11 11 12 | | | | | 11 ᠰᠠᠷ᠎ᠠ ᠶᠢᠨ 11 ᠠᠴᠠ 12 ᠤᠨ ᠡᠳᠦᠷ ᠪᠤᠯᠲᠠᠯ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ | ᠰᠦᠨ ᠱᠤᠤ ᠴᠧᠩ ᠦᠬᠠᠢ ᠬᠤᠳᠠ ᠳᠤ ᠬᠦᠷᠴᠦ ᠲᠤᠬᠠᠢ ᠶᠢᠨ | ᠭᠠᠵᠠᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠢ | ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠰᠠᠭᠤᠳᠠᠯ ᠤᠨ | ᠬᠤᠷᠠᠯ ᠬᠤᠷᠠᠯᠳᠤᠭᠤᠯᠵᠤ ᠂ ᠬᠤᠯᠪᠣᠭᠳᠠᠯ ᠪᠦᠬᠦᠢ ᠠᠵᠢᠯ ᠤᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠃ | ᠲᠣᠰ ᠰᠣᠨᠢᠨ ᠤ ᠰᠤᠷᠪᠤᠯᠵᠢᠯᠠᠭᠴᠢ ᠮᠠ ᠵᠢᠶᠠᠨ ᠪᠢᠩ | ᠰᠡᠭᠦᠳᠡᠷᠯᠡᠪᠡ | | ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ | ᠰᠦᠨ ᠱᠤᠤ ᠴᠧᠩ᠂ ᠵᠢᠯ ᠤᠨ ᠡᠴᠦᠰ ᠪᠤᠯᠲᠠᠯ᠎ᠠ ᠤᠳᠤ 50 ᠡᠳᠦᠷ ᠴᠤ | ᠦᠭᠡᠢ ᠪᠣᠯᠵᠠᠢ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ | ᠵᠣᠷᠢᠭ ᠢᠶᠠᠨ ᠬᠥᠪᠴᠢᠯᠡᠵᠦ᠂ ᠠᠩᠬᠠᠷᠤᠯ ᠢᠶᠠᠨ | ᠲᠥᠪᠯᠡᠷᠡᠭᠦᠯᠵᠦ᠂ ᠨᠢᠭᠡ ᠰᠡᠳᠬᠢᠯ ᠨᠢᠭᠡ ᠵᠣᠷᠢᠭ ᠢᠶᠠᠷ ᠡᠯ᠎ᠡ | ᠵᠦᠢᠯ ᠤᠨ ᠠᠵᠢᠯ ᠢᠶᠠᠨ ᠰᠠᠶᠢᠲᠤᠷ ᠬᠢᠵᠦ᠂ ᠰᠢᠪᠲᠤᠯᠤᠯᠲᠠ ᠶᠢᠨ | ᠪᠠᠶᠢᠳᠠᠯ ᠢᠶᠠᠷ ᠰᠡᠭᠦᠯ ᠬᠤᠷᠢᠶᠠᠬᠤ ᠳᠠᠶᠢᠯᠠᠯᠳᠤᠭᠠᠨ ᠢ | ᠰᠠᠶᠢᠲᠤᠷ ᠬᠢᠵᠦ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ | ᠪᠠᠶᠢᠭᠠᠳ ᠬᠠᠮᠤᠭ ᠤᠨ ᠰᠠᠶᠢᠨ ᠬᠢᠷᠢ ᠪᠦᠲᠦᠮᠵᠢ ᠶᠢ ᠣᠯᠬᠤ ᠪᠠᠷ | ᠴᠢᠷᠮᠠᠶᠢᠬᠤ ᠬᠡᠷᠡᠭᠲᠡᠢ᠃ ᠠᠵᠤ ᠠᠬᠤᠢ ᠶᠢᠨ ᠡᠷᠭᠢᠯᠲᠡ ᠶᠢᠨ | ᠳᠤᠮᠳᠠ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ | ᠭᠦᠨᠵᠡᠭᠡᠢ ᠵᠠᠳᠠᠯᠵᠤ᠂ ᠬᠠᠨᠳᠤᠯᠭᠠᠲᠤ ᠴᠢᠨᠠᠷᠲᠠᠢ ᠠᠷᠭ᠎ᠠ | ᠬᠡᠮᠵᠢᠶ᠎ᠡ ᠠᠪᠴᠤ ᠪᠠᠶᠢᠭᠠᠳ ᠰᠢᠢᠳᠪᠦᠷᠢᠯᠡᠬᠦ ᠬᠡᠷᠡᠭᠲᠡᠢ᠃ | ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ | ᠡᠷᠴᠢᠮ ᠢᠶᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠲᠦᠷᠦᠯ | ᠵᠦᠢᠯ ᠢ ᠡᠬᠢᠯᠡᠭᠦᠯᠬᠦ ᠶᠣᠰᠣᠲᠠᠢ ᠶᠢ ᠨᠢ ᠪᠦᠭᠦᠨ ᠢ | ᠡᠬᠢᠯᠡᠭᠦᠯᠵᠦ᠂ ᠪᠦᠲᠦᠭᠡᠨ ᠪᠠᠶᠢᠭᠤᠯᠤᠯᠲᠠ ᠶᠢ | ᠲᠦᠷᠭᠡᠳᠬᠡᠬᠦ ᠶᠢ ᠪᠦᠭᠦ ᠬᠦᠴᠦᠨ ᠢᠶᠠᠷ ᠠᠬᠢᠭᠤᠯᠵᠤ᠂ ᠨᠡᠩ | ᠤᠯᠠᠨ ᠪᠣᠳᠠᠲᠤ ᠪᠣᠳᠠᠰ ᠤᠨ ᠬᠡᠮᠵᠢᠶ᠎ᠡ ᠶᠢ ᠪᠦᠷᠢᠯᠳᠦᠭᠦᠯᠬᠦ | ᠬᠡᠷᠡᠭᠲᠡᠢ᠃ ᠦᠬᠠᠢ ᠬᠤᠲᠠ ᠪᠣᠯ ᠡᠬᠢ ᠪᠠᠶᠠᠯᠢᠭ ᠤᠨ | ᠭᠡᠯᠪᠡᠷᠢ ᠶᠢᠨ ᠨᠡᠶᠢᠲᠡᠯᠢᠭ ᠬᠤᠲᠠ ᠮᠥᠨ᠂ ᠭᠡᠯᠪᠡᠷᠢ ᠪᠠᠨ | ᠬᠤᠪᠢᠷᠠᠭᠤᠯᠤᠨ ᠬᠥᠭᠵᠢᠬᠦ ᠬᠠᠷᠢᠭᠤᠴᠠᠯᠭᠠᠲᠤ ᠰᠡᠳᠬᠢᠯᠭᠡ ᠪᠠ | ᠲᠤᠯᠭᠠᠮ ᠰᠡᠳᠬᠢᠯᠭᠡ ᠪᠠᠨ ᠴᠢᠩᠭᠠᠳᠬᠠᠵᠤ᠂ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠲᠠᠢ ᠤᠶᠠᠯᠳᠤᠭᠤᠯᠤᠨ᠂ ᠡᠬᠢ | ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ | ᠭᠡᠯᠪᠡᠷᠢ ᠪᠠᠨ ᠬᠤᠪᠢᠷᠠᠭᠤᠯᠤᠨ ᠬᠥᠭᠵᠢᠬᠦ ᠲᠠᠯ᠎ᠠ ᠪᠠᠷ | ᠵᠣᠷᠢᠭᠲᠠᠢ ᠰᠦᠪᠡᠭᠴᠢᠯᠡᠯᠲᠡ ᠬᠢᠵᠦ᠂ ᠤᠷᠢᠳ ᠢᠶᠠᠷ | ᠬᠡᠷᠡᠭᠵᠢᠭᠦᠯᠦᠨ ᠤᠷᠢᠳ ᠢᠶᠠᠷ ᠲᠤᠷᠰᠢᠵᠤ᠂ ᠪᠦᠭᠦ ᠣᠷᠣᠨ ᠳᠤ ︽ | ᠨᠢᠭᠡᠨ ᠵᠠᠮ ᠰᠦᠪᠡᠭᠴᠢᠯᠡᠵᠦ ᠥᠭᠬᠦ ︾ ᠬᠡᠷᠡᠭᠲᠡᠢ᠃ ᠳᠠᠪᠠᠭᠤᠯᠢᠭ | ᠣᠨᠴᠠᠯᠢᠭᠲᠤ ᠠᠵᠤ ᠦᠢᠯᠡᠰ ᠢ ᠲᠦᠷᠭᠡᠨ ᠬᠥᠭᠵᠢᠭᠦᠯᠵᠦ᠂ ᠰᠢᠨ᠎ᠡ | ᠨᠡᠮᠡᠭᠳᠡᠯ ᠤᠨ ᠴᠡᠭ ᠢ ᠢᠳᠡᠪᠬᠢᠲᠡᠢ ᠪᠤᠶᠢᠵᠢᠭᠤᠯᠵᠤ᠂ ᠠᠷᠭ᠎ᠠ | ᠰᠦᠪᠡᠭᠴᠢᠯᠡᠨ ᠠᠵᠤ ᠠᠬᠤᠶᠢᠯᠠᠯ ᠤᠨ ᠬᠦᠴᠢᠷ ᠢ ᠲᠤᠭᠤᠯᠵᠦ᠂ | ᠵᠠᠬ᠎ᠠ ᠳᠡᠯᠭᠡᠭᠦᠷ ᠢ ᠵᠠᠪᠳᠤᠨ ᠡᠵᠡᠯᠡᠬᠦ ᠳᠤ ᠳᠡᠮᠵᠢᠯᠭᠡ | ᠦᠵᠡᠭᠦᠯᠭᠦ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢ ᠴᠢᠩᠭᠠᠳᠬᠠᠵᠤ᠂ ᠦᠬᠠᠢ ᠵᠢᠴᠢ ᠡᠷᠭᠢᠨ | ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ | ᠪᠣᠬᠢᠷᠳᠤᠯ ᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ | ᠡᠵᠡᠮᠳᠡᠬᠦ ᠠᠵᠢᠯ ᠢ ᠲᠣᠪᠤᠶᠢᠮ᠎ᠠ ᠰᠠᠶᠢᠲᠤᠷ ᠠᠳᠬᠤᠵᠤ᠂ ᠦᠬᠠᠢ | ᠨᠠᠭᠤᠷ ᠤᠨ ᠨᠦᠯᠦᠮᠡᠯ ᠰᠢᠪᠠᠷ ᠢ ᠴᠡᠪᠡᠷᠯᠡᠬᠦ ᠠᠵᠢᠯ ᠢ | ᠭᠦᠨᠵᠡᠭᠡᠢ ᠠᠬᠢᠭᠤᠯᠬᠤ ᠬᠡᠷᠡᠭᠲᠡᠢ᠃ ᠠᠭᠤᠷᠬᠠᠢ ᠶᠢᠨ | ᠵᠠᠰᠠᠯᠲᠠ᠂ ᠬᠤᠵᠢᠷᠯᠢᠭ ᠭᠠᠵᠠᠷ ᠤᠨ ᠵᠠᠰᠠᠯᠲᠠ ᠶᠢ ᠭᠠᠵᠠᠷ | ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠲᠠᠢ | ᠣᠷᠭᠠᠨᠢᠭ ᠢᠶᠠᠷ ᠵᠣᠯᠭᠠᠭᠤᠯᠵᠤ᠂ ᠡᠵᠡᠯᠡᠬᠦ | ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠵᠡᠷᠭᠡ | ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ | ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠯᠡᠵᠦ᠂ | ᠶᠡᠷᠦᠩᠬᠡᠶᠢᠯᠡᠭᠰᠡᠨ ᠦᠢᠯᠡᠳᠦᠯ ᠢ ᠪᠠᠳᠠᠷᠠᠭᠤᠯᠵᠤ᠂ ᠰᠠᠶᠢᠨ | ᠣᠷᠴᠢᠯ ᠢ ᠪᠦᠷᠢᠯᠳᠦᠭᠦᠯᠬᠦ ᠬᠡᠷᠡᠭᠲᠡᠢ᠃ ᠠᠷᠠᠳ ᠤᠨ | ᠠᠮᠢᠳᠤᠷᠠᠯ ᠢ ᠪᠠᠲᠤᠯᠠᠬᠤ ᠡᠯ᠎ᠡ ᠵᠦᠢᠯ ᠤᠨ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ᠵᠠᠰᠠᠭ ᠤᠨ ᠣᠷᠳᠣᠨ ᠤ | ᠥᠷᠢ ᠥᠭᠴᠡᠭᠡ ᠶᠢ ᠰᠢᠢᠳᠪᠦᠷᠢᠯᠡᠬᠦ ᠠᠵᠢᠯ ᠢ ᠡᠮᠬᠢ | ᠵᠢᠷᠤᠮ ᠲᠠᠢ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ | ᠠᠵᠢᠯ ᠢ ᠦᠨᠡᠨ ᠬᠦ ᠰᠠᠶᠢᠲᠤᠷ ᠠᠳᠬᠤᠵᠤ᠂ ᠨᠡᠶᠢᠭᠡᠮ ᠤᠨ ᠡᠶ᠎ᠡ | ᠵᠣᠬᠢᠴᠠᠩᠭᠤᠢ ᠲᠣᠭᠲᠠᠭᠤᠨ ᠢ ᠡᠷᠡᠰ ᠬᠠᠮᠠᠭᠠᠯᠠᠬᠤ | ᠬᠡᠷᠡᠭᠲᠡᠢ᠃ ᠰᠣᠶᠣᠯ ᠤᠨ ᠪᠠ ᠪᠠᠶᠢᠭᠠᠯᠢ ᠶᠢᠨ ᠥᠪ ᠢ | ᠤᠯᠠᠮᠵᠢᠯᠠᠨ ᠵᠠᠯᠭᠠᠮᠵᠢᠯᠠᠬᠤ᠂ ᠠᠰᠢᠭᠯᠠᠬᠤ ᠠᠵᠢᠯ ᠢ | ᠦᠷᠭᠦᠯᠵᠢᠯᠡᠨ ᠴᠢᠩᠭᠠᠳᠬᠠᠵᠤ᠂ ᠥᠪ ᠢ ᠬᠠᠮᠠᠭᠠᠯᠠᠬᠤ | ᠴᠢᠳᠠᠪᠤᠷᠢ ᠪᠠ ᠲᠦᠪᠰᠢᠨ ᠢᠶᠠᠨ ᠲᠠᠰᠤᠷᠠᠯᠲᠠ ᠦᠭᠡᠢ | ᠳᠡᠭᠡᠭᠰᠢᠯᠡᠭᠦᠯᠭᠦ ᠬᠡᠷᠡᠭᠲᠡᠢ᠃ ᠥᠭᠡᠷᠡᠴᠢᠯᠡᠯᠲᠡ ᠶᠢ | ᠠᠳᠬᠤᠵᠤ ᠬᠥᠭᠵᠢᠯᠲᠡ ᠶᠢ ᠠᠬᠢᠭᠤᠯᠬᠤ ᠲᠠᠢ ᠨᠢᠭᠲᠠ | ᠤᠶᠠᠯᠳᠤᠭᠤᠯᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ | ᠠᠷᠭ᠎ᠠ ᠪᠦᠭᠦᠨ ᠢ ᠰᠦᠪᠡᠭᠴᠢᠯᠡᠨ ᠺᠠᠳ᠋ᠷ ᠤᠨ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ | ᠵᠣᠷᠢᠭᠵᠢᠭᠤᠯᠬᠤ ᠬᠡᠷᠡᠭᠲᠡᠢ᠃ ᠢᠷᠡᠬᠦ ᠵᠢᠯ ᠤᠨ ᠠᠵᠢᠯ ᠢ | ᠡᠷᠲᠡ ᠠᠴᠠ ᠪᠣᠳᠣᠯᠬᠢᠯᠠᠵᠤ᠂ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠵᠦ᠂ ᠪᠣᠳᠠᠲᠠᠢ ᠬᠡᠷᠡᠭᠵᠢᠭᠦᠯᠵᠦ ᠪᠣᠯᠬᠤᠶᠢᠴᠠ | ᠰᠡᠳᠬᠢᠴᠡ ᠪᠠ ᠠᠷᠭ᠎ᠠ ᠬᠡᠮᠵᠢᠶ᠎ᠡ ᠶᠢ ᠠᠯᠢ ᠲᠦᠷᠭᠡᠨ ᠢᠶᠠᠷ | ᠭᠠᠷᠭᠠᠬᠤ ᠬᠡᠷᠡᠭᠲᠡᠢ ᠭᠡᠵᠡᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠦᠢ | ᠯᠢ ᠰᠢᠨ ᠣᠷᠣᠯᠴᠠᠵᠠᠢ᠃ |