ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠢᠩᠬᠢᠮ᠂ ᠲᠣᠪᠴᠢᠶ᠎ᠠ᠂ ᠰᠢᠨᠵᠢᠶᠠᠩ ᠤᠨ | ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ᠄ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠥᠭᠡᠷᠡᠴᠢᠯᠡᠯᠲᠡ ᠶᠢ ᠭᠦᠨᠵᠡᠭᠡᠶ | ᠠᠬᠢᠭᠤᠯᠵᠤ᠂ ᠬᠢᠯᠢ ᠶᠢᠨ ᠭᠠᠳᠠᠨᠠᠬᠢ ᠳᠤᠮᠳᠠᠳᠤ ᠤᠯᠤᠰ ᠤᠨ ᠠᠷᠠᠳ ᠢᠷᠭᠡᠨ ᠤ ᠪᠡᠶ᠎ᠡ ᠶᠢᠨ ᠦᠨᠡᠮᠯᠡᠯ᠂ ᠵᠢᠯᠣᠭᠤᠴᠢ ᠶᠢᠨ ᠦᠨᠡᠮᠯᠡᠯ ᠵᠡᠷᠭᠡ ᠲᠤᠬᠠᠶᠢᠯᠠᠭᠰᠠᠨ | ᠠᠵᠢᠯ ᠢᠶᠠᠨ ᠭᠦᠢᠴᠡᠳᠭᠡᠬᠦ ᠳᠤ ᠲᠥᠬᠦᠮ ᠦᠵᠡᠭᠦᠯᠬᠦ ᠶᠢᠨ ᠲᠥᠯᠥᠭᠡ᠂ ᠳᠣᠲᠣᠭᠠᠳᠤ ᠶᠢ ᠬᠠᠮᠠᠭᠠᠯᠠᠬᠤ ᠶᠠᠮᠤᠨ 2023 ᠣᠨ ᠤ 2 ᠳ᠋ᠤᠭᠠᠷ ᠰᠠᠷ᠎ᠠ ᠶᠢᠨ 10 ᠤ | ᠡᠳᠦᠷ ᠠᠴᠠ ᠡᠬᠢᠯᠡᠨ ᠬᠢᠯᠢ ᠶᠢᠨ ᠭᠠᠳᠠᠨᠠᠬᠢ ᠳᠤᠮᠳᠠᠳᠤ ᠤᠯᠤᠰ ᠤᠨ ᠠᠷᠠᠳ ᠢᠷᠭᠡᠨ ᠤ ᠲᠤᠬᠠᠶᠢᠯᠠᠭᠰᠠᠨ ᠠᠵᠢᠯ ᠢᠶᠠᠨ ᠭᠦᠢᠴᠡᠳᠭᠡᠬᠦ ᠳᠤ ᠲᠥᠬᠦᠮ ᠦᠵᠡᠭᠦᠯᠬᠦ 6 | ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠰᠤᠳᠤᠯᠤᠨ ᠲᠣᠭᠲᠠᠭᠠᠪᠠ᠃ ᠡᠳᠦᠭᠡ ᠬᠤᠯᠪᠣᠭᠳᠠᠯ ᠪᠥᠬᠦᠢ ᠪᠣᠳᠠᠲᠠᠶ ᠵᠦᠢᠯ ᠢ | ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠵᠢᠯᠣᠭᠤᠴᠢ ᠶᠢᠨ ᠦᠨᠡᠮᠯᠡᠯ ᠢ ᠬᠤᠶᠢᠰᠢᠯᠠᠭᠤᠯᠤᠨ ᠰᠣᠯᠢᠵᠤ ᠠᠪᠬᠤ ᠳᠤ ᠲᠥᠬᠦᠮ ᠦᠵᠡᠭᠦᠯᠦᠨ᠎ᠡ᠃ ᠬᠢᠯᠢ ᠶᠢᠨ ᠭᠠᠳᠠᠨᠠᠬᠢ ᠳᠤᠮᠳᠠᠳᠤ ᠤᠯᠤᠰ ᠤᠨ | ᠠᠷᠠᠳ ᠢᠷᠭᠡᠨ ᠶᠠᠮᠠᠷ ᠨᠢᠭᠡᠨ ᠰᠢᠯᠲᠠᠭᠠᠨ ᠠᠴᠠ ᠪᠣᠯᠵᠣ ᠤᠯᠤᠰ ᠲᠤ ᠪᠠᠨ ᠪᠤᠴᠠᠨ ᠢᠷᠡᠵᠦ ︵ᠬᠢᠯᠢ ᠳᠤ ᠣᠷᠣᠵᠤ ᠢᠷᠡᠬᠦ︶ ᠲᠡᠶᠢᠯᠬᠦ ᠦᠭᠡᠢ ᠠᠴᠠ ᠪᠣᠯᠤᠭᠠᠳ᠂ | ᠵᠢᠯᠣᠭᠤᠴᠢ ᠶᠢᠨ ᠦᠨᠡᠮᠯᠡᠯ ᠤᠨ ᠬᠤᠭᠤᠴᠠᠭ᠎ᠠ ᠨᠢ ᠳᠦᠭᠦᠷᠦᠭᠡᠳ ᠦᠨᠡᠮᠯᠡᠯ ᠢᠶᠠᠨ ᠰᠣᠯᠢᠬᠤ᠂ ᠬᠢᠨᠠᠨ ᠰᠢᠯᠭᠠᠬᠤ᠂ ᠪᠡᠶ᠎ᠡ ᠶᠢᠨ ᠨᠥᠬᠦᠴᠡᠯ ᠤᠨ ᠭᠡᠷᠡᠴᠢ ᠪᠠᠨ | ᠲᠤᠰᠢᠶᠠᠬᠤ ᠲᠤᠬᠠᠶᠢᠯᠠᠭᠰᠠᠨ ᠠᠵᠢᠯ ᠢ ᠭᠦᠢᠴᠡᠳᠭᠡᠬᠦ ᠶᠢᠨ ᠠᠷᠭ᠎ᠠ ᠥᠬᠡᠶ ᠪᠣᠯ᠂ ᠤᠯᠤᠰ ︵ᠬᠢᠯᠢ︶ ᠤᠨ ᠳᠣᠲᠣᠷᠠᠬᠢ ᠬᠥᠮᠦᠰ ᠲᠤ ᠨᠠᠶᠢᠳᠠᠵᠤ ᠪᠡᠶ᠎ᠡ ᠶᠢᠨ ᠦᠨᠡᠮᠯᠡᠯ᠂ | ᠨᠠᠶᠢᠳᠠᠯᠭ᠎ᠠ ᠶᠢᠨ ᠪᠢᠴᠢᠭ ᠢᠶᠠᠷ ᠢᠶᠠᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠤᠭᠤᠴᠠᠭ᠎ᠠ ᠤᠷᠲᠤᠳᠬᠠᠨ | ᠬᠢᠯᠭᠡᠬᠦ ᠪᠠᠷ ᠭᠤᠶᠤᠴᠢᠯᠠᠵᠤ ᠪᠣᠯᠤᠨ᠎ᠠ᠂ ᠲᠣᠰ ᠬᠥᠮᠦᠨ ᠨᠢ ᠤᠯᠤᠰ ᠲᠤ ᠪᠠᠨ ᠪᠤᠴᠠᠨ ᠢᠷᠡᠬᠦ ︵ᠬᠢᠯᠢ ᠳᠤ ᠣᠷᠣᠵᠤ ᠢᠷᠡᠬᠦ︶ ᠴᠢᠬᠤᠯᠠ ᠥᠬᠡᠶ᠃ ᠪᠡᠶ᠎ᠡ ᠶᠢᠨ | ᠦᠨᠡᠮᠯᠡᠯ᠂ ᠨᠠᠶᠢᠳᠠᠯᠭ᠎ᠠ ᠶᠢᠨ ᠪᠢᠴᠢᠭ ᠤᠨ ᠣᠭ ᠮᠠᠲ᠋ᠧᠷᠢᠶᠠᠯ ᠢ ᠲᠤᠰᠢᠶᠠᠬᠤ ᠶᠢᠨ ᠠᠷᠭ᠎ᠠ ᠥᠬᠡᠶ ᠪᠠᠶᠢᠪᠠᠯ᠂ ᠪᠠᠭᠤᠯᠭᠠᠪᠤᠷᠢ ᠪᠤᠶᠤ ᠬᠡᠷᠡᠯ ᠵᠢᠷᠤᠭ ᠤᠨ ᠳᠠᠷᠤᠮᠠᠯᠯᠠᠭᠰᠠᠨ | ᠮᠠᠲ᠋ᠧᠷᠢᠶᠠᠯ ᠢᠶᠠᠷ ᠢᠶᠠᠨ ᠬᠤᠭᠤᠴᠠᠭ᠎ᠠ ᠤᠷᠲᠤᠳᠬᠠᠬᠤ ᠲᠤᠬᠠᠶᠢᠯᠠᠭᠰᠠᠨ ᠠᠵᠢᠯ ᠢ ᠭᠦᠢᠴᠡᠳᠭᠡᠵᠦ ᠪᠣᠯᠤᠨ᠎ᠠ᠃ | ᠬᠤᠶᠠᠷ᠂ ᠤᠯᠤᠰ ᠲᠤ ᠪᠠᠨ ᠪᠤᠴᠠᠨ ᠢᠷᠡᠵᠦ ᠵᠢᠯᠣᠭᠤᠴᠢ ᠶᠢᠨ ᠦᠨᠡᠮᠯᠡᠯ ᠢᠶᠠᠨ ᠰᠣᠯᠢᠵᠤ ᠠᠪᠬᠤ ᠳᠤ ᠲᠥᠬᠦᠮ ᠦᠵᠡᠭᠦᠯᠦᠨ᠎ᠡ᠃ ᠬᠢᠯᠢ ᠶᠢᠨ ᠭᠠᠳᠠᠨᠠᠬᠢ | ᠳᠤᠮᠳᠠᠳᠤ ᠤᠯᠤᠰ ᠤᠨ ᠠᠷᠠᠳ ᠢᠷᠭᠡᠨ ᠶᠠᠮᠠᠷ ᠨᠢᠭᠡᠨ ᠰᠢᠯᠲᠠᠭᠠᠨ ᠠᠴᠠ ᠪᠣᠯᠵᠣ 2023 ᠣᠨ ᠤ ᠵᠢᠯ ᠤᠨ ᠡᠴᠦᠰ ᠠᠴᠠ ᠡᠮᠦᠨ᠎ᠡ ᠤᠯᠤᠰ ᠲᠤ ᠪᠠᠨ ᠪᠤᠴᠠᠬᠤ ︵ | ᠬᠢᠯᠢ ᠳᠤ ᠣᠷᠣᠵᠤ ᠢᠷᠡᠬᠦ︶ ᠠᠷᠭ᠎ᠠ ᠥᠬᠡᠶ ᠠᠴᠠ ᠪᠣᠯᠵᠣ᠂ ᠵᠢᠯᠣᠭᠤᠴᠢ ᠶᠢᠨ ᠦᠨᠡᠮᠯᠡᠯ ᠢᠶᠠᠨ ᠬᠤᠭᠤᠴᠠᠭ᠎ᠠ ᠬᠡᠲᠦᠷᠡᠲᠡᠯ᠎ᠡ ᠰᠣᠯᠢᠭᠰᠠᠨ ᠥᠬᠡᠶ᠂ ᠬᠢᠨᠠᠨ | ᠰᠢᠯᠭᠠᠭᠰᠠᠨ ᠥᠬᠡᠶ ᠪᠠᠶᠢᠪᠠᠯ᠂ ᠤᠯᠤᠰ ᠲᠤ ᠪᠠᠨ ᠪᠤᠴᠠᠨ ᠢᠷᠡᠭᠰᠡᠨ ︵ᠬᠢᠯᠢ ᠳᠤ ᠣᠷᠣᠵᠤ ᠢᠷᠡᠬᠦ︶ ᠤ ᠳᠠᠷᠠᠭᠠᠬᠢ 6 ᠰᠠᠷ᠎ᠠ ᠶᠢᠨ ᠳᠣᠲᠣᠷ᠎ᠠ ᠭᠠᠷ | ᠭᠦᠢᠴᠡᠳᠭᠡᠯ ᠢᠶᠠᠨ ᠨᠥᠬᠦᠨ ᠭᠦᠢᠴᠡᠳᠭᠡᠵᠦ᠂ ᠵᠢᠯᠣᠭᠤᠴᠢ ᠶᠢᠨ ᠬᠢᠷᠢ ᠬᠡᠮ ᠢᠶᠠᠨ ᠰᠡᠷᠭᠦᠭᠡᠵᠦ ᠪᠣᠯᠤᠨ᠎ᠠ᠃ | ᠭᠤᠷᠪᠠ᠂ ᠬᠢᠯᠢ ᠶᠢᠨ ᠭᠠᠳᠠᠨᠠᠬᠢ ᠵᠢᠯᠣᠭᠤᠴᠢ ᠶᠢᠨ ᠦᠨᠡᠮᠯᠡᠯ ᠢᠶᠠᠷ ᠢᠶᠠᠨ ᠳᠤᠮᠳᠠᠳᠤ ᠤᠯᠤᠰ ᠤᠨ ᠵᠢᠯᠣᠭᠤᠴᠢ ᠶᠢᠨ ᠦᠨᠡᠮᠯᠡᠯ ᠢ ᠰᠣᠯᠢᠵᠤ ᠠᠪᠬᠤ ᠳᠤ ᠲᠥᠬᠦᠮ | ᠦᠵᠡᠭᠦᠯᠦᠨ᠎ᠡ᠃ ᠬᠢᠯᠢ ᠶᠢᠨ ᠭᠠᠳᠠᠨᠠᠬᠢ ᠳᠤᠮᠳᠠᠳᠤ ᠤᠯᠤᠰ ᠤᠨ ᠠᠷᠠᠳ ᠢᠷᠭᠡᠨ ᠤᠯᠤᠰ ᠲᠤ ᠪᠠᠨ ᠪᠤᠴᠠᠵᠤ ︵ᠬᠢᠯᠢ ᠳᠤ ᠣᠷᠣᠵᠤ︶ ᠢᠷᠡᠭᠰᠡᠨ ᠤ ᠳᠠᠷᠠᠭ᠎ᠠ | ᠬᠢᠯᠢ ᠶᠢᠨ ᠭᠠᠳᠠᠨᠠᠬᠢ ᠵᠢᠯᠣᠭᠤᠴᠢ ᠶᠢᠨ ᠦᠨᠡᠮᠯᠡᠯ ᠢᠶᠠᠷ ᠢᠶᠠᠨ ᠳᠤᠮᠳᠠᠳᠤ ᠤᠯᠤᠰ ᠤᠨ ᠵᠢᠯᠣᠭᠤᠴᠢ ᠶᠢᠨ ᠦᠨᠡᠮᠯᠡᠯ ᠢ ᠰᠣᠯᠢᠵᠤ ᠠᠪᠬᠤ ᠳᠤ᠂ ᠬᠢᠯᠢ ᠶᠢᠨ ᠭᠠᠳᠠᠨᠠᠬᠢ | ᠵᠢᠯᠣᠭᠤᠴᠢ ᠶᠢᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ 6 ᠰᠠᠷ᠎ᠠ ᠠᠴᠠ ᠬᠡᠲᠦᠷᠡᠭᠰᠡᠨ ᠥᠬᠡᠶ ᠪᠠᠶᠢᠪᠠᠯ᠂ ᠳᠤᠮᠳᠠᠳᠤ ᠤᠯᠤᠰ ᠤᠨ ᠵᠢᠯᠣᠭᠤᠴᠢ ᠶᠢᠨ | ᠦᠨᠡᠮᠯᠡᠯ ᠢ ᠰᠣᠯᠢᠵᠤ ᠠᠪᠬᠤ ᠪᠠᠷ ᠬᠡᠪ ᠤᠨ ᠶᠣᠰᠣᠭᠠᠷ ᠭᠤᠶᠤᠴᠢᠯᠠᠵᠤ ᠪᠣᠯᠤᠨ᠎ᠠ᠃ | ᠳᠥᠷᠪᠡ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠨᠠᠶᠢᠳᠠᠵᠤ ᠣᠷᠣᠯᠠᠨ ᠬᠢᠯᠭᠡᠬᠦ ᠳᠤ ᠲᠥᠬᠦᠮ ᠦᠵᠡᠭᠦᠯᠦᠨ᠎ᠡ᠃ ᠬᠢᠯᠢ ᠶᠢᠨ ᠭᠠᠳᠠᠨᠠᠬᠢ ᠳᠤᠮᠳᠠᠳᠤ | ᠤᠯᠤᠰ ᠤᠨ ᠠᠷᠠᠳ ᠢᠷᠭᠡᠨ ᠰᠢᠨ᠎ᠡ ᠬᠢᠵᠢᠭ ᠤᠨ ᠪᠠᠶᠢᠳᠠᠯ ᠠᠴᠠ ᠪᠣᠯᠵᠤ ᠴᠠᠭ ᠲᠤᠬᠠᠶ ᠳᠤ ᠨᠢ ᠪᠡᠶ᠎ᠡ ᠶᠢᠨ ᠦᠨᠡᠮᠯᠡᠯ ᠤᠨ ᠬᠤᠭᠤᠴᠠᠭ᠎ᠠ ᠨᠢ ᠳᠦᠭᠦᠷᠦᠭᠡᠳ | ᠦᠨᠡᠮᠯᠡᠯ ᠢᠶᠠᠨ ᠰᠣᠯᠢᠵᠤ ᠳᠡᠶᠢᠯᠦᠭᠰᠡᠨ ᠦᠭᠡᠶ ᠪᠣᠯ ᠤᠯᠤᠰ ᠤᠨ ᠳᠣᠲᠣᠭᠠᠳᠤ ᠶᠢᠨ ᠣᠶᠢᠷ᠎ᠠ ᠲᠥᠷᠥᠯ ᠰᠠᠳᠤᠨ ᠳᠤ ᠨᠠᠶᠢᠳᠠᠵᠤ ᠪᠠᠶᠢᠩᠭᠤ ᠶᠢᠨ ᠡᠷᠦᠬᠡ ᠠᠮᠠ ᠶᠢᠨ | ᠲᠠᠩᠰᠠ ᠪᠠᠶᠢᠭ᠎ᠠ ᠭᠠᠵᠠᠷ ᠤᠨ ᠲᠣᠮᠢᠯᠠᠭᠰᠠᠨ ᠰᠠᠯᠪᠤᠷᠢ ᠪᠤᠶᠤ ᠡᠷᠦᠬᠡ ᠠᠮᠠ ᠶᠢᠨ ᠶᠠᠪᠤᠳᠠᠯ ᠤᠨ ᠦᠨᠡᠮᠯᠡᠯ ᠭᠦᠢᠴᠡᠳᠭᠡᠬᠦ ᠶᠡᠭᠡ ᠲᠢᠩᠬᠢᠮ ᠳᠤ ᠦᠨᠡᠮᠯᠡᠯ ᠰᠣᠯᠢᠬᠤ | ᠭᠤᠶᠤᠴᠢᠯᠠᠯ ᠢ ᠣᠷᠣᠯᠠᠨ ᠭᠠᠷᠳᠠᠭᠤᠯᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠨᠠᠶᠢᠳᠠᠯᠭ᠎ᠠ ᠬᠦᠯᠢᠶᠡᠭᠴᠢ ᠶᠢᠨ ᠪᠡᠶ᠎ᠡ ᠬᠡᠮ ᠤᠨ ᠮᠡᠳᠡᠭᠡ ᠵᠠᠩᠭᠢ ᠶᠢ | ᠬᠢᠨᠠᠨ ᠬᠠᠷᠭᠤᠭᠤᠯᠵᠤ᠂ ᠭᠡᠷᠡᠴᠢᠯᠡᠬᠦ ᠮᠠᠲ᠋ᠧᠷᠢᠶᠠᠯ ᠢ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠵᠤ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠦᠨᠡᠮᠯᠡᠯ ᠢ | ᠭᠥᠯᠢᠶᠡᠨ ᠠᠪᠴᠤ᠂ ᠭᠠᠷ ᠤᠨ ᠥᠰᠥᠭ ᠵᠢᠷᠤᠵᠤ᠂ ᠦᠢᠯᠡᠳᠬᠦ ᠪᠠ ᠣᠯᠭᠤᠵᠤ ᠪᠣᠯᠤᠨ᠎ᠠ᠃ | ᠲᠠᠪᠤ᠂ ᠤᠯᠤᠰ ᠲᠤ ᠪᠠᠨ ᠪᠣᠴᠠᠨ ᠢᠷᠡᠵᠦ ᠣᠶᠢᠷ᠎ᠠ ᠬᠠᠪᠢ ᠳᠤ ᠪᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠰᠣᠯᠢᠵᠤ ᠠᠪᠬᠤ ᠳᠤ ᠲᠥᠬᠦᠮ | ᠦᠵᠡᠭᠦᠯᠦᠨ᠎ᠡ᠃ ᠬᠢᠯᠢ ᠶᠢᠨ ᠭᠠᠳᠠᠨᠠᠬᠢ ᠳᠤᠮᠳᠠᠳᠤ ᠤᠯᠤᠰ ᠤᠨ ᠠᠷᠠᠳ ᠢᠷᠭᠡᠨ ᠰᠢᠨ᠎ᠡ ᠪᠠᠷ ᠳᠡᠯᠭᠡᠷᠡᠭᠰᠡᠨ ᠬᠢᠵᠢᠭ ᠤᠨ ᠪᠠᠶᠢᠳᠠᠯ ᠠᠴᠠ ᠪᠣᠯᠵᠣ ᠪᠡᠶ᠎ᠡ ᠶᠢᠨ | ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠳᠦᠭᠦᠷᠦᠭᠡᠳ ᠦᠨᠡᠮᠯᠡᠯ ᠢᠶᠠᠨ ᠰᠣᠯᠢᠵᠤ ᠳᠡᠶᠢᠯᠬᠦ ᠥᠬᠡᠶ ᠪᠣᠯ᠂ ᠤᠯᠤᠰ ᠲᠤ ᠪᠠᠨ ᠪᠤᠴᠠᠵᠤ ︵ᠬᠢᠯᠢ ᠳᠤ ᠣᠷᠣᠵᠤ︶ | ᠢᠷᠡᠭᠰᠡᠨ ᠤ ᠳᠠᠷᠠᠭ᠎ᠠ ᠪᠥᠬᠦ ᠤᠯᠤᠰ ᠤᠨ ᠶᠠᠮᠠᠷᠪᠠ ᠨᠢᠭᠡᠨ ᠡᠷᠦᠬᠡ ᠠᠮᠠ ᠶᠢᠨ ᠲᠣᠮᠢᠯᠠᠭᠰᠠᠨ ᠰᠠᠯᠪᠤᠷᠢ ᠳᠤ ᠪᠡᠶ᠎ᠡ ᠶᠢᠨ ᠦᠨᠡᠮᠯᠡᠯ ᠢᠶᠠᠨ ᠰᠣᠯᠢᠵᠤ ᠠᠪᠬᠤ | ᠲᠤᠬᠠᠶᠢᠯᠠᠭᠰᠠᠨ ᠠᠵᠢᠯ ᠢ ᠣᠶᠢᠷ᠎ᠠ ᠬᠠᠪᠢ ᠳᠤ ᠪᠠᠨ ᠭᠦᠢᠴᠡᠳᠭᠡᠵᠦ ᠪᠣᠯᠤᠨ᠎ᠠ᠃ | ᠵᠢᠷᠭᠤᠭ᠎ᠠ᠂ ᠬᠢᠯᠢ ᠪᠠᠷ ᠣᠷᠣᠵᠤ ᠭᠠᠷᠬᠤ ᠲᠤᠬᠠᠶᠢᠯᠠᠭᠰᠠᠨ ᠠᠵᠢᠯ ᠪᠠ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠪᠠᠶᠢᠴᠠᠭᠠᠨ ᠯᠠᠪᠯᠠᠬᠤ ᠳᠤ ᠲᠦᠭᠦᠮ | ᠦᠵᠡᠭᠦᠯᠦᠨ᠎ᠡ᠃ ᠨᠡᠭᠦᠳᠡᠯ ᠠᠷᠠᠳ ᠤᠨ ᠬᠠᠮᠢᠶᠠᠷᠤᠯᠲᠠ ᠶᠢᠨ ᠲᠣᠪᠴᠢᠶ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ ᠬᠢᠯᠢ ᠶᠢᠨ | ᠭᠠᠳᠠᠨᠠᠬᠢ ᠳᠤᠮᠳᠠᠳᠤ ᠤᠯᠤᠰ ᠤᠨ ᠠᠷᠠᠳ ᠢᠷᠭᠡᠳ ᠲᠤ ᠬᠢᠯᠢ ᠪᠠᠷ ᠣᠷᠣᠵᠤ ᠭᠠᠷᠬᠤ ᠭᠡᠷᠡᠴᠢ ᠦᠨᠡᠮᠯᠡᠯ᠂ ᠬᠢᠯᠢ ᠪᠠᠷ ᠣᠷᠣᠵᠤ ᠭᠠᠷᠤᠭᠰᠠᠨ ᠲᠡᠮᠳᠡᠭᠯᠡᠯ ᠵᠡᠷᠭᠡ | ᠮᠡᠳᠡᠭᠡ ᠵᠠᠩᠭᠢ ᠶᠢᠨ ᠰᠦᠯᠵᠢᠶᠡᠨ ᠳᠡᠭᠡᠷᠡᠬᠢ ᠪᠠᠶᠢᠴᠠᠭᠠᠨ ᠯᠠᠪᠯᠠᠬᠤ ᠦᠢᠯᠡᠴᠢᠯᠡᠭᠡ ᠬᠠᠩᠭᠠᠵᠤ᠂ 12367 ᠦᠢᠯᠡᠴᠢᠯᠡᠭᠡᠨ ᠤ ᠬᠠᠯᠠᠮᠰᠢᠯ ᠤᠲᠠᠰᠤ ᠪᠠᠷ ᠬᠢᠯᠢ ᠶᠢᠨ | ᠭᠠᠳᠠᠨᠠᠬᠢ ᠳᠤᠮᠳᠠᠳᠤ ᠤᠯᠤᠰ ᠤᠨ ᠠᠷᠠᠳ ᠢᠷᠭᠡᠳ ᠲᠤ ᠳᠤᠮᠳᠠᠳᠤ ᠠᠩᠭ᠍ᠯᠢ ᠬᠤᠤᠰ ᠬᠡᠯᠡ᠂ ︽7 × 24︾ ᠴᠠᠭ ᠤᠨ ᠬᠢᠯᠢ ᠪᠠᠷ ᠣᠷᠣᠵᠤ ᠭᠠᠷᠬᠤ | ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠬᠠᠩᠭᠠᠨ᠎ᠠ᠃ | ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ 6 ᠵᠦᠢᠯ ᠤᠨ ᠰᠢᠨ᠎ᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠭᠠᠵᠤ᠂ ᠠᠷᠠᠳ ᠲᠤ | ᠲᠦᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠠᠵᠤ ᠠᠬᠤᠢ ᠨᠡᠶᠢᠭᠡᠮ ᠤᠨ ᠬᠥᠭᠵᠢᠯᠲᠡ ᠳᠤ | ᠦᠢᠯᠡᠴᠢᠯᠡᠬᠦ ᠪᠣᠳᠠᠲᠠᠢ ᠠᠵᠢᠯᠯᠠᠭ᠎ᠠ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢ ᠴᠢᠩᠭᠠᠳᠬᠠᠨ᠂ ᠬᠡᠷᠡᠭᠵᠢᠭᠦᠯᠬᠦ ᠲᠥᠰᠦᠯ ᠢ | ᠨᠠᠷᠢᠯᠢᠬᠵᠢᠭᠤᠯᠵᠤ᠂ ᠬᠠᠷᠢᠭᠤᠴᠠᠯᠭ᠎ᠠ ᠶᠢ ᠱᠠᠳᠤ ᠱᠠᠳᠤ ᠪᠠᠷ ᠨᠠᠶᠢᠳᠠᠪᠤᠷᠢᠵᠢᠭᠤᠯᠵᠤ᠂ ᠯᠠᠪᠳᠠᠭᠤᠨ ᠪᠠᠲᠤᠲᠠᠢ ᠪᠠᠷ ᠠᠬᠢᠭᠤᠯᠤᠨ᠂ ᠪᠣᠳᠠᠲᠤ ᠦᠷ᠎ᠡ ᠪᠦᠲᠦᠮᠵᠢ | ᠤᠯᠬᠤ ᠶᠢ ᠪᠠᠲᠤᠯᠠᠬᠤ ᠬᠡᠷᠡᠭᠲᠡᠢ᠃ ᠢᠵᠢ ᠪᠦᠷᠢᠳᠦᠭᠦᠯᠬᠦ ᠪᠠᠲᠤᠯᠠᠭ᠎ᠠ ᠶᠢ ᠨᠠᠶᠢᠳᠠᠪᠤᠷᠢᠵᠢᠭᠤᠯᠵᠤ᠂ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠱᠠᠭᠠᠷᠳᠠᠯᠭ᠎ᠠ ᠶᠣᠰᠣᠭᠠᠷ᠂ | ᠡᠯ᠎ᠡ ᠵᠦᠢᠯ ᠤᠨ ᠢᠵᠢ ᠪᠦᠷᠢᠳᠦᠭᠦᠯᠬᠦ ᠪᠠᠲᠤᠯᠠᠭ᠎ᠠ ᠶᠢ ᠤᠷᠢᠳᠴᠢᠯᠠᠨ ᠨᠠᠶᠢᠳᠠᠪᠤᠷᠢᠵᠢᠭᠤᠯᠵᠤ᠂ ᠰᠢᠰᠲ᠋ᠧᠮ ᠢ ᠲᠡᠰ ᠳᠡᠪᠰᠢᠭᠦᠯᠬᠦ᠂ ᠲᠦᠷᠢᠮ ᠢ ᠲᠡᠭᠦᠯᠳᠡᠷᠵᠢᠭᠦᠯᠬᠦ᠂ | ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠵᠡᠷᠭᠡ ᠶᠢ ᠬᠡᠷᠡᠭᠵᠢᠭᠦᠯᠬᠦ ᠪᠡᠯᠡᠳᠬᠡᠯ ᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠪᠠᠲᠤᠯᠠᠭ᠎ᠠ ᠶᠢᠨ ᠠᠷᠭ᠎ᠠ | ᠬᠡᠮᠵᠢᠶ᠎ᠡ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ᠃ ᠰᠢᠮᠳᠠᠭᠤᠯᠤᠨ ᠪᠠᠶᠢᠴᠠᠭᠠᠵᠤ ᠦᠷ᠎ᠡ ᠪᠦᠲᠦᠮᠵᠢ ᠠᠰᠠᠭᠤᠬᠤ ᠶᠢ ᠴᠢᠩᠭᠠᠳᠬᠠᠵᠤ᠂ ᠡᠭᠦᠷᠭᠡ ᠶᠢᠨ | ᠨᠠᠷᠢᠨ ᠲᠠᠩᠰᠠ ᠲᠠᠢ ᠬᠠᠷᠢᠴᠠᠭᠤᠯᠤᠨ᠂ ᠪᠦᠬᠦᠨ ᠢ ᠬᠠᠮᠤᠷᠬᠤ᠂ ᠪᠡᠶᠡᠴᠢᠯᠡᠨ ᠣᠶᠢᠯᠠᠭᠠᠬᠤ ᠮᠠᠶ᠋ᠢᠭ ᠤᠨ ᠰᠢᠮᠳᠠᠭᠤᠯᠤᠨ ᠪᠠᠶᠢᠴᠠᠭᠠᠬᠤ ᠶᠢ ᠭᠦᠨᠵᠡᠭᠡᠶ ᠥᠷᠨᠢᠭᠦᠯᠵᠦ᠂ | ᠠᠰᠠᠭᠤᠳᠠᠯ ᠢ ᠴᠠᠭ ᠲᠤᠬᠠᠶ ᠳᠤ ᠨᠢ ᠵᠠᠷᠯᠠᠨ ᠮᠡᠳᠡᠭᠳᠡᠵᠦ᠂ ᠴᠠᠭ ᠲᠤᠬᠠᠶ ᠳᠤ ᠨᠢ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠤᠨ᠂ ᠦᠷ᠎ᠡ ᠪᠦᠲᠦᠮᠵᠢ ᠪᠠ | ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠵᠤ᠂ ᠠᠷᠭ᠎ᠠ ᠬᠡᠮᠵᠢᠶ᠎ᠡ ᠶᠢ ᠨᠠᠷᠢᠯᠢᠭ ᠣᠨᠣᠴᠠᠲᠠᠶ ᠪᠠᠷ ᠨᠠᠶᠢᠳᠠᠪᠤᠷᠢᠵᠢᠭᠤᠯᠤᠨ᠂ ᠠᠷᠠᠳ ᠲᠤ ᠲᠥᠬᠦᠮ ᠦᠵᠡᠭᠦᠯᠵᠦ ᠠᠰᠢᠭ | ᠬᠦᠷᠲᠡᠭᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠯᠠᠪᠳᠠᠭᠤᠨ ᠢᠶᠠᠷ ᠤᠬᠠᠭᠤᠯᠵᠤ ᠬᠦᠳᠦᠯᠦᠨ ᠵᠢᠯᠣᠭᠤᠳᠴᠤ᠂ ᠨᠢᠭᠡᠨᠲᠡ ᠨᠡᠶᠢᠲᠡᠯᠡᠭᠰᠡᠨ ᠬᠢᠯᠢ ᠶᠢᠨ ᠳᠣᠲᠣᠷ᠎ᠠ | ᠭᠦᠢᠴᠡᠳᠬᠡᠬᠦ ᠲᠤᠬᠠᠶᠢᠯᠠᠭᠰᠠᠨ ᠠᠵᠢᠯ ᠢ ᠬᠤᠶᠢᠰᠢᠯᠠᠭᠤᠯᠤᠨ ᠭᠦᠢᠴᠡᠳᠬᠡᠬᠦ᠂ ᠳᠤᠲᠠᠭᠤ ᠶᠢ ᠠᠭᠤᠴᠢᠯᠠᠨ ᠰᠢᠢᠳᠪᠦᠷᠢᠯᠡᠬᠦ ᠵᠡᠷᠭᠡ ᠠᠷᠭ᠎ᠠ ᠬᠡᠮᠵᠢᠶ᠎ᠡ ᠶᠢ | ᠤᠬᠠᠭᠤᠯᠬᠤ ᠲᠠᠢ ᠤᠶᠠᠯᠳᠤᠭᠤᠯᠵᠤ᠂ ᠬᠢᠯᠢ ᠶᠢᠨ ᠭᠠᠳᠠᠨᠠᠬᠢ ᠳᠤᠮᠳᠠᠳᠤ ᠤᠯᠤᠰ ᠤᠨ ᠠᠷᠠᠳ ᠢᠷᠭᠡᠳ ᠤᠨ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠤ | ᠲᠦᠬᠦᠮ ᠦᠵᠡᠭᠦᠯᠬᠦ ᠠᠷᠭ᠎ᠠ ᠬᠡᠮᠵᠢᠶ᠎ᠡ ᠶᠢ ᠰᠠᠶᠢᠲᠤᠷ ᠤᠬᠠᠭᠤᠯᠤᠨ ᠲᠠᠶᠢᠯᠪᠤᠷᠢᠯᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠠᠭ | ᠲᠤᠬᠠᠢ ᠳᠤ ᠨᠢ ᠬᠠᠷᠢᠭᠤᠯᠲᠠ ᠥᠭᠴᠦ᠂ ᠰᠠᠶᠢᠨ ᠰᠠᠶᠢᠬᠠᠨ ᠬᠡᠷᠡᠭᠵᠢᠭᠦᠯᠬᠦ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠡᠭᠦᠨ ᠤ ᠬᠠᠮᠲᠤ᠂ ᠤᠯᠠᠨ ᠲᠦᠮᠡᠨ ᠤ | ᠤᠴᠢᠷ ᠶᠠᠪᠤᠳᠠᠯ ᠰᠢᠢᠳᠪᠦᠷᠢᠯᠡᠬᠦ ᠳᠤ ᠳᠥᠭᠦᠮ ᠦᠭᠡᠢ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ | ᠠᠷᠠᠳ ᠲᠤ ᠲᠦᠭᠦᠮ ᠦᠵᠡᠭᠦᠯᠵᠦ ᠠᠰᠢᠭ ᠬᠦᠷᠲᠡᠭᠡᠬᠦ ᠨᠡᠩ ᠤᠯᠠᠨ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠰᠠᠨᠠᠭᠠᠴᠢᠯᠠᠭ᠎ᠠ ᠠᠴᠠ ᠪᠠᠨ ᠭᠠᠷᠭᠠᠵᠤ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠶᠢᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ |