ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢ ᠪᠥᠬᠦ ᠬᠦᠴᠦᠨ ᠢᠶᠠᠷ ᠢᠶᠠᠨ ᠭᠦᠨᠵᠡᠭᠡᠶᠢᠷᠡᠭᠦᠯᠦᠨ ᠥᠷᠨᠢᠭᠦᠯᠪᠡ
ᠨᠡᠶᠢᠲᠡᠯᠡᠭᠰᠡᠨ ᠴᠠᠭ᠄
2024/11/28
    7 ᠳ᠋ᠤᠭᠠᠷ ᠰᠠᠷ᠎ᠠ ᠶᠢᠨ 1 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢᠨ ᠠᠵᠢᠯ ᠤᠨ ᠬᠠᠮᠢᠶ᠎ᠠ ᠪᠥᠬᠦᠶ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃     6 ᠳ᠋ᠤᠭᠠᠷ ᠰᠠᠷ᠎ᠠ ᠶᠢᠨ 25 ᠤ ᠡᠳᠦᠷ᠂ ᠳᠣᠲᠣᠭᠠᠳᠤ ᠶᠢ ᠬᠠᠮᠠᠭᠠᠯᠠᠬᠤ ᠶᠠᠮᠤᠨ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢ ᠪᠠᠶᠢᠷᠢᠯᠠᠭᠤᠯᠤᠨ ᠥᠷᠨᠢᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠪᠥᠬᠦ ᠣᠷᠣᠨ ᠤ ᠵᠣᠨ ᠤ ᠤᠯᠠᠷᠢᠯ ᠤᠨ ᠨᠡᠶᠢᠭᠡᠮ ᠤᠨ ᠠᠮᠤᠷ ᠢ ᠬᠠᠮᠠᠭᠠᠯᠠᠬᠤ ᠣᠨᠴᠠᠯᠢᠭ ᠲᠤ ᠴᠢᠭᠯᠡᠭᠦᠯᠦᠨ᠂ ︽ᠶᠠᠮᠠᠷ ᠶᠠᠯᠠᠲᠤ ᠠᠵᠢᠯᠯᠠᠭ᠎ᠠ ᠲᠣᠪᠤᠶᠢᠮ᠎ᠠ ᠪᠣᠯ ᠶᠠᠮᠠᠷ ᠶᠠᠯᠠᠲᠤ ᠠᠵᠢᠯᠯᠠᠭ᠎ᠠ ᠳᠤ ᠭᠤᠤᠯᠳᠠᠯᠭ᠎ᠠ ᠲᠠᠢ ᠴᠣᠬᠢᠯᠲᠠ ᠥᠭᠬᠦ᠂ ᠬᠠᠮᠢᠭ᠎ᠠ ᠠᠮᠤᠷ ᠲᠤᠭᠳᠠᠭᠤᠨ ᠪᠤᠰᠤ ᠪᠣᠯ ᠭᠤᠤᠯᠳᠠᠯᠭ᠎ᠠ ᠲᠠᠢ ᠴᠡᠭᠴᠡᠯᠡᠨ ᠵᠠᠰᠠᠬᠤ︾ ᠵᠠᠷᠴᠢᠮ ᠢ ᠪᠠᠷᠢᠮᠲᠠᠯᠠᠨ ᠳᠠᠷᠤᠶ ᠲᠦᠷᠭᠡᠨ ᠪᠠᠶᠢᠷᠢᠯᠠᠭᠤᠯᠵᠤ᠂ ᠪᠥᠬᠦ ᠣᠷᠣᠨ ᠤ ᠬᠡᠪᠴᠢᠶᠡᠨ ᠳᠤ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢ ᠥᠷᠨᠢᠭᠦᠯᠵᠦ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠲᠥᠪᠯᠡᠷᠡᠭᠦᠯᠦᠨ ᠪᠣᠭᠤᠮᠲᠠ ᠰᠢᠪᠲᠤᠯᠤᠨ ᠠᠷᠢᠯᠭᠠᠵᠤ᠂ ᠪᠥᠬᠦ ᠣᠷᠣᠨ ᠤ ᠨᠡᠶᠢᠭᠡᠮ ᠤᠨ ᠠᠮᠤᠷ ᠢ ᠬᠠᠮᠠᠭᠠᠯᠠᠬᠤ ᠪᠦᠬᠦ ᠲᠠᠯ᠎ᠠ ᠶᠢᠨ ᠦᠷᠭᠦᠯᠵᠢᠯᠡᠨ ᠠᠮᠤᠷ ᠲᠦᠪᠰᠢᠨ ᠲᠣᠭᠲᠠᠭᠤᠨ ᠪᠠᠶᠢᠬᠤ ᠶᠢ ᠬᠠᠮᠠᠭᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠬᠤᠷᠠᠯᠳᠤᠬᠤ ᠳᠤ ᠤᠮᠠᠷᠠᠲᠤ ᠬᠢᠯᠢ ᠶᠢᠨ ᠰᠠᠶᠢᠨ ᠰᠠᠶᠢᠬᠠᠨ ᠨᠡᠶᠢᠭᠡᠮ ᠤᠨ ᠠᠮᠤᠷ ᠢ ᠬᠠᠮᠠᠭᠠᠯᠠᠬᠤ ᠣᠷᠴᠢᠨ ᠢ ᠡᠭᠦᠳᠴᠦ ᠪᠤᠢ᠃     ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ ᠲᠣᠭᠲᠠᠭᠤᠨ ᠢ ᠬᠠᠮᠠᠭᠠᠯᠠᠬᠤ ᠭᠤᠤᠯ ᠱᠤᠭᠤᠮ ᠳᠤ ᠠᠩᠬᠠᠷᠤᠯ ᠢᠶᠠᠨ ᠲᠦᠪᠯᠡᠷᠡᠭᠦᠯᠵᠦ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ᠤᠷᠢᠳᠴᠢᠯᠠᠨ ᠬᠥᠳᠡᠯᠬᠦ᠂ ᠴᠣᠬᠢᠯᠲᠠ ᠥᠭᠬᠦ ᠪᠠ ᠰᠡᠷᠭᠡᠶᠢᠯᠡᠬᠦ ᠶᠢ ᠬᠤᠣᠰᠯᠠᠭᠤᠯᠬᠤ᠂ ᠡᠬᠢ ᠡᠭᠦᠰᠦᠯ ᠠᠴᠠ ᠨᠢ ᠵᠠᠰᠠᠬᠤ᠂ ᠶᠡᠷᠦᠩᠬᠡᠶᠢᠯᠡᠨ ᠪᠤᠳᠤᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠪᠠ ᠰᠠᠮᠠᠭᠤᠨ ᠪᠠᠶᠢᠳᠠᠯ ᠢ ᠭᠤᠣᠯᠳᠠᠯᠭ᠎ᠠ ᠲᠠᠢ ᠵᠠᠰᠠᠬᠤ ᠶᠢ ᠪᠠᠷᠢᠮᠲᠠᠯᠠᠨ᠂ ᠡᠯ᠎ᠡ ᠹᠷᠣᠨᠲ ᠤᠨ ᠲᠤᠰᠬᠠᠶ ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠴᠣᠬᠢᠬᠤ᠂ ᠰᠡᠷᠭᠡᠶᠢᠯᠡᠬᠦ᠂ ᠬᠠᠮᠢᠶᠠᠷᠬᠤ᠂ ᠡᠯ᠎ᠡ ᠵᠦᠢᠯ ᠤᠨ ᠠᠵᠢᠯ ᠢ ᠵᠠᠰᠠᠬᠤ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠭᠡᠮ ᠤᠨ ᠠᠮᠤᠷ ᠲᠦᠪᠰᠢᠨ ᠤ ᠡᠵᠡᠮᠳᠡᠬᠦ ᠬᠦᠴᠦᠨ ᠢ ᠦᠨᠡᠨ ᠬᠦ ᠳᠡᠭᠡᠭᠰᠢᠯᠡᠭᠦᠯᠦᠨ᠂ ᠠᠷᠠᠳ ᠣᠯᠠᠨ ᠤ ᠣᠯᠤᠯᠲᠠ ᠶᠢᠨ ᠲᠥᠷᠥᠭᠳᠡᠯ ᠵᠢᠷᠭᠠᠯᠲᠤ ᠲᠥᠷᠥᠭᠳᠡᠯ ᠲᠠᠶᠢᠪᠤᠩᠳᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠵᠦ᠂ ︽ᠵᠠᠭᠤᠨ ᠡᠳᠦᠷ ᠤᠨ ᠠᠵᠢᠯᠯᠠᠭ᠎ᠠ︾ ᠨᠢ ︽ᠳᠥᠷᠪᠡᠨ ᠪᠦᠯᠦᠭ᠂ ᠳᠥᠷᠪᠡ ᠶᠢ ᠴᠢᠩᠭ᠎ᠠ ᠰᠡᠷᠭᠡᠶᠢᠯᠡᠬᠦ᠂ ᠨᠢᠭᠡ ᠶᠢ ᠦᠨᠡᠨ ᠬᠦ ᠪᠠᠲᠤᠯᠠᠬᠤ︾ ᠠᠵᠢᠯ ᠤᠨ ᠬᠠᠷᠠᠯᠲᠠ ᠶᠢ ᠦᠨᠡᠨ ᠬᠦ ᠪᠠᠳᠤᠯᠠᠵᠤ᠂ ᠲᠤᠬᠠᠶᠢᠯᠠᠪᠠᠯ᠄ ᠨᠢᠭᠡ ᠪᠦᠯᠦᠭ ᠬᠠᠤᠯᠢ ᠠᠴᠠ ᠵᠥᠷᠢᠴᠡᠭᠰᠡᠨ ᠶᠠᠯᠠᠲᠤ ᠡᠲᠡᠭᠡᠳ ᠢ ᠵᠠᠯᠬᠠᠭᠠᠨ ᠰᠢᠢᠳᠭᠡᠬᠦ᠂ ᠨᠡᠶᠢᠭᠡᠮ ᠤᠨ ᠠᠮᠤᠷ ᠲᠦᠪᠰᠢᠨ ᠡᠮᠬᠢ ᠵᠠᠮᠪᠠᠷᠠᠭ᠎ᠠ ᠦᠭᠡᠢ ᠨᠢᠭᠡ ᠪᠦᠯᠦᠭ ᠭᠠᠵᠠᠷ ᠣᠷᠣᠨ ᠢ ᠴᠡᠭᠴᠡᠯᠡᠨ ᠵᠠᠰᠠᠬᠤ᠂ ᠨᠢᠭᠡ ᠪᠦᠯᠦᠭ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠠᠷᠢᠯᠭᠠᠬᠤ᠂ ᠨᠢᠭᠡ ᠪᠦᠯᠦᠭ ︽ᠢᠷᠭᠡᠨ ᠤ ᠬᠡᠷᠡᠭ ᠢ ᠡᠷᠡᠭᠦᠦ ᠶᠢᠨ ᠬᠡᠷᠡᠭ ᠪᠣᠯᠭᠠᠨ ᠬᠤᠪᠢᠷᠠᠭᠤᠯᠬᠤ︾ ︽ᠡᠷᠡᠭᠦᠦ ᠶᠢᠨ ᠬᠡᠷᠡᠭ ᠢ ᠠᠮᠢᠨ ᠬᠡᠷᠡᠭ ᠪᠣᠯᠭᠠᠨ ᠬᠤᠪᠢᠷᠠᠭᠤᠯᠬᠤ︾ ᠬᠡᠷᠡᠭ ᠢ ᠰᠡᠷᠭᠡᠶᠢᠯᠡᠨ ᠡᠵᠡᠮᠳᠡᠵᠦ᠂ ᠤᠯᠤᠰ ᠲᠥᠷᠥ ᠶᠢᠨ ᠠᠮᠤᠷ ᠲᠦᠪᠰᠢᠨ ᠢ ᠨᠥᠯᠥᠭᠡᠯᠡᠬᠦ ᠬᠦᠨᠳᠦ ᠶᠡᠭᠡ ᠬᠡᠷᠡᠭ ᠪᠠ ᠬᠦᠴᠦᠷᠬᠡᠭᠯᠡᠯ ᠰᠦᠷᠳᠡᠭᠦᠯᠦᠯ ᠤᠨ ᠬᠡᠷᠡᠭ ᠵᠢᠴᠢ ᠬᠤᠪᠢ ᠬᠥᠮᠦᠨ ᠤ ᠬᠡᠲᠦᠷᠡᠮᠡᠬᠡᠶ ᠬᠦᠴᠦᠷᠬᠡᠭᠯᠡᠯ ᠤᠨ ᠬᠡᠷᠡᠭ ᠭᠠᠷᠬᠤ ᠶᠢ ᠴᠢᠩᠭ᠎ᠠ ᠰᠡᠷᠭᠡᠶᠢᠯᠡᠬᠦ᠂ ᠣᠯᠠᠨ ᠲᠦᠮᠡᠨᠴᠢ ᠴᠢᠨᠠᠷᠲᠠᠶ ᠬᠦᠨᠳᠦ ᠶᠡᠭᠡ ᠬᠡᠷᠡᠭ ᠭᠠᠷᠬᠤ ᠶᠢ ᠴᠢᠩᠭ᠎ᠠ ᠰᠡᠷᠭᠡᠶᠢᠯᠡᠬᠦ᠂ ᠣᠯᠠᠨ ᠲᠦᠮᠡᠨ ᠤ ᠠᠮᠤᠷ ᠲᠦᠪᠰᠢᠨ ᠤ ᠰᠡᠳᠬᠢᠯᠭᠡ ᠶᠢ ᠬᠦᠨᠳᠦ ᠨᠣᠴᠢᠲᠠᠶ ᠨᠥᠯᠥᠭᠡᠯᠡᠭᠰᠡᠨ ᠬᠦᠨᠳᠦ ᠶᠡᠭᠡ ᠡᠷᠡᠭᠦᠦ ᠶᠢᠨ ᠬᠡᠷᠡᠭ ᠠᠮᠤᠷ ᠲᠦᠪᠰᠢᠨ ᠤ ᠬᠡᠷᠡᠭ ᠭᠠᠷᠬᠤ ᠶᠢ ᠴᠢᠩᠭ᠎ᠠ ᠰᠡᠷᠭᠡᠶᠢᠯᠡᠬᠦ᠂ ᠣᠯᠠᠨ ᠨᠡᠶᠢᠲᠡ ᠶᠢᠨ ᠬᠦᠨᠳᠦ ᠶᠡᠭᠡ ᠠᠮᠤᠷ ᠲᠦᠪᠰᠢᠨ ᠪᠠ ᠵᠠᠮ ᠬᠠᠷᠢᠯᠴᠠᠭᠠᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠪᠠ ᠨᠡᠶᠢᠭᠡᠮ ᠤᠨ ᠪᠦᠬᠦ ᠲᠠᠯ᠎ᠠ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨ ᠬᠦ ᠪᠠᠳᠤᠯᠠᠪᠠ᠃     ᠰᠤᠷᠪᠤᠯᠵᠢᠯᠠᠭᠴᠢ᠄ ᠠᠮᠤᠷ ᠢ ᠬᠠᠮᠠᠭᠠᠯᠠᠬᠤ ᠰᠠᠯᠠᠭ᠎ᠠ ᠮᠥᠴᠢᠷ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ ︽ᠭᠤᠤᠯ ᠬᠦᠴᠦᠨ︾ ᠪᠣᠯᠤᠭᠰᠠᠨ ᠤ ᠬᠤᠪᠢ ᠳᠤ᠂ ︽ᠵᠠᠭᠤᠨ ᠡᠳᠦᠷ ᠤᠨ ᠠᠵᠢᠯᠯᠠᠭ᠎ᠠ︾ ᠳᠤ ᠶᠠᠮᠠᠷ ᠶᠠᠮᠠᠷ ᠭᠤᠤᠯᠳᠠᠯᠭ᠎ᠠ ᠲᠠᠢ ᠠᠵᠢᠯ ᠤᠨ ᠠᠷᠭ᠎ᠠ ᠬᠡᠮᠵᠢᠶ᠎ᠡ ᠪᠠᠶᠢᠬᠤ ᠪᠣᠶ︖     ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠷᠦᠩᠬᠡᠶ ᠠᠩᠭᠢ ᠶᠢᠨ ᠳᠡᠳ᠋ ᠳᠠᠷᠤᠭ᠎ᠠ ᠰᠦᠨ ᠶᠠᠨ ᠵᠢᠶᠦ᠋ᠨ᠄ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ︽ᠵᠠᠭᠤᠨ ᠡᠳᠦᠷ ᠤᠨ ᠠᠵᠢᠯᠯᠠᠭ᠎ᠠ︾ ᠳᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠮᠤᠷ ᠢ ᠬᠠᠮᠠᠭᠠᠯᠠᠬᠤ ᠰᠠᠯᠠᠭ᠎ᠠ ᠮᠥᠴᠢᠷ ᠳᠤᠤᠷᠠᠬᠢ 5 ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠠᠬᠢᠭᠤᠯᠤᠨ᠎ᠠ᠄     · ᠵᠡᠭᠡᠯᠢ ᠪᠠᠷ ᠴᠠᠭᠳᠠᠨ ᠰᠡᠷᠭᠡᠶᠢᠯᠡᠬᠦ ᠶᠢ ᠴᠢᠩᠭᠠᠳᠬᠠᠨ᠎ᠠ᠃ ᠴᠠᠭᠳᠠᠭᠠᠨ ᠤ ᠬᠦᠴᠦᠨ ᠴᠠᠭᠳᠠᠭᠤᠯ ᠤᠨ ᠪᠠᠶᠢᠳᠠᠯ ᠢ ᠳᠠᠭᠠᠬᠤ ᠶᠢ ᠪᠠᠷᠢᠮᠲᠠᠯᠠᠵᠤ᠂ ᠤᠯᠤᠰ ᠲᠥᠷᠥ ᠶᠢᠨ ᠲᠥᠪ ᠲᠣᠭᠤᠷᠢᠭ᠂ ᠬᠤᠲᠠ ᠶᠢᠨ ᠠᠭᠤᠳᠠᠮ ᠲᠠᠯᠠᠪᠠᠶ᠂ ᠬᠥᠭᠵᠢᠶᠡᠨ ᠨᠠᠷᠭᠢᠶᠠᠨᠲᠤ ᠬᠤᠳᠠᠯᠳᠤᠭᠠᠨ ᠤ ᠲᠣᠭᠤᠷᠢᠭ᠂ ᠨᠢᠰᠬᠡᠯ ᠤᠨ ᠪᠠᠭᠤᠳᠠᠯ ᠪᠠ ᠲᠡᠷᠭᠡᠨ ᠥᠷᠲᠡᠭᠡ ᠵᠢᠴᠢ ᠰᠤᠷᠭᠠᠭᠤᠯᠢ ᠡᠮᠨᠡᠯᠭᠡ ᠶᠢᠨ ᠬᠤᠷᠢᠶ᠎ᠠ᠂ ᠥᠷᠯᠥᠭᠡ ᠤᠷᠤᠢ ᠶᠢᠨ ᠵᠠᠬ᠎ᠠ ᠳᠡᠯᠭᠡᠭᠦᠷ ᠵᠡᠷᠭᠡ ᠴᠢᠬᠤᠯᠠ ᠬᠠᠷᠠᠯᠲᠠ᠂ ᠬᠥᠮᠦᠨ ᠬᠠᠷ᠎ᠠ ᠨᠢᠭᠲᠠᠷᠠᠭᠰᠠᠨ ᠲᠠᠯᠠᠪᠤᠷ ᠭᠠᠵᠠᠷ ᠪᠠ ᠠᠮᠤᠷ ᠲᠦᠪᠰᠢᠨ ᠤ ᠪᠠᠶᠢᠳᠠᠯ ᠪᠤᠳᠤᠯᠢᠶᠠᠨᠲᠠᠶ ᠭᠠᠵᠠᠷ ᠣᠷᠣᠨ ᠤ ᠲᠣᠭᠤᠷᠢᠨ ᠳᠤ᠂ ︽ᠵᠠᠪᠠᠯ ᠬᠥᠷᠬᠦ ᠴᠡᠭ︾᠂ ︽ᠵᠠᠪᠠᠯ ᠬᠥᠷᠬᠦ ᠱᠤᠭᠤᠮ︾ ᠢ ᠬᠥᠳᠡᠯᠦᠩᠭᠦᠶ ᠪᠠᠷ ᠲᠣᠬᠢᠷᠠᠭᠤᠯᠤᠨ ᠲᠣᠬᠢᠷᠠᠭᠤᠯᠵᠤ᠂ ᠴᠠᠭᠳᠠᠨ ᠲᠣᠭᠤᠷᠢᠬᠤ ᠣᠨᠴᠠ ᠲᠦᠷᠦᠯ ᠤᠨ ᠴᠠᠭᠳᠠᠭ᠎ᠠ᠂ ᠵᠠᠮ ᠬᠠᠷᠢᠯᠴᠠᠭᠠᠨ ᠤ ᠴᠠᠭᠳᠠᠭ᠎ᠠ᠂ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ᠂ ᠴᠠᠭᠳᠠᠭᠠᠨ ᠤ ᠶᠠᠪᠤᠳᠠᠯ ᠤᠨ ᠲᠤᠰᠠᠯᠠᠬᠤ ᠬᠦᠴᠦᠨ ᠢ ᠥᠷᠭᠡᠨ ᠢᠶᠠᠷ ᠵᠣᠬᠢᠶᠠᠨ ᠪᠠᠶᠢᠭᠤᠯᠤᠨ ᠳᠠᠶᠢᠴᠢᠯᠠᠵᠤ᠂ ᠴᠠᠭᠳᠠᠭᠠᠨ ᠤ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠵᠡᠭᠡᠯᠢ ᠭᠤᠳᠤᠮᠵᠢ ᠳᠤ ᠭᠠᠷᠭᠠᠵᠤ᠂ ᠳᠠᠪᠬᠤᠴᠠᠭᠰᠠᠨ ᠮᠠᠶ᠋ᠢᠭ ᠤᠨ᠂ ᠪᠦᠷᠢᠨ ᠣᠷᠣᠨ ᠵᠠᠶ ᠲᠠᠢ᠂ ᠪᠡᠶᠡᠲᠦ ᠴᠣᠭᠴᠠᠲᠤ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠶᠢ ᠥᠷᠨᠢᠭᠦᠯᠵᠦ᠂ ᠵᠣᠨ ᠤ ᠤᠯᠠᠷᠢᠯ ᠤᠨ ᠰᠦᠨᠢ ᠶᠢᠨ ᠪᠠᠶᠢᠴᠠᠭᠠᠯᠲᠠ ᠶᠢᠨ ᠲᠦᠷ ᠴᠠᠭ ᠤᠨ ᠪᠠᠶᠢᠴᠠᠭᠠᠯᠲᠠ ᠶᠢ ᠴᠢᠩᠭᠠᠳᠬᠠᠵᠤ᠂ ᠴᠠᠭᠳᠠᠭᠠᠨ ᠤ ᠢᠯᠡᠷᠡᠯ ᠤᠨ ᠨᠤᠷᠮ᠎ᠠ᠂ ᠤᠴᠢᠷ ᠶᠠᠪᠤᠳᠠᠯ ᠬᠠᠮᠢᠶᠠᠷᠬᠤ ᠨᠤᠷᠮ᠎ᠠ ᠪᠣᠯᠤᠨ ᠡᠵᠡᠮᠳᠡᠬᠦ ᠬᠦᠴᠦᠨ᠂ ᠰᠦᠷᠳᠡᠭᠦᠯᠬᠦ ᠬᠦᠴᠦᠨ ᠢ ᠦᠨᠡᠨ ᠬᠦ ᠳᠡᠭᠡᠭᠰᠢᠯᠡᠭᠦᠯᠦᠨ᠎ᠡ᠃ ᠠᠮᠤᠷ ᠢ ᠬᠠᠮᠠᠭᠠᠯᠠᠬᠤ ᠺᠠᠳ᠋ᠷ᠂ ᠲᠣᠣᠷᠵᠢᠭᠤᠯᠤᠭᠰᠠᠨ ᠬᠠᠮᠢᠶᠠᠷᠤᠯᠲᠠ ᠶᠢᠨ ᠠᠵᠢᠯᠲᠠᠨ᠂ ᠠᠮᠤᠷ ᠢ ᠬᠠᠮᠠᠭᠠᠯᠠᠭᠴᠢ ᠵᠡᠷᠭᠡ ᠨᠡᠶᠢᠭᠡᠮ ᠤᠨ ᠬᠦᠴᠦᠨ ᠢ ᠶᠡᠬᠡᠪᠡᠷ ᠵᠣᠬᠢᠶᠠᠨ ᠪᠠᠶᠢᠭᠤᠯᠵᠤ᠂ ︽ᠤᠯᠠᠭᠠᠨ ᠬᠠᠨᠴᠦ᠋ᠢᠲᠤ︾᠂ ︽ᠠᠮᠤᠷ ᠲᠦᠪᠰᠢᠨ ᠢ ᠬᠠᠮᠠᠭᠠᠯᠠᠬᠤ︾ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠲᠣᠭᠤᠷᠢᠨ ᠴᠠᠭᠳᠠᠬᠤ ᠶᠢ ᠵᠡᠭᠡᠯᠢ ᠭᠤᠳᠤᠮᠵᠢ᠂ ᠥᠷᠭᠡᠨ ᠠᠭᠤᠳᠠᠮ ᠬᠥᠳᠡᠭᠡ ᠲᠣᠰᠬᠤᠨ ᠲᠡᠰᠢ ᠥᠷᠭᠡᠳᠭᠡᠨ᠎ᠡ᠃     · ᠵᠥᠷᠢᠴᠡᠯ ᠵᠠᠭᠤᠷᠠᠭᠠᠨ ᠢ ᠪᠠᠶᠢᠴᠠᠭᠠᠨ ᠰᠢᠢᠳᠪᠦᠷᠢᠯᠡᠬᠦ ᠶᠢ ᠴᠢᠩᠭᠠᠳᠬᠠᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ︽ᠭᠤᠷᠪᠠ ᠶᠢ ᠪᠠᠶᠢᠴᠠᠭᠠᠬᠤ ᠨᠢᠭᠡ ᠶᠢ ᠡᠵᠡᠮᠳᠡᠬᠦ︾ ᠲᠤᠰᠬᠠᠶ ᠠᠵᠢᠯᠯᠠᠭ᠎ᠠ ᠪᠠᠷ ᠬᠥᠲᠥᠯᠦᠮᠵᠢ ᠪᠣᠯᠭᠠᠵᠤ᠂ ︽ᠤᠷᠢᠳᠴᠢᠯᠠᠨ ᠰᠡᠷᠭᠡᠶᠢᠯᠡᠬᠦ ᠶᠢ ᠵᠢᠭᠰᠠᠭᠠᠨ ᠪᠠᠶᠢᠴᠠᠭᠠᠬᠤ ᠠᠴᠠ ᠡᠮᠦᠨ᠎ᠡ ᠬᠢᠬᠦ᠂ ᠵᠢᠭᠰᠠᠭᠠᠨ ᠪᠠᠶᠢᠴᠠᠭᠠᠬᠤ ᠶᠢ ᠡᠶᠡᠳᠡᠭᠦᠯᠬᠦ ᠠᠴᠠ ᠡᠮᠦᠨ᠎ᠡ ᠬᠢᠬᠦ᠂ ᠡᠶᠡᠳᠡᠭᠦᠯᠬᠦ ᠶᠢ ᠬᠤᠷᠴᠠᠳᠬᠠᠬᠤ ᠠᠴᠠ ᠡᠮᠦᠨ᠎ᠡ ᠬᠢᠬᠦ ︾ ᠠᠵᠢᠯ ᠤᠨ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ︽ᠥᠷᠭᠡᠨ ᠣᠯᠠᠨ ᠴᠠᠭᠳᠠᠭ᠎ᠠ ᠶᠢ ᠲᠦᠭ ᠲᠦᠮᠡᠨ ᠠᠶᠢᠯ ᠡᠷᠦᠬᠡ ᠳᠤ ᠭᠦᠨᠵᠡᠭᠡᠶᠢᠷᠡᠭᠦᠯᠬᠦ︾ ᠠᠵᠢᠯᠯᠠᠭ᠎ᠠ ᠶᠢ ᠭᠦᠨᠵᠡᠭᠡᠶᠢᠷᠡᠭᠦᠯᠦᠨ᠂ ᠡᠯ᠎ᠡ ᠲᠥᠷᠥᠯ ᠤᠨ ᠵᠥᠷᠢᠴᠡᠯ ᠵᠠᠭᠤᠷᠠᠯᠳᠤᠭᠠᠨ ᠢ ᠡᠷᠲᠡᠬᠡᠨ ᠢᠯᠡᠷᠡᠭᠦᠯᠵᠦ᠂ ᠬᠤᠷᠴᠠᠳᠬᠤ ᠬᠠᠨᠳᠤᠰᠢ ᠲᠠᠢ᠂ ᠬᠡᠷᠡᠭ ᠡᠭᠦᠰᠭᠡᠵᠦ ᠮᠡᠳᠡᠬᠦ ᠬᠡᠷ ᠪᠦᠯᠢ᠂ ᠬᠠᠶᠢᠷ᠎ᠠ ᠰᠡᠳᠬᠢᠯᠭᠡ᠂ ᠬᠥᠷᠰᠢ ᠵᠡᠷᠭᠡᠯᠡᠳᠡᠭᠡ᠂ ᠥᠷᠢ ᠥᠭᠴᠡᠭᠡ ᠵᠡᠷᠭᠡ ᠲᠣᠪᠤᠶᠢᠮ᠎ᠠ ᠵᠥᠷᠢᠴᠡᠯ ᠵᠠᠭᠤᠷᠠᠯᠳᠤᠭᠠᠨ ᠢ ᠴᠠᠭ ᠲᠤᠬᠠᠶ ᠳᠤ ᠨᠢ ᠰᠡᠷᠡᠮᠵᠢᠯᠡᠭᠦᠯᠬᠦ ᠶᠢᠨ ᠬᠠᠮᠲᠤ ᠠᠷᠢᠯᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠡᠭᠦᠨ ᠤ ᠬᠠᠮᠲᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠳᠤ ᠬᠤᠯᠪᠣᠭᠳᠠᠭᠰᠠᠨ ᠵᠠᠷᠭᠤ ᠳᠤ ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠶᠢ ᠭᠦᠨᠵᠡᠭᠡᠢ ᠠᠬᠢᠭᠤᠯᠵᠤ᠂ ᠤᠯᠠᠨ ᠲᠦᠮᠡᠨ ᠤ ᠵᠦᠢ ᠵᠣᠬᠢᠰᠲᠠᠢ ᠬᠠᠤᠯᠢ ᠶᠣᠰᠣᠨ ᠤ ᠬᠦᠰᠡᠯ ᠱᠠᠭᠠᠷᠳᠠᠯᠭ᠎ᠠ ᠶᠢ ᠦᠨᠡᠨ ᠬᠦ ᠰᠢᠢᠳᠪᠦᠷᠢᠯᠡᠨ᠎ᠡ᠃     · ᠠᠶᠤᠯᠲᠠᠶ ᠪᠣᠳᠠᠰ ᠢ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠤᠨ᠎ᠠ᠃ ᠫᠤᠤ ᠵᠡᠪᠰᠡᠭ ᠳᠡᠯᠪᠡᠷᠡᠬᠦ ᠡᠳ᠋ ᠲᠠᠢ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠪᠠᠷ ᠵᠠᠮᠴᠢ ᠪᠣᠯᠭᠠᠵᠤ᠂ ᠫᠤᠤ ᠵᠡᠪᠰᠡᠭ ᠲᠠᠢ ᠬᠤᠯᠪᠣᠭᠳᠠᠭᠰᠠᠨ᠂ ᠳᠡᠯᠪᠡᠷᠡᠯᠲᠡ ᠳᠤ ᠬᠤᠯᠪᠣᠭᠳᠠᠭᠰᠠᠨ᠂ ᠬᠢᠲᠤᠭ᠎ᠠ ᠰᠡᠯᠡᠮ᠎ᠡ ᠲᠠᠢ ᠬᠤᠯᠪᠣᠭᠳᠠᠭᠰᠠᠨ ᠦᠢᠯᠡᠳᠪᠦᠷᠢᠯᠡᠯ᠂ ᠪᠣᠷᠣᠯᠠᠭᠤᠯᠭ᠎ᠠ᠂ ᠬᠡᠷᠡᠭᠯᠡᠬᠦ ᠨᠢᠭᠡᠴᠢ ᠶᠢ ᠰᠤᠷᠪᠤᠯᠵᠢᠯᠠᠨ ᠪᠠᠶᠢᠴᠠᠭᠠᠵᠤ᠂ ᠬᠠᠮᠢᠶᠠᠷᠤᠨ ᠡᠵᠡᠮᠳᠡᠵᠦ ᠲᠡᠮᠳᠡᠭᠯᠡᠬᠦ ᠠᠷᠭ᠎ᠠ ᠬᠡᠮᠵᠢᠶ᠎ᠡ ᠶᠢ ᠰᠢᠮᠳᠠᠭᠤᠯᠤᠨ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠨ᠎ᠠ᠃ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠵᠢᠵᠢᠭ ᠲᠠᠸᠠᠷ ᠤᠨ ᠵᠠᠬ᠎ᠠ ᠳᠡᠯᠭᠡᠭᠦᠷ᠂ ᠰᠥᠨᠢ ᠶᠢᠨ ᠵᠠᠬ᠎ᠠ ᠳᠡᠯᠭᠡᠭᠦᠷ᠂ ᠴᠡᠷᠢᠭ ᠤᠨ ᠬᠡᠷᠡᠭᠰᠡᠯ ᠤᠨ ᠲᠣᠭᠯᠠᠭᠠᠮ ᠤᠨ ᠳᠡᠯᠭᠡᠭᠦᠷ᠂ ᠭᠠᠷ ᠤᠷᠠᠯᠠᠯ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠵᠢᠴᠢ ᠲᠡᠮᠦᠷᠯᠢᠭ ᠮᠠᠰᠢᠨ ᠡᠳ᠋ᠰᠢᠭᠦᠯᠬᠦ‍ ᠴᠢᠭ᠂ ᠪᠠᠷᠢᠯᠭ᠎ᠠ ᠶᠢᠨ ᠮᠠᠲ᠋ᠧᠷᠢᠶᠠᠯ ᠬᠢᠮᠢ ᠶᠢᠨ ᠠᠵᠤ ᠦᠢᠯᠡᠳᠪᠦᠷᠢ᠂ ᠢᠯᠡᠬᠡᠨ ᠬᠦᠷᠭᠡᠬᠦ ᠪᠠᠷᠠᠭᠠᠨ ᠤ ᠭᠦᠢᠯᠭᠡᠭᠡᠨ ᠵᠡᠷᠭᠡ ᠭᠤᠣᠯᠳᠠᠯᠭ᠎ᠠ ᠲᠠᠢ ᠭᠠᠵᠠᠷ ᠲᠠᠯᠠᠪᠤᠷ ᠤᠨ ᠨᠢᠭᠡᠴᠢ ᠶᠢᠨ ᠲᠣᠭᠤᠷᠢᠨ ᠳᠤ᠂ ᠢᠯᠭᠠᠷᠠᠭᠤᠯᠤᠨ ᠪᠠᠶᠢᠴᠠᠭᠠᠵᠤ ᠴᠡᠭᠴᠡᠯᠡᠨ ᠵᠠᠰᠠᠬᠤ ᠶᠢ ᠲᠥᠪᠯᠡᠷᠡᠭᠦᠯᠦᠨ ᠥᠷᠨᠢᠭᠦᠯᠵᠦ᠂ ᠨᠡᠶᠢᠭᠡᠮ ᠳᠡᠭᠡᠷ᠎ᠡ ᠲᠠᠷᠬᠠᠵᠤ ᠪᠠᠶᠢᠭ᠎ᠠ ᠠᠶᠤᠯᠲᠠᠶ ᠳᠡᠯᠪᠡᠷᠡᠬᠦ ᠡᠳ᠋ ᠪᠣᠳᠠᠰ ᠢ ᠪᠦᠬᠦ ᠬᠦᠴᠦᠨ ᠢᠶᠠᠷ ᠢᠶᠠᠨ ᠪᠠᠶᠢᠴᠠᠭᠠᠨ ᠬᠤᠷᠢᠶᠠᠮᠵᠢᠯᠠᠵᠤ ᠬᠤᠷᠢᠶᠠᠨ ᠠᠪᠬᠤ ᠬᠡᠷᠡᠭᠲᠡᠶ᠃     · ᠣᠯᠠᠨ ᠨᠡᠶᠢᠲᠡ ᠶᠢᠨ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠨᠢᠭᠲᠠ ᠬᠠᠮᠵᠢᠯᠴᠠᠨ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠪᠣᠯᠤᠨ ᠭᠠᠵᠠᠷ ᠳᠣᠣᠷᠠᠬᠢ ᠲᠡᠮᠦᠷ ᠵᠠᠮ᠂ ᠣᠯᠠᠨ ᠨᠡᠶᠢᠲᠡ ᠶᠢᠨ ᠵᠠᠮ ᠬᠠᠷᠢᠯᠴᠠᠭ᠎ᠠ ᠵᠡᠷᠭᠡ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢ ᠴᠢᠩᠭᠠᠳᠬᠠᠵᠤ᠂ ᠡᠯ᠎ᠡ ᠲᠥᠷᠥᠯ ᠤᠨ ᠬᠦᠨᠳᠦ ᠣᠨᠴᠠ ᠶᠡᠭᠡ ᠠᠮᠤᠷ ᠲᠦᠪᠰᠢᠨ ᠤ ᠠᠳᠠᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠡᠭᠦᠨ ᠤ ᠬᠠᠮᠲᠤ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠵᠡᠷᠭᠡ ᠠᠵᠢᠯ ᠢ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠲᠡᠶ ᠃ · ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠠᠵᠢᠯ ᠢ ᠴᠢᠩᠭᠠᠳᠬᠠᠨ᠎ᠠ᠃ ︽ᠴᠢᠮᠡᠭᠡ ᠮᠡᠳᠡᠭᠡ ᠵᠢᠯᠤᠭᠤᠳᠬᠤ ᠦᠢᠯᠡᠴᠢᠯᠡᠬᠦ ᠶᠠᠷᠢᠶ᠎ᠠ ᠬᠡᠯᠡᠯᠴᠡᠭᠡ︾ ᠶᠢ ᠨᠢᠭᠡ ᠴᠣᠠᠠᠴᠠᠵᠢᠭᠤᠯᠥᠠᠠᠰᠠᠨ ᠪᠣᠳᠠᠲᠤ ᠪᠠᠶᠢᠯᠳᠤᠭᠠᠨᠴᠢᠯᠠᠭᠰᠠᠨ ᠠᠵᠢᠯᠯᠠᠭᠠᠨ ᠤ ᠲᠣᠭᠲᠠᠴᠠ ᠳᠤ ᠲᠦᠰᠢᠭᠯᠡᠨ᠂ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠬᠦᠴᠦᠨ ᠪᠠ ᠵᠡᠪᠰᠡᠭ ᠲᠣᠨᠣᠭᠯᠠᠯ ᠢ ᠤᠯᠠᠮ ᠨᠢᠭᠡ ᠠᠯᠬᠤᠮ ᠤᠷᠢᠳᠴᠢᠯᠠᠭᠤᠯᠤᠨ ᠰᠢᠢᠳᠪᠦᠷᠢᠯᠡᠵᠦ᠂ ᠭᠡᠨᠡᠳᠲᠡ ᠶᠢᠨ ᠬᠦᠨᠳᠦ ᠶᠡᠭᠡ ᠬᠡᠷᠡᠭ ᠭᠠᠷᠪᠠᠯ᠂ ᠬᠠᠮᠤᠭ ᠤᠨ ᠣᠬᠤᠷ ᠬᠤᠭᠤᠴᠠᠭᠠᠨ ᠳᠤ ᠬᠠᠤᠯᠢ ᠶᠣᠰᠣᠭᠠᠷ ᠲᠦᠷᠭᠡᠨ ᠪᠥᠭᠡᠳ ᠲᠣᠬᠢᠲᠠᠶ ᠰᠢᠢᠳᠪᠦᠷᠢᠯᠡᠬᠦ ᠶᠢ ᠦᠨᠡᠨ ᠬᠦ ᠪᠠᠳᠤᠯᠠᠨ᠎ᠠ     ᠰᠤᠷᠪᠤᠯᠵᠢᠯᠠᠭᠴᠢ᠄ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠳᠤ ᠴᠢᠭᠯᠡᠭᠦᠯᠦᠨ᠂ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠬᠤ ᠰᠠᠯᠠᠭ᠎ᠠ ᠮᠥᠴᠢᠷ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠬᠤ ᠪᠣᠶ︖     ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠬᠤ ᠶᠡᠷᠦᠩᠬᠡᠶ ᠠᠩᠭᠢ ᠶᠢᠨ ᠵᠣᠬᠢᠶᠠᠨ ᠪᠠᠶᠢᠭᠤᠯᠤᠯᠲᠠ ᠲᠠᠢ ᠶᠠᠯᠠᠲᠤ ᠬᠡᠷᠡᠭ ᠢ ᠲᠤᠷᠰᠢᠨ ᠪᠠᠶᠢᠴᠠᠭᠠᠬᠤ ᠰᠠᠯᠪᠤᠷᠢ ᠠᠩᠭᠢ ᠶᠢᠨ ᠳᠡᠳ᠋ ᠳᠠᠷᠤᠭ᠎ᠠ ᠤᠷᠭᠤᠭ᠎ᠠ᠄ ᠪᠢᠳᠡ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠬᠤ ᠰᠠᠯᠠᠭ᠎ᠠ ᠮᠥᠴᠢᠷ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠭᠤᠤᠯ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠲᠦᠮᠡᠨ ᠤ ᠠᠮᠤᠷ ᠲᠦᠪᠰᠢᠨ ᠤ ᠰᠡᠳᠬᠢᠯᠭᠡ ᠶᠢ ᠨᠥᠯᠥᠭᠡᠯᠡᠬᠦ ᠡᠯ᠎ᠡ ᠲᠥᠷᠥᠯ ᠤᠨ ᠲᠣᠪᠤᠶᠢᠮ᠎ᠠ ᠶᠠᠯᠠᠲᠤ ᠠᠵᠢᠯᠯᠠᠭ᠎ᠠ ᠳᠤ ᠰᠢᠷᠦᠭᠦᠨ ᠲᠠᠭᠠᠷᠢᠯᠲᠠ ᠶᠠᠪᠤᠭᠤᠯᠵᠤ᠂ ᠴᠢᠩᠭ᠎ᠠ ᠬᠦᠴᠦᠲᠡᠶ ᠪᠣᠳᠠᠲᠤ ᠠᠵᠢᠯᠯᠠᠭ᠎ᠠ ᠪᠠᠷ ᠢᠶᠠᠨ ᠠᠷᠠᠳ ᠣᠯᠠᠨ ᠤ ᠠᠩᠬᠠᠷᠤᠯ ᠳᠤ ᠢᠳᠡᠪᠬᠢᠲᠡᠶ ᠬᠠᠷᠢᠭᠤᠯᠲᠠ ᠥᠭᠭᠦᠨ᠎ᠡ᠃     · ᠬᠡᠷᠡᠭ ᠢ ᠲᠦᠷᠭᠡᠨ ᠢᠯᠡᠷᠡᠭᠦᠯᠬᠦ᠃ ᠨᠠᠢᠮᠠᠨ ᠲᠥᠷᠥᠯ ᠤᠨ ᠬᠦᠨᠳᠦ ᠨᠣᠴᠢᠲᠠᠶ ᠬᠦᠴᠦᠷᠬᠡᠭᠯᠡᠯ ᠤᠨ ᠶᠠᠯᠠᠲᠤ ᠠᠵᠢᠯᠯᠠᠭ᠎ᠠ᠂ ᠪᠠᠭᠤᠷᠠᠶ ᠡᠲᠡᠭᠡᠳ ᠲᠤ ᠬᠠᠯᠳᠠᠭᠰᠠᠨ ᠶᠠᠯᠠᠲᠤ ᠠᠵᠢᠯᠯᠠᠭ᠎ᠠ᠂ ᠡᠳ᠋ ᠬᠥᠷᠥᠩᠭᠡ ᠳᠤ ᠬᠠᠯᠳᠠᠭᠰᠠᠨ ᠶᠠᠯᠠᠲᠤ ᠠᠵᠢᠯᠯᠠᠭ᠎ᠠ ᠵᠡᠷᠭᠡ ᠡᠷᠡᠭᠦᠦ ᠶᠢᠨ ᠬᠡᠷᠡᠭ ᠢ ᠢᠯᠡᠷᠡᠭᠦᠯᠪᠡᠯ᠂ ᠳᠠᠷᠤᠶ ᠲᠦᠷᠭᠡᠨ ᠲᠤᠰᠬᠠᠵᠤ᠂ ᠰᠦᠪᠡᠭᠴᠢ ᠦᠯᠡᠳᠡᠭᠡᠯ ᠦᠭᠡᠢ᠂ ᠲᠦᠷᠭᠡᠨ ᠲᠠᠩᠨᠠᠨ ᠲᠦᠷᠭᠡᠨ ᠢᠯᠡᠷᠡᠭᠦᠯᠦᠨ᠎ᠡ᠃     · ᠳᠠᠷᠤᠭᠳᠠᠮᠠᠯ ᠬᠡᠷᠡᠭ ᠢ ᠤᠯᠠᠨ ᠢᠯᠡᠷᠡᠭᠦᠯᠬᠦ᠃ ᠳᠠᠷᠤᠭᠳᠠᠮᠠᠯ ᠬᠡᠷᠡᠭ ᠢ ᠪᠠᠶᠢᠩᠭᠤ ᠮᠥᠷᠳᠡᠨ ᠢᠯᠡᠷᠡᠭᠦᠯᠬᠦ ᠶᠢᠨ ᠬᠠᠮᠲᠤ᠂ ᠨᠢᠭᠡ ᠪᠦᠯᠦᠭ ᠲᠣᠰ ᠭᠠᠵᠠᠷ ᠤᠨ ᠬᠠᠷᠠᠯᠲᠠᠲᠤ ᠬᠡᠷᠡᠭ ᠢ ᠰᠢᠭᠰᠢᠨ ᠰᠣᠩᠭᠤᠵᠤ ᠲᠣᠭᠲᠠᠭᠠᠨ᠂ ᠨᠢᠭᠡ ᠨᠢᠭᠡ ᠪᠠᠷ ᠵᠠᠳᠠᠯᠤᠨ ᠰᠤᠳᠤᠯᠵᠤ᠂ ᠲᠤᠷᠰᠢᠨ ᠪᠠᠶᠢᠴᠠᠭᠠᠬᠤ ᠲᠥᠰᠦᠯ ᠢ ᠲᠣᠭᠲᠠᠭᠠᠨ᠎ᠠ᠃ ᠬᠤᠷᠴᠠ ᠴᠢᠳᠠᠮᠠᠭᠠᠶ ᠬᠦᠴᠦᠨ ᠢ ᠰᠢᠯᠵᠢᠭᠦᠯᠦᠨ ᠴᠤᠭᠯᠠᠭᠤᠯᠵᠤ᠂ ᠠᠵᠢᠯ ᠤᠨ ᠲᠤᠰᠬᠠᠶ ᠠᠩᠭᠢ ᠶᠢ ᠪᠦᠷᠢᠯᠳᠦᠭᠦᠯᠵᠦ᠂ ᠡᠯ᠎ᠡ ᠵᠦᠢᠯ ᠤᠨ ᠲᠤᠷᠰᠢᠨ ᠪᠠᠶᠢᠴᠠᠭᠠᠬᠤ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠣᠭᠤᠮᠲᠠ ᠰᠢᠪᠲᠤᠯᠬᠤ ᠰᠢᠪᠲᠤᠯᠤᠯᠲᠠ ᠶᠢ ᠪᠥᠬᠦ ᠬᠦᠴᠦᠨ ᠢᠶᠠᠷ ᠥᠷᠨᠢᠭᠦᠯᠦᠨ᠎ᠡ᠃     · ᠶᠡᠭᠡ ᠬᠡᠷᠡᠭ ᠢ ᠰᠢᠪᠠᠳᠠᠨ ᠰᠢᠢᠳᠪᠦᠷᠢᠯᠡᠭᠦᠯᠬᠦ᠃ ᠳᠣᠲᠣᠭᠠᠳᠤ ᠶᠢ ᠬᠠᠮᠠᠭᠠᠯᠠᠬᠤ ᠲᠢᠩᠬᠢᠮ ᠤᠳᠠᠲᠠᠯ᠎ᠠ ᠢᠯᠡᠷᠡᠭᠦᠯᠦᠭᠡᠳᠦᠶ᠂ ᠨᠥᠯᠥᠭᠡ ᠪᠠᠷ ᠮᠠᠭᠤ ᠨᠢᠭᠡ ᠪᠦᠯᠦᠭ ᠬᠦᠨᠳᠦ ᠶᠡᠭᠡ ᠬᠡᠷᠡᠭ ᠢ ᠫᠠᠶᠢᠰᠠ ᠡᠯᠭᠦᠨ ᠰᠢᠪᠠᠳᠠᠨ ᠰᠢᠢᠳᠪᠦᠷᠢᠯᠡᠭᠦᠯᠵᠦ᠂ ᠬᠠᠮᠲᠤᠷᠠᠭᠰᠠᠨ ᠲᠤᠰᠬᠠᠶ ᠬᠡᠷᠡᠭ ᠤᠨ ᠳᠤᠭᠤᠶᠢᠯᠠᠩ ᠪᠠᠶᠢᠭᠤᠯᠤᠨ᠂ ᠬᠡᠷᠡᠭ ᠰᠢᠢᠳᠪᠦᠷᠢᠯᠡᠬᠦ ᠨᠢᠭᠡᠴᠢ ᠶᠢᠨ ᠭᠤᠤᠯ ᠤᠳᠤᠷᠢᠳᠤᠯᠭ᠎ᠠ ᠪᠠᠷ ᠬᠠᠷᠢᠭᠤᠴᠠᠯᠭᠠᠲᠠᠨ ᠪᠣᠯᠭᠠᠵᠤ᠂ ᠵᠢᠷᠤᠭ ᠡᠯᠭᠦᠨ ᠪᠠᠶᠢᠯᠳᠤᠵᠤ᠂ ᠬᠤᠭᠤᠴᠠᠭ᠎ᠠ ᠲᠣᠭᠲᠠᠭᠠᠨ ᠬᠡᠷᠡᠭ ᠢᠯᠡᠷᠡᠭᠦᠯᠪᠡ᠃     · ᠣᠷᠭᠤᠳᠠᠭᠤᠯ ᠬᠡᠷᠡᠭᠲᠡᠨ ᠢ ᠪᠠᠷᠢᠪᠴᠢᠯᠠᠬᠤ᠃ ᠣᠷᠭᠤᠳᠠᠭᠤᠯ ᠬᠡᠷᠡᠭᠲᠡᠨ ᠢ ᠨᠡᠬᠡᠮᠵᠢᠯᠡᠬᠦ ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠣᠰ ᠭᠠᠵᠠᠷ ᠤᠨ ᠨᠢᠭᠡ ᠪᠦᠯᠦᠭ ᠬᠦᠨᠳᠦ ᠶᠡᠭᠡ ᠣᠷᠭᠤᠳᠠᠭᠤᠯ ᠬᠡᠷᠡᠭᠲᠡᠨ ᠢ ᠡᠮᠬᠢᠯᠡᠵᠦ᠂ ᠣᠷᠭᠤᠳᠠᠭᠤᠯ ᠬᠡᠷᠡᠭᠲᠡᠨ ᠢ ᠨᠡᠬᠡᠮᠵᠢᠯᠡᠬᠦ ᠲᠤᠰᠬᠠᠶ ᠠᠩᠭᠢ ᠶᠢ ᠪᠠᠶᠢᠭᠤᠯᠵᠤ᠂ ᠡᠯ᠎ᠡ ᠲᠥᠷᠥᠯ ᠤᠨ ᠣᠷᠭᠤᠳᠠᠭᠤᠯ ᠬᠡᠷᠡᠭᠲᠡᠨ ᠢ ᠲᠦᠷᠭᠡᠬᠡᠨ ᠪᠠᠷᠢᠪᠴᠢᠯᠠᠨ ᠠᠪᠴᠢᠷᠠᠵᠤ᠂ ᠨᠡᠶᠢᠭᠡᠮ ᠤᠨ ᠠᠮᠤᠷ ᠲᠦᠪᠰᠢᠨ ᠤ ᠣᠷᠴᠢᠨ ᠨᠥᠬᠦᠴᠡᠯ ᠢ ᠪᠥᠬᠦ ᠲᠠᠯ᠎ᠠ ᠪᠠᠷ ᠴᠡᠪᠡᠷᠰᠢᠭᠦᠯᠵᠦ᠂ ᠰᠦᠷ ᠳᠠᠯᠠᠶᠢᠴᠠᠲᠠᠶ ᠪᠠᠶᠢᠯᠳᠤᠭᠠᠨ ᠤ ᠦᠷ᠎ᠡ ᠪᠦᠳᠦᠮᠵᠢ ᠪᠠᠷ ᠡᠷᠡᠭᠦᠦ ᠶᠢᠨ ᠴᠠᠭᠳᠠᠭ᠎ᠠ ᠶᠢᠨ ᠡᠭᠦᠷᠭᠡᠯᠡᠯ ᠢ ᠢᠯᠡᠷᠡᠭᠦᠯᠵᠦ᠂ ᠡᠷᠡᠭᠦᠦ ᠶᠢᠨ ᠴᠠᠭᠳᠠᠭ᠎ᠠ ᠶᠢᠨ ᠬᠦᠴᠦᠨ ᠢ ᠢᠯᠡᠷᠡᠭᠦᠯᠦᠨ᠎ᠡ᠃
ᠢᠷᠡᠯᠲᠡ᠄ ᠥᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠤᠨ ᠤ ᠳᠣᠲᠣᠭᠠᠳᠤ ᠶᠢ ᠬᠠᠮᠠᠭᠠᠯᠠᠬᠤ ᠲᠢᠩᠬᠢᠮ