ᠡᠯ᠎ᠡ ᠠᠶᠢᠮᠠᠭ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠲᠢᠩᠬᠢᠮ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠨᠢᠭᠡᠴᠢ ᠳᠤ᠄ | ᠣᠶᠢᠷ᠎ᠠ ᠶᠢᠨ ᠵᠢᠯ ᠤᠨ ᠲᠤᠷᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠪᠥᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠣᠯᠤᠨ ᠥᠷᠭᠡᠨ ᠣᠯᠠᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ | ᠬᠠᠪᠰᠤᠷᠤᠭᠴᠢ ᠴᠠᠭᠳᠠᠭ᠎ᠠ ᠥᠪᠡᠷᠲᠡᠭᠡᠨ ᠵᠠᠰᠠᠬᠤ ᠣᠷᠣᠨ᠂ ᠳᠣᠲᠣᠭᠠᠳᠤ ᠶᠢ ᠬᠠᠮᠠᠭᠠᠯᠠᠬᠤ ᠶᠠᠮᠤᠨ ᠵᠢᠴᠢ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠡᠯ᠎ᠡ | ᠱᠠᠲᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠨᠠᠮ ᠳᠤ ᠪᠠᠨ | ᠦᠨᠡᠨᠴᠢ ᠰᠢᠳᠤᠷᠭᠤ᠂ ᠠᠷᠠᠳ ᠲᠦᠮᠡᠨ ᠳᠤ ᠦᠢᠯᠡᠴᠢᠯᠡᠬᠦ᠂ ᠬᠠᠤᠯᠢ ᠶᠢ ᠲᠥᠪ ᠭᠤᠤᠯᠴᠢ ᠪᠠᠷ ᠬᠡᠷᠡᠭᠵᠢᠭᠦᠯᠬᠦ᠂ ᠰᠠᠬᠢᠯᠭ᠎ᠠ ᠪᠠᠲᠤ ᠴᠢᠩᠭ᠎ᠠ ᠪᠠᠶᠢᠬᠤ︾ ᠶᠡᠷᠦᠩᠬᠡᠶ | ᠱᠠᠭᠠᠷᠳᠠᠯᠭ᠎ᠠ ᠶᠢ ᠬᠢᠨᠠᠮᠠᠭᠠᠶ ᠦᠢᠯᠡᠳᠦᠯᠭᠡᠵᠢᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠨ᠂ ᠠᠮᠤᠷ ᠲᠦᠪᠰᠢᠨ ᠢ ᠪᠠᠲᠤᠯᠠᠵᠤ᠂ ᠲᠣᠭᠲᠠᠭᠤᠨ ᠢ ᠬᠠᠮᠠᠭᠠᠯᠠᠨ᠂ | ᠬᠢᠵᠢᠭ ᠤᠨ ᠪᠠᠶᠢᠳᠠᠯ ᠲᠠᠢ ᠪᠠᠶᠢᠯᠳᠤᠵᠤ᠂ ᠤᠯᠤᠰ ᠤᠨ ᠠᠮᠤᠷ ᠲᠦᠪᠰᠢᠨ᠂ ᠨᠡᠶᠢᠭᠡᠮ ᠤᠨ ᠲᠣᠭᠲᠠᠭᠤᠨ᠂ ᠠᠷᠠᠳ ᠲᠦᠮᠡᠨ ᠤ ᠠᠰᠢᠭ ᠲᠤᠰᠠ ᠶᠢ ᠬᠠᠮᠠᠭᠠᠯᠠᠬᠤ ᠳᠤ | ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠥᠷᠭᠡᠨ ᠤᠯᠠᠨ ᠳᠣᠲᠣᠭᠠᠳᠤ ᠶᠢ ᠬᠠᠮᠠᠭᠠᠯᠠᠬᠤ ᠡᠮᠡᠭᠲᠡᠢ ᠠᠷᠠᠳ ᠤᠨ ᠴᠠᠭᠳᠠᠭ᠎ᠠ ᠳᠣᠲᠣᠭᠠᠳᠤ ᠶᠢ | ᠬᠠᠮᠠᠭᠠᠯᠠᠬᠤ ᠡᠩᠨᠡᠭᠡᠨ ᠤ ᠳᠤᠲᠠᠭᠳᠠᠵᠤ ᠪᠣᠯᠤᠰᠢ ᠦᠭᠡᠢ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠪᠠᠭ᠎ᠠ ᠭᠡᠷ ᠢᠶᠠᠨ ᠦᠷᠡᠭᠳᠡᠭᠦᠯᠵᠦ᠂ ᠤᠯᠠᠨ ᠢ | ᠬᠠᠷᠠᠭᠠᠯᠵᠠᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠳᠤᠷᠠᠲᠠᠶ᠎ᠠ ᠠᠮᠢ ᠪᠡᠶ᠎ᠡ ᠪᠠᠨ ᠵᠣᠷᠢᠭᠤᠯᠵᠤ᠂ ᠤᠶᠤᠨ ᠤᠬᠠᠭᠠᠨ᠂ ᠰᠢᠷᠭᠠᠭᠤ | ᠬᠥᠳᠡᠯᠮᠦᠷᠢ ᠪᠣᠯᠤᠨ ᠬᠦᠴᠦ ᠬᠥᠯᠥᠰᠥ ᠪᠠᠷ ᠢᠶᠠᠨ ᠲᠤᠪᠤᠶᠢᠮ᠎ᠠ ᠠᠵᠢᠯ ᠤᠨ ᠠᠮᠵᠢᠯᠲᠠ ᠶᠢ ᠡᠭᠦᠳᠴᠦ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ | ᠡᠮᠡᠭᠲᠡᠢ ᠪᠠᠭᠠᠲᠤᠷ ᠤᠨ ᠡᠭᠦᠷᠭᠡ ᠬᠠᠷᠢᠭᠤᠴᠠᠯᠭ᠎ᠠ ᠶᠢ ᠲᠠᠶᠢᠯᠪᠤᠷᠢᠯᠠᠵᠠᠢ᠃ ᠲᠡᠷᠢᠭᠦᠨ ᠤ ᠬᠢ ᠶᠢ ᠮᠠᠭᠲᠠᠨ ᠰᠠᠶᠢᠰᠢᠶᠠᠵᠤ᠂ ᠥᠯᠢᠭᠡᠷ ᠳᠠᠭᠤᠷᠢᠶᠠᠯ ᠪᠣᠯᠬᠤ ᠶᠢᠨ | ᠲᠥᠯᠥᠭᠡ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ᠠᠮᠵᠢᠯᠲᠠ ᠪᠦᠲᠦᠮᠵᠢ ᠪᠠᠷ ᠲᠣᠪᠤᠶᠢᠮ᠎ᠠ 10 ᠡᠮᠡᠭᠲᠡᠶ ᠴᠠᠭᠳᠠᠭ᠎ᠠ ᠶᠢ ᠵᠠᠷᠯᠠᠨ ᠰᠠᠶᠢᠰᠢᠶᠠᠬᠤ ᠪᠠᠷ ᠲᠣᠭᠲᠠᠪᠠ᠃ | ᠪᠦᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠥᠷᠭᠡᠨ ᠣᠯᠠᠨ ᠴᠠᠭᠳᠠᠭ᠎ᠠ᠂ ᠢᠯᠠᠩᠭᠤᠶ᠎ᠠ ᠡᠮᠡᠭᠲᠡᠶ ᠴᠠᠭᠳᠠᠭ᠎ᠠ | ᠰᠠᠶᠢᠰᠢᠶᠠᠭᠳᠠᠭᠰᠠᠨ ᠨᠥᠬᠦᠳ ᠢᠶᠠᠷ ᠳᠠᠭᠤᠷᠢᠶᠠᠯ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠪᠦᠬᠦ ᠤᠯᠤᠰ ᠤᠨ | ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠲᠤᠭ ᠣᠯᠭᠤᠬᠤ | ᠶᠣᠰᠣᠯᠠᠯ ᠳᠡᠭᠡᠷᠡᠬᠢ ᠴᠢᠬᠤᠯᠠ ᠰᠤᠷᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠢᠲᠡᠭᠡᠯ ᠵᠣᠷᠢᠭ ᠢᠶᠠᠨ ᠤᠯᠠᠮ | ᠪᠠᠲᠤᠳᠬᠠᠵᠤ᠂ ᠴᠤᠭ ᠰᠦᠯᠳᠡ ᠪᠠᠨ ᠪᠠᠳᠠᠷᠠᠭᠤᠯᠤᠨ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠪᠣᠳᠠᠲᠠᠶ ᠨᠠᠷᠢᠨ ᠨᠠᠶᠢᠳᠠᠪᠤᠷᠢᠵᠢᠭᠤᠯᠵᠤ᠂ ᠢᠯᠠᠩᠭᠤᠶ᠎ᠠ ᠡᠮᠡᠭᠲᠡᠶ ᠨᠥᠬᠦᠳ ᠤᠨ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ᠂ | ᠨᠠᠷᠢᠨ ᠬᠢᠨᠠᠮᠠᠭᠠᠶ᠂ ᠳᠠᠬᠢᠨ ᠢᠶᠠᠷ ᠢᠯᠡᠭᠦᠦ ᠴᠢᠷᠮᠠᠶᠢᠬᠤ ᠵᠣᠷᠢᠭ ᠰᠠᠨᠠᠭ᠎ᠠ ᠪᠠ ᠡᠷᠴᠢ ᠵᠣᠷᠢᠭ ᠢ ᠪᠠᠳᠠᠷᠠᠭᠤᠯᠵᠤ᠂ ᠤᠷᠳᠤ ᠬᠤᠭᠤᠴᠠᠭ᠎ᠠ ᠪᠠᠷ ᠠᠵᠢᠯ ᠢᠶᠠᠨ ᠬᠢᠵᠦ᠂ | ᠰᠢᠷᠭᠠᠭᠤ ᠬᠢᠴᠢᠶᠡᠩᠭᠦᠶ ᠪᠠᠷ ᠬᠤᠪᠢ ᠨᠡᠮᠡᠷᠢ ᠦᠵᠡᠭᠦᠯᠵᠦ᠂ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠠᠷᠠᠳ ᠤᠯᠠᠨ ᠤ ᠲᠤᠰᠬᠠᠯ ᠶᠡᠬᠡᠲᠡᠶ ᠲᠤᠪᠤᠶᠢᠮ᠎ᠠ ᠠᠰᠠᠭᠤᠳᠠᠯ ᠢ | ᠰᠢᠰᠲ᠋ᠧᠮ ᠲᠠᠢ ᠪᠠᠷ ᠰᠤᠳᠤᠯᠤᠨ ᠰᠦᠪᠡᠭᠴᠢᠯᠡᠵᠦ ᠰᠢᠢᠳᠪᠦᠷᠢᠯᠡᠨ᠂ ᠲᠤᠬᠠᠶᠢᠯᠠᠭᠰᠠᠨ ᠠᠵᠢᠯ ᠤᠨ ᠪᠠᠶᠢᠷᠢ ᠳᠤ ᠪᠠᠨ ᠰᠠᠭᠤᠷᠢᠯᠠᠨ ᠭᠠᠪᠢᠶ᠎ᠠ ᠪᠠᠶᠢᠭᠤᠯᠤᠨ ᠦᠢᠯᠡᠰ | ᠪᠦᠲᠦᠭᠡᠵᠦ᠂ ᠤᠯᠤᠰ ᠣᠷᠣᠨ ᠤ ᠤᠯᠤᠰ ᠲᠦᠷᠦ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠭᠰᠠᠨ ᠰᠢᠯᠢᠳᠡᠭ ᠬᠢᠷᠢ | ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠪᠠᠷ ᠬᠤᠷᠠᠯᠳᠤᠬᠤ ᠶᠢ ᠤᠭᠲᠤᠬᠤ ᠪᠠᠷ ᠴᠢᠷᠮᠠᠶᠢᠬᠤ ᠬᠡᠷᠡᠭᠲᠡᠶ᠃ ᠰᠠᠶᠢᠰᠢᠶᠠᠭᠳᠠᠭᠰᠠᠨ | ᠨᠥᠬᠦᠳ ᠴᠦ ᠢᠷᠠᠭᠤ ᠠᠯᠳᠠᠷ ᠢᠶᠠᠨ ᠨᠠᠨᠳᠢᠩᠨᠠᠵᠤ᠂ ᠪᠠᠷᠳᠠᠮᠨᠠᠬᠤ ᠦᠭᠡᠢ ᠪᠠᠴᠢᠮᠳᠠᠬᠤ ᠦᠭᠡᠢ ᠪᠠᠶᠢᠵᠤ᠂ ᠠᠮᠵᠢᠯᠲᠠ ᠪᠠᠨ ᠪᠠᠳᠠᠷᠠᠭᠤᠯᠤᠨ᠂ ᠴᠢᠷᠮᠠᠶᠢᠭᠰᠠᠨ | ᠳᠡᠭᠡᠷ᠎ᠡ ᠪᠠᠨ ᠴᠢᠷᠮᠠᠶᠢᠵᠤ᠂ ᠦᠯᠢᠭᠡᠷ ᠵᠢᠱᠢᠶ᠎ᠡ ᠦᠵᠡᠭᠦᠯᠬᠦ᠂ ᠬᠥᠲᠥᠯᠥᠨ ᠳᠠᠭᠠᠭᠤᠯᠬᠤ᠂ ᠳᠠᠶᠢᠴᠢᠯᠠᠬᠤ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠬᠡᠷᠡᠭᠲᠡᠶ᠃ |