ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠶᠢᠨ ᠴᠢᠬᠤᠯᠠ ᠬᠠᠷᠠᠯᠲᠠ ᠮᠥᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ | ᠲᠡᠷᠭᠡᠯᠰᠢᠭᠦᠯᠬᠦ ᠶᠢᠨ ᠴᠢᠬᠤᠯᠠ ᠠᠭᠤᠯᠭ᠎ᠠ ᠮᠥᠨ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ᠂ ᠦᠵᠡᠰᠬᠦᠯᠡᠩᠲᠦ ᠰᠠᠶᠢᠬᠠᠨ ᠳᠤᠮᠳᠠᠳᠤ | ᠤᠯᠤᠰ ᠢ ᠪᠦᠲᠦᠭᠡᠨ ᠪᠠᠶᠢᠭᠤᠯᠬᠤ ᠳᠤ ︽ᠵᠠᠰᠠᠭ ᠤᠨ ᠣᠷᠳᠣᠨ ᠢᠶᠠᠷ ᠤᠳᠤᠷᠢᠳᠤᠮᠵᠢ ᠪᠣᠯᠭᠠᠭᠰᠠᠨ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ᠂ | ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠤᠯᠠᠨ ᠨᠠᠶᠢᠳᠠ ᠪᠠᠷ ᠢᠶᠠᠨ ᠬᠠᠮᠲᠤ ᠪᠠᠷ ᠣᠷᠣᠯᠴᠠᠭᠰᠠᠨ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠢ ᠪᠠᠶᠢᠭᠤᠯᠬᠤ | ᠬᠡᠷᠡᠭᠲᠡᠶ︾ ᠭᠡᠵᠦ ᠵᠢᠭᠠᠵᠤ ᠭᠠᠷᠭᠠᠪᠠ᠃ ᠤᠯᠠᠨ ᠨᠠᠶᠢᠳᠠ ᠶᠢᠨ ᠣᠷᠤᠯᠴᠠᠯᠭ᠎ᠠ ᠨᠢ ᠡᠨᠡ ᠬᠦ ᠰᠢᠰᠲ᠋ᠧᠮ ᠳᠤ ᠶᠠᠮᠠᠷ ᠵᠠᠩᠭᠢᠯᠠᠭ᠎ᠠ ᠶᠢᠨ ᠳᠦᠷᠢ ᠶᠢ ᠲᠣᠭᠯᠠᠵᠤ ᠪᠠᠶᠢᠬᠤ | ᠪᠤᠢ︖ ᠤᠯᠠᠨ ᠲᠦᠮᠡᠨ ᠶᠠᠮᠠᠷ ᠶᠠᠮᠠᠷ ᠠᠷᠭ᠎ᠠ ᠵᠠᠮ ᠢᠶᠠᠷ ᠡᠭᠦᠨ ᠳᠤ ᠣᠷᠣᠯᠴᠠᠵᠤ ᠪᠣᠯᠬᠤ ᠪᠤᠢ︖ ᠬᠡᠷᠬᠢᠨ ᠤᠯᠠᠨ ᠨᠠᠶᠢᠳᠠ ᠶᠢᠨ ᠢᠳᠡᠪᠬᠢᠵᠢᠯ ᠢ ᠭᠦᠢᠴᠡᠳ | ᠲᠠᠶᠢᠴᠢᠯᠠᠵᠦ᠂ ᠪᠦᠬᠦ ᠠᠷᠠᠳ ᠤᠨ ᠬᠦᠴᠦᠨ ᠢ ᠨᠢᠭᠲᠠᠷᠠᠭᠤᠯᠵᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠪᠤᠢ︖ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠶᠢ ᠤᠯᠠᠨ ᠨᠠᠶᠢᠳᠠ ᠳᠤ ᠨᠡᠭᠡᠭᠡᠯᠲᠡ ᠲᠠᠢ ᠪᠣᠯᠭᠠᠭᠰᠠᠨ ᠨᠢ ᠡᠭᠦᠨ ᠳᠤ ᠬᠠᠷᠢᠭᠤᠯᠲᠠ ᠥᠭᠴᠡᠢ᠂ ᠲᠡᠷᠡ ᠨᠢ | ᠵᠠᠰᠠᠭ ᠤᠨ ᠣᠷᠳᠣᠨ᠂ ᠠᠵᠤ ᠠᠬᠤᠶᠢᠯᠠᠯ ᠪᠣᠯᠣᠨ ᠤᠯᠠᠨ ᠨᠠᠶᠢᠳᠠ ᠳᠤ ᠬᠠᠮᠲᠤ ᠪᠠᠷ ᠣᠷᠣᠯᠴᠠᠬᠤ᠂ ᠬᠠᠮᠲᠤ ᠪᠠᠷ ᠠᠰᠢᠭ ᠭᠥᠷᠳᠡᠬᠦ ᠲᠠᠪᠴᠠᠩ ᠢ ᠪᠠᠶᠢᠭᠤᠯᠵᠤ | ᠥᠭᠭᠦᠭᠰᠡᠨ ᠪᠠᠶᠢᠨ᠎ᠠ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠨᠤᠭ ᠲᠥᠬᠦᠭᠡᠷᠦᠮᠵᠢ ᠶᠢ ᠤᠯᠠᠨ ᠨᠠᠶᠢᠳᠠ ᠳᠤ ᠨᠡᠭᠡᠭᠡᠯᠲᠡ ᠲᠠᠢ ᠪᠣᠯᠭᠠᠬᠤ ᠪᠣᠯ ᠣᠷᠴᠢᠨ | ᠲᠣᠭᠤᠷᠢᠨ ᠤ ᠵᠠᠰᠠᠯᠲᠠ ᠳᠤ ᠤᠯᠠᠨ ᠨᠠᠶᠢᠳᠠ ᠪᠠᠷ ᠢᠶᠠᠨ ᠣᠷᠣᠯᠴᠠᠬᠤ ᠠᠮᠢᠳᠤᠯᠢᠭ ᠦᠢᠯᠡᠳᠦᠯᠭᠡ ᠮᠥᠨ᠃ |