ᠣᠶᠢᠷ᠎ᠠ ᠳᠤ᠂ ᠵᠠᠯᠠᠨ ᠠᠶᠢᠯ ᠤᠨ ᠭᠢᠨᠳᠠᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠨᠡᠭᠡᠭᠡᠯᠲᠡ ᠶᠢᠨ ᠡᠳᠦᠷ ᠵᠢᠴᠢ ᠰᠤᠷᠭᠠᠨ ᠬᠥᠮᠦᠵᠢᠯ | ᠥᠭᠡᠷᠡᠴᠢᠯᠡᠯᠲᠡ ᠶᠢᠨ ᠰᠣᠶᠣᠯ ᠤᠨ ᠵᠢᠭᠰᠠᠭᠠᠯ ᠢ ᠡᠬᠢᠯᠡᠭᠦᠯᠬᠦ ︵ᠭᠡᠷ᠎ᠡ ᠲᠣᠭᠲᠠᠬᠤ︶ ᠶᠣᠰᠣᠯᠠᠯ ᠶᠠᠪᠤᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠭᠢᠨᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠰᠤᠷᠭᠠᠨ ᠬᠥᠮᠦᠵᠢᠯ ᠥᠭᠡᠷᠡᠴᠢᠯᠡᠯᠲᠡ ᠶᠢᠨ ᠭᠠᠵᠠᠷ ᠤᠨ ᠬᠠᠷᠢᠭᠤᠴᠠᠯᠭᠠᠲᠠᠨ ᠵᠦ ᠯᠢ ᠰᠢᠶᠠᠨ᠂ ᠵᠠᠯᠠᠨ | ᠠᠶᠢᠯ ᠬᠤᠲᠠ ᠶᠢᠨ ᠤᠳᠤᠷᠢᠳᠤᠯᠭ᠎ᠠ ᠰᠥᠩ ᠾᠦᠢ᠂ ᠯᠦ ᠸᠧᠨ ᠹᠧᠩ᠂ ᠯᠦ ᠶᠣᠣ᠂ ᠵᠠᠯᠠᠨ ᠠᠶᠢᠯ ᠤᠨ ᠭᠢᠨᠳᠠᠨ ᠤ ᠨᠠᠮ ᠤᠨ ᠬᠤᠷᠢᠶ᠎ᠠ ᠶᠢᠨ ᠱᠦᠵᠢ᠂ ᠭᠢᠨᠳᠠᠨ ᠤ | ᠳᠠᠷᠤᠭ᠎ᠠ ᠲᠦᠩ ᠵᠠᠨ ᠫᠢᠩ ᠠᠵᠢᠯᠯᠠᠭ᠎ᠠ ᠳᠤ ᠣᠷᠣᠯᠴᠠᠵᠠᠢ᠃ | | ᠠᠵᠢᠯᠯᠠᠭ᠎ᠠ ᠳᠤ ᠵᠠᠯᠠᠨ ᠠᠶᠢᠯ ᠬᠤᠲᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠣᠯᠠᠨ ᠲᠦᠮᠡᠨ ᠤ | ᠪᠦᠯᠬᠦᠮ ᠤᠨ ᠵᠣᠬᠢᠶᠠᠨ ᠪᠠᠶᠢᠭᠤᠯᠤᠯᠲᠠ᠂ ᠰᠢᠶᠠᠩ ᠪᠠᠯᠭᠠᠰᠤ ᠵᠡᠭᠡᠯᠢ ᠭᠤᠳᠤᠮᠵᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠠᠭᠤᠭ᠎ᠠ ᠨᠢᠭᠡᠴᠡ᠂ | ᠭᠢᠨᠳᠠᠨ ᠤ ᠬᠠᠮᠵᠢᠯᠴᠠᠬᠤ ᠨᠢᠭᠡᠴᠡ ᠶᠢᠨ ᠲᠥᠯᠥᠭᠡᠯᠡᠭᠴᠢ᠂ ᠭᠡᠰᠢᠭᠦᠨ ᠵᠢᠴᠢ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠨᠡᠶᠢᠲᠡ 90 ᠭᠠᠷᠤᠢ ᠬᠥᠮᠥᠨ ᠢ ᠤᠷᠢᠵᠤ | ᠠᠷᠠᠳ ᠤᠨ ᠲᠥᠯᠥᠭᠡ ᠬᠠᠤᠯᠢ ᠪᠠᠷᠢᠬᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠣᠳᠠᠲᠠᠢ ᠦᠢᠯᠡᠳᠦᠯᠭᠡ ᠶᠢ ᠣᠶᠢᠯᠠᠭᠠᠭᠤᠯᠤᠭᠰᠠᠨ ᠪᠠᠶᠢᠨ᠎ᠠ᠃ ᠵᠠᠯᠠᠨ | ᠠᠶᠢᠯ ᠤᠨ ᠭᠢᠨᠳᠠᠨ ᠨᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠰᠣᠶᠣᠯ ᠤᠨ ᠵᠢᠭᠰᠠᠭᠠᠯ ᠢ ᠬᠠᠮᠲᠤᠪᠠᠷ ᠪᠠᠶᠢᠭᠤᠯᠬᠤ ᠨᠢᠭᠡᠴᠡ ᠲᠠᠢ ᠭᠡᠷ᠎ᠡ ᠲᠣᠭᠲᠠᠭᠰᠠᠨ | ᠪᠥᠭᠡᠳ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠰᠣᠶᠣᠯ ᠤᠨ ᠵᠢᠭᠰᠠᠭᠠᠯ ᠤᠨ ᠲᠤᠰᠬᠠᠢ ᠮᠡᠷᠭᠡᠵᠢᠯᠲᠡᠨ ᠳᠤ ᠤᠷᠢᠯᠭ᠎ᠠ ᠶᠢᠨ ᠪᠢᠴᠢᠭ ᠭᠠᠷᠳᠠᠭᠤᠯᠵᠠᠢ᠃ | | ᠵᠠᠯᠠᠨ ᠠᠶᠢᠯ ᠤᠨ ᠭᠢᠨᠳᠠᠨ ᠤ ᠬᠢᠨ ᠨᠡᠶᠢᠭᠡᠮ ᠤᠨ ᠡᠯ᠎ᠡ ᠡᠲᠡᠭᠡᠳ ᠲᠠᠢ ᠬᠠᠮᠲᠤᠪᠠᠷ ᠤᠯᠠᠨ ᠲᠡᠰ ᠳᠠᠪᠬᠤᠷᠭ᠎ᠠ ᠶᠢᠨ᠂ ᠪᠣᠰᠤᠭ᠎ᠠ ᠴᠣᠭᠴᠠᠲᠤ ᠮᠠᠶ᠋ᠢᠭ ᠤᠨ ᠰᠤᠷᠭᠠᠨ | ᠬᠥᠮᠦᠵᠢᠯ ᠤᠨ ᠥᠭᠡᠷᠡᠴᠢᠯᠡᠯᠲᠡ ᠶᠢᠨ ᠰᠣᠶᠣᠯ ᠤᠨ ᠵᠢᠭᠰᠠᠭᠠᠯ ᠢ ᠪᠠᠶᠢᠭᠤᠯᠵᠤ᠂ ᠶᠠᠯᠠᠳᠠᠨ ᠢ ᠰᠤᠷᠭᠠᠨ ᠬᠥᠮᠥᠵᠢᠭᠦᠯᠵᠦ ᠥᠭᠡᠷᠡᠴᠢᠯᠡᠬᠦ ᠰᠢᠨ᠎ᠡ ᠵᠠᠭᠪᠤᠷ ᠢ | ᠰᠦᠪᠡᠭᠴᠢᠯᠡᠵᠦ᠂ ᠬᠠᠤᠯᠢ ᠬᠡᠷᠡᠭᠵᠢᠭᠦᠯᠦᠯᠲᠡ ᠶᠢᠨ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠵᠦ᠂ ᠭᠢᠨᠳᠠᠨ ᠤ ᠴᠢᠩᠭ᠎ᠠ ᠵᠢᠷᠤᠮᠵᠢᠭᠤᠨ ᠲᠥᠪ ᠭᠤᠣᠯᠴᠢ | ᠪᠣᠯᠪᠠᠰᠤᠨ ᠰᠠᠶᠢᠨ ᠰᠠᠶᠢᠬᠠᠨ ᠬᠠᠤᠯᠢ ᠬᠡᠷᠡᠭᠵᠢᠭᠦᠯᠬᠦ ᠳᠦᠷᠢ ᠲᠥᠷᠬᠦ ᠶᠢ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠭᠢᠨᠳᠠᠨ ᠤ ᠠᠵᠢᠯ ᠤᠨ ᠰᠢᠨ᠎ᠡ ᠳᠡᠭᠲᠡᠷ ᠲᠤ | ᠭᠠᠷᠬᠤ ᠶᠢ ᠲᠠᠰᠤᠷᠠᠯᠲᠠ ᠦᠭᠡᠢ ᠠᠬᠢᠭᠤᠯᠪᠠ᠃ | |