠮᠢᠶ᠎ᠠ ᠪᠦᠬᠦᠢ ᠪᠠᠶᠢᠭᠤᠯᠤᠮᠵᠢ ᠶᠢᠨ ᠣᠷᠣᠨ ᠲᠣᠭᠠᠨ ᠤ ᠪᠠᠲᠤᠯᠠᠭ᠎ᠠ ᠶᠢ ᠴᠢᠩᠭᠠᠳᠬᠠᠨ᠂ ᠳᠣᠣᠷ᠎ᠠ ᠠᠭᠠᠷ ᠤᠨ | ᠣᠷᠣᠨ ᠳᠤ ᠬᠠᠮᠵᠢᠯᠴᠠᠨ ᠬᠠᠮᠢᠶᠠᠷᠤᠯᠲᠠ ᠬᠢᠬᠦ ᠪᠠᠨ ᠴᠢᠩᠭᠠᠳᠬᠠᠨ᠎ᠠ᠃ ᠥᠪᠥᠷ ᠮᠣᠩᠭᠤᠯ ᠤᠨ ᠳᠣᠣᠷ᠎ᠠ ᠠᠭᠠᠷ ᠤᠨ ᠠᠵᠤ ᠠᠬᠤᠢ ᠶᠢᠨ ᠠᠵᠤ ᠦᠢᠯᠡᠰ ᠢ | ᠠᠬᠢᠭᠤᠯᠬᠤ ᠬᠤᠷᠠᠯ ᠪᠠ ᠳᠣᠣᠷ᠎ᠠ ᠠᠭᠠᠷ ᠤᠨ ᠠᠵᠤ ᠠᠬᠤᠢ ᠶᠢᠨ ᠰᠤᠳᠤᠯᠤᠯ ᠤᠨ ᠬᠦᠷᠢᠶᠡᠯᠡᠩ ᠢ ᠪᠡᠯᠡᠳᠬᠡᠨ ᠪᠠᠶᠢᠭᠤᠯᠵᠤ᠂ ᠠᠬᠤᠢ ᠪᠠᠶᠢᠳᠠᠯ ᠤᠨ ᠬᠡᠷᠡᠭᠯᠡᠭᠡᠨ᠂ | ᠠᠵᠤ ᠦᠢᠯᠡᠰ ᠤᠨ ᠬᠠᠮᠵᠢᠯᠴᠠᠭ᠎ᠠ᠂ ᠰᠢᠨ᠎ᠡ ᠡᠭᠦᠳᠦᠯᠲᠡ ᠲᠠᠢ ᠬᠥᠭᠵᠢᠯᠲᠡ ᠳᠤ ᠰᠢᠢᠳᠪᠦᠷᠢᠲᠦ ᠪᠣᠳᠣᠯᠭ᠎ᠠ ᠶᠢᠨ ᠵᠥᠪᠯᠡᠯᠭᠡ ᠪᠠ ᠲᠤᠯᠭᠠᠭᠤᠷᠢᠯᠠᠬᠤ ᠴᠢᠳᠠᠪᠤᠷᠢ | ᠬᠠᠩᠭᠠᠨ᠎ᠠ᠃ ᠳᠣᠣᠷ᠎ᠠ ᠠᠭᠠᠷ ᠤᠨ ᠣᠷᠣᠨ ᠤ ᠬᠡᠷᠡᠭᠯᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠦᠭᠰᠢᠭᠦᠷᠢ ᠶᠢ ᠰᠡᠷᠭᠡᠶᠢᠯᠡᠬᠦ ᠲᠣᠭᠲᠠᠴᠠ ᠶᠢ | ᠪᠦᠷᠢᠨᠰᠢᠭᠦᠯᠦᠨ᠂ ᠦᠢᠯᠡᠳᠪᠦᠷᠢᠯᠡᠯ ᠤᠨ ᠠᠮᠤᠷ ᠲᠦᠪᠰᠢᠨ᠂ ᠮᠡᠳᠡᠭᠡ ᠵᠠᠩᠭᠢ ᠶᠢᠨ ᠠᠮᠤᠷ ᠲᠦᠪᠰᠢᠨ ᠪᠠ ᠨᠢᠰᠦᠯᠲᠡ ᠶᠢᠨ ᠠᠮᠤᠷ ᠲᠦᠪᠰᠢᠨ ᠢ ᠰᠦᠷᠳᠡᠭᠦᠯᠬᠦ᠂ | ᠣᠯᠠᠨ ᠨᠡᠶᠢᠲᠡ ᠶᠢᠨ ᠡᠮᠬᠢ ᠳᠢᠭᠯᠢᠮ ᠢ ᠰᠠᠮᠠᠭᠤᠷᠠᠭᠤᠯᠬᠤ ᠪᠤᠶᠤ ᠣᠯᠠᠨ ᠨᠡᠶᠢᠲᠡ ᠶᠢᠨ ᠠᠮᠤᠷ ᠲᠦᠪᠰᠢᠨ ᠳᠤ ᠬᠥᠨᠥᠭᠡᠯ ᠪᠣᠯᠬᠤ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠵᠠᠬᠢᠷᠤᠨ | ᠬᠠᠮᠢᠶᠠᠷᠬᠤ ᠣᠷᠣᠨ ᠪᠦᠰᠡ ᠪᠠ ᠴᠢᠬᠤᠯᠠ ᠶᠡᠭᠡ ᠠᠵᠢᠯᠯᠠᠭ᠎ᠠ ᠳᠤ ᠴᠢᠭᠯᠡᠭᠦᠯᠵᠦ ᠴᠢᠬᠤᠯᠠ ᠭᠠᠵᠠᠷ ᠣᠷᠣᠨ ᠳᠤ ᠬᠠᠨᠳᠤᠭᠤᠯᠤᠭᠰᠠᠨ ᠷᠠᠳᠢᠣ᠋ ᠪᠠᠷ ᠬᠤᠷᠢᠭᠯᠠᠬᠤ ᠠᠷᠭ᠎ᠠ | ᠪᠠᠷᠢᠯ ᠤᠨ ᠪᠠᠶᠢᠭᠤᠯᠤᠯᠲᠠ ᠥᠷᠨᠢᠭᠦᠯᠬᠦ ᠶᠢ ᠳᠡᠮᠵᠢᠵᠦ᠂ ᠠᠭᠠᠷ ᠤᠨ ᠠᠶᠠᠯᠠᠯ ᠤᠨ ᠲᠠᠮᠢᠷ ᠤᠨ ᠬᠥᠳᠡᠯᠭᠡᠭᠡᠨ ᠤ ᠬᠠᠮᠢᠶ᠎ᠠ ᠪᠦᠬᠦᠢ ᠤᠷᠤᠯᠳᠤᠭᠠᠨ ᠤ ᠠᠵᠢᠯᠯᠠᠭ᠎ᠠ ᠳᠠᠬᠢ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠵᠡᠩᠨᠡᠯᠲᠡ ᠶᠢᠨ ᠡᠮᠬᠢ ᠳᠢᠭᠯᠢᠮ ᠵᠢᠴᠢ ᠵᠠᠬ᠎ᠠ ᠳᠡᠯᠭᠡᠭᠦᠷ ᠤᠨ ᠥᠷᠢᠰᠦᠯᠳᠦᠭᠡᠨ ᠤ ᠣᠷᠴᠢᠨ ᠨᠥᠬᠦᠴᠡᠯ ᠢ | ᠵᠢᠷᠤᠮᠵᠢᠭᠤᠯᠤᠨ᠎ᠠ᠃ ᠡᠯ᠎ᠡ ᠠᠶᠢᠮᠠᠭ ᠬᠤᠲᠠ ᠨᠢ ᠬᠠᠷᠢᠭᠤᠴᠠᠯᠭ᠎ᠠ ᠶᠢᠨ ᠭᠤᠣᠯ ᠴᠣᠭᠴᠠ ᠪᠣᠯᠤᠭᠰᠠᠨ ᠤ ᠬᠤᠪᠢ ᠳᠤ᠂ ᠵᠣᠬᠢᠶᠠᠨ ᠪᠠᠶᠢᠭᠤᠯᠤᠯᠲᠠ ᠶᠢᠨ | ᠪᠠᠲᠤᠯᠠᠭ᠎ᠠ ᠶᠢᠨ ᠲᠣᠭᠲᠠᠯᠴᠠᠭ᠎ᠠ ᠪᠠ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠣᠭᠲᠠᠭᠠᠨ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠣᠷ᠎ᠠ ᠠᠭᠠᠷ + ᠠᠬᠤᠢ ᠪᠠᠶᠢᠳᠠᠯ ᠢ ᠳᠡᠯᠭᠡᠷᠡᠭᠦᠯᠦᠨ ᠬᠡᠷᠡᠭᠯᠡᠬᠦ ᠵᠦᠭᠯᠡᠭᠦᠷ | ᠳᠠᠭᠠᠯᠳᠤᠭᠤᠯᠤᠯ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠣᠷ᠎ᠠ ᠠᠭᠠᠷ + ᠠᠬᠤᠢ ᠪᠠᠶᠢᠳᠠᠯ ᠢ ᠳᠡᠯᠭᠡᠷᠡᠭᠦᠯᠦᠨ ᠬᠡᠷᠡᠭᠯᠡᠬᠦ ᠵᠦᠭᠯᠡᠭᠦᠷ | ᠳᠣᠣᠷ᠎ᠠ ᠠᠭᠠᠷ + ᠬᠡᠷᠡᠭᠯᠡᠭᠡᠨ ᠤ ᠠᠬᠤᠢ ᠪᠠᠶᠢᠳᠠᠯ ᠢ ᠲᠦᠷᠭᠡᠳᠬᠡᠨ ᠪᠤᠶᠢᠵᠢᠭᠤᠯᠵᠤ᠂ ᠳᠣᠣᠷ᠎ᠠ ᠠᠭᠠᠷ ᠤᠨ ᠠᠵᠤ ᠠᠬᠤᠢ ᠶᠢᠨ ᠰᠢᠨ᠎ᠡ ᠮᠡᠷᠭᠡᠵᠢᠯ ᠰᠢᠨ᠎ᠡ | ᠦᠢᠯᠡᠳᠬᠦᠨ ᠰᠢᠨ᠎ᠡ ᠵᠠᠭᠪᠤᠷ ᠢ ᠥᠪᠡᠷᠲᠡᠭᠡᠨ ᠵᠠᠰᠠᠬᠤ ᠣᠷᠣᠨ ᠳᠤ ᠲᠤᠷᠰᠢᠨ ᠨᠢᠰᠦᠭᠦᠯᠵᠦ ᠰᠢᠯᠭᠠᠨ ᠪᠠᠲᠤᠯᠠᠬᠤ ᠪᠠ ᠬᠡᠪᠴᠢᠶᠡᠵᠢᠭᠦᠯᠬᠦ᠂ ᠵᠠᠬ᠎ᠠ ᠳᠡᠯᠭᠡᠭᠦᠷᠴᠢᠯᠡᠬᠦ᠂ | ᠬᠤᠳᠠᠯᠳᠤᠭᠠᠴᠢᠯᠠᠨ ᠬᠡᠷᠡᠭᠯᠡᠬᠦ ᠶᠢ ᠠᠬᠢᠭᠤᠯᠤᠨ᠂ ᠠᠬᠤᠢ ᠪᠠᠶᠢᠳᠠᠯ ᠤᠨ ᠬᠡᠷᠡᠭᠯᠡᠭᠡᠨ ᠢᠶᠠᠷ ᠳᠠᠮᠵᠢᠭᠤᠯᠤᠨ ᠳᠣᠣᠷ᠎ᠠ ᠠᠭᠠᠷ ᠤᠨ ᠵᠠᠬ᠎ᠠ ᠳᠡᠯᠭᠡᠭᠦᠷ ᠢ ᠪᠤᠶᠢᠵᠢᠭᠤᠯᠤᠨ | ᠪᠤᠵᠠᠭᠠᠶᠢᠷᠠᠭᠤᠯᠵᠤ᠂ ᠳᠣᠣᠷ᠎ᠠ ᠠᠭᠠᠷ ᠤᠨ ᠨᠢᠰᠦᠯᠲᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠬᠥᠲᠥᠯᠥᠨ ᠬᠥᠭᠵᠢᠭᠡᠬᠦ ᠶᠢᠨ ᠲᠤᠰᠠᠳᠠ᠂ ᠲᠤᠰ | ᠳᠡᠯᠭᠡᠷᠡᠭᠦᠯᠦᠨ ᠬᠡᠷᠡᠭᠯᠡᠬᠦ ᠵᠦᠭᠯᠡᠭᠦᠷ ᠢ ᠲᠣᠭᠲᠠᠭᠠᠪᠠ᠃ | ᠨᠢᠭᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠷᠥᠯ ᠤᠨ ᠬᠡᠷᠡᠭᠯᠡᠭᠡᠨ ᠤ ᠠᠬᠤᠢ ᠪᠠᠶᠢᠳᠠᠯ | ᠡᠭᠦᠨ ᠳᠤ ᠭᠤᠣᠯᠳᠠᠭᠤ ᠳᠣᠣᠷ᠎ᠠ ᠠᠭᠠᠷ + ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠯᠲᠠ᠂ ᠬᠡᠮᠵᠢᠨ ᠵᠢᠷᠤᠭᠯᠠᠬᠤ ᠭᠠᠵᠠᠷ ᠵᠦᠢ᠂ ᠬᠤᠳᠠ ᠶᠢᠨ | ᠵᠠᠰᠠᠯᠲᠠ᠂ ᠣᠷᠴᠢᠨ ᠲᠣᠭᠤᠷᠢᠨ ᠤ ᠬᠢᠨᠠᠨ ᠰᠢᠨᠵᠢᠯᠲᠡ᠂ ᠴᠠᠭᠳᠠᠭᠠᠨ ᠤ ᠠᠮᠤᠷ ᠲᠦᠪᠰᠢᠨ ᠤ ᠰᠡᠷᠭᠡᠶᠢᠯᠡᠯᠲᠡ᠂ ᠮᠡᠳᠡᠭᠡ ᠵᠠᠩᠭᠢ ᠴᠢᠮᠡᠭᠡ ᠬᠤᠯᠪᠣᠭ᠎ᠠ᠂ ᠴᠠᠭ | ᠠᠭᠤᠷ ᠤᠨ ᠬᠠᠶᠢᠨ ᠰᠢᠨᠵᠢᠯᠲᠡ᠂ ᠵᠠᠮ ᠤᠨ ᠶᠠᠪᠤᠳᠠᠯ ᠤᠨ ᠲᠣᠭᠤᠷᠢᠨ ᠪᠠᠶᠢᠴᠠᠭᠠᠯᠲᠠ᠂ ᠭᠤᠣᠯ ᠮᠥᠷᠡᠨ ᠨᠠᠭᠤᠷ ᠴᠥᠭᠦᠷᠥᠮ ᠤᠨ ᠲᠣᠭᠤᠷᠢᠨ ᠪᠠᠶᠢᠴᠠᠭᠠᠯᠲᠠ᠂ ᠤᠢ | ᠰᠢᠭᠤᠢ ᠶᠢᠨ ᠰᠡᠷᠭᠡᠶᠢᠯᠡᠨ ᠬᠠᠮᠠᠭᠠᠯᠠᠯᠲᠠ ᠵᠡᠷᠭᠡ ᠬᠡᠷᠡᠭᠯᠡᠭᠡᠨ ᠤ ᠠᠬᠤᠢ ᠪᠠᠶᠢᠳᠠᠯ ᠢ ᠬᠠᠩᠭᠠᠬᠤ ᠴᠢᠳᠠᠪᠤᠷᠢ ᠪᠠᠭᠲᠠᠨ᠎ᠠ᠃ | ︵ᠨᠢᠭᠡ︶ ᠳᠣᠣᠷ᠎ᠠ ᠠᠭᠠᠷ + ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠯᠲᠠ᠃ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ | ᠬᠦᠷᠢᠶᠡᠨ ᠳᠠᠬᠢ ᠵᠢᠯᠣᠭᠤᠴᠢ ᠦᠭᠡᠢ ᠨᠢᠰᠬᠡᠯ ᠤᠨ ᠵᠢᠱᠢᠶ᠎ᠡ ᠦᠵᠡᠭᠦᠯᠬᠦ ᠬᠡᠷᠡᠭᠯᠡᠭᠡᠨ ᠢ ᠳᠡᠯᠭᠡᠷᠡᠭᠦᠯᠬᠦ ᠪᠠᠨ ᠲᠦᠷᠭᠡᠳᠬᠡᠵᠦ᠂ ᠬᠥᠯᠥᠨ ᠪᠤᠶᠢᠷ ᠬᠤᠲᠠ᠂ ᠬᠢᠩᠭᠠᠨ | ᠠᠶᠢᠮᠠᠭ᠂ ᠰᠢᠯᠢ ᠶᠢᠨ ᠭᠤᠣᠯ ᠠᠶᠢᠮᠠᠭ ᠲᠤ ᠠᠭᠠᠷ ᠤᠨ ᠠᠶᠠᠯᠠᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠰᠠᠭᠤᠷᠢᠨ ᠭᠠᠵᠠᠷ ᠢ ᠪᠦᠲᠦᠭᠡᠨ | ᠪᠠᠶᠢᠭᠤᠯᠵᠤ᠂ ᠪᠠᠶᠢᠭᠠᠯᠢ ᠶᠢᠨ ᠭᠠᠢ ᠭᠠᠮᠰᠢᠭ᠂ ᠠᠶᠤᠯ ᠦᠭᠡᠢ ᠦᠢᠯᠡᠳᠪᠦᠷᠢᠯᠡᠯ ᠵᠢᠴᠢ ᠡᠮᠴᠢᠯᠡᠭᠡᠨ ᠤ ᠠᠪᠤᠷᠠᠨ ᠵᠠᠰᠠᠯᠲᠠ᠂ ᠵᠠᠮ ᠬᠠᠷᠢᠯᠴᠠᠭᠠᠨ ᠤ ᠠᠳᠡᠯ ᠬᠡᠷᠡᠭ ᠤᠨ | ᠠᠪᠤᠷᠠᠨ ᠲᠤᠰᠠᠯᠠᠯᠲᠠ ᠵᠡᠷᠭᠡ ᠪᠠᠷ ᠭᠤᠣᠯᠳᠠᠯᠭ᠎ᠠ ᠪᠣᠯᠭᠠᠨ᠂ ︽ᠠᠭᠠᠷ ᠤᠨ ᠠᠶᠠᠯᠠᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠤ | ᠨᠢᠭᠡᠳᠪᠦᠷᠢ ᠰᠦᠯᠵᠢᠶ᠎ᠡ︾ ᠶᠢᠨ ᠪᠠᠶᠢᠷᠢᠰᠢᠭᠤᠯᠤᠯᠲᠠ ᠶᠢ ᠴᠢᠩᠭᠠᠳᠬᠠᠵᠤ᠂ ᠠᠭᠠᠷ ᠭᠠᠵᠠᠷ ᠢ ᠨᠢᠭᠡ ᠴᠣᠭᠴᠠᠵᠢᠭᠤᠯᠤᠭᠰᠠᠨ᠂ ᠪᠠᠶᠢᠷᠢᠰᠢᠭᠤᠯᠤᠯᠲᠠ ᠨᠢ ᠵᠦᠢ | ᠵᠣᠬᠢᠰᠲᠠᠢ᠂ ᠬᠠᠮᠵᠢᠯᠴᠠᠭ᠎ᠠ ᠨᠢ ᠥᠨᠳᠥᠷ ᠪᠦᠲᠦᠮᠵᠢᠲᠡᠶ ᠴᠢᠨᠠᠷ ᠰᠠᠶᠢᠲᠠᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠣᠭᠲᠠᠯᠴᠠᠭ᠎ᠠ ᠶᠢ ᠪᠠᠶᠢᠭᠤᠯᠤᠨ᠎ᠠ᠃ | | ︵ᠬᠤᠶᠠᠷ︶ ᠳᠣᠣᠷ᠎ᠠ ᠠᠭᠠᠷ + ᠤᠯᠤᠰ ᠤᠨ ᠭᠠᠵᠠᠷ ᠰᠢᠷᠣᠢ ᠶᠢᠨ ᠬᠡᠮᠵᠢᠨ ᠵᠢᠷᠤᠭᠯᠠᠯᠲᠠ᠃ ᠭᠠᠵᠠᠷ ᠵᠦᠢ ᠶᠢᠨ ᠮᠡᠳᠡᠭᠡ ᠵᠠᠩᠭᠢ ᠶᠢᠨ ᠠᠵᠤ ᠦᠢᠯᠡᠰ ᠤᠨ | ᠬᠦᠷᠢᠶᠡᠨ ᠳᠠᠬᠢ ᠳᠣᠣᠷ᠎ᠠ ᠠᠭᠠᠷ ᠤᠨ ᠨᠢᠰᠦᠯᠲᠡ ᠶᠢᠨ ᠲᠤᠬᠠᠶᠢᠯᠠᠭᠰᠠᠨ ᠠᠵᠢᠯ ᠢ ᠨᠡᠭᠡᠭᠡᠨ ᠠᠰᠢᠭᠯᠠᠵᠤ ᠴᠢᠯᠦᠭᠡᠲᠡᠢ ᠪᠣᠯᠭᠠᠵᠦ᠂ ᠳᠣᠣᠷ᠎ᠠ ᠠᠭᠠᠷ ᠤᠨ ᠠᠶᠠᠯᠠᠯ ᠤᠨ | ᠬᠡᠮᠵᠢᠯᠲᠡ᠂ ᠳᠣᠣᠷ᠎ᠠ ᠠᠭᠠᠷ ᠤᠨ ᠪᠣᠳᠠᠰ ᠤᠨ ᠬᠠᠶᠢᠯᠲᠠ ᠬᠢᠭᠡᠳ ᠳᠣᠬᠢᠭᠤᠷ ᠲᠤᠯᠤᠭᠠᠨ ᠤᠳᠤᠨ ᠤ ᠵᠠᠮᠴᠢᠯᠠᠭ᠎ᠠ ᠶᠢᠨ ᠪᠠᠶᠢᠷᠢ ᠲᠣᠭᠲᠠᠭᠠᠯᠲᠠ᠂ ᠳ᠋ᠢᠵᠢᠲ᠋ᠠᠯ | ᠭᠠᠵᠠᠷ ᠤᠨ ᠵᠢᠷᠤᠭ᠂ ᠠᠯᠤᠰ ᠰᠡᠷᠡᠯ ᠵᠡᠷᠭᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠣᠲᠣ ᠦᠶ᠎ᠡ ᠶᠢᠨ ᠬᠡᠮᠵᠢᠨ ᠵᠢᠷᠤᠭᠯᠠᠬᠤ ᠰᠠᠭᠤᠷᠢ ᠪᠠᠷᠢᠮᠵᠢᠶ᠎ᠠ᠂ | ᠪᠣᠳᠠᠲᠤ ᠦᠵᠡᠮᠵᠢ ᠶᠢᠨ ᠭᠤᠷᠪᠠᠨ ᠬᠡᠮᠵᠢᠯᠲᠦ ᠳᠤᠮᠳᠠᠳᠤ ᠤᠯᠤᠰ᠂ ᠴᠠᠭ ᠪᠠ ᠣᠷᠣᠨ ᠵᠠᠢ ᠶᠢᠨ ᠲᠣᠮᠣ ᠳ᠋ᠠᠶᠢᠲ᠋ᠠ ᠶᠢᠨ ᠲᠠᠪᠴᠠᠩ ᠢᠶᠠᠷ ᠭᠤᠣᠯ ᠠᠭᠤᠯᠭ᠎ᠠ | ᠪᠣᠯᠭᠠᠭᠰᠠᠨ ︽ᠣᠭᠲᠠᠷᠭᠤᠢ ᠠᠭᠠᠷ ᠭᠠᠵᠠᠷ ᠢ ᠨᠢᠭᠡ ᠴᠣᠭᠴᠠᠵᠢᠭᠤᠯᠬᠤ︾ ᠰᠢᠨ᠎ᠡ ᠬᠡᠯᠪᠡᠷᠢ ᠶᠢᠨ ᠬᠡᠮᠵᠢᠨ ᠵᠢᠷᠤᠭᠯᠠᠬᠤ ᠰᠠᠭᠤᠷᠢ ᠲᠣᠭᠲᠠᠯᠴᠠᠭ᠎ᠠ ᠶᠢ ᠪᠠᠶᠢᠭᠤᠯᠤᠨ᠎ᠠ᠃ | ︵ᠭᠤᠷᠪᠠ︶ ᠳᠣᠣᠷ᠎ᠠ ᠠᠭᠠᠷ + ᠠᠮᠢ ᠠᠬᠤᠢ ᠶᠢᠨ ᠬᠢᠨᠠᠨ ᠰᠢᠨᠵᠢᠯᠲᠡ᠃ ᠳᠠᠭᠠᠭᠤᠯᠢ ᠣᠳᠣᠨ ᠤ ᠡᠬᠢ ᠪᠠᠶᠠᠯᠢᠭ᠂ ᠠᠭᠠᠷ ᠤᠨ ᠠᠶᠠᠯᠠᠯ ᠤᠨ ᠵᠢᠯᠣᠭᠤᠴᠢ ᠲᠠᠢ | ᠪᠠ ᠵᠢᠯᠣᠭᠤᠴᠢ ᠦᠭᠡᠢ ᠨᠢᠰᠬᠡᠯ᠂ ᠭᠠᠵᠠᠷ ᠳᠡᠭᠡᠷᠡᠬᠢ ᠲᠣᠭᠲᠠᠮᠠᠯ ᠪᠠ ᠰᠢᠯᠵᠢᠮᠡᠯ ᠲᠣᠭᠤᠷᠢᠨ ᠪᠠᠶᠢᠴᠠᠭᠠᠵᠤ ᠬᠢᠨᠠᠨ ᠰᠢᠨᠵᠢᠬᠦ ᠵᠡᠷᠭᠡ ᠠᠷᠭ᠎ᠠ ᠪᠠᠷᠢᠯ ᠢ ᠠᠰᠢᠭᠯᠠᠵᠤ᠂ ︽ | ᠣᠭᠲᠠᠷᠭᠤᠢ ᠠᠭᠠᠷ ᠭᠠᠵᠠᠷ ᠢ ᠨᠢᠭᠡ ᠴᠣᠭᠴᠠᠵᠢᠭᠤᠯᠬᠤ︾ ᠠᠮᠢ ᠠᠬᠤᠢ ᠶᠢᠨ ᠬᠢᠨᠠᠨ ᠰᠢᠨᠵᠢᠬᠦ ᠲᠣᠣᠷ ᠰᠦᠯᠵᠢᠶ᠎ᠡ ᠶᠢ ᠪᠠᠶᠢᠭᠤᠯᠵᠤ᠂ ᠪᠠᠶᠢᠭᠠᠯᠢ ᠶᠢᠨ | ᠬᠠᠮᠠᠭᠠᠯᠠᠯᠲᠠ ᠶᠢᠨ ᠭᠠᠵᠠᠷ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠣᠷᠣᠨ ᠤ ᠠᠮᠢ | ᠠᠬᠤᠢ ᠳᠤ ᠬᠢᠨᠠᠯᠲᠠ ᠲᠠᠯᠪᠢᠵᠤ ᠬᠢᠨᠠᠨ ᠰᠢᠨᠵᠢᠬᠦ ᠶᠠᠰᠤ ᠴᠢᠨᠠᠷ ᠢ ᠳᠡᠭᠡᠭᠰᠢᠯᠡᠭᠦᠯᠵᠦ᠂ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃ | ︵ᠳᠥᠷᠪᠡ︶ ᠳᠣᠣᠷ᠎ᠠ ᠠᠭᠠᠷ + ᠨᠡᠶᠢᠭᠡᠮ ᠤᠨ ᠵᠠᠰᠠᠯᠲᠠ᠃ ᠨᠡᠶᠢᠭᠡᠮ ᠤᠨ ᠵᠠᠰᠠᠯᠲᠠ ᠶᠢᠨ ᠳᠣᠣᠷ᠎ᠠ ᠠᠭᠠᠷ ᠤᠨ ᠲᠣᠣᠷ ᠰᠦᠯᠵᠢᠶ᠎ᠡ ᠶᠢ ᠪᠦᠲᠦᠭᠡᠨ ᠪᠠᠶᠢᠭᠤᠯᠵᠤ | ᠂ ᠠᠮᠤᠷ ᠢ ᠬᠠᠮᠠᠭᠠᠯᠠᠬᠤ᠂ ᠭᠠᠯ ᠰᠡᠷᠭᠡᠶᠢᠯᠡᠵᠦ ᠤᠨᠲᠠᠷᠠᠭᠠᠬᠤ᠂ ᠵᠠᠮ ᠬᠠᠷᠢᠯᠴᠠᠭ᠎ᠠ᠂ ᠣᠷᠴᠢᠨ ᠲᠣᠭᠤᠷᠢᠨ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ᠂ ᠬᠤᠲᠠ ᠶᠢᠨ ᠬᠠᠮᠢᠶᠠᠷᠤᠯᠲᠠ᠂ ᠤᠰᠤᠨ ᠤ ᠶᠠᠪᠤᠳᠠᠯ᠂ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠲᠤᠬᠠᠶᠢᠯᠠᠭᠰᠠᠨ ᠠᠵᠢᠯ ᠳᠠᠬᠢ ᠪᠥᠬᠦ | ᠶᠠᠪᠤᠴᠠ ᠶᠢᠨ ᠠᠦ᠋ᠲ᠋ᠣᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠵᠦ᠂ ᠬᠡᠷᠡᠭ ᠶᠠᠪᠤᠳᠠᠯ ᠢ ᠲᠤᠰᠠᠯᠠᠨ ᠰᠢᠢᠳᠪᠦᠷᠢᠯᠡᠵᠦ᠂ ᠴᠤᠤᠷᠢᠶᠠᠲᠤᠨ ᠳᠠᠭᠠᠬᠤ ᠬᠤᠷᠳᠤᠴᠠ ᠶᠢ | ᠲᠦᠷᠭᠡᠳᠬᠡᠨ᠂ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠬᠦᠴᠦᠨ ᠴᠢᠳᠠᠮᠵᠢ ᠶᠢ ᠡᠷᠴᠢᠮᠯᠡᠨ᠎ᠡ᠃ | ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ ᠵᠡᠷᠭᠡ ᠭᠠᠵᠠᠷ ᠣᠷᠣᠨ ᠳᠤ ᠳᠣᠣᠷ᠎ᠠ ᠠᠭᠠᠷ ᠤᠨ ᠴᠠᠭᠳᠠᠭᠠᠨ ᠤ ᠶᠠᠪᠤᠳᠠᠯ ᠤᠨ ᠲᠤᠷᠰᠢᠯᠲᠠ ᠶᠢ ᠰᠦᠪᠡᠭᠴᠢᠯᠡᠨ | ᠬᠡᠷᠡᠭᠵᠢᠭᠦᠯᠦᠨ᠎ᠡ᠃ | ᠬᠤᠶᠠᠷ᠂ ᠦᠢᠯᠡᠳᠪᠦᠷᠢᠯᠡᠯ ᠤᠨ ᠠᠵᠢᠯᠯᠠᠭᠠᠨ ᠤ ᠲᠥᠷᠥᠯ ᠤᠨ ᠬᠡᠷᠡᠭᠯᠡᠭᠡᠨ ᠤ ᠠᠬᠤᠢ ᠪᠠᠶᠢᠳᠠᠯ | ᠡᠭᠦᠨ ᠳᠤ ᠭᠤᠣᠯᠳᠠᠭᠤ ᠳᠣᠣᠷ᠎ᠠ ᠠᠭᠠᠷ + ᠠᠵᠤ ᠦᠢᠯᠡᠳᠪᠦᠷᠢ ᠶᠢᠨ ᠬᠡᠷᠡᠭᠯᠡᠯᠲᠡ᠂ ᠲᠠᠷᠢᠶᠠᠯᠠᠩ ᠤᠢ ᠰᠢᠭᠤᠢ ᠶᠢᠨ ᠠᠵᠢᠯ᠂ ᠪᠠᠷᠠᠭᠠᠨ ᠤ ᠭᠦᠢᠯᠭᠡᠭᠡᠨ ᠤ | ᠲᠦᠷᠭᠡᠨ ᠬᠦᠷᠭᠡᠯᠲᠡ᠂ ᠡᠨᠧᠷᠭᠢ ᠶᠢᠨ ᠲᠣᠭᠤᠷᠢᠨ ᠪᠠᠶᠢᠴᠠᠭᠠᠯᠲᠠ᠂ ᠠᠭᠤᠷᠬᠠᠢ ᠶᠢᠨ ᠭᠠᠷᠤᠯᠲᠠ ᠶᠢᠨ ᠬᠠᠶᠢᠨ ᠪᠠᠶᠢᠴᠠᠭᠠᠯᠲᠠ ᠵᠡᠷᠭᠡ ᠬᠡᠷᠡᠭᠯᠡᠭᠡᠨ ᠤ ᠠᠬᠤᠢ ᠪᠠᠶᠢᠳᠠᠯ ᠢ | ᠬᠠᠩᠭᠠᠬᠤ ᠴᠢᠳᠠᠪᠤᠷᠢ ᠪᠠᠭᠲᠠᠨ᠎ᠠ᠃ | ︵ᠨᠢᠭᠡ︶ ᠳᠣᠣᠷ᠎ᠠ ᠠᠭᠠᠷ + ᠠᠵᠤ ᠦᠢᠯᠡᠳᠪᠦᠷᠢ ᠶᠢᠨ ᠬᠡᠷᠡᠭᠯᠡᠭᠡᠨ᠃ ᠠᠭᠤᠷᠬᠠᠢ ᠶᠢᠨ ᠭᠠᠷᠤᠯᠲᠠ ᠶᠢ ᠬᠠᠶᠢᠨ ᠰᠢᠨᠵᠢᠬᠦ᠂ ᠡᠨᠧᠷᠭᠢ ᠶᠢ ᠨᠡᠭᠡᠭᠡᠨ ᠠᠰᠢᠭᠯᠠᠬᠤ᠂ | ᠠᠶᠤᠯ ᠦᠭᠡᠢ ᠦᠢᠯᠡᠳᠪᠦᠷᠢᠯᠡᠯ ᠵᠡᠷᠭᠡ ᠬᠦᠷᠢᠶ᠎ᠡ ᠴᠠᠷᠠᠭᠠᠨ ᠤ ᠲᠣᠭᠤᠷᠢᠨ ᠳᠤ᠂ ᠳᠣᠣᠷ᠎ᠠ ᠠᠭᠠᠷ ᠤᠨ ᠬᠡᠷᠡᠭᠯᠡᠭᠡᠨ ᠤ ᠬᠡᠪᠴᠢᠶ᠎ᠡ ᠶᠢ ᠥᠷᠭᠡᠳᠬᠡᠨ᠂ ᠳᠣᠣᠷ᠎ᠠ ᠠᠭᠠᠷ | + ᠡᠨᠧᠷᠭᠢ᠂ ᠳᠣᠣᠷ᠎ᠠ ᠠᠭᠠᠷ + ᠠᠵᠤ ᠦᠢᠯᠡᠳᠪᠦᠷᠢ᠂ ᠳᠣᠣᠷ᠎ᠠ ᠠᠭᠠᠷ + ᠠᠶᠤᠯ ᠦᠭᠡᠢ ᠵᠡᠷᠭᠡ ᠠᠬᠤᠢ ᠪᠠᠶᠢᠳᠠᠯ ᠢ ᠪᠤᠶ ᠪᠣᠯᠭᠠᠨ᠎ᠠ᠃ ᠴᠠᠬᠢᠯᠭᠠᠨ ᠤᠲᠠᠰᠤᠨ ᠤ | ᠲᠣᠭᠤᠷᠢᠨ ᠪᠠᠶᠢᠴᠠᠭᠠᠯᠲᠠ᠂ ᠰᠠᠯᠬᠢ ᠨᠡᠪᠲᠡᠷᠡᠭᠦᠯᠬᠦ ᠮᠠᠰᠢᠨ ᠤ ᠳᠡᠯᠪᠢ ᠪᠠ ᠭᠡᠷᠡᠯᠴᠢ ᠴᠡᠨᠡᠭ ᠤᠨ ᠬᠠᠪᠲᠠᠰᠤᠨ ᠤ ᠠᠷᠢᠭᠤᠨ ᠴᠡᠪᠡᠷ ᠵᠢᠴᠢ ᠭᠡᠮᠲᠦᠯ ᠤᠨ ᠬᠡᠮ | ᠰᠣᠭᠤᠭ ᠤᠨ ᠵᠢᠭᠰᠠᠭᠠᠨ ᠪᠠᠶᠢᠴᠠᠭᠠᠯᠲᠠ ᠵᠡᠷᠭᠡ ᠵᠢᠯᠣᠭᠤᠴᠢ ᠦᠭᠡᠢ ᠨᠢᠰᠬᠡᠯ ᠤᠨ ᠬᠡᠷᠡᠭᠯᠡᠭᠡᠨ ᠤ ᠠᠬᠤᠢ ᠪᠠᠶᠢᠳᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ | ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠳᠤ ᠬᠦᠴᠦᠨ ᠨᠡᠮᠡᠷᠢᠯᠡᠨ᠎ᠡ᠃ | ︵ᠬᠤᠶᠠᠷ︶ ᠳᠣᠣᠷ᠎ᠠ ᠠᠭᠠᠷ + ᠲᠠᠷᠢᠶᠠᠯᠠᠩ ᠤᠢ ᠰᠢᠭᠤᠢ ᠶᠢᠨ ᠠᠵᠢᠯ᠃ ᠬᠢᠩᠭᠠᠨ ᠠᠶᠢᠮᠠᠭ᠂ ᠲᠦᠩᠯᠢᠶᠣᠣ ᠬᠤᠲᠠ᠂ ᠤᠯᠠᠭᠠᠨᠬᠠᠳᠠ ᠬᠤᠲᠠ᠂ ᠪᠠᠶᠠᠨᠨᠠᠭᠤᠷ | ᠬᠤᠲᠠ ᠵᠡᠷᠭᠡ ᠲᠠᠷᠢᠶᠠᠯᠠᠩ ᠤᠨ ᠭᠤᠣᠯ ᠭᠠᠷᠤᠯᠲᠠ ᠶᠢᠨ ᠣᠷᠣᠨ ᠳᠤ ᠤᠷᠭᠤᠮᠠᠯ ᠤᠨ ᠬᠠᠮᠠᠭᠠᠯᠠᠯᠲᠠ ᠳᠤ ᠵᠣᠷᠢᠭᠤᠯᠤᠭᠰᠠᠨ ᠵᠢᠯᠣᠭᠤᠴᠢ ᠦᠭᠡᠢ ᠨᠢᠰᠬᠡᠯ ᠤᠨ | ᠵᠢᠷᠤᠮᠵᠢᠭᠰᠠᠨ ᠬᠡᠷᠡᠭᠯᠡᠭᠡᠨ ᠪᠠ ᠴᠢᠨᠠᠷ ᠰᠠᠶᠢᠲᠠᠢ ᠠᠵᠢᠯ ᠤᠨ ᠵᠢᠱᠢᠶ᠎ᠡ ᠦᠵᠡᠭᠦᠯᠬᠦ ᠲᠤᠷᠰᠢᠯᠭ᠎ᠠ ᠶᠢ ᠳᠡᠯᠭᠡᠷᠡᠭᠦᠯᠦᠨ᠎ᠡ᠃ ᠬᠥᠯᠥᠨ ᠪᠤᠶᠢᠷ ᠬᠤᠲᠠ᠂ ᠰᠢᠯᠢ ᠶᠢᠨ ᠭᠤᠣᠯ | ᠠᠶᠢᠮᠠᠭ᠂ ᠠᠯᠠᠱᠠ ᠠᠶᠢᠮᠠᠭ ᠪᠠ ᠪᠤᠰᠤᠳ ᠠᠶᠢᠮᠠᠭ ᠬᠤᠲᠠ ᠶᠢᠨ ᠮᠠᠯᠵᠢᠬᠤ ᠬᠤᠰᠢᠭᠤ ᠰᠢᠶᠠᠨ ᠳᠤ ᠵᠢᠯᠣᠭᠤᠴᠢ ᠦᠭᠡᠢ ᠨᠢᠰᠬᠡᠯ ᠢᠶᠠᠷ ᠮᠠᠯ ᠬᠠᠷᠢᠭᠤᠯᠬᠤ ᠶᠢ | ᠳᠡᠯᠭᠡᠷᠡᠭᠦᠯᠦᠨ᠎ᠡ᠃ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠶᠠᠪᠤᠴᠠ ᠳᠠᠬᠢ ᠠᠭᠠᠷ ᠤᠨ ᠠᠶᠠᠯᠠᠯ ᠢᠶᠠᠷ ᠤᠢ | ᠰᠢᠭᠤᠢ ᠶᠢ ᠬᠠᠮᠠᠭᠠᠯᠠᠬᠤ ᠬᠡᠷᠡᠭᠯᠡᠭᠡᠨ ᠢ ᠴᠢᠩᠭᠠᠳᠬᠠᠵᠤ᠂ ᠤᠯᠠᠭᠠᠨᠴᠠᠪ ᠬᠤᠲᠠ᠂ ᠠᠯᠠᠱᠠ ᠠᠶᠢᠮᠠᠭ ᠤᠨ ᠠᠭᠠᠷ ᠤᠨ ᠠᠶᠠᠯᠠᠯ ᠤᠨ ᠣᠶ ᠰᠢᠭᠤᠢ ᠬᠠᠮᠠᠭᠠᠯᠠᠬᠤ | ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠨᠢᠰᠬᠦ ᠶᠢ ᠴᠠᠭᠠᠵᠠᠯᠠᠬᠤ ᠣᠷᠣᠨ ᠠᠴᠠ ᠭᠠᠳᠠᠨᠠᠬᠢ ᠣᠷᠣᠨ ᠪᠦᠰᠡ ᠳᠤ ᠵᠢᠯᠣᠭᠤᠴᠢ ᠦᠭᠡᠢ | ᠨᠢᠰᠬᠡᠯ ᠢᠶᠠᠷ ᠣᠶ ᠰᠢᠭᠤᠢ ᠶᠢ ᠬᠠᠮᠠᠭᠠᠯᠠᠬᠤ ᠠᠵᠢᠯ᠂ ᠲᠠᠷᠢᠵᠦ ᠣᠶᠢᠵᠢᠭᠤᠯᠤᠭᠰᠠᠨ ᠤᠢ ᠶᠢ ᠬᠠᠷᠭᠤᠭᠤᠯᠤᠨ ᠪᠠᠶᠢᠴᠠᠭᠠᠬᠤ ᠵᠢᠴᠢ ᠣᠶ ᠰᠢᠭᠤᠢ ᠶᠢᠨ ᠬᠠᠤᠯᠢ | ᠬᠡᠷᠡᠭᠵᠢᠭᠦᠯᠬᠦ ᠵᠡᠷᠭᠡ ᠲᠤᠬᠠᠶᠢᠯᠠᠭᠰᠠᠨ ᠠᠵᠢᠯ ᠢ ᠬᠥᠭᠵᠢᠭᠦᠯᠦᠨ᠎ᠡ᠃ ᠵᠢᠯᠣᠭᠤᠴᠢ ᠦᠭᠡᠢ ᠨᠢᠰᠬᠡᠯ ᠬᠡᠷᠡᠭᠯᠡᠵᠦ ᠬᠥᠮᠥᠨ ᠤ ᠬᠦᠴᠦ ᠪᠠᠷ ᠬᠤᠷ᠎ᠠ ᠪᠣᠷᠣᠭᠠᠨ ᠨᠡᠮᠡᠭᠳᠡᠭᠦᠯᠬᠦ | ᠬᠡᠷᠡᠭᠯᠡᠭᠡᠨ ᠢ ᠥᠷᠨᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠪᠠ ᠣᠶ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠳᠤ ᠦᠢᠯᠡᠴᠢᠯᠡᠭᠦᠯᠦᠨ᠎ᠡ᠃ | ︵ᠭᠤᠷᠪᠠ︶ ᠳᠣᠣᠷ᠎ᠠ ᠠᠭᠠᠷ + ᠣᠶᠤᠨᠯᠢᠭ ᠪᠠᠷᠠᠭᠠᠨ ᠤ ᠭᠦᠢᠯᠭᠡᠭᠡ᠃ ᠣᠶᠤᠨᠯᠢᠭ ᠪᠠᠷᠠᠭᠠᠨ ᠤ ᠭᠦᠢᠯᠭᠡᠭᠡᠨ ᠤ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ | ᠬᠥᠬᠡᠬᠤᠲᠠ ᠪᠤᠭᠤᠲᠤ ᠣᠷᠳᠣᠰ ᠤᠨ ᠭᠠᠵᠠᠷ ᠣᠷᠣᠨ ᠳᠤ ᠵᠢᠯᠣᠭᠤᠴᠢ ᠦᠭᠡᠢ ᠨᠢᠰᠬᠡᠯ ᠤᠨ ᠬᠤᠲᠠ ᠶᠢᠨ ᠬᠤᠭᠤᠷᠣᠨᠳᠣᠬᠢ ᠲᠡᠭᠡᠭᠡᠪᠦᠷᠢ ᠵᠢᠴᠢ ᠲᠡᠭᠦᠰᠬᠡᠯ | ᠦᠵᠦᠭᠦᠷ ᠤᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠤᠷᠰᠢᠯᠲᠠ ᠶᠢᠨ ᠴᠡᠭ ᠢ ᠰᠢᠯᠭᠠᠨ ᠪᠠᠲᠤᠯᠠᠬᠤ ᠪᠠ ᠳᠡᠯᠭᠡᠷᠡᠭᠦᠯᠦᠨ ᠵᠢᠱᠢᠶ᠎ᠡ ᠦᠵᠡᠭᠦᠯᠬᠦ | ᠠᠵᠢᠯᠯᠠᠭ᠎ᠠ ᠶᠢ ᠤᠷᠢᠳ ᠢᠶᠠᠷ ᠥᠷᠨᠢᠭᠦᠯᠵᠦ᠂ ᠵᠢᠯᠣᠭᠤᠴᠢ ᠦᠭᠡᠢ ᠨᠢᠰᠬᠡᠯ ᠢᠶᠠᠷ ᠲᠣᠬᠢᠷᠠᠭᠤᠯᠤᠨ ᠬᠦᠷᠭᠡᠬᠦ ᠲᠣᠣᠷ ᠰᠦᠯᠵᠢᠶ᠎ᠡ ᠶᠢ ᠪᠦᠲᠦᠭᠡᠨ ᠪᠠᠶᠢᠭᠤᠯᠵᠤ᠂ | ᠵᠢᠯᠣᠭᠤᠴᠢ ᠦᠭᠡᠢ ᠨᠢᠰᠬᠡᠯ ᠤᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠠᠶᠠᠯᠠᠯ ᠤᠨ ᠵᠠᠮ ᠱᠤᠭᠤᠮ ᠢ ᠨᠡᠪᠲᠡᠷᠡᠭᠦᠯᠦᠨ᠎ᠡ᠃ ᠰᠢᠭᠤᠶᠢᠲᠤ ︵ᠮᠠᠯᠵᠢᠬᠤ︶ | ᠣᠷᠣᠨ ᠪᠠ ᠡᠯᠡᠰᠦᠨ ᠴᠦᠯ ᠭᠤᠪᠢ ᠴᠥᠯᠡᠷᠬᠡᠭ ᠣᠷᠣᠨ ᠵᠡᠷᠭᠡ ᠵᠠᠮ ᠨᠡᠪᠲᠡᠷᠡᠭᠦᠯᠭᠡ ᠨᠢ ᠳᠥᠭᠦᠮ ᠦᠭᠡᠢ ᠭᠠᠵᠠᠷ ᠣᠷᠣᠨ ᠳᠤ ᠵᠢᠯᠣᠭᠤᠴᠢ ᠦᠭᠡᠢ ᠨᠢᠰᠬᠡᠯ ᠤᠨ | ᠪᠠᠷᠠᠭᠠᠨ ᠤ ᠲᠡᠭᠡᠭᠡᠪᠦᠷᠢ ᠶᠢᠨ ᠠᠶᠠᠯᠠᠯ ᠤᠨ ᠵᠠᠮ ᠱᠤᠭᠤᠮ ᠢ ᠲᠥᠯᠥᠪᠵᠢᠭᠦᠯᠦᠨ ᠨᠠᠪᠲᠠᠷᠡᠭᠦᠯᠵᠦ᠂ B2B᠂ B2C ᠳᠣᠣᠷ᠎ᠠ ᠠᠭᠠᠷ ᠤᠨ ᠣᠶᠢᠷ᠎ᠠ ᠵᠠᠮ ᠤᠨ | ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠢ ᠲᠤᠷᠰᠢᠨ ᠠᠬᠢᠭᠤᠯᠤᠨ᠎ᠠ᠃ | ᠭᠤᠷᠪᠠ᠂ ᠬᠡᠷᠡᠭᠯᠡᠭᠡ ᠦᠢᠯᠡᠴᠢᠯᠡᠭᠡᠨ ᠤ ᠲᠥᠷᠥᠯ ᠤᠨ ᠬᠡᠷᠡᠭᠯᠡᠭᠡᠨ ᠤ ᠠᠬᠤᠢ ᠪᠠᠶᠢᠳᠠᠯ | ᠡᠭᠦᠨ ᠳᠤ ᠭᠤᠣᠯᠳᠠᠭᠤ ᠳᠣᠣᠷ᠎ᠠ ᠠᠭᠠᠷ + ᠰᠣᠶᠣᠯ ᠵᠢᠭᠤᠯᠴᠢᠯᠠᠯ᠂ ᠣᠶᠢᠷ᠎ᠠ ᠵᠠᠮ ᠤᠨ ᠠᠶᠠᠨᠴᠢᠳ ᠤᠨ ᠵᠥᠭᠡᠭᠡᠪᠦᠷᠢ᠂ ᠨᠢᠰᠦᠯᠲᠡ ᠶᠢᠨ ᠪᠣᠯᠪᠠᠰᠤᠷᠠᠯ᠂ | ᠨᠢᠰᠦᠯᠲᠡ ᠶᠢᠨ ᠤᠷᠤᠯᠳᠤᠭᠠᠨ ᠤ ᠠᠵᠢᠯᠯᠠᠭ᠎ᠠ᠂ ᠠᠭᠠᠷ ᠤᠨ ᠠᠶᠠᠯᠠᠯ ᠤᠨ ᠲᠠᠮᠢᠷ ᠤᠨ ᠬᠥᠳᠡᠯᠭᠡᠭᠡᠨ᠂ ᠠᠭᠠᠷ ᠤᠨ ᠠᠶᠠᠯᠠᠯ ᠤᠨ ᠦᠵᠡᠭᠦᠯᠭᠡ᠂ ᠠᠭᠠᠷ ᠤᠨ | ᠠᠶᠠᠯᠠᠯ ᠤᠨ ᠭᠡᠷᠡᠯ ᠵᠢᠷᠤᠭ ᠪᠠ ᠳᠦᠷᠰᠦ ᠰᠢᠩᠭᠡᠭᠡᠯᠲᠡ ᠵᠡᠷᠭᠡ ᠬᠡᠷᠡᠭᠯᠡᠭᠡᠨ ᠤ ᠠᠬᠤᠢ ᠪᠠᠶᠢᠳᠠᠯ ᠢ ᠬᠠᠩᠭᠠᠬᠤ ᠴᠢᠳᠠᠪᠤᠷᠢ ᠪᠠᠭᠲᠠᠨ᠎ᠠ᠃ | ︵ᠨᠢᠭᠡ︶ ᠳᠣᠣᠷ᠎ᠠ ᠠᠭᠠᠷ + ᠰᠣᠶᠣᠯ ᠵᠢᠭᠤᠯᠴᠢᠯᠠᠯ᠃ ᠥᠷᠭᠡᠨ ᠲᠠᠯ᠎ᠠ ᠨᠤᠲᠤᠭ᠂ ᠭᠦᠨ ᠣᠶ ᠰᠢᠭᠤᠢ᠂ ᠨᠡᠯᠦᠭᠡᠷ ᠭᠤᠣᠯ ᠨᠠᠭᠤᠷ᠂ ᠲᠣᠮᠣ ᠡᠯᠡᠰᠦ ᠮᠠᠩᠬ᠎ᠠ | ᠵᠡᠷᠭᠡ ᠠᠮᠢ ᠠᠬᠤᠢ ᠶᠢᠨ ᠡᠬᠢ ᠪᠠᠶᠠᠯᠢᠭ ᠪᠠ ᠤᠮᠠᠷᠠᠲᠤ ᠬᠢᠯᠢ ᠶᠢᠨ ᠰᠣᠶᠣᠯ ᠤᠨ ᠡᠬᠢ ᠪᠠᠶᠠᠯᠢᠭ ᠲᠤ ᠲᠦᠰᠢᠭᠯᠡᠵᠦ᠂ ᠳᠣᠣᠷ᠎ᠠ ᠠᠭᠠᠷ ᠤᠨ ᠵᠢᠭᠤᠯᠴᠢᠯᠠᠯ ᠤᠨ | ᠱᠤᠭᠤᠮ ᠢ ᠵᠢᠷᠤᠭᠯᠠᠨ ᠲᠥᠯᠥᠪᠯᠡᠵᠦ᠂ ᠳᠣᠣᠷ᠎ᠠ ᠠᠭᠠᠷ ᠤᠨ ᠵᠢᠭᠤᠯᠴᠢᠯᠠᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠳᠣᠣᠷ᠎ᠠ ᠠᠭᠠᠷ ᠤᠨ ᠨᠢᠰᠦᠯᠲᠡ ᠶᠢᠨ | ᠬᠤᠸᠠᠷᠠᠨ ᠢ ᠪᠠᠶᠢᠭᠤᠯᠵᠤ᠂ ︽ᠤᠢ ᠰᠢᠭᠤᠢ ᠪᠠᠷ ᠳᠡᠭᠦᠯᠢᠬᠦᠢ︾᠂ ︽ᠲᠠᠯ᠎ᠠ ᠨᠤᠲᠤᠭ ᠢᠶᠠᠷ ᠳᠡᠭᠦᠯᠢᠬᠦᠢ︾᠂ ︽ᠡᠯᠡᠰᠦ ᠮᠠᠩᠬ᠎ᠠ ᠪᠠᠷ ᠳᠡᠭᠦᠯᠢᠬᠦᠢ︾᠂ ︽ᠬᠠᠳᠤᠨ | ᠭᠤᠣᠯ ᠢᠶᠠᠷ ᠳᠡᠭᠦᠯᠢᠬᠦᠢ︾᠂ ︽ᠤᠷᠳᠤ ᠴᠠᠭᠠᠨ ᠬᠡᠷᠡᠮ ᠢᠶᠠᠷ ᠳᠡᠭᠦᠯᠢᠬᠦᠢ︾ ᠵᠡᠷᠭᠡ ᠳᠣᠣᠷ᠎ᠠ ᠠᠭᠠᠷ ᠤᠨ ᠰᠣᠶᠣᠯ ᠵᠢᠭᠤᠯᠴᠢᠯᠠᠯ ᠤᠨ ᠠᠶᠠᠯᠠᠯ ᠤᠨ ᠵᠠᠮ | ᠱᠤᠭᠤᠮ ᠤᠨ ᠨᠡᠷᠡᠲᠦ ᠲᠡᠮᠳᠡᠭ ᠢ ᠴᠣᠭᠴᠠᠯᠠᠨ᠎ᠠ᠃ ᠠᠮᠢ ᠠᠬᠤᠢ ᠶᠢᠨ ᠬᠡᠯᠪᠡᠷᠢ ᠪᠦᠬᠦᠢ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠠᠭᠠᠷ ᠤᠨ ᠵᠢᠭᠤᠯᠴᠢᠯᠠᠯ᠂ | ᠠᠭᠠᠷ ᠤᠨ ᠠᠶᠠᠯᠠᠯ ᠤᠨ ᠲᠠᠮᠢᠷ ᠤᠨ ᠬᠥᠳᠡᠯᠭᠡᠭᠡᠨ᠂ ᠨᠢᠰᠦᠯᠲᠡ ᠶᠢᠨ ᠪᠠᠶᠠᠳᠠᠨ ᠣᠶᠢᠯᠠᠭᠠᠯᠲᠠ ᠵᠡᠷᠭᠡ ᠳᠣᠣᠷ᠎ᠠ ᠠᠭᠠᠷ ᠤᠨ ᠨᠢᠰᠦᠯᠲᠡ ᠶᠢᠨ ᠵᠢᠭᠤᠯᠴᠢᠯᠠᠯ ᠪᠠ | ᠨᠢᠰᠦᠯᠲᠡ ᠶᠢᠨ ᠲᠤᠨᠨᠯᠠᠯᠲᠠ ᠶᠢᠨ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ᠎ᠠ᠃ ᠬᠢᠩᠭᠠᠨ ᠠᠶᠢᠮᠠᠭ ᠤᠨ ᠠᠭᠠᠷ ᠭᠠᠵᠠᠷ ᠤᠨ ᠬᠤᠯᠪᠤᠭᠠᠯᠠᠨ ᠬᠥᠳᠡᠯᠦᠯᠴᠡᠭᠰᠡᠨ | ᠬᠤᠪᠢᠰᠬᠠᠯᠲᠤ ᠰᠣᠶᠣᠯ ᠤᠨ ᠵᠢᠭᠤᠯᠴᠢᠯᠠᠯ᠂ ᠤᠯᠠᠭᠠᠨᠪᠤᠲᠤᠩ ᠤᠨ ᠠᠭᠠᠷ ᠤᠨ ᠠᠶᠠᠯᠠᠯ ᠤᠨ ᠵᠢᠭᠤᠯᠴᠢᠯᠠᠯ ᠤᠨ ᠰᠠᠶᠢᠨ ᠰᠠᠶᠢᠬᠠᠨ ᠴᠠᠭ ᠦᠶ᠎ᠡ ᠵᠡᠷᠭᠡ ᠠᠵᠢᠯᠯᠠᠭ᠎ᠠ | ᠥᠷᠨᠢᠭᠦᠯᠬᠦ ᠶᠢ ᠳᠡᠮᠵᠢᠨ᠎ᠡ᠃ | ︵ᠬᠤᠶᠠᠷ︶ ᠳᠣᠣᠷ᠎ᠠ ᠠᠭᠠᠷ + ᠬᠤᠲᠠ ᠶᠢᠨ ᠵᠠᠮ ᠬᠠᠷᠢᠯᠴᠠᠭ᠎ᠠ᠃ ᠬᠤᠲᠠ ᠶᠢᠨ ᠠᠭᠠᠷ ᠤᠨ ᠵᠠᠮ ᠬᠠᠷᠢᠯᠴᠠᠭᠠᠨ ᠤ ᠬᠦᠷᠢᠶᠡᠨ ᠳᠠᠬᠢ eVTOL ᠤᠨ ᠵᠢᠱᠢᠶ᠎ᠡ | ᠦᠵᠡᠭᠦᠯᠦᠨ ᠬᠡᠷᠡᠭᠯᠡᠭᠳᠡᠬᠦ ᠶᠢ ᠠᠬᠢᠭᠤᠯᠵᠤ᠂ ᠬᠥᠬᠡᠬᠤᠲᠠ ᠪᠤᠭᠤᠲᠤ ᠣᠷᠳᠣᠰ ᠤᠨ ᠳᠣᠣᠷ᠎ᠠ ᠠᠭᠠᠷ ᠤᠨ ᠠᠵᠤ ᠠᠬᠤᠢ ᠶᠢᠨ ᠬᠥᠭᠵᠢᠯᠲᠡ ᠶᠢᠨ ᠲᠣᠭᠤᠷᠢᠭ ᠲᠤ | ᠤᠷᠢᠳ ᠢᠶᠠᠷ ᠶᠠᠪᠤᠭᠳᠠᠭᠤᠯᠵᠤ ᠤᠷᠢᠳ ᠢᠶᠠᠷ ᠲᠤᠷᠰᠢᠨ᠎ᠠ᠃ ᠨᠥᠬᠦᠴᠡᠯ ᠲᠠᠢ ᠬᠤᠲᠠ ᠶᠢ ᠳᠡᠮᠵᠢᠵᠦ ᠪᠠᠶᠢᠭᠠᠳ ᠢᠷᠡᠭᠡᠳᠦᠢ ᠶᠢᠨ ᠬᠤᠲᠠ ᠶᠢᠨ ᠠᠭᠠᠷ ᠤᠨ ᠵᠠᠮ | ᠬᠠᠷᠢᠯᠴᠠᠭᠠᠨ ᠤ ᠬᠡᠷᠡᠭᠴᠡᠭᠡ ᠳᠤ ᠵᠣᠬᠢᠴᠠᠭᠤᠯᠤᠨ᠂ ᠬᠤᠲᠠ ᠶᠢᠨ ᠠᠭᠠᠷ ᠤᠨ ᠵᠠᠮ ᠬᠠᠷᠢᠯᠴᠠᠭᠠᠨ ᠤ ᠲᠤᠷᠰᠢᠯᠲᠠ ᠶᠢᠨ ᠴᠡᠭ ᠪᠤᠯᠬᠤ ᠪᠠᠷ ᠢᠳᠡᠪᠬᠢᠲᠡᠢ ᠭᠤᠶᠤᠴᠢᠯᠠᠨ | ᠮᠡᠳᠡᠭᠦᠯᠦᠨ᠎ᠡ᠃ ᠬᠤᠳᠠᠯᠳᠤᠭᠠᠨ ᠤ ᠶᠠᠪᠤᠳᠠᠯ ᠤᠨ ᠶᠠᠪᠤᠵᠤ ᠰᠠᠭᠤᠬᠤ᠂ ᠠᠭᠠᠷ ᠤᠨ ᠭᠠᠳᠤᠯᠤᠭᠤᠷ ᠣᠩᠭᠤᠴᠠ᠂ ᠬᠤᠪᠢ ᠶᠢᠨ ᠳᠠᠭᠠᠭᠠᠴᠢᠯᠠᠭᠰᠠᠨ ᠨᠢᠰᠬᠡᠯ ᠵᠡᠷᠭᠡ | ᠬᠥᠮᠥᠨ ᠲᠡᠭᠡᠭᠡᠪᠦᠷᠢᠯᠡᠬᠦ ᠠᠭᠠᠷ ᠤᠨ ᠵᠠᠮ ᠬᠠᠷᠢᠯᠴᠠᠭᠠᠨ ᠤ ᠰᠢᠨ᠎ᠡ ᠡᠵᠡᠩᠨᠡᠯᠲᠡ ᠶᠢᠨ ᠪᠠᠶᠢᠳᠠᠯ ᠢ ᠪᠤᠶᠢᠵᠢᠭᠤᠯᠵᠤ᠂ ᠠᠮᠢᠳᠤᠯᠢᠭ ᠢᠶᠠᠷ ᠣᠯᠡᠨ ᠶᠠᠩᠵᠤ ᠶᠢᠨ ᠶᠠᠪᠤᠵᠤ | ᠰᠠᠭᠤᠬᠤ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠬᠠᠩᠭᠠᠨ᠎ᠠ᠃ | ︵ᠭᠤᠷᠪᠠ︶ ᠳᠣᠣᠷ᠎ᠠ ᠠᠭᠠᠷ + ᠬᠥᠮᠦᠵᠢᠯ ᠪᠣᠯᠪᠠᠰᠤᠷᠠᠯ᠃ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠠᠭᠠᠷ ᠤᠨ ᠠᠶᠠᠯᠠᠯ ᠤᠨ ᠰᠤᠷᠤᠯᠭ᠎ᠠ ᠶᠢᠨ | ᠨᠠᠮᠲᠠᠷ ᠤᠨ ᠰᠤᠷᠭᠠᠨ ᠬᠥᠮᠦᠵᠢᠯ ᠥᠷᠨᠢᠭᠦᠯᠬᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠣᠯᠪᠠᠰᠤᠷᠠᠯ ᠤᠨ ᠪᠠᠶᠢᠭᠤᠯᠤᠮᠵᠢ ᠨᠤᠭᠤᠳ ᠤᠨ ᠠᠭᠠᠷ ᠤᠨ | ᠠᠶᠠᠯᠠᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠥᠷᠨᠢᠭᠦᠯᠬᠦ ᠶᠢ ᠳᠡᠮᠵᠢᠵᠦ᠂ ᠳᠣᠣᠷ᠎ᠠ ᠠᠭᠠᠷ ᠤᠨ ᠨᠢᠰᠦᠯᠲᠡ ᠶᠢᠨ ᠮᠡᠷᠭᠡᠵᠢᠯ᠂ ᠳᠣᠣᠷ᠎ᠠ ᠠᠭᠠᠷ ᠤᠨ | ᠢᠨᠵᠧᠨᠧᠷᠢᠩ ᠤᠨ ᠮᠡᠷᠭᠡᠵᠢᠯ᠂ ᠳᠣᠣᠷ᠎ᠠ ᠠᠭᠠᠷ ᠤᠨ ᠠᠵᠢᠯᠯᠠᠭᠠᠨ ᠤ ᠬᠠᠮᠢᠶᠠᠷᠤᠯᠲᠠ᠂ ᠳᠣᠣᠷ᠎ᠠ ᠠᠭᠠᠷ ᠤᠨ ᠠᠮᠤᠷ ᠲᠦᠪᠰᠢᠨ ᠤ ᠪᠠᠲᠤᠯᠠᠭ᠎ᠠ᠂ ᠳᠣᠣᠷ᠎ᠠ ᠠᠭᠠᠷ ᠤᠨ | ᠲᠤᠭ᠎ᠠ ᠪᠠᠷᠢᠮᠲᠠ ᠬᠢᠭᠡᠳ ᠳ᠋ᠢᠵᠢᠲ᠋ᠠᠯ ᠤᠨ ᠮᠡᠳᠡᠭᠡ ᠵᠠᠩᠭᠢᠴᠢᠯᠠᠯᠲᠠ᠂ ᠳᠣᠣᠷ᠎ᠠ ᠠᠭᠠᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ | ᠵᠡᠷᠭᠡ ᠶᠢ ᠬᠠᠮᠤᠷᠤᠭᠰᠠᠨ ᠴᠢᠳᠠᠪᠤᠷᠢᠲᠠᠨ ᠢ ᠬᠥᠮᠥᠵᠢᠭᠦᠯᠦᠨ᠎ᠡ᠃ ᠬᠥᠬᠡᠬᠤᠲᠠ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠰᠢᠯᠢ ᠶᠢᠨ ᠭᠤᠣᠯ ᠠᠶᠢᠮᠠᠭ᠂ | ᠣᠷᠳᠣᠰ ᠬᠤᠲᠠ ᠵᠡᠷᠭᠡ ᠭᠠᠵᠠᠷ ᠣᠷᠣᠨ ᠳᠤ ᠣᠳᠣ ᠪᠠᠶᠢᠭ᠎ᠠ ᠨᠢᠰᠬᠡᠯ ᠤᠨ ᠪᠠᠭᠤᠳᠠᠯ ᠢᠶᠠᠨ ᠠᠰᠢᠭᠯᠠᠨ ᠠᠭᠠᠷ ᠤᠨ ᠠᠶᠠᠯᠠᠯ ᠤᠨ ᠬᠥᠮᠦᠵᠢᠯ ᠪᠣᠯᠪᠠᠰᠤᠷᠠᠯ ᠵᠢᠴᠢ | ᠳᠡᠯᠭᠡᠨ ᠦᠵᠡᠭᠦᠯᠬᠦ ᠰᠠᠭᠤᠷᠢᠨ ᠭᠠᠵᠠᠷ ᠪᠠᠶᠢᠭᠤᠯᠬᠤ ᠪᠠᠷ ᠬᠠᠶᠢᠨ ᠰᠦᠪᠡᠭᠴᠢᠯᠡᠯᠲᠡ ᠬᠢᠵᠦ᠂ ᠨᠢᠰᠦᠯᠲᠡ ᠶᠢᠨ ᠪᠣᠯᠪᠠᠰᠤᠷᠠᠯ᠂ ᠨᠢᠰᠦᠯᠲᠡ ᠶᠢᠨ ᠵᠢᠯᠣᠭᠤᠴᠢ ᠶᠢᠨ | ᠦᠨᠡᠮᠯᠡᠯ ᠭᠠᠷᠳᠠᠬᠤ ᠰᠢᠯᠭᠠᠯᠲᠠ᠂ ᠠᠭᠠᠷ ᠤᠨ ᠨᠢᠰᠦᠭᠦᠷ ᠢ ᠰᠡᠯᠪᠢᠨ ᠵᠠᠰᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ᠂ ᠵᠢᠯᠣᠭᠤᠴᠢ ᠦᠭᠡᠢ ᠨᠢᠰᠬᠡᠯ ᠤᠨ ᠲᠤᠰᠬᠠᠢ | ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ᠂ ᠠᠭᠠᠷ ᠤᠨ ᠠᠶᠠᠯᠠᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ᠦᠢᠯᠡᠴᠢᠯᠡᠭᠡᠨ ᠢ ᠥᠷᠨᠢᠭᠦᠯᠦᠨ᠎ᠡ᠃ | ︵ᠳᠥᠷᠪᠡ︶ ᠳᠣᠣᠷ᠎ᠠ ᠠᠭᠠᠷ + ᠪᠠᠶᠢᠴᠠᠭᠠᠨ ᠰᠢᠨᠵᠢᠵᠦ ᠲᠤᠷᠰᠢᠨ ᠨᠢᠰᠦᠭᠦᠯᠬᠦ᠃ ᠥᠪᠡᠷᠲᠡᠭᠡᠨ ᠵᠠᠰᠠᠬᠤ ᠣᠷᠣᠨ ᠤ ᠠᠭᠠᠷ ᠤᠨ ᠣᠷᠣᠨ᠂ ᠴᠠᠬᠢᠯᠭᠠᠨ | ᠰᠣᠷᠢᠨᠵᠢᠨᠲᠤ ᠣᠷᠴᠢᠨ ᠲᠣᠭᠤᠷᠢᠨ᠂ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠨᠢᠰᠬᠡᠯ ᠤᠨ ᠪᠠᠭᠤᠳᠠᠯ ᠤᠨ ᠪᠠᠶᠢᠷᠢᠰᠢᠭᠤᠯᠤᠯᠲᠠ ᠵᠡᠷᠭᠡ ᠳᠣᠣᠷ᠎ᠠ ᠠᠭᠠᠷ ᠤᠨ | ᠠᠵᠤ ᠠᠬᠤᠢ ᠶᠢᠨ ᠬᠦᠷᠢᠶᠡᠨ ᠤ ᠡᠬᠢ ᠪᠠᠶᠠᠯᠢᠭ ᠤᠨ ᠳᠠᠪᠠᠭᠤᠯᠢᠭ ᠢ ᠠᠰᠢᠭᠯᠠᠨ᠂ ᠪᠦᠬᠦ ᠤᠯᠤᠰ ᠲᠤ ᠬᠠᠨᠳᠤᠭᠤᠯᠤᠭᠰᠠᠨ ᠵᠢᠯᠣᠭᠤᠴᠢ ᠦᠭᠡᠢ ᠨᠢᠰᠬᠡᠯ ᠤᠨ ᠳᠣᠣᠷ᠎ᠠ | ᠠᠭᠠᠷ ᠤᠨ ᠨᠢᠰᠦᠭᠦᠷ ᠤᠨ ᠲᠤᠷᠰᠢᠨ ᠠᠶᠠᠯᠠᠵᠤ ᠲᠤᠷᠰᠢᠨ ᠨᠢᠰᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠬᠥᠬᠡᠬᠤᠲᠠ᠂ ᠬᠥᠯᠥᠨ ᠪᠤᠶᠢᠷ ᠬᠤᠲᠠ᠂ | ᠰᠢᠯᠢ ᠶᠢᠨ ᠭᠤᠣᠯ ᠠᠶᠢᠮᠠᠭ᠂ ᠠᠯᠠᠱᠠ ᠠᠶᠢᠮᠠᠭ ᠵᠡᠷᠭᠡ ᠭᠠᠵᠠᠷ ᠣᠷᠣᠨ ᠤ ᠣᠷᠴᠢᠨ ᠲᠣᠭᠤᠷᠢᠨ ᠤ ᠨᠥᠬᠦᠴᠡᠯ ᠢ ᠠᠭᠤᠳᠠᠯᠵᠤ᠂ ᠳᠣᠣᠷ᠎ᠠ ᠠᠭᠠᠷ ᠤᠨ ᠨᠢᠰᠦᠯᠲᠡ ᠶᠢ | ᠰᠢᠯᠭᠠᠨ ᠰᠣᠷᠢᠬᠤ ᠦᠢᠯᠡᠴᠢᠯᠡᠭᠡᠨ ᠢ ᠥᠷᠨᠢᠭᠦᠯᠦᠨ᠂ ᠤᠯᠤᠰ ᠤᠨ ᠲᠠᠰ ᠤᠨ ᠳᠣᠣᠷ᠎ᠠ ᠠᠭᠠᠷ ᠤᠨ ᠨᠢᠰᠦᠭᠦᠷ ᠤᠨ ᠰᠢᠯᠭᠠᠨ ᠰᠣᠷᠢᠬᠤ ᠰᠠᠭᠤᠷᠢᠨ ᠭᠠᠵᠠᠷ ᠢ | ᠪᠤᠶᠢᠵᠢᠭᠤᠯᠤᠨ᠎ᠠ᠃ | ︵ᠲᠠᠪᠤ︶ ᠳᠣᠣᠷ᠎ᠠ ᠠᠭᠠᠷ + ᠤᠯᠠᠷᠢᠨ ᠡᠭᠦᠰᠬᠦ ᠦᠢᠯᠡᠴᠢᠯᠡᠭᠡ᠃ ᠨᠥᠬᠦᠴᠡᠯ ᠪᠦᠷᠢᠳᠦᠭᠦᠯᠦᠭᠰᠡᠨ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ | ᠨᠢᠰᠬᠡᠯ ᠤᠨ ᠪᠠᠭᠤᠳᠠᠯ᠂ ᠳᠣᠣᠷ᠎ᠠ ᠠᠭᠠᠷ ᠤᠨ ᠡᠵᠡᠩᠨᠡᠨ ᠲᠡᠭᠡᠭᠡᠪᠦᠷᠢᠯᠡᠬᠦ ᠦᠢᠯᠡᠴᠢᠯᠡᠭᠡᠨ ᠤ ᠠᠵᠤ ᠠᠬᠤᠶᠢᠯᠠᠯ ᠢ ᠵᠣᠷᠢᠭᠵᠢᠭᠤᠯᠤᠨ᠂ ᠳᠣᠣᠷ᠎ᠠ ᠠᠭᠠᠷ ᠤᠨ | ᠨᠢᠰᠦᠭᠦᠷ ᠤᠨ ᠰᠡᠯᠪᠢᠭ ᠲᠣᠨᠤᠭ᠂ ᠮᠠᠰᠢᠨ ᠴᠣᠭᠴᠠ᠂ ᠬᠥᠳᠡᠯᠭᠡᠭᠴᠢ ᠬᠦᠴᠦᠨ ᠤ ᠰᠢᠰᠲ᠋ᠧᠮ ᠵᠡᠷᠭᠡ ᠶᠢ ᠰᠡᠯᠪᠢᠨ ᠵᠠᠰᠠᠬᠤ ᠵᠢᠴᠢ ᠲᠠᠯᠠᠪᠤᠷ ᠭᠠᠵᠠᠷ᠂ ᠲᠥᠬᠦᠭᠡᠷᠦᠮᠵᠢ | ᠪᠠ ᠲᠣᠰᠣ ᠴᠠᠬᠢᠯᠭᠠᠨ ᠬᠠᠩᠭᠠᠬᠤ ᠵᠡᠷᠭᠡ ᠬᠦᠷᠢᠶ᠎ᠡ ᠴᠠᠷᠠᠭᠠᠨ ᠤ ᠲᠣᠭᠤᠷᠢᠨ ᠳᠤ᠂ ᠠᠭᠠᠷ ᠤᠨ ᠠᠶᠠᠯᠠᠯ ᠤᠨ ᠲᠣᠨᠤᠭ ᠲᠥᠬᠦᠭᠡᠷᠦᠮᠵᠢ ᠶᠢ ᠲᠥᠬᠦᠷᠵᠢᠭᠦᠯᠬᠦ᠂ ᠰᠡᠯᠪᠢᠨ | ᠵᠠᠰᠠᠵᠤ ᠪᠠᠲᠤᠯᠠᠬᠤ ᠪᠠ ᠳᠣᠣᠷ᠎ᠠ ᠠᠭᠠᠷ ᠤᠨ ᠪᠡᠯᠡᠳᠬᠡᠮᠵᠢ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠢ ᠥᠷᠨᠢᠭᠦᠯᠵᠦ᠂ ᠨᠢᠰᠦᠯᠲᠡ ᠶᠢᠨ ᠮᠠᠰᠢᠨ ᠢ ᠨᠠᠶᠢᠳᠠᠨ | ᠬᠠᠮᠢᠶᠠᠷᠤᠭᠤᠯᠬᠤ ᠪᠠ ᠲᠦᠷᠢᠶᠡᠰᠦᠯᠡᠭᠦᠯᠬᠦ ᠦᠢᠯᠡᠴᠢᠯᠡᠭᠡᠨ ᠢ ᠬᠥᠭᠵᠢᠭᠦᠯᠦᠨ᠂ ᠬᠡᠷᠡᠭᠯᠡᠭᠡᠨ ᠠᠴᠠ ᠭᠠᠷᠤᠭᠰᠠᠨ ᠪᠠ ᠬᠡᠷᠡᠭᠯᠡᠭᠡᠨ ᠠᠴᠠ ᠭᠠᠷᠭᠠᠭᠰᠠᠨ ᠨᠢᠰᠬᠡᠯ ᠢ ᠵᠠᠳᠠᠯᠤᠨ | ᠰᠠᠯᠭᠠᠬᠤ ᠲᠤᠬᠠᠶᠢᠯᠠᠭᠰᠠᠨ ᠠᠵᠢᠯ ᠢ ᠥᠷᠭᠡᠵᠢᠭᠦᠯᠵᠦ᠂ ᠳᠣᠣᠷ᠎ᠠ ᠠᠭᠠᠷ ᠤᠨ ᠠᠶᠠᠯᠠᠯ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠠ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2024 ᠣᠨ ᠤ 9 ᠳ᠋ᠦ᠋ᠭᠡᠷ ᠰᠠᠷ᠎ᠠ ᠶᠢᠨ 14 ᠤ ᠡᠳᠦᠷ ᠳᠠᠷᠤᠮᠠᠯᠯᠠᠨ ᠲᠠᠷᠬᠠᠭᠠᠪᠠ |