ᠭᠡᠭᠡᠨ ᠠᠶᠠᠨ | ᠬᠠᠢ ᠹᠧᠩ ᠴᠢᠨ ᠶᠦᠨ ᠵᠣᠬᠢᠶᠠᠪᠠ | 2021 ᠣᠨ ᠤ 3 ᠳ᠋ᠤᠭᠠᠷ ᠰᠠᠷ᠎ᠠ ᠳᠤ ᠪᠢ ᠦᠢᠯᠡᠰ ᠤᠨ ᠵᠢᠯᠣᠭᠤ ᠪᠠᠨ ᠵᠠᠯᠠᠵᠤ᠂ ᠭᠡᠭᠡᠨ ᠠᠶᠠᠨ ᠢᠶᠠᠨ ᠡᠯᠭᠦᠨ᠂ ᠦᠪᠡᠷᠲᠡᠭᠡᠨ ᠵᠠᠰᠠᠬᠤ ᠣᠷᠣᠨ ᠤ | ᠠᠷᠠᠳ ᠤᠨ ᠶᠠᠪᠤᠳᠠᠯ ᠤᠨ ᠲᠢᠩᠬᠢᠮ ᠳᠤ ᠠᠵᠢᠯ ᠰᠢᠯᠵᠢᠵᠦ ︽ᠨᠡᠶᠢᠭᠡᠮ︾ ᠰᠡᠳᠭᠦᠯ ᠤᠨ ᠬᠤᠷᠢᠶᠠᠨ ᠳᠤ ᠢᠷᠡᠭᠰᠡᠨ ᠶᠤᠮ᠃ | ᠨᠢᠭᠡ ᠯᠡ ᠮᠡᠳᠡᠬᠦ ᠳᠤ ᠪᠢ ᠴᠢᠨᠢ ᠳᠥᠴᠢ ᠶᠢᠨ ᠳᠦᠷᠦᠭᠡ ᠶᠢ ᠰᠢᠭᠦᠷᠡᠭᠡᠳ᠂ ᠦᠪᠦᠷ ᠮᠣᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ︽ᠦᠨᠢᠷ | ᠴᠡᠴᠡᠭ︾ ᠰᠡᠳᠭᠦᠯ ᠤᠨ ᠬᠤᠷᠢᠶᠠᠨ ᠳᠤ 18 ᠵᠢᠯ ᠰᠢᠬᠠᠮ ᠠᠵᠢᠯᠯᠠᠴᠢᠬᠠᠯᠠ ᠰᠢᠦ ᠳ᠋ᠠ︕ ᠲᠡᠭᠡᠬᠦᠯᠡᠷ ᠦᠩᠭᠡᠷᠡᠭᠰᠡᠨ ᠤ ᠲᠡᠳᠡᠭᠡᠷ ᠨᠠᠨᠳᠢᠨ ᠰᠠᠶᠢᠬᠠᠨ | ᠳᠤᠷᠠᠳᠬᠠᠯ ᠢᠶᠠᠨ ᠪᠣᠳᠣᠯ ᠤᠨ ᠭᠦᠨ ᠳᠤ ᠪᠠᠨ ᠬᠠᠳᠠᠭᠠᠯᠠᠭᠠᠳ᠂ ᠪᠢ ᠰᠢᠨᠡᠬᠡᠨ ᠨᠡᠪᠲᠡᠷᠡᠭᠰᠡᠨ ᠬᠦᠬᠡᠬᠤᠲᠠ ᠶᠢᠨ ᠮᠧᠳ᠋ᠷᠣ᠋ ᠶᠢᠨ ᠨᠢᠭᠡᠳᠦᠭᠡᠷ ᠱᠣᠭᠤᠮ ᠢᠶᠠᠷ ᠮᠤᠷᠳᠠᠨ᠂ | ᠰᠢᠨ᠎ᠡ ᠠᠵᠢᠯ ᠤᠨ ᠪᠠᠶᠢᠷᠢ ᠳᠤ ᠭᠠᠷᠬᠤ ᠶᠢᠨ ᠬᠦᠭᠰᠡᠯ ᠳᠣᠭᠳᠣᠯᠣᠯ ᠪᠣᠯᠣᠨ ᠬᠦᠰᠡᠯ ᠡᠷᠡᠮᠡᠯᠵᠡᠯ ᠢᠶᠠᠨ ᠠᠴᠢᠶᠠᠯᠠᠨ᠂ ᠠᠷᠠᠳ ᠤᠨ ᠬᠤᠷᠠᠯ ᠤᠨ ᠲᠠᠩᠬᠢᠮ ᠤᠨ | ᠦᠷᠲᠡᠭᠡᠨᠡ ᠪᠠᠭᠤᠵᠤ᠂ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠨᠤᠮᠧᠷ ᠲᠤ ᠪᠠᠶᠢᠷᠢᠯᠠᠬᠤ ᠦᠪᠦᠷ ᠮᠣᠩᠭᠤᠯ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ | ᠶᠡᠭᠡ ᠬᠦᠷᠢᠶᠡᠨ ᠳᠤ ᠠᠯᠬᠤᠨ ᠣᠷᠣᠭᠰᠠᠨ ᠶᠤᠮ᠃ | ᠳᠤᠷᠠᠳᠬᠠᠨ ᠬᠡᠯᠡᠪᠡᠯ᠂ ᠲᠡᠷᠡ ᠨᠢ 2021 ᠣᠨ ᠤ 3 ᠳ᠋ᠤᠭᠠᠷ ᠰᠠᠷ᠎ᠠ ᠶᠢᠨ 12 ᠤ ᠡᠳᠦᠷ ᠤᠨ ᠦᠳᠡ ᠶᠢᠨ ᠬᠤᠶᠢᠨ᠎ᠠ ᠪᠠᠶᠢᠵᠤ ᠪᠢᠯᠡ᠃ ᠦᠪᠡᠷᠲᠡᠭᠡᠨ | ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠠᠵᠢᠯ ᠠᠴᠠ ᠪᠠᠨ ᠰᠠᠯᠵᠤ ᠳᠠᠷᠬᠠᠯᠠᠭᠳᠠᠭᠰᠠᠳ ᠤᠨ ᠠᠵᠢᠯ ᠤᠨ ᠭᠠᠵᠠᠷ ᠤᠨ ᠤᠤᠯ ᠤᠨ ᠳᠡᠳ᠋ ᠳᠠᠷᠤᠭ᠎ᠠ | ᠸᠠᠩ ᠳ᠋ᠠ ᠬᠤ᠋ ᠨᠦᠬᠦᠷ ᠨᠠᠳᠠ ᠳᠤ ᠤᠲᠠᠰᠤ ᠢᠷᠡᠵᠦ᠂ ᠮᠢᠨᠦ ᠠᠵᠢᠯ ᠰᠢᠯᠵᠢᠬᠦ ᠮᠡᠳᠡᠭᠳᠡᠯ ᠪᠠᠭᠤᠵᠤ ᠢᠷᠡᠭᠰᠡᠨ ᠰᠠᠶᠢᠬᠠᠨ ᠴᠢᠮᠡᠭᠡ ᠶᠢ ᠳᠣᠭᠤᠯᠭᠠᠬᠤ ᠶᠢᠨ ᠬᠠᠮᠲᠤ | ᠨᠠᠮ᠎ᠠ ᠶᠢ ᠠᠷᠠᠳ ᠤᠨ ᠶᠠᠪᠤᠳᠠᠯ ᠤᠨ ᠲᠢᠩᠬᠢᠮ ᠳᠤ ᠣᠴᠢᠨ ᠮᠡᠳᠡᠭᠳᠡᠯ ᠢᠶᠠᠨ ᠠᠪᠤᠭᠠᠷᠠᠢ ᠭᠡᠵᠦ ᠵᠠᠬᠢᠪᠠ᠃ ᠰᠢᠨ᠎ᠡ ᠲᠢᠳᠡᠮᠯᠢᠭ ᠠᠭᠤᠰᠬᠢᠨ ᠦᠷᠪᠢᠰᠦᠯ ᠤᠨ ᠬᠠᠷ᠎ᠠ | ᠤᠷᠰᠢᠭ ᠠᠴᠠ ᠪᠤᠯᠵᠤ ᠶᠤᠰᠤᠲᠠᠢ ᠬᠠᠮᠢᠭ᠎ᠠ ᠴᠤ ᠭᠠᠷᠴᠣ ᠴᠢᠳᠠᠯ ᠦᠬᠡᠢ᠂ ᠡᠳᠦᠷᠵᠢᠨ ᠭᠡᠷ ᠲᠤ ᠪᠠᠨ ᠢᠬᠡᠷ᠎ᠡ ᠬᠤᠶᠠᠷ ᠬᠡᠦᠭᠡᠳ ᠢᠶᠠᠨ ᠬᠠᠷᠠᠭᠠᠳ ᠰᠠᠭᠤᠭᠰᠠᠨ ᠪᠢ | ᠡᠨᠡ ᠴᠢᠮᠡᠭᠡ ᠶᠢ ᠳᠣᠭᠤᠯᠣᠭᠠᠳ ᠠᠯᠠᠰᠬᠢᠨ ᠪᠠᠶᠠᠷᠯᠠᠵᠦ᠂ ᠪᠠᠷᠢᠨ ᠠᠮᠠᠪᠴᠢ ᠪᠠᠨ ᠵᠡᠭᠦᠭᠡᠳ ᠮᠧᠳ᠋ᠷᠣ᠋ ᠶᠢᠨ ᠦᠷᠲᠡᠭᠡ ᠶᠢ ᠴᠢᠭᠯᠡᠭᠰᠡᠨ ᠪᠢᠯᠡ᠃ ᠡᠶᠢᠨ ᠬᠦ᠂ ᠪᠢ ᠦᠪᠦᠷ | ᠮᠣᠩᠭᠤᠯ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠶᠡᠭᠡ ᠬᠦᠷᠢᠶ᠎ᠡ ᠪᠠᠷ ᠠᠯᠬᠤᠯᠠᠬᠤ ᠳᠤ᠂ ᠬᠠᠪᠤᠷ ᠤᠨ ᠰᠠᠯᠬᠢ ᠰᠡᠪᠡᠯᠵᠡᠨ ᠣᠨᠴᠠ ᠶᠢᠨ ᠲᠠᠭᠠᠲᠠᠢ ᠰᠠᠨᠠᠭᠳᠠᠵᠤ | ᠂ ᠡᠨᠡ ᠬᠦ ᠨᠠᠮ ᠰᠡᠯᠡᠭᠦᠦ ᠣᠷᠴᠢᠨ ᠳᠤ ᠲᠡᠷᠢᠭᠦᠯᠡᠭᠴᠢ ᠴᠡᠴᠡᠭ᠂ ᠲᠤᠭᠤᠷ ᠤᠨ ᠴᠡᠴᠡᠭ ᠨᠢ ᠪᠦᠮᠪᠦᠭᠡᠯᠡᠨ᠂ ᠮᠣᠳᠤᠳ ᠨᠢ ᠰᠦᠶᠦᠭᠡᠯᠡᠨ ᠨᠠᠬᠢᠶᠠᠯᠠᠵᠤ᠂ ᠨᠠᠷᠠᠰᠤ | ᠮᠠᠶᠢᠯᠠᠰᠤᠨ ᠤ ᠴᠠᠭᠠᠨ᠎ᠠ ᠠᠴᠠ ᠰᠦᠨ ᠴᠠᠭᠠᠨ ᠦᠩᠭᠡ ᠲᠠᠢ ᠶᠢᠰᠦᠨ ᠳᠠᠪᠬᠤᠷ ᠠᠰᠠᠷ ᠨᠢ ᠰᠦᠨᠳᠡᠷᠯᠡᠨ ᠬᠠᠷᠠᠭᠳᠠᠨ᠎ᠠ᠃ | ᠠᠯᠪᠠᠨ ᠶᠣᠰᠤᠭᠠᠷ ᠠᠵᠢᠯ ᠰᠢᠯᠵᠢᠨ ᠢᠷᠡᠭᠰᠡᠨ ᠤ ᠳᠠᠷᠠᠭ᠎ᠠ᠂ 5 ᠳ᠋ᠤᠭᠠᠷ ᠰᠠᠷ᠎ᠠ ᠶᠢᠨ 14 ᠤ ᠡᠳᠦᠷ᠂ ᠦᠪᠡᠷᠲᠡᠭᠡᠨ ᠵᠠᠰᠠᠬᠤ ᠣᠷᠣᠨ ᠤ ᠠᠷᠠᠳ ᠤᠨ | ᠶᠠᠪᠤᠳᠠᠯ ᠤᠨ ᠲᠢᠩᠬᠢᠮ ᠠᠴᠠ ᠵᠢᠩᠬᠢᠨᠢ ᠪᠠᠷ ᠨᠠᠮ᠎ᠠ ᠶᠢ ︽ᠨᠡᠶᠢᠭᠡᠮ︾ ᠰᠡᠳᠭᠦᠯ ᠤᠨ ᠬᠤᠷᠢᠶᠠᠨ ᠤ ᠬᠤᠷᠢᠶᠠᠨ ᠳᠠᠷᠤᠭ᠎ᠠ᠂ ᠶᠡᠷᠦᠩᠬᠡᠢ ᠨᠠᠶᠢᠷᠠᠭᠤᠯᠣᠭᠴᠢ ᠪᠠᠷ | ᠡᠷᠭᠦᠮᠵᠢᠯᠡᠪᠡ᠃ 6 ᠳ᠋ᠤᠭᠠᠷ ᠰᠠᠷ᠎ᠠ ᠶᠢᠨ 5 ᠤ ᠡᠳᠦᠷ ︽ᠨᠡᠶᠢᠭᠡᠮ︾ ᠰᠡᠳᠭᠦᠯ ᠤᠨ ᠬᠤᠷᠢᠶ᠎ᠠ ᠶᠢᠨ ᠨᠠᠮ ᠤᠨ ᠡᠭᠦᠷ ᠠᠴᠠ ᠰᠣᠩᠭᠤᠭᠤᠯᠢ ᠶᠢᠨ ᠬᠤᠷᠠᠯ ᠬᠢᠵᠦ᠂ | ᠨᠠᠮ᠎ᠠ ᠶᠢ ︽ᠨᠡᠶᠢᠭᠡᠮ︾ ᠰᠡᠳᠭᠦᠯ ᠤᠨ ᠬᠤᠷᠢᠶ᠎ᠠ ᠶᠢᠨ ᠨᠠᠮ ᠤᠨ ᠡᠭᠦᠷ ᠤᠨ ᠱᠦᠵᠢ ᠪᠠᠷ ᠰᠣᠩᠭᠤᠨ᠂ 6 ᠳ᠋ᠤᠭᠠᠷ ᠰᠠᠷ᠎ᠠ ᠶᠢᠨ 8 ᠤ ᠡᠳᠦᠷ ᠠᠷᠠᠳ ᠤᠨ | ᠶᠠᠪᠤᠳᠠᠯ ᠤᠨ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶᠠᠨ ᠳᠤ ᠮᠡᠳᠡᠭᠦᠯᠵᠦ ᠵᠦᠪᠰᠢᠶᠡᠷᠡᠭᠦᠯᠪᠡ᠃ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ | ᠣᠳᠤᠷᠢᠳᠬᠤ ᠳᠣᠭᠤᠶᠢᠯᠠᠩ ᠪᠣᠯᠤᠨ ᠳᠠᠷᠤᠭ᠎ᠠ ᠣᠳᠤᠷᠢᠳᠤᠯᠭ᠎ᠠ ᠨᠠᠷ ᠤᠨ ᠵᠢᠯᠣᠭᠤᠳᠣᠯᠭ᠎ᠠ ᠳᠡᠮᠵᠢᠯᠭᠡ ᠶᠢᠨ ᠳᠤᠤᠷ᠎ᠠ᠂ ᠪᠢ ᠲᠡᠳᠡ ᠨᠠᠷ ᠤᠨ ᠢᠲᠡᠭᠡᠯ ᠨᠠᠶᠢᠳᠠᠯᠭ᠎ᠠ ᠶᠢ | ᠬᠦᠰᠡᠷᠳᠡᠭᠦᠯᠬᠦ ᠦᠬᠡᠢ ᠶᠢᠨ ᠲᠦᠯᠦᠭᠡᠨ᠎ᠡ᠂ ︽ᠨᠡᠶᠢᠭᠡᠮ︾ ᠰᠡᠳᠭᠦᠯ ᠤᠨ ᠬᠤᠷᠢᠶ᠎ᠠ ᠶᠢᠨ ᠪᠦᠬᠦ ᠨᠦᠭᠦᠳ ᠢᠶᠠᠨ ᠳᠠᠭᠠᠭᠤᠯᠤᠨ ᠯᠠᠪᠳᠠᠭᠤᠨ ᠢᠶᠠᠷ ᠠᠵᠢᠯᠯᠠᠵᠤ᠂ | ᠨᠠᠮ ᠤᠨ ᠪᠠᠶᠢᠭᠤᠯᠣᠯᠲᠠ ᠶᠢᠨ ᠠᠵᠢᠯ ᠢᠶᠠᠨ ᠴᠢᠩᠭ᠎ᠠ ᠠᠳᠬᠤᠨ᠂ ︽ᠨᠡᠶᠢᠭᠡᠮ︾ ᠰᠡᠳᠭᠦᠯ ᠢᠶᠠᠨ ᠨᠠᠷᠢᠨ ᠨᠢᠮᠪᠠᠢ ᠲᠦᠰᠦᠪᠯᠡᠨ ᠨᠠᠶᠢᠷᠠᠭᠤᠯᠵᠤ᠂ ᠦᠪᠡᠷᠲᠡᠭᠡᠨ | ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠣᠩᠭᠤᠯ ᠰᠦᠯᠵᠢᠶ᠎ᠡ ᠪᠠᠨ ᠰᠠᠶᠢᠲᠤᠷ ᠭᠠᠷᠳᠠᠨ ᠬᠢᠵᠦ᠂ ᠰᠢᠨ᠎ᠡ ᠠᠵᠢᠯ ᠤᠨ ᠪᠠᠶᠢᠷᠢ ᠳᠡᠭᠡᠷ᠎ᠡ ᠪᠠᠨ | ᠰᠣᠳᠣᠨ ᠦᠷ᠎ᠡ ᠪᠦᠲᠦᠮᠵᠢ ᠭᠠᠷᠭᠠᠬᠤ ᠪᠠᠷ ᠴᠢᠷᠮᠠᠶᠢᠨ ᠠᠵᠢᠯᠯᠠᠵᠤ ᠡᠬᠢᠯᠡᠭᠰᠡᠨ ᠪᠢᠯᠡ᠃ | ︽ᠦᠨᠢᠷ ᠴᠡᠴᠡᠭ︾ ᠭᠡᠮᠡᠬᠦ ᠴᠤᠯ ᠤᠳᠬ᠎ᠠ ᠵᠣᠬᠢᠶᠠᠯ ᠤᠨ ᠰᠡᠳᠭᠦᠯ ᠳᠤ ᠠᠵᠢᠯᠯᠠᠵᠤ ᠪᠠᠶᠢᠭᠰᠠᠨ ᠠᠴᠠ ᠪᠠᠨ ᠶᠡᠷᠦᠩᠬᠡᠶᠢᠯᠡᠭᠰᠡᠨ ᠴᠢᠨᠠᠷᠲᠠᠢ ᠨᠡᠶᠢᠭᠡᠮ ᠤᠨ | ᠰᠢᠨᠵᠢᠯᠡᠬᠦ ᠤᠬᠠᠭᠠᠨ ᠰᠡᠳᠭᠦᠯ ᠪᠣᠯᠬᠤ ︽ᠨᠡᠶᠢᠭᠡᠮ︾ ᠰᠡᠳᠭᠦᠯ ᠳᠤ ᠰᠢᠯᠵᠢᠨ ᠢᠷᠡᠭᠰᠡᠨ ᠨᠠᠳᠠ ᠳᠤ ᠠᠪᠴᠤ ᠬᠡᠯᠡᠪᠡᠯ᠂ ᠠᠷᠠᠳ ᠤᠨ ᠠᠮᠢᠳᠤᠷᠠᠯ᠂ ᠠᠷᠠᠳ ᠤᠨ | ᠶᠠᠪᠤᠳᠠᠯ ᠤᠨ ᠠᠵᠢᠯ ᠤᠨ ᠣᠨᠴᠠᠯᠢᠭ ᠨᠢ ᠪᠠᠰᠠ ᠬᠦ ᠨᠢᠭᠡᠨ ︽ᠰᠢᠨ᠎ᠡ ᠡᠬᠡ ᠬᠠᠭᠤᠷᠠᠢ︾ ᠪᠣᠯᠬᠤ ᠲᠤᠯᠠ ᠡᠳᠡᠭᠡᠷ ᠪᠦᠬᠦᠨ ᠢ ᠲᠠᠨᠢᠨ ᠣᠶᠢᠯᠠᠭᠠᠵᠤ ᠠᠵᠢᠯ ᠤᠨ ᠠᠷᠭ᠎ᠠ | ᠪᠠᠷᠢᠯ ᠢᠶᠠᠨ ᠣᠯᠵᠣ ᠠᠪᠬᠤ ᠴᠢᠬᠤᠯᠠᠲᠠᠢ᠃ ᠰᠢᠨ᠎ᠡ ᠠᠵᠢᠯ ᠳᠤ ᠪᠠᠨ ᠲᠦᠷᠭᠡᠨ ᠳᠠᠳᠬᠤ ᠶᠢᠨ ᠲᠦᠯᠦᠭᠡ᠂ ᠪᠢ ᠦᠳᠡ ᠳᠤ ᠪᠠᠨ ᠭᠡᠷ ᠲᠤ ᠪᠠᠨ ᠬᠠᠷᠢᠯ ᠦᠬᠡᠢ ᠪᠠᠷ | ᠨᠡᠶᠢᠲᠡ ᠶᠢᠨ ᠬᠤᠭᠤᠯᠠᠨ ᠭᠡᠷ ᠲᠤ ᠬᠤᠭᠤᠯᠠᠯᠠᠴᠢᠬᠠᠭᠠᠳ᠂ ︽ᠳᠣᠮᠳᠠᠳᠣ ᠤᠯᠤᠰ ᠤᠨ ᠠᠷᠠᠳ ᠤᠨ ᠶᠠᠪᠤᠳᠠᠯ︾᠂ ︽ᠳᠤᠮᠳᠠᠳᠤ ᠤᠯᠤᠰ ᠤᠨ ᠨᠡᠶᠢᠭᠡᠮ ᠤᠨ ᠰᠣᠨᠢᠨ︾ | ᠪᠣᠯᠣᠨ ᠦᠩᠭᠡᠷᠡᠭᠰᠡᠨ ᠤ ︽ᠨᠡᠶᠢᠭᠡᠮ︾ ᠰᠡᠳᠭᠦᠯ ᠵᠢᠴᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠪᠠᠭᠤᠯᠭᠠᠭᠰᠠᠨ ᠪᠢᠴᠢᠭ | ᠮᠠᠲ᠋ᠧᠷᠢᠶᠠᠯ ᠤᠳ ᠢ ᠣᠩᠰᠢᠨ ᠰᠢᠭᠦᠵᠦ᠂ ᠠᠷᠠᠳ ᠤᠨ ᠶᠠᠪᠤᠳᠠᠯ ᠤᠨ ᠲᠥᠷᠦ ᠶᠢᠨ ᠪᠣᠳᠣᠯᠭ᠎ᠠ᠂ ᠠᠵᠢᠯ ᠤᠨ ᠴᠢᠳᠠᠪᠬᠢ᠂ ᠡᠭᠦᠷᠭᠡ ᠬᠠᠷᠢᠭᠤᠴᠠᠯᠭ᠎ᠠ ᠶᠢ ᠨᠢ ᠦᠯᠦᠰᠴᠤ | ᠤᠮᠳᠠᠭᠠᠰᠣᠭᠰᠠᠨ ᠮᠡᠲᠦ ᠣᠶᠢᠯᠠᠭᠠᠵᠤ ᠠᠪᠤᠪᠠ᠃ ᠡᠭᠦᠨ ᠤ ᠤᠯᠠᠮ ᠠᠴᠠ ︽ᠠᠷᠠᠳ ᠤᠨ ᠶᠠᠪᠤᠳᠠᠯ ᠠᠷᠠᠳ ᠤᠨ ᠲᠦᠯᠦᠭᠡ᠂ ᠠᠷᠠᠳ ᠤᠨ ᠶᠠᠪᠤᠳᠠᠯ ᠠᠷᠠᠳ ᠢᠶᠠᠨ | ᠬᠠᠶᠢᠷᠠᠯᠠᠬᠤ︾ ᠭᠡᠬᠦ ᠠᠷᠠᠳ ᠤᠨ ᠶᠠᠪᠤᠳᠠᠯ ᠤᠨ ᠠᠵᠢᠯ ᠤᠨ ᠣᠶᠢᠯᠠᠭᠠᠭᠳᠠᠬᠤᠨ ᠢ ᠲᠠᠨᠢᠨ ᠮᠡᠳᠡᠷᠡᠵᠦ᠂ ᠬᠦᠮᠦᠨ ᠵᠣᠨ ᠳᠤ ᠪᠠᠨ ᠪᠤᠶᠠᠨ ᠤ ᠷᠠᠰᠢᠶᠠᠨ ᠬᠤᠷ᠎ᠠ | ᠪᠠᠭᠤᠯᠭᠠᠳᠠᠭ ᠠᠷᠠᠳ ᠤᠨ ᠶᠠᠪᠤᠳᠠᠯ ᠤᠨ ᠠᠵᠢᠯ ᠢ ᠰᠡᠳᠬᠢᠯ ᠵᠢᠷᠦᠬᠡᠨ ᠠᠴᠠ ᠪᠠᠨ ᠪᠢᠰᠢᠷᠡᠨ ᠪᠠᠭ᠋ᠠᠳᠤᠵᠤ᠂ ᠨᠢᠭᠡᠨ ᠬᠢᠷᠢ ᠲᠡᠩᠴᠡᠭᠰᠡᠨ ᠠᠷᠠᠳ ᠤᠨ ᠶᠠᠪᠤᠳᠠᠯ ᠤᠨ | ᠰᠡᠳᠭᠦᠯᠴᠢ ᠪᠣᠯᠬᠤ ᠪᠠᠷ ᠵᠣᠷᠢᠭ ᠰᠢᠭᠤᠳᠣᠨ ᠠᠵᠢᠯᠯᠠᠯ᠎ᠠ᠃ | ᠠᠵᠢᠯ ᠠᠴᠠ ᠪᠠᠨ ᠳᠠᠷᠬᠠᠯᠠᠭᠳᠠᠭᠰᠠᠨ ᠴᠤ ᠤᠷᠢᠭᠳᠠᠨ ᠠᠵᠢᠯᠯᠠᠵᠤ ᠪᠠᠶᠢᠭᠰᠠᠨ ︽ᠨᠡᠶᠢᠭᠡᠮ︾ ᠰᠡᠳᠭᠦᠯ ᠤᠨ ᠤᠤᠯ ᠤᠨ ᠬᠤᠷᠢᠶᠠᠨ ᠳᠠᠷᠤᠭ᠎ᠠ ᠂ ᠶᠡᠷᠦᠩᠬᠡᠢ | ᠨᠠᠶᠢᠷᠠᠭᠤᠯᠣᠭᠴᠢ ᠮᠦᠩᠬᠡᠨᠠᠰᠤᠨ ᠭᠤᠸᠠᠢ ᠪᠣᠯᠣᠨ ᠦᠪᠦᠷ ᠮᠣᠩᠭᠤᠯ ᠤᠨ ᠦᠨᠳᠦᠰᠦᠳᠡᠨ ᠤ ᠵᠠᠯᠠᠭᠤᠴᠤᠳ ᠪᠠᠭᠠᠴᠣᠳ ᠤᠨ ᠰᠡᠳᠭᠦᠯ ᠤᠨ ᠬᠤᠷᠢᠶ᠎ᠠ ᠶᠢᠨ ᠤᠤᠯ ᠤᠨ | ᠳᠡᠳ᠋ ᠬᠤᠷᠢᠶᠠᠨ ᠳᠠᠷᠤᠭ᠎ᠠ᠂ ᠠᠬᠠᠮᠠᠳ ᠨᠠᠶᠢᠷᠠᠭᠤᠯᠣᠭᠴᠢ ᠵᠢᠷᠭᠠᠯᠲᠤ᠂ ᠶᠢᠨ ᠲᠠᠨ᠎ᠠ᠂ ᠨᠣᠮᠢᠨ᠂ ᠰᠡᠴᠡᠩᠭᠤᠸ᠎ᠠ᠂ ᠰᠡᠴᠢᠩᠭᠠ᠂ ᠡᠦ ᠬᠠᠢ ᠹᠧᠩ᠂ ᠰᠡᠴᠡᠨ᠂ ᠵᠠᠩ | ᠪᠢᠨ᠂ ᠪᠠᠢ ᠯᠢ ᠵᠢᠣᠸᠠᠨ᠂ ᠵᠠᠩ ᠱᠤ᠋ ᠶᠣᠸᠠᠨ ᠵᠡᠷᠭᠡ ᠨᠦᠬᠦᠳ ᠤᠨ ᠬᠠᠪᠰᠣᠷᠣᠯᠭ᠎ᠠ ᠳᠡᠮᠵᠢᠯᠭᠡ ᠪᠠᠷ᠂ ᠪᠢ ᠴᠤ ᠳᠡᠮᠡᠢ ᠤᠳᠠᠯ ᠦᠬᠡᠢ ᠠᠵᠢᠯ ᠳᠤ ᠪᠠᠨ ᠭᠠᠷᠮᠠᠭᠠᠶᠢᠯᠠᠨ | ᠣᠷᠣᠵᠣ᠂ ᠰᠡᠳᠭᠦᠯ ᠤᠨ ᠣᠯᠠᠨ ᠢᠶᠠᠷ ᠢᠶᠠᠨ ᠬᠠᠷᠢᠯᠴᠠᠨ ᠬᠦᠨᠳᠦᠳᠭᠡᠵᠦ ᠬᠠᠷᠢᠯᠴᠠᠨ ᠪᠦᠯᠬᠦᠮᠳᠡᠨ᠂ ᠦᠢᠯᠡᠰ ᠤᠨ ᠨᠠᠷᠠ ᠪᠠᠨ ᠬᠠᠮᠲᠤ ᠪᠠᠷ ᠡᠷᠭᠦᠨ᠂ ᠦᠭᠡᠳᠡᠯᠡᠨ | ᠳᠠᠪᠰᠢᠬᠤ ᠬᠡᠢ ᠮᠣᠷᠢ ᠪᠠᠨ ᠬᠠᠮᠲᠤ ᠪᠠᠷ ᠬᠤᠷᠦ᠋ᠢᠯᠠᠨ ᠳᠠᠯᠠᠯᠣᠭᠰᠠᠨ ᠶᠤᠮ᠃ | ᠠᠯᠳᠠᠷᠲᠤ ᠵᠣᠬᠢᠶᠠᠯᠴᠢ ᠵᠢᠶ᠋ᠨ ᠫᠢᠩ ᠸᠠ ᠦᠪᠡᠷ ᠢ ᠪᠠᠨ᠄ ︽ᠪᠢ ᠪᠣᠯ ᠲᠠᠷᠢᠶᠠᠴᠢᠨ︾ ᠭᠡᠵᠦ ᠬᠡᠯᠡᠳᠡᠭ ᠪᠠᠶᠢᠭᠰᠠᠨ ᠪᠣᠯ ᠪᠢ ︽ᠨᠡᠶᠢᠭᠡᠮ︾ ᠰᠡᠳᠭᠦᠯ ᠳᠤ | ᠢᠷᠡᠭᠡᠳ ᠰᠡᠳᠭᠦᠯᠴᠢ ᠪᠣᠯᠣᠨ ᠠᠷᠠᠳ ᠤᠨ ᠶᠠᠪᠤᠳᠠᠯ ᠤᠨ ᠠᠵᠢᠯᠲᠠᠨ ᠭᠡᠮᠡᠬᠦ ᠬᠤᠶᠠᠷ ᠡᠭᠦᠷᠭᠡ ᠬᠠᠷᠢᠭᠤᠴᠠᠯᠭ᠎ᠠ ᠶᠢ ᠬᠤᠣᠰ ᠮᠥᠷᠦᠨ ᠳᠤ ᠪᠠᠨ ᠲᠡᠩᠨᠡᠨ ᠡᠭᠦᠷᠭᠡᠯᠡᠭᠰᠡᠨ | ᠠᠵᠢ᠃ ᠬᠡᠦᠬᠡᠳ ᠨᠢᠯᠬᠠᠰ ᠠᠴᠠ ᠠᠪᠬᠠᠭᠤᠯᠣᠭᠠᠳ ᠪᠣᠭᠤᠷᠣᠯ ᠦᠲᠡᠭᠦᠰ ᠲᠤ ᠬᠦᠷᠲᠡᠯ᠎ᠡ ᠦᠢᠯᠡᠴᠢᠯᠡᠨ ᠪᠤᠶᠠᠨ ᠤ ᠦᠢᠯᠡ ᠶᠢ ᠳᠡᠯᠭᠡᠷᠡᠭᠦᠯᠳᠡᠭ ᠠᠷᠠᠳ ᠤᠨ | ᠶᠠᠪᠤᠳᠠᠯ ᠤᠨ ᠦᠢᠯᠡᠰ ᠴᠤ ᠨᠠᠳᠠ ᠳᠤ ᠪᠠᠨ ᠠᠷᠠᠳ ᠲᠦᠮᠡᠨ ᠳᠤ ᠪᠠᠨ ᠦᠢᠯᠡᠴᠢᠯᠡᠬᠦ ᠬᠤᠪᠣᠷ ᠨᠠᠨᠳᠢᠨ ᠵᠠᠪᠰᠢᠶᠠᠨ ᠲᠤᠬᠢᠶᠠᠯ ᠢ ᠣᠯᠭᠤᠨ᠂ ᠦᠢᠯᠡᠰ ᠤᠨ ᠲᠡᠭᠷᠢ | ᠥᠭᠡᠳᠡ ᠪᠠᠨ ᠳᠡᠭᠦᠯᠢᠨ ᠨᠢᠰᠬᠦ ᠬᠦᠴᠦᠳᠦ ᠵᠢᠭᠦᠷ ᠢ ᠰᠣᠶᠣᠷᠬᠠᠭᠰᠠᠨ ᠪᠠᠶᠢᠳᠠᠭ᠃ | ᠰᠡᠳᠭᠦᠯ ᠤᠨ ᠢᠶᠠᠨ ᠠᠷᠠᠳ ᠤᠨ ᠶᠠᠪᠤᠳᠠᠯ ᠤᠨ ᠣᠨᠴᠠᠯᠢᠭ ᠢ ᠨᠢ ᠪᠠᠳᠠᠷᠠᠭᠤᠯᠵᠣ᠂ ᠵᠦᠪ ᠣᠨᠣᠪᠴᠢᠲᠠᠢ ᠣᠯᠣᠰ ᠲᠥᠷᠦ ᠶᠢᠨ ᠴᠢᠭᠯᠡᠯ ᠢ ᠢᠮᠠᠭᠲᠠ ᠪᠠᠷᠢᠮᠲᠠᠯᠠᠨ᠂ | ᠵᠢᠱᠢᠶᠡᠴᠢ ᠬᠦᠮᠦᠰ ᠢᠶᠠᠨ ᠤᠬᠠᠭᠤᠯᠤᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠬᠤ ᠳᠠᠶᠢᠯᠠᠯᠳᠤᠭᠠᠨ ᠪᠠ ᠰᠢᠨ᠎ᠡ ᠲᠢᠳᠡᠮᠯᠢᠭ ᠠᠭᠤᠰᠬᠢᠨ | ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠦᠷ᠎ᠡ ᠪᠦᠲᠦᠮᠵᠢ ᠶᠢ ᠳᠡᠯᠭᠡᠷᠡᠭᠦᠯᠦᠨ ᠂ ᠠᠭᠤᠯᠭ᠎ᠠ ᠰᠡᠳᠦᠪᠯᠡᠬᠦᠨ ᠢᠶᠠᠨ ᠪᠠᠶᠠᠯᠢᠭᠵᠢᠭᠤᠯᠵᠣ᠂ ᠣᠩᠰᠢᠭᠴᠢ | ᠲᠦᠮᠡᠨ ᠳᠤ ᠪᠠᠨ ᠤᠯᠠᠮ ᠰᠠᠶᠢᠬᠠᠨ ᠦᠢᠯᠡᠴᠢᠯᠡᠵᠦ ᠂ ᠨᠡᠶᠢᠭᠡᠮ ᠤᠨ ᠦᠷ᠎ᠡ ᠨᠦᠯᠦᠭᠡ ᠪᠠᠨ ᠳᠡᠭᠡᠭᠰᠢᠯᠡᠭᠦᠯᠬᠦ ᠪᠠᠷ᠂ 2020 ᠣᠨ ᠤ ︽ᠨᠡᠶᠢᠭᠡᠮ︾ | ᠰᠡᠳᠭᠦᠯ ᠳᠤ ᠪᠠᠨ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠬᠤ ᠳᠠᠶᠢᠯᠠᠯᠳᠤᠭᠠᠨ ᠤ ᠬᠤᠰᠢᠭᠤᠴᠢ︾᠂ ︽ᠲᠥᠷᠦ ᠶᠢᠨ ᠪᠣᠳᠣᠯᠭ᠎ᠠ ᠶᠢᠨ ᠲᠠᠶᠢᠯᠣᠮᠵᠢ | ︾᠂ ︽8 ᠠᠷᠠᠳ ᠤᠨ ᠶᠠᠪᠤᠳᠠᠯ ᠤᠨ ᠰᠢᠰᠲ᠋ᠧᠮ ᠤᠨ ᠬᠢᠨ ᠤ ᠲᠡᠷᠢᠭᠦᠨ ᠤ ᠬᠦᠮᠦᠨ ᠤ ᠵᠢᠱᠢᠶᠡᠴᠢ ᠠᠵᠢᠯᠯᠠᠭ᠎ᠠ︾᠂ ︽ᠠᠷᠠᠳ ᠤᠨ ᠶᠠᠪᠤᠳᠠᠯ ᠤᠨ ᠮᠡᠳᠡᠭᠡ ᠵᠠᠩᠬᠢ︾ | ᠂ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠬᠤ ᠳᠠᠶᠢᠯᠠᠯᠳᠤᠭᠠᠨ ᠤ ᠦᠷ᠎ᠡ ᠪᠦᠲᠦᠮᠵᠢ︾᠂ ︽ᠬᠢᠩᠭᠠᠨ ᠠᠶᠢᠮᠠᠭ ᠤᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠳᠤᠯᠬᠤ ᠳᠠᠶᠢᠯᠠᠯᠳᠤᠭᠠᠨ ︾ ᠵᠡᠷᠭᠡ ᠰᠢᠨ᠎ᠡ ᠪᠣᠯᠣᠩ ᠠᠴᠠ ᠢ ᠨᠡᠬᠡᠬᠡᠵᠦ᠂ ᠬᠠᠮᠢᠶ᠎ᠠ ᠪᠦᠬᠦᠢ ᠵᠣᠬᠢᠶᠠᠯ ᠪᠦᠲᠦᠭᠡᠯ ᠢ ᠲᠦᠪᠯᠡᠷᠡᠭᠦᠯᠦᠨ | ᠨᠡᠶᠢᠲᠡᠯᠡᠭᠰᠡᠨ ᠪᠠᠶᠢᠨ᠎ᠠ᠃ ᠨᠡᠩ ᠢᠯᠠᠩᠭᠤᠶ᠎ᠠ᠂ ᠠᠯᠳᠠᠷᠲᠤ ᠮᠠᠳᠡᠭᠡᠯᠡᠯ ᠤᠨ ᠤᠷᠠᠨ ᠵᠤᠬᠢᠶᠠᠯᠴᠢᠳ ᠪᠦᠷᠢᠨᠪᠠᠶᠠᠷ᠂ ᠠᠯᠳᠠᠷᠲᠤ ᠵᠣᠬᠢᠶᠠᠯᠴᠢ ᠬᠠᠩᠳᠠᠭᠤᠳ ᠤᠰᠤᠨᠪᠤᠳᠤᠭ | ᠨᠠᠷ ᠢ ᠤᠷᠢᠵᠤ ᠂ ᠵᠠᠷᠤᠳ ᠬᠤᠰᠢᠭᠤᠨ ᠤ ᠪᠠᠶᠠᠨᠲᠠᠯ᠎ᠠ ᠰᠤᠮᠤ ᠶᠢᠨ ᠵᠡᠭᠦᠨ ᠰᠠᠯᠠᠭ᠎ᠠ ᠭᠠᠴᠠᠭ᠎ᠠ ᠶᠢᠨ ᠨᠠᠮ ᠤᠨ ᠡᠭᠦᠷ ᠤᠨ ᠱᠦᠵᠢ᠂ ᠭᠠᠴᠠᠭ᠎ᠠ ᠶᠢᠨ ᠵᠦᠪᠯᠡᠯ ᠤᠨ | ᠡᠷᠬᠢᠯᠡᠭᠴᠢ᠂ ︽ᠮᠠᠯᠴᠢᠨ ᠠᠶᠢᠯ ᠦᠬᠡᠷ ᠲᠡᠵᠢᠭᠡᠬᠦ ᠲᠣᠰᠬᠠᠢ ᠬᠤᠷᠰᠢᠶᠠᠵᠢᠯ︾ ᠤᠨ ᠬᠡᠷᠡᠭ ᠡᠷᠬᠢᠯᠡᠭᠴᠢ ᠳᠠᠷᠤᠭ᠎ᠠ ᠡᠦ ᠶᠦᠨ ᠪᠦᠸᠧ ᠶᠢ ᠰᠣᠷᠪᠣᠯᠵᠢᠯᠠᠭᠤᠯᠣᠨ | ᠪᠢᠴᠢᠭᠦᠯᠦᠭᠰᠡᠨ ︽ᠮᠠᠯᠴᠢᠨ ᠠᠶᠢᠯ ᠤᠨ ᠵᠠᠮ︾ ᠭᠡᠬᠦ ᠪᠠᠷᠢᠮᠲᠠᠲᠤ ᠷᠣᠮᠠᠨ ᠢ ︽ᠨᠡᠶᠢᠭᠡᠮ︾ ᠰᠡᠳᠭᠦᠯ ᠳᠡᠭᠡᠷ᠎ᠡ ᠪᠠᠨ ᠠᠷᠪᠠᠨ ᠬᠤᠭᠤᠴᠠᠭ᠎ᠠ ᠪᠠᠷ ᠦᠷᠭᠦᠯᠵᠢᠯᠡᠨ | ᠨᠡᠶᠢᠲᠡᠯᠡᠭᠡᠳ ᠨᠡᠶᠢᠭᠡᠮ ᠳᠡᠭᠡᠷ᠎ᠡ ᠦᠷᠭᠡᠨ ᠨᠦᠯᠦᠭᠡ ᠳᠡᠯᠭᠡᠷ ᠲᠤᠰᠬᠠᠯ ᠲᠠᠢ ᠪᠣᠯᠣᠭᠰᠠᠨ ᠪᠠᠶᠢᠨ᠎ᠠ᠃ | ᠪᠢ ᠮᠦᠨ ᠬᠦ ︽ᠬᠤᠣᠰ ᠬᠠᠷᠢᠭᠤᠴᠠᠯᠭ᠎ᠠ︾ ᠪᠠᠨ ᠨᠠᠷᠢᠨ ᠬᠢᠨᠠᠮᠠᠭᠠᠢ ᠭᠦᠢᠴᠡᠳᠭᠡᠨ᠂ ᠭᠤᠣᠯ ᠴᠣᠭᠴᠠ ᠶᠢᠨ ᠡᠭᠦᠷᠭᠡ ᠬᠠᠷᠢᠭᠤᠴᠠᠯᠭ᠎ᠠ ᠪᠠᠨ ᠯᠠᠪᠳᠠᠭᠤᠨ | ᠬᠡᠷᠡᠭᠵᠢᠭᠦᠯᠦᠨ᠂ ᠰᠡᠳᠭᠦᠯ ᠤᠨ ᠬᠤᠷᠢᠶᠠᠨ ᠤ ᠨᠠᠮ ᠤᠨ ᠡᠭᠦᠷ ᠤᠨ ᠢᠶᠠᠨ ᠨᠠᠮ ᠤᠨ ᠪᠠᠶᠢᠭᠤᠯᠣᠯᠲᠠ ᠶᠢᠨ ᠠᠵᠢᠯ ᠢᠶᠠᠨ ᠨᠠᠶᠢᠳᠠᠪᠤᠷᠢᠲᠠᠢ ᠦᠷᠨᠢᠭᠦᠯᠵᠦ᠂ ᠦᠵᠡᠯ | ᠤᠬᠠᠮᠰᠠᠷ ᠤᠨ ᠬᠡᠯᠪᠡᠷᠢ ᠶᠢᠨ ᠡᠭᠦᠷᠭᠡ ᠬᠠᠷᠢᠭᠤᠴᠠᠯᠭ᠎ᠠ ᠶᠢᠨ ᠳᠦᠷᠢᠮ ᠢ ᠪᠠᠳᠤᠲᠠᠢ ᠵᠢᠷᠣᠮᠯᠠᠵᠠᠢ᠃ 2020 ᠣᠨ ᠤ 9 ᠳ᠋ᠤᠭᠠᠷ ᠰᠠᠷ᠎ᠠ ᠳᠤ ᠮᠠᠨᠣᠰ ᠤᠨ ᠦᠪᠦᠷ | ᠮᠣᠩᠭᠤᠯ ᠤᠨ ᠨᠣᠮ ᠤᠨ ᠰᠠᠩ ᠤᠨ ᠲᠠᠪᠤᠳᠤᠭᠠᠷ ᠨᠠᠮ ᠤᠨ ᠡᠭᠦᠷ ᠲᠠᠢ ᠬᠠᠮᠲᠤᠷᠠᠨ ᠦᠷᠨᠢᠭᠦᠯᠦᠭᠰᠡᠨ ︽ᠦᠢᠯᠡᠴᠢᠯᠡᠭᠡᠨ ᠤ ᠤᠬᠠᠮᠰᠠᠷ ᠢ ᠪᠣᠢ ᠪᠣᠯᠭᠠᠵᠤ ᠰᠣᠳᠣᠨ | ᠪᠦᠳᠦᠭᠡᠯ ᠢᠶᠠᠨ ᠠᠷᠠᠳ ᠲᠦᠮᠡᠨ ᠳᠤ ᠪᠠᠨ ᠳᠡᠪᠰᠢᠭᠦᠯᠬᠦ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠨᠢ ᠦᠪᠡᠷᠲᠡᠭᠡᠨ ᠵᠠᠰᠠᠬᠤ ᠣᠷᠣᠨ ᠤ ᠠᠷᠠᠳ ᠤᠨ | ᠶᠠᠪᠤᠳᠠᠯ ᠤᠨ ᠲᠢᠩᠬᠢᠮ ᠶᠢᠨ ᠰᠢᠯᠢᠳᠡᠭ ᠨᠠᠮ ᠤᠨ ᠡᠳᠦᠷ ᠤᠨ ᠠᠵᠢᠯᠯᠠᠭ᠎ᠠ ᠪᠠᠷ ᠰᠣᠩᠭᠤᠭᠳᠠᠭᠰᠠᠨ ᠰᠠᠨᠵᠠᠢ᠃ | 2020 ᠣᠨ ᠤ 8 ᠳ᠋ᠤᠭᠠᠷ ᠰᠠᠷ᠎ᠠ ᠳᠤ ᠪᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠣᠩᠭᠤᠯ ᠰᠦᠯᠵᠢᠶ᠎ᠡ ᠶᠢ ᠦᠷᠭᠡᠳᠭᠡᠨ | ᠪᠠᠶᠢᠭᠤᠯᠵᠤ᠂ ᠬᠠᠮᠢᠶᠠᠷᠣᠯᠲᠠ ᠪᠠᠨ ᠴᠢᠩᠭᠠᠳᠬᠠᠨ᠂ ᠣᠨ ᠤ ᠡᠴᠦᠰ ᠤᠨ ᠬᠢᠨᠠᠯᠲᠠ ᠰᠢᠯᠭᠠᠯᠲᠠ ᠶᠢ ᠨᠢ ᠠᠮᠵᠢᠯᠲᠠ ᠲᠡᠭᠦᠰ ᠪᠡᠶᠡᠯᠡᠬᠦᠯᠬᠦ ᠪᠠᠷ᠂ ᠤᠤᠯ ᠤᠨ ᠲᠥᠪ | ᠲᠧᠯᠸᠢᠰ ᠤᠨ ᠵᠢᠷᠣᠭᠯᠠᠭᠠᠴᠢ᠂ ᠰᠤᠷᠪᠤᠯᠵᠢᠯᠠᠭᠴᠢ᠂ ᠣᠷᠴᠢᠭᠤᠯᠣᠭᠴᠢ ᠰᠠᠶᠢ᠊ · ᠰᠡᠴᠡᠨᠪᠠᠭᠠᠲᠤᠷ ᠢ ︽ᠤᠯᠠᠯᠵᠢᠨ ᠪᠦᠷᠭᠡ︾ ᠠᠴᠠ ᠨᠢ ᠤᠷᠢᠨ ᠵᠠᠯᠠᠵᠤ | ᠠᠪᠴᠢᠷᠠᠭᠠᠳ᠂ ᠰᠦᠯᠵᠢᠶᠡᠨ ᠤ ᠨᠠᠶᠢᠷᠠᠭᠤᠯᠣᠭᠴᠢ᠂ ᠰᠡᠳᠭᠦᠯ ᠤᠨ ᠨᠠᠶᠢᠷᠠᠭᠤᠯᠣᠭᠴᠢ ᠪᠠᠷ ᠠᠵᠢᠯᠯᠠᠭᠤᠯᠵᠠᠢ᠃ ᠮᠠᠨᠤᠰ ᠤᠨ ᠳᠦᠷᠪᠡᠨ ᠰᠠᠷ᠎ᠠ ᠶᠢᠨ ᠬᠠᠲᠠᠭᠤᠵᠢᠯᠲᠠᠢ | ᠴᠢᠷᠮᠠᠶᠢᠯᠭ᠎ᠠ ᠪᠠᠷ ᠳᠠᠮᠵᠢᠨ ᠮᠣᠩᠭᠤᠯ ᠰᠦᠯᠵᠢᠶ᠎ᠡ ᠪᠠᠨ ᠨᠡᠯᠢᠶᠡᠳ ᠪᠦᠷᠢᠨ ᠲᠡᠭᠦᠯᠳᠡᠷ ᠪᠣᠯᠭᠠᠨ ᠪᠦᠲᠦᠭᠡᠨ ᠪᠠᠶᠢᠭᠤᠯᠵᠣ᠂ ᠳᠤᠲᠠᠭᠤᠳᠠᠯ ᠢᠶᠠᠨ ᠨᠦᠬᠦᠪᠦᠷᠢᠯᠡᠭᠰᠡᠨ ᠠᠴᠠ | 2020 ᠣᠨ ᠤ ᠡᠭᠡᠯᠵᠢ ᠶᠢᠨ ᠰᠦᠯᠵᠢᠶᠡᠨ ᠤ ᠲᠤᠭ᠎ᠠ ᠪᠠᠷᠢᠮᠲᠠ ᠶᠢᠨ ᠪᠦᠷᠢᠳᠭᠡᠯ ᠤᠨ ᠠᠵᠢᠯ ᠤᠨ ᠬᠢᠨᠠᠯᠲᠠ ᠰᠢᠯᠭᠠᠯᠲᠠ ᠶᠢ ᠠᠮᠵᠢᠯᠲᠠ ᠲᠠᠢ ᠲᠤᠭᠤᠯᠤᠨ 78.5 | ᠬᠤᠪᠢ ᠣᠯᠵᠣ᠂ ᠦᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠮᠣᠩᠭᠤᠯ ᠰᠦᠯᠵᠢᠶ᠎ᠡ ᠶᠢᠨ ᠵᠢᠭᠰᠠᠭᠠᠯᠲᠠ ᠳᠤ ᠨᠠᠢᠮᠠᠳᠤᠭᠠᠷ ᠨᠡᠷᠡᠰ ᠲᠤ | ᠳᠡᠪᠰᠢᠭᠰᠡᠨ ᠪᠠᠶᠢᠨ᠎ᠠ᠃ | ᠦᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ 2020 ᠣᠨ ᠤ ᠡᠭᠡᠯᠵᠢ ᠶᠢᠨ ᠭᠠᠵᠠᠷ ᠤᠨ ᠳᠡᠰ ᠤᠨ ᠺᠠᠳ᠋ᠷ ᠤᠨ ᠠᠵᠢᠯ ᠤᠨ | ᠬᠢᠨᠠᠯᠲᠠ ᠪᠠᠶᠢᠴᠠᠭᠠᠯᠲᠠ ᠳᠤ᠂ ᠪᠢ ᠦᠩᠭᠡ ᠭᠡᠷᠡᠯ ᠲᠠᠢ ᠪᠠᠷ ᠰᠢᠯᠢᠳᠡᠭ ᠦᠷ᠎ᠡ ᠪᠦᠲᠦᠮᠵᠢ ᠬᠦᠷᠲᠡᠭᠰᠡᠨ ᠨᠢ ᠮᠦᠨ ᠮᠢᠨᠦ ᠶᠢᠰᠦᠨ ᠰᠠᠷ᠎ᠠ ᠭᠠᠷᠣᠢ ᠶᠢᠨ ᠠᠵᠢᠯ ᠤᠨ | ᠲᠣᠬᠠᠢ ᠦᠨᠡᠨᠯᠡᠯᠲᠡ ᠪᠠ ᠤᠷᠮᠠᠰᠢᠭᠤᠯᠣᠯ ᠪᠣᠯᠵᠠᠢ᠃ ᠪᠢ ᠡᠭᠦᠨ ᠢᠶᠠᠷ ᠢᠶᠠᠨ ᠡᠷᠴᠢ ᠵᠠᠯᠭᠠᠨ᠂ ᠬᠤᠶᠢᠰᠢᠳᠠ ᠶᠢᠨ ᠠᠵᠢᠯ ᠠᠯᠪᠠ ᠳᠤ ᠪᠠᠨ ᠮᠠᠬᠠᠷᠠᠨ ᠵᠢᠳᠬᠦᠵᠦ᠂ | ᠦᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠦᠢᠯᠡᠰ ᠤᠨ ᠴᠢᠨᠠᠷᠯᠢᠭ ᠬᠦᠭᠵᠢᠯᠲᠡ ᠶᠢᠨ ᠲᠦᠯᠦᠭᠡ ᠰᠢᠮᠳᠠᠨ ᠠᠵᠢᠯᠯᠠᠨ᠂ ︽ᠨᠡᠶᠢᠭᠡᠮ︾ | ᠰᠡᠳᠭᠦᠯ ᠤᠨ ᠠᠵᠢᠯ ᠳᠤ ᠬᠦᠴᠦᠨ ᠴᠢᠳᠠᠯ ᠢᠶᠠᠨ ᠬᠠᠷᠠᠮ ᠦᠬᠡᠢ ᠵᠣᠷᠢᠭᠤᠯᠣᠨ᠎ᠠ ᠳ᠋ᠠ︕ | 2021 ᠣᠨ ᠳᠤ ᠪᠠᠨ᠂ ᠳᠣᠮᠳᠠᠳᠣ ᠣᠯᠣᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠠᠶᠠᠷᠯᠠᠨ ᠪᠡᠯᠭᠡᠯᠡᠵᠦ᠂ ᠨᠠᠮ ᠤᠨ | ᠲᠡᠦᠬᠡ ᠶᠢᠨ ᠰᠣᠷᠣᠯᠴᠠᠭ᠎ᠠ ᠬᠦᠮᠦᠵᠢᠯ ᠢ ᠢᠳᠡᠪᠬᠢᠲᠡᠢ ᠤᠬᠠᠭᠤᠯᠤᠨ᠂ ᠳᠤᠮᠳᠠᠳᠤ ᠶᠢᠨ ᠦᠨᠳᠦᠰᠦᠳᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠨ᠂ ︽ | ᠨᠡᠶᠢᠭᠡᠮ︾ ᠰᠡᠳᠭᠦᠯ ᠤᠨ ᠢᠶᠠᠨ ᠬᠡᠪᠯᠡᠯ ᠡᠬᠢᠯᠡᠭᠰᠡᠨ 30 ᠵᠢᠯ ᠤᠨ ᠣᠢ ᠶᠢ ᠳᠤᠷᠠᠰᠬᠠᠵᠤ᠂ ᠰᠡᠳᠭᠦᠯ ᠢᠶᠠᠨ ᠤᠯᠠᠮ ᠦᠩᠭᠡ ᠣᠨᠴᠠᠯᠢᠭ ᠲᠠᠢ ᠰᠠᠶᠢᠬᠠᠨ ᠡᠷᠬᠢᠯᠡᠬᠦ ᠪᠠᠷ | ᠂ ᠰᠢᠨ᠎ᠡ ᠣᠨ ᠤ ︽ᠨᠡᠶᠢᠭᠡᠮ︾ ᠰᠡᠳᠭᠦᠯ ᠳᠤ ᠪᠠᠨ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠠᠪᠣᠳᠣᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠰᠣᠷᠣᠯᠴᠠᠨ ᠲᠣᠭᠤᠰᠢᠯᠠᠭᠤᠯᠬᠤ ᠲᠣᠰᠬᠠᠢ ᠪᠣᠯᠣᠩ︾᠂ ︽ᠨᠠᠮ ᠪᠠᠶᠢᠭᠤᠯᠣᠭᠳᠠᠭᠰᠠᠨ 100 ᠵᠢᠯ ᠤᠨ ᠣᠢ ᠶᠢ ᠪᠠᠶᠠᠷᠯᠠᠨ ᠪᠡᠯᠭᠡᠯᠡᠬᠦ ᠲᠣᠰᠬᠠᠢ ᠪᠣᠯᠣᠩ︾᠂ ︽ | ᠨᠠᠮ ᠤᠨ ᠲᠡᠦᠬᠡ ᠶᠢᠨ ᠰᠣᠷᠣᠯᠴᠠᠯᠭ᠎ᠠ ᠬᠦᠮᠦᠵᠢᠯ︾᠂ ︽ᠳᠤᠮᠳᠠᠳᠤ ᠶᠢᠨ ᠦᠨᠳᠦᠰᠦᠳᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠶ᠎ᠠ︾᠂ ︽ᠰᠢᠨ᠎ᠡ | ᠴᠠᠭ ᠦᠶ᠎ᠡ ᠶᠢᠨ ᠠᠷᠠᠳ ᠤᠨ ᠶᠠᠪᠣᠳᠠᠯ ᠤᠨ ᠺᠠᠳ᠋ᠷ ᠤᠨ ᠴᠤᠭ ᠵᠢᠪᠬᠤᠭ᠎ᠠ︾᠂ ︽ᠬᠡᠪᠯᠡᠯ ᠡᠬᠢᠯᠡᠭᠰᠡᠨ 30 ᠵᠢᠯ ᠤᠨ ᠣᠢ ᠶᠢᠨ ᠨᠠᠨᠳᠢᠨ ᠳᠣᠷᠳᠬᠠᠯ︾᠂ ︽ | ᠠᠷᠰᠯᠠᠨ ᠲᠠᠪᠠᠭ︾᠂ ︽ᠳᠦᠷᠦᠭᠡᠨ ᠰᠤᠷ︾᠂ ︽ᠠᠯᠲᠠᠨ ᠬᠤᠷᠭᠤ︾᠂ ︽ᠰᠦᠯᠵᠢᠶᠡᠨ ᠤ ᠣᠷᠠᠨ ᠵᠣᠬᠢᠶᠠᠯ︾᠂ ︽ᠵᠣᠭᠤᠭ ᠤᠨ ᠦᠷᠭᠦᠭᠡ︾᠂ ︽ᠮᠠᠨᠳᠣᠯᠲᠦ | ᠬᠦᠳᠡᠭᠡ︾ ︽ ᠭᠠᠵᠠᠷ ᠤᠰᠤᠨ ᠤ ᠨᠡᠷ᠎ᠡ ︾᠂ ︽ᠠᠶᠢᠮᠠᠭ ᠬᠤᠲᠠ ᠶᠢᠨ ᠮᠡᠳᠡᠭᠡ ᠵᠠᠩᠭᠢ︾ ᠵᠡᠷᠭᠡ ᠰᠢᠨ᠎ᠡ ᠰᠣᠳᠣᠨ ᠪᠣᠯᠣᠩ ᠤᠳ ᠢ ᠨᠡᠬᠡᠬᠡᠯ᠎ᠡ᠃ 2021 ᠣᠨ ᠤ | ᠨᠠᠢᠮᠠᠳᠤᠭᠠᠷ ᠬᠤᠭᠤᠴᠠᠭ᠎ᠠ ᠠᠴᠠ ᠪᠠᠨ ᠡᠬᠢᠯᠡᠨ᠂ ︽ᠴᠢᠭᠴᠢ ᠵᠠᠰᠠᠭ︾᠂ ︽ᠬᠠᠯᠠᠮᠰᠢᠯ ᠵᠣᠭᠤᠭ︾᠂ ︽ᠨᠠᠰᠤᠲᠠᠨ ᠪᠤᠭᠤᠷᠤᠯ ᠳᠤ ᠪᠠᠨ ᠦᠢᠯᠡᠴᠢᠯᠡᠶ᠎ᠡ︾᠂ ︽ | ᠠᠷᠠᠳ ᠤᠨ ᠶᠠᠪᠤᠳᠠᠯ ᠤᠨ ᠰᠣᠶᠤᠯ︾᠂ ︽ᠪᠤᠶᠠᠨᠰᠠᠭ ᠦᠢᠯᠡᠰ︾ ᠵᠡᠷᠭᠡ ᠠᠷᠠᠳ ᠤᠨ ᠶᠠᠪᠤᠳᠠᠯ᠂ ᠠᠷᠠᠳ ᠤᠨ ᠠᠮᠢᠳᠤᠷᠠᠯ ᠳᠤ ᠰᠢᠭᠤᠳ ᠬᠤᠯᠪᠤᠭᠳᠠᠭᠰᠠᠨ ᠰᠢᠨ᠎ᠡ | ᠪᠣᠯᠣᠩ ᠤᠳ ᠢ ᠨᠡᠮᠡᠨ ᠨᠡᠬᠡᠬᠡᠭᠰᠡᠨ ᠪᠢᠯᠡ᠃ ᠮᠦᠨ ᠴᠤ ᠳᠣᠮᠳᠠᠳᠣ ᠣᠯᠣᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠡᠭᠡᠯᠡᠬᠦ | ᠵᠣᠬᠢᠶᠠᠯ ᠪᠦᠲᠦᠭᠡᠯ ᠡᠯᠰᠡᠬᠦ ᠠᠵᠢᠯᠯᠠᠭ᠎ᠠ᠂ ︽ᠨᠡᠶᠢᠭᠡᠮ︾ ᠰᠡᠳᠭᠦᠯ ᠤᠨ ᠬᠡᠪᠯᠡᠯ ᠡᠬᠢᠯᠡᠭᠰᠡᠨ 30 ᠵᠢᠯ ᠤᠨ ᠣᠢ ᠶᠢ ᠳᠤᠷᠠᠰᠬᠠᠬᠤ ᠵᠣᠬᠢᠶᠠᠯ ᠪᠦᠲᠦᠭᠡᠯ ᠡᠯᠰᠡᠬᠦ | ᠠᠵᠢᠯᠯᠠᠭ᠎ᠠ ᠦᠷᠨᠢᠭᠦᠯᠵᠤ᠂ ᠪᠦᠬᠦ ᠣᠯᠣᠰ ᠤᠨ ᠨᠠᠢᠮᠠᠨ ᠮᠤᠵᠢ ᠣᠷᠣᠨ ᠤ ᠬᠡᠪᠴᠢᠶᠡᠨ ᠠᠴᠠ ᠵᠣᠬᠢᠶᠠᠯ ᠪᠦᠲᠦᠭᠡᠯ ᠡᠯᠰᠡᠭᠰᠡᠨ ᠶᠤᠮ᠃ | ᠵᠠᠮ ᠬᠠᠷᠭᠤᠢ ᠮᠠᠨᠢ ᠰᠣᠨᠣᠯᠵᠠᠭᠰᠠᠭᠠᠷ᠂ ᠭᠡᠭᠡᠨ ᠠᠶᠠᠨ ᠮᠠᠨᠢ ᠦᠷᠭᠦᠯᠵᠢᠯᠡᠭᠰᠡᠭᠡᠷ ᠁ | ᠵᠣᠬᠢᠶᠠᠭᠴᠢ ᠶᠢᠨ ᠬᠠᠶ᠋ᠢᠭ᠄ ᠬᠦᠬᠡᠬᠤᠲᠠ ᠶᠢᠨ ᠰᠠᠶᠢᠬᠠᠨ ᠲᠣᠭᠤᠷᠢᠭ |