2024 ᠣᠨ ᠤ ᠡᠪᠦᠯ ᠤᠨ ᠤᠯᠠᠷᠢᠯ ᠤᠨ ᠢᠯᠴᠢ ᠬᠠᠩᠭᠠᠬᠤ ᠠᠵᠢᠯ ᠨᠢᠭᠡᠨᠲᠡ ᠡᠬᠢᠯᠡᠪᠡ᠂ ᠢᠯᠴᠢ ᠬᠠᠩᠭᠠᠬᠤ ᠠᠵᠤ ᠠᠬᠤᠶᠢᠯᠠᠯ ᠤᠨ ᠦᠢᠯᠡᠴᠢᠯᠡᠭᠡᠨ ᠤ | ᠭᠡᠷ᠎ᠡ ᠳᠤ ᠣᠷᠣᠰᠢᠵᠤ ᠪᠠᠶᠢᠭ᠎ᠠ ᠭᠤᠥᠯᠴᠢ ᠪᠤᠰᠤ᠂ ᠵᠦᠢ ᠵᠣᠬᠢᠰ ᠦᠭᠡᠢ ᠬᠡᠯᠪᠡᠷᠢᠵᠢᠭᠰᠡᠨ ᠵᠦᠢᠯ ᠵᠤᠷᠪᠤᠰ ᠵᠡᠷᠭᠡ ᠦᠵᠡᠭᠳᠡᠯ ᠤᠨ ᠬᠢᠨᠠᠯᠲᠠ ᠬᠠᠮᠢᠶᠠᠷᠤᠯᠲᠠ ᠶᠢ | ᠦᠨᠡᠨ ᠬᠦ ᠴᠢᠩᠭᠠᠳᠬᠠᠬᠤ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ᠂ ᠵᠠᠯᠠᠨ ᠠᠶᠢᠯ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠠᠴᠠ ᠮᠠᠨ ᠤ ᠬᠤᠲᠠ ᠶᠢᠨ ᠢᠯᠴᠢ ᠬᠠᠩᠭᠠᠬᠤ 2 ᠠᠵᠤ ᠠᠬᠤᠶᠢᠯᠠᠯ ᠤᠨ ᠢᠯᠴᠢ ᠬᠠᠩᠭᠠᠬᠤ ᠦᠢᠯᠡᠴᠢᠯᠡᠭᠡᠨ ᠤ ᠭᠡᠷ᠎ᠡ ᠶᠢᠨ ᠲᠤᠰᠬᠠᠢ ᠪᠠᠶᠢᠴᠠᠭᠠᠯᠲᠠ ᠶᠢ | ᠵᠣᠬᠢᠶᠠᠨ ᠪᠠᠶᠢᠭᠤᠯᠵᠤ ᠥᠷᠨᠢᠭᠦᠯᠪᠡ᠃ | ᠪᠠᠶᠢᠴᠠᠭᠠᠬᠤ ᠶᠠᠪᠤᠴᠠ ᠳᠤ᠂ ᠪᠠᠶᠢᠴᠠᠭᠠᠬᠤ ᠠᠵᠢᠯᠲᠠᠨ ᠲᠤᠬᠠᠢ ᠶᠢᠨ ᠭᠠᠵᠠᠷ ᠲᠤᠨᠢ ᠭᠡᠷ᠎ᠡ ᠶᠢᠨ ᠪᠢᠴᠢᠭ ᠨᠢ ︽ᠭᠡᠷ᠎ᠡ ᠶᠢᠨ ᠵᠠᠰᠠᠭ ᠵᠠᠬᠢᠷᠭᠠᠨ ᠤ ᠬᠢᠨᠠᠯᠲᠠ | ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠡᠰᠡᠬᠦ᠂ ᠭᠡᠷ᠎ᠡ ᠲᠣᠭᠲᠠᠬᠤ ᠪᠡᠶᠡᠴᠢ ᠴᠣᠭᠴᠠ ᠨᠢ ᠬᠠᠤᠯᠢ ᠳᠤ ᠨᠡᠶᠢᠴᠡᠬᠦ | ᠡᠰᠡᠬᠦ᠂ ᠭᠡᠷ᠎ᠡ ᠶᠢᠨ ᠬᠡᠯᠪᠡᠷᠢ ᠳᠤ ᠭᠠᠭᠴᠠ ᠲᠠᠯ᠎ᠠ ᠠᠴᠠ ᠬᠡᠷᠡᠭᠯᠡᠭᠴᠢᠳ ᠤᠨ ᠡᠭᠦᠷᠭᠡ ᠶᠢ ᠥᠷᠭᠡᠳᠬᠡᠬᠦ ᠪᠤᠶᠤ ᠭᠠᠭᠴᠠ ᠲᠠᠯ᠎ᠠ ᠠᠴᠠ ᠥᠪᠡᠷ ᠤᠨ ᠡᠭᠦᠷᠭᠡ | ᠬᠠᠷᠢᠭᠤᠴᠠᠯᠭ᠎ᠠ ᠪᠠᠨ ᠬᠡᠯᠲᠦᠷᠢᠭᠦᠯᠬᠦ ᠪᠠᠶᠢᠳᠠᠯ ᠪᠠᠶᠢᠬᠤ ᠡᠰᠡᠬᠦ ᠶᠢ ᠪᠠᠶᠢᠴᠠᠭᠠᠨ ᠦᠵᠡᠵᠦ᠂ ᠡᠵᠡᠩᠨᠡᠭᠴᠢᠳ ᠬᠡᠯᠪᠡᠷᠢᠵᠢᠭᠰᠡᠨ ᠵᠦᠢᠯ ᠵᠤᠷᠪᠤᠰ ᠢ ᠬᠡᠷᠡᠭᠯᠡᠨ | ᠬᠡᠷᠡᠭᠯᠡᠭᠴᠢᠳ ᠲᠠᠢ ᠭᠡᠷ᠎ᠡ ᠲᠣᠭᠲᠠᠬᠤ ᠦᠶ᠎ᠡ ᠳᠤ᠂ ᠲᠤᠰ ᠲᠤᠰ ᠲᠤᠨᠢ ᠮᠡᠳᠡᠭᠳᠡᠬᠦ᠂ ᠦᠰᠦᠭ ᠤᠨ ᠲᠢᠭ ᠢ ᠪᠦᠳᠦᠭᠦᠷᠡᠭᠦᠯᠬᠦ᠂ ᠴᠣᠩᠬᠤ ᠶᠢ ᠴᠢᠪᠬᠠᠳᠠᠬᠤ ᠵᠡᠷᠭᠡ | ᠢᠯᠡ ᠲᠣᠳᠣ ᠬᠡᠯᠪᠡᠷᠢ ᠪᠠᠷ ᠬᠡᠷᠡᠭᠯᠡᠭᠴᠢᠳ ᠲᠤ ᠠᠩᠬᠠᠷᠤᠭᠤᠯᠳᠠᠭ ᠡᠰᠡᠬᠦ ᠭᠡᠬᠦ ᠮᠡᠲᠦ᠃ | ᠪᠠᠶᠢᠴᠠᠭᠠᠯᠲᠠ ᠪᠠᠷ ᠳᠠᠮᠵᠢᠭᠠᠳ᠂ ᠮᠠᠨ ᠤ ᠬᠤᠲᠠ ᠶᠢᠨ ᠢᠯᠴᠢ ᠬᠠᠩᠭᠠᠬᠤ 2 ᠠᠵᠤ ᠠᠬᠤᠶᠢᠯᠠᠯ ᠳᠤ ᠴᠥᠮ ᠬᠡᠯᠪᠡᠷᠢᠵᠢᠭᠰᠡᠨ ᠵᠦᠢᠯ ᠵᠤᠷᠪᠤᠰ ᠢᠶᠠᠷ | ᠬᠡᠷᠡᠭᠯᠡᠭᠴᠢᠳ ᠲᠠᠢ ᠭᠡᠷ᠎ᠡ ᠲᠣᠭᠲᠠᠭᠠᠬᠤ ᠳᠠᠭᠠᠨ ᠠᠰ ᠲᠤᠨᠢ ᠮᠡᠳᠡᠭᠳᠡᠭᠰᠡᠨ ᠦᠭᠡᠢ ᠪᠠ ᠬᠡᠷᠡᠭᠯᠡᠭᠴᠢᠳ ᠲᠤ ᠠᠩᠬᠠᠷᠤᠭᠤᠯᠬᠤ ᠶᠢ ᠰᠠᠨᠠᠭᠤᠯᠤᠭᠰᠠᠨ ᠦᠭᠡᠢ ᠵᠡᠷᠭᠡ | ᠦᠶᠯᠡ ᠠᠵᠢᠯᠯᠠᠭ᠎ᠠ ᠣᠷᠣᠰᠢᠵᠤ ᠪᠠᠶᠢᠨ᠎ᠠ᠂ ᠡᠭᠦᠨ ᠳᠤ ᠪᠠᠶᠢᠴᠠᠭᠠᠬᠤ ᠠᠵᠢᠯᠲᠠᠨ ᠢᠯᠴᠢ ᠬᠠᠩᠭᠠᠬᠤ ᠠᠵᠤ ᠠᠬᠤᠶᠢᠯᠠᠯ ᠢ ᠵᠠᠷᠯᠢᠭᠳᠠᠵᠤ ᠪᠠᠶᠢᠭᠠᠳ ᠲᠣᠭᠲᠠᠭᠰᠠᠨ | ᠬᠤᠭᠤᠴᠠᠭᠠᠨ ᠳᠤ ᠴᠡᠭᠴᠡᠯᠡᠨ ᠵᠠᠰᠠᠭᠤᠯᠵᠤ᠂ ᠵᠢᠷᠤᠮᠵᠢᠯ ᠦᠭᠡᠢ ᠬᠡᠯᠪᠡᠷᠢᠵᠢᠭᠰᠡᠨ ᠭᠡᠷ᠎ᠡ ᠳᠤ ᠣᠷᠣᠰᠢᠵᠤ ᠪᠠᠶᠢᠭ᠎ᠠ ᠠᠰᠠᠭᠤᠳᠠᠯ ᠢ ᠢᠳᠡᠪᠬᠢᠲᠡᠢ ᠪᠠᠷ ᠵᠠᠯᠠᠷᠠᠭᠤᠯᠪᠠ᠃ | ᠡᠨᠡᠬᠦ ᠠᠵᠢᠯ ᠢᠶᠠᠷ ᠳᠠᠮᠵᠢᠭᠤᠯᠤᠨ᠂ ᠡᠵᠡᠩᠨᠡᠯᠲᠡ ᠶᠢᠨ ᠠᠵᠤ ᠠᠬᠤᠶᠢᠯᠠᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠤᠬᠠᠮᠰᠠᠷ ᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠠᠷᠠᠳ ᠤᠯᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠨ᠎ᠠ᠃ |