ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠢᠨ ᠠᠴᠠ ᠤᠶᠢᠯᠠᠭᠠᠬᠰᠠᠨ ᠢᠶᠠᠷ 2024 ᠣᠨ ᠳᠤ ᠦᠪᠤᠷ | ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠢᠨ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠤᠨ ᠬᠢᠨ ᠲᠠᠢ ᠬᠠᠮᠲᠤᠷᠠᠨ ︽ᠳᠤᠮᠳᠠᠳᠤ ᠤᠯᠤᠰ ᠤᠨ ᠣᠨᠴᠠᠯᠢᠭ ᠪᠦᠬᠦᠢ ᠥᠨᠳᠥᠷ ᠲᠦᠪᠰᠢᠨ ᠪᠦᠬᠦᠢ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠪᠠ ᠲᠤᠰᠬᠠᠢ ᠮᠡᠷᠭᠡᠵᠢᠯ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ︾ ︵︽ᠬᠤᠣᠰ ᠥᠨᠳᠥᠷ ᠵᠡᠷᠭᠡ ᠶᠢᠨ ᠲᠥᠯᠥᠪᠯᠡᠭᠡ︾ | ᠭᠡᠵᠦ ᠲᠤᠪᠴᠢᠯᠠᠶ᠎ᠠ︶ ᠶᠢᠨ ᠥᠪᠡᠷᠲᠡᠭᠡᠨ ᠵᠠᠰᠠᠬᠤ ᠣᠷᠣᠨ ᠤ ᠲᠠᠰ ᠤᠨ ᠦᠨᠡᠯᠡᠯᠲᠡ ᠶᠢᠨ ᠠᠵᠢᠯ ᠢ ᠪᠡᠶᠡᠯᠡᠭᠦᠯᠪᠡ᠃ ᠢᠩᠭᠢᠭᠡᠳ ᠥᠪᠥᠷ ᠮᠣᠩᠭᠤᠯ ᠭᠤᠷᠪᠠᠨ | ᠲᠠᠯ᠎ᠠ ᠶᠢᠨ ︵ᠡᠳ᠋ ᠤᠨ ᠵᠠᠰᠠᠭ᠂ ᠰᠤᠷᠭᠠᠭᠤᠯᠢ᠂ ᠠᠵᠢᠯ ᠲᠥᠷᠥᠯ ᠤᠨ ᠠᠵᠤ ᠠᠬᠤᠶᠢᠯᠠᠯ︶ ᠶᠢᠨ ᠣᠷᠣᠭᠤᠯᠤᠯᠲᠠ ᠶᠢᠨ ᠡᠨᠧᠷᠭᠢ ᠣᠯᠭᠤᠬᠤ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠣᠶ ᠪᠣᠯᠭᠠᠪᠠ᠃ | ︽ᠬᠤᠣᠰ ᠥᠨᠳᠥᠷ ᠲᠥᠯᠥᠪᠯᠡᠭᠡ︾ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠤ ︵2019 — 2023 ᠣᠨ︶ ᠳᠤ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠣᠯᠠᠨ ᠡᠰᠢᠵᠢᠭᠰᠡᠨ ᠣᠷᠣᠭᠤᠯᠤᠯᠲᠠ᠂ ᠠᠵᠤ ᠦᠢᠯᠡᠰ ᠪᠠ ᠵᠢᠭᠠᠨ ᠰᠤᠷᠭᠠᠯᠲᠠ ᠶᠢ ᠠᠭᠤᠰᠤᠯᠴᠠᠭᠤᠯᠤᠨ | ᠬᠠᠮᠵᠢᠯᠴᠠᠭᠤᠯᠤᠨ ᠬᠥᠭᠵᠢᠭᠦᠯᠬᠦ ᠠᠵᠢᠯ ᠤᠨ ᠲᠣᠭᠲᠠᠴᠠ ᠶᠢ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ ᠪᠥᠬᠦ ᠣᠷᠣᠨ ᠤ ᠡᠳ᠋ ᠤᠨ ᠵᠠᠰᠠᠭ᠂ ᠰᠤᠷᠭᠠᠭᠤᠯᠢ᠂ | ᠠᠵᠢᠯ ᠲᠥᠷᠥᠯ ᠤᠨ ᠠᠵᠤ ᠠᠬᠤᠶᠢᠯᠠᠯ ᠤᠳ ᠨᠡᠶᠢᠲᠡ 5.38 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠪᠠ᠃ ᠡᠭᠦᠨ ᠳᠤ ᠡᠳ᠋ ᠤᠨ ᠵᠠᠰᠠᠭ ᠤᠨ | ᠣᠷᠣᠭᠤᠯᠤᠯᠲᠠ ᠶᠢᠨ ᠪᠡᠯᠡ ᠮᠥᠩᠭᠦ 2.1 ᠳ᠋ᠦᠩᠰᠢᠭᠤᠷ ᠲᠥᠭᠦᠷᠢᠭ ᠲᠤ ᠬᠦᠷᠴᠦ ᠡᠵᠡᠯᠡᠬᠦ ᠬᠠᠷᠢᠴᠠᠯ ᠨᠢ 39.04% ᠳᠤ ᠬᠦᠷᠴᠡᠢ᠃ ᠰᠤᠷᠭᠠᠭᠤᠯᠢ ᠶᠢᠨ | ᠥᠪᠡᠰᠦᠪᠡᠨ ᠴᠤᠭᠯᠠᠭᠤᠯᠤᠭᠰᠠᠨ ᠪᠡᠯᠡ ᠮᠥᠩᠭᠦ 2.95 ᠳ᠋ᠦᠩᠰᠢᠭᠤᠷ ᠲᠥᠭᠦᠷᠢᠭ ᠲᠤ ᠬᠦᠷᠴᠦ᠂ 54.83% ᠶᠢ ᠡᠵᠡᠯᠡᠪᠡ᠃ ᠠᠵᠢᠯ ᠲᠥᠷᠥᠯ ᠤᠨ ᠠᠵᠤ | ᠠᠬᠤᠶᠢᠯᠠᠯ ᠤᠨ ᠳᠡᠮᠵᠢᠯᠭᠡ ᠶᠢᠨ ᠪᠡᠯᠡ ᠮᠥᠩᠭᠦ 0.33 ᠳ᠋ᠦᠩᠰᠢᠭᠤᠷ ᠲᠥᠭᠦᠷᠢᠭ ᠪᠠᠶᠢᠵᠤ᠂ 6.13% ᠶᠢ ᠡᠵᠡᠯᠡᠪᠡ᠃ ᠤᠯᠠᠨ ᠡᠰᠢᠴᠢᠯᠡᠭᠰᠡᠨ ᠪᠡᠯᠡ | ᠣᠷᠣᠭᠤᠯᠤᠯᠲᠠ ᠶᠢᠨ ᠳᠡᠮᠵᠢᠯᠭᠡ ᠪᠠᠷ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠤᠭᠤᠳ | ᠦᠢᠯᠡᠳᠪᠦᠷᠢᠯᠡᠯ ᠵᠢᠭᠠᠨ ᠰᠤᠷᠭᠠᠯᠲᠠ ᠶᠢᠨ ᠠᠭᠤᠰᠤᠯᠴᠠᠯ ᠢ ᠭᠦᠨᠵᠡᠭᠡᠶᠢᠷᠡᠭᠦᠯᠬᠦ᠂ ᠠᠵᠤ ᠦᠢᠯᠡᠰ ᠤᠨ ᠬᠥᠭᠵᠢᠯᠲᠡ ᠶᠢ ᠵᠣᠯᠭᠠᠭᠤᠯᠬᠤ᠂ ᠰᠤᠷᠭᠠᠭᠤᠯᠢ ᠠᠵᠤ | ᠠᠬᠤᠶᠢᠯᠠᠯ ᠬᠠᠮᠲᠤᠷᠠᠯᠴᠠᠨ ᠬᠥᠮᠥᠨ ᠬᠥᠮᠥᠵᠢᠭᠦᠯᠬᠦ ᠶᠢ ᠠᠬᠢᠭᠤᠯᠬᠤ ᠲᠠᠯ᠎ᠠ ᠪᠠᠷ ᠢᠳᠡᠪᠬᠢᠲᠡᠢ ᠠᠬᠢᠴᠠ ᠲᠠᠢ ᠪᠣᠯᠵᠤ᠂ ᠥᠪᠥᠷ ᠮᠣᠩᠭᠤᠯ ᠤᠨ ᠴᠢᠨᠠᠷᠯᠢᠭ | ᠬᠥᠭᠵᠢᠯᠲᠡ ᠳᠤ ᠬᠦᠴᠦᠷᠬᠡᠭ ᠶᠡᠭᠡ ᠮᠡᠷᠭᠡᠵᠢᠯ ᠪᠣᠯᠣᠨ ᠤᠷ᠎ᠠ ᠴᠢᠳᠠᠪᠤᠷᠢ ᠶᠢᠨ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ | ᠲᠠᠷᠠᠭᠠᠴᠢ ᠪᠠᠷ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠬᠤᠣᠰ | ᠥᠨᠳᠥᠷ ᠲᠥᠯᠥᠪᠯᠡᠭᠡ︾ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ | ᠦᠷ᠎ᠡ ᠠᠰᠢᠭ ᠢ ᠳᠡᠭᠡᠭᠰᠢᠯᠡᠭᠦᠯᠦᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠠᠩ | ᠰᠠᠶᠢᠨ ᠦᠢᠯᠡᠴᠢᠯᠡᠬᠦ ᠶᠢ ᠠᠬᠢᠭᠤᠯᠬᠤ ᠪᠤᠯᠤᠨ᠎ᠠ᠃ |