ᠵᠠᠯᠠᠨ ᠠᠶᠢᠯ ᠬᠤᠲᠠ ᠶᠢᠨ ᠨᠠᠮ ᠵᠠᠰᠠᠭ ᠤᠨ ᠰᠢᠨᠵᠢᠯᠡᠨ ᠪᠠᠶᠢᠴᠠᠭᠠᠬᠤ ᠪᠦᠯᠬᠦᠮ ᠵᠠᠯᠠᠶᠢᠳ ᠬᠤᠰᠢᠭᠤᠨ ᠳᠤ ᠬᠦᠷᠴᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/12/18
    ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ︽ᠣᠷᠣᠨ ᠪᠦᠰᠡ ᠶᠢᠨ ᠬᠠᠮᠲᠤᠷᠠᠯᠴᠠᠭ᠎ᠠ︾ ᠶᠢ ᠭᠦᠨᠵᠡᠭᠡᠶᠢᠷᠡᠭᠦᠯᠬᠦ ᠲᠤᠬᠠᠢ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠶᠢ ᠰᠤᠷᠤᠯᠴᠠᠵᠤ᠂ 12 ᠰᠠᠷ᠎ᠠ ᠶᠢᠨ 12  ᠤᠨ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠠᠢ ᡁᠢ ᠵᠢᠶᠦ᠋ᠨ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠸᠠᠩ ᠪᠥᠸᠧ ᠪᠦᠯᠬᠦᠮ ᠳᠠᠭᠠᠭᠤᠯᠤᠨ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠳᠤ ᠬᠦᠷᠴᠦ᠂ ︽ᠬᠤᠶᠠᠷ ᠶᠡᠭᠡ ᠶᠠᠪᠤᠳᠠᠯ︾ ᠢ ᠨᠠᠶᠢᠳᠠᠪᠤᠷᠢᠵᠢᠭᠤᠯᠬᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠠᠶᠢᠨ ᠲᠤᠷᠰᠢᠯᠭ᠎ᠠ ᠰᠠᠶᠢᠨ ᠠᠷᠭ᠎ᠠ ᠶᠢ ᠰᠤᠷᠤᠯᠴᠠᠨ ᠰᠢᠨᠵᠢᠯᠡᠨ ᠪᠠᠶᠢᠴᠠᠭᠠᠵᠤ᠂ ᠬᠤᠶᠠᠷ ᠭᠠᠵᠠᠷ ᠤᠨ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠣᠷᠣᠨ ᠪᠦᠰᠡ ᠶᠢᠨ ᠬᠠᠮᠵᠢᠯᠴᠠᠨ ᠬᠥᠭᠵᠢᠬᠦ ᠶᠢ ᠠᠬᠢᠭᠤᠯᠪᠠ᠃ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠪᠠᠷ᠎ᠠ ᠪᠣᠯᠵᠤ ᠰᠢᠨᠵᠢᠯᠡᠨ ᠪᠠᠶᠢᠴᠠᠭᠠᠵᠤ᠂ ᠬᠤᠰᠢᠭᠤᠨ ᠤ ᠤᠳᠤᠷᠢᠳᠤᠯᠭ᠎ᠠ ᠭᠤᠸ ᠢᠦᠢ ᠶᠦᠩ᠂ ᠭᠤᠸ  ᠹᠧᠩ ᠦ᠋ ᠨᠠᠷ ᠠᠵᠢᠯᠯᠠᠭ᠎ᠠ ᠳᠤ ᠣᠷᠣᠯᠴᠠᠵᠠᠢ᠃
1-1.jpg
    ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠤᠷᠢᠳ ᠬᠤᠵᠢᠳ ᠮᠧᠩ ᠲᠧ ᠦᠬᠡᠷ ᠦᠷᠡᠵᠢᠭᠦᠯᠦᠨ ᠪᠣᠶᠢᠵᠢᠭᠤᠯᠬᠤ ᠲᠥᠪ᠂ ᠣᠶᠤᠨᠲᠤ ᠠᠮᠢ ᠠᠬᠤᠢ ᠶᠢᠨ ᠮᠠᠯᠵᠢᠯ ᠤᠨ ᠲᠠᠯᠠᠪᠠᠢ᠂ ᠠᠮᠢ ᠠᠬᠤᠢ ᠶᠢᠨ ᠶᠡᠷᠦᠩᠬᠡᠶᠢᠯᠡᠭᠰᠡᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠠᠯᠠᠪᠠᠢ᠂ ᠠᠮᠤᠷ ᠢ ᠬᠠᠮᠠᠭᠠᠯᠠᠬᠤ ᠲᠠᠷᠢᠶᠠᠯᠠᠩ ᠤᠨ ᠲᠤᠰᠬᠠᠢ ᠬᠤᠷᠰᠢᠶ᠎ᠠ᠂ ᠵᠠᠯᠠᠶᠢᠳ ᠬᠤᠰᠢᠭᠤᠨ ᠤ ᠠᠵᠤ ᠦᠢᠯᠡᠰ ᠤᠨ ᠬᠦᠷᠢᠶᠡᠯᠡᠩ ᠵᠡᠷᠭᠡ ᠭᠠᠵᠠᠷ ᠲᠤ ᠬᠦᠷᠴᠡᠢ᠃ ᠰᠢᠶᠠᠨ ᠤ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ᠂ ᠮᠠᠯ ᠠᠵᠤ ᠠᠬᠤᠢ ᠲᠠᠷᠢᠶᠠᠯᠠᠩ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠵᠡᠷᠭᠡ ᠠᠵᠢᠯ ᠳᠤ ᠭᠦᠨᠵᠡᠭᠡᠢ ᠰᠢᠨᠵᠢᠯᠡᠨ ᠪᠠᠶᠢᠴᠠᠭᠠᠯᠲᠠ ᠬᠢᠵᠦ᠂ ᠤᠯᠠᠨ ᠢᠶᠠᠷ ᠢᠶᠠᠨ ᠰᠡᠳᠬᠢᠴᠡ ᠶᠢ ᠰᠤᠷᠤᠯᠴᠠᠵᠤ᠂ ᠨᠠᠷᠢᠨ ᠵᠦᠢᠯᠡᠰ ᠢ ᠠᠰᠠᠭᠤᠵᠤ᠂ ᠡᠬᠢ ᠪᠠᠶᠠᠯᠢᠭ ᠤᠨ ᠳᠠᠪᠠᠭᠤᠯᠢᠭ ᠢ ᠬᠡᠷᠬᠢᠨ ᠨᠡᠩ ᠰᠠᠶᠢᠲᠤᠷ ᠪᠠᠳᠠᠷᠠᠭᠤᠯᠵᠤ᠂ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠬᠦ ᠲᠤᠷᠰᠢᠯᠭ᠎ᠠ ᠠᠷᠭ᠎ᠠ ᠬᠢᠳᠡᠯ ᠢ ᠨᠠᠷᠢᠨ ᠬᠢᠨᠠᠮᠠᠭᠠᠢ ᠰᠤᠷᠤᠯᠴᠠᠪᠠ᠃
 1-2.jpg
1-3.jpg  
    ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠤᠷᠢᠳ ᠬᠤᠵᠢᠳ  ᠮᠧᠩ ᠲᠧ ᠦᠬᠡᠷ ᠦᠷᠡᠵᠢᠭᠦᠯᠦᠨ ᠪᠣᠶᠢᠵᠢᠭᠤᠯᠬᠤ ᠲᠥᠪ᠂ ᠣᠶᠤᠨᠲᠤ ᠠᠮᠢ ᠠᠬᠤᠢ ᠶᠢᠨ ᠮᠠᠯᠵᠢᠯ ᠤᠨ ᠲᠠᠯᠠᠪᠠᠢ᠂ ᠠᠮᠢ ᠠᠬᠤᠢ ᠶᠢᠨ ᠶᠡᠷᠦᠩᠬᠡᠶᠢᠯᠡᠭᠰᠡᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠠᠯᠠᠪᠠᠢ᠂ ᠠᠮᠤᠷ ᠢ ᠬᠠᠮᠠᠭᠠᠯᠠᠬᠤ ᠲᠠᠷᠢᠶᠠᠯᠠᠩ ᠤᠨ ᠲᠤᠰᠬᠠᠢ ᠬᠤᠷᠰᠢᠶ᠎ᠠ᠂ ᠵᠠᠯᠠᠶᠢᠳ ᠬᠤᠰᠢᠭᠤᠨ ᠤ ᠠᠵᠤ ᠦᠢᠯᠡᠰ ᠤᠨ ᠬᠦᠷᠢᠶᠡᠯᠡᠩ ᠵᠡᠷᠭᠡ ᠭᠠᠵᠠᠷ ᠲᠤ ᠬᠦᠷᠴᠡᠢ᠃ ᠰᠢᠶᠠᠨ ᠤ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ᠂ ᠮᠠᠯ ᠠᠵᠤ ᠠᠬᠤᠢ ᠲᠠᠷᠢᠶᠠᠯᠠᠩ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠵᠡᠷᠭᠡ ᠠᠵᠢᠯ ᠳᠤ ᠭᠦᠨᠵᠡᠭᠡᠢ ᠰᠢᠨᠵᠢᠯᠡᠨ ᠪᠠᠶᠢᠴᠠᠭᠠᠯᠲᠠ ᠬᠢᠵᠦ᠂ ᠤᠯᠠᠨ ᠢᠶᠠᠷ ᠢᠶᠠᠨ ᠰᠡᠳᠬᠢᠴᠡ ᠶᠢ ᠰᠤᠷᠤᠯᠴᠠᠵᠤ᠂ ᠨᠠᠷᠢᠨ ᠵᠦᠢᠯᠡᠰ ᠢ ᠠᠰᠠᠭᠤᠵᠤ᠂ ᠡᠬᠢ ᠪᠠᠶᠠᠯᠢᠭ ᠤᠨ ᠳᠠᠪᠠᠭᠤᠯᠢᠭ ᠢ ᠬᠡᠷᠬᠢᠨ ᠨᠡᠩ ᠰᠠᠶᠢᠲᠤᠷ ᠪᠠᠳᠠᠷᠠᠭᠤᠯᠵᠤ᠂ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠬᠦ ᠲᠤᠷᠰᠢᠯᠭ᠎ᠠ ᠠᠷᠭ᠎ᠠ ᠬᠢᠳᠡᠯ ᠢ ᠨᠠᠷᠢᠨ ᠬᠢᠨᠠᠮᠠᠭᠠᠢ ᠰᠤᠷᠤᠯᠴᠠᠪᠠ᠃     ᠴᠢ ᠯᠢᠨ ᠵᠠᠯᠠᠶᠢᠳ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠪᠠᠢ ᡁᠢ ᠵᠢᠶᠦ᠋ᠨ ᠨᠠᠷ ᠢ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠬᠤᠶᠠᠷ ᠭᠠᠵᠠᠷ ᠤᠨ ᠭᠠᠵᠠᠷ ᠨᠤᠲᠤᠭ ᠬᠠᠷᠢᠯᠴᠠᠨ ᠠᠭᠤᠰᠤᠯᠴᠠᠵᠤ᠂ ᠬᠥᠮᠥᠨ ᠤ ᠬᠠᠷᠢᠴᠠᠭ᠎ᠠ ᠳᠣᠲᠣᠨᠣ ᠪᠠᠶᠢᠳᠠᠭ᠂ ᠬᠤᠶᠢᠰᠢᠳᠠ ᠰᠣᠯᠢᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠵᠤ᠂ ᠬᠤᠶᠠᠷ ᠲᠠᠯ᠎ᠠ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠰᠠᠶᠢᠨ ᠲᠤᠷᠰᠢᠯᠭ᠎ᠠ᠂ ᠰᠠᠶᠢᠨ ᠠᠷᠭ᠎ᠠ ᠶᠢ ᠬᠠᠮᠲᠤᠪᠠᠷ ᠡᠳ᠋ᠯᠡᠵᠦ᠂ ᠬᠠᠮᠲᠤᠷᠠᠯᠴᠠᠭᠠᠨ ᠤ ᠠᠭᠤᠯᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠠᠮᠲᠤᠷᠠᠯᠴᠠᠭᠠᠨ ᠤ ᠬᠦᠷᠢᠶ᠎ᠡ ᠶᠢ ᠥᠷᠭᠡᠳᠬᠡᠵᠦ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢ ᠬᠠᠮᠲᠤᠪᠠᠷ ᠬᠥᠭᠵᠢᠭᠦᠯᠬᠦ᠂ ᠰᠠᠭᠤᠷᠢ ᠲᠥᠬᠦᠭᠡᠷᠦᠮᠵᠢ ᠶᠢ ᠬᠠᠮᠲᠤᠪᠠᠷ ᠬᠤᠯᠪᠣᠭᠠᠯᠠᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠲᠤᠪᠠᠷ ᠬᠠᠮᠠᠭᠠᠯᠠᠬᠤ᠂ ᠨᠡᠭᠡᠭᠡᠯᠲᠡ ᠬᠢᠵᠦ ᠬᠠᠮᠲᠤᠷᠠᠯᠴᠠᠵᠤ ᠬᠠᠮᠲᠤᠪᠠᠷ ᠠᠰᠢᠭ ᠬᠦᠷᠳᠡᠬᠦ᠂ ᠬᠠᠮᠵᠢᠯᠴᠠᠬᠤ ᠲᠣᠭᠲᠠᠴᠠ ᠶᠢ ᠬᠠᠮᠲᠤᠪᠠᠷ ᠪᠠᠶᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠨᠡᠩ ᠤᠯᠠᠨ ᠪᠡᠯᠭᠡ ᠲᠡᠮᠳᠡᠭ ᠤᠨ ᠴᠢᠨᠠᠷᠲᠠᠢ᠂ ᠰᠢᠪᠲᠤᠯᠤᠯᠲᠠ ᠶᠢᠨ ᠴᠢᠨᠠᠷᠲᠠᠢ ᠬᠠᠮᠲᠤᠷᠠᠯᠴᠠᠭᠠᠨ ᠤ ᠦᠷ᠎ᠡ ᠪᠦᠲᠦᠭᠡᠯ ᠢ ᠴᠢᠷᠮᠠᠶᠢᠨ ᠪᠤᠢ ᠪᠣᠯᠭᠠᠵᠤ᠂ ᠣᠷᠣᠨ ᠪᠦᠰᠡ ᠶᠢᠨ ᠬᠠᠮᠲᠤᠷᠠᠯᠴᠠᠭᠠᠨ ᠤ ᠰᠢᠨ᠎ᠡ ᠬᠡᠪ ᠵᠠᠭᠪᠤᠷ ᠢ ᠪᠤᠢ ᠪᠣᠯᠭᠠᠨ᠎ᠠ᠃      ᠬᠤᠳᠠ ᠶᠢᠨ ᠤᠳᠤᠷᠢᠳᠤᠯᠭ᠎ᠠ  ᠮᠧᠩ ᠭᠠᠩ᠂ ᠵᠢᠶᠠᠩ ᠵᠢᠶᠦ᠋ᠨ ᠶᠦᠩ᠂ ᡂᠢ ᠯᠦᠩ᠂ ᠬᠠᠨ ᡁᠢ ᠯᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠰᠢᠨᠵᠢᠯᠡᠨ ᠪᠠᠶᠢᠴᠠᠭᠠᠬᠤ ᠳᠤ ᠣᠷᠣᠯᠴᠠᠪᠠ᠃
ᠢᠷᠡᠯᠲᠡ᠄ ᠵᠠᠯᠡᠨ ᠠᠶᠢᠯ ᠬᠤᠳᠠ ᠶᠢᠨ ᠠᠷᠠᠳ ᠤᠨ ᠵᠠᠰᠠᠭ ᠤᠨ ᠤᠷᠳᠤᠨ