ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠢᠨ 5 ᠳ᠋ᠤᠭᠠᠷ ᠰᠠᠷ᠎ᠠ ᠶᠢᠨ 28 ᠤ ᠡᠳᠦᠷ ︽ | ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠳᠠᠭᠠᠭᠤᠯᠤᠭᠴᠢ ᠠᠵᠤ ᠠᠬᠤᠶᠢᠯᠠᠯ ᠢ ᠪᠤᠵᠠᠭᠠᠶᠢᠷᠠᠭᠤᠯᠬᠤ ᠠᠵᠢᠯᠯᠠᠭᠠᠨ ᠤ ᠲᠥᠰᠥᠯ︾ ᠢ | ᠳᠠᠷᠤᠮᠠᠯᠯᠠᠨ ᠲᠠᠷᠬᠠᠭᠠᠵᠤ᠂ 2026 ᠣᠨ ᠪᠣᠯᠬᠤ ᠳᠤ ᠥᠪᠥᠷ ᠮᠣᠩᠭᠤᠯ ᠤᠨ ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠳᠠᠭᠠᠭᠤᠯᠤᠭᠴᠢ | ᠠᠵᠤ ᠠᠬᠤᠶᠢᠯᠠᠯ ᠢ 50 ᠠᠴᠠ ᠳᠡᠭᠡᠭᠰᠢ ᠳᠤ ᠬᠦᠷᠦᠭᠦᠯᠵᠦ᠂ ᠨᠢᠭᠡᠴᠢ ᠪᠠᠷᠠᠭᠠᠨ ᠤ ᠡᠷᠭᠢᠯᠲᠡ ᠶᠢᠨ ᠬᠡᠮᠵᠢᠶ᠎ᠡ ᠶᠢᠨ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ | 6% ᠪᠠᠷ ᠪᠠᠭᠤᠷᠠᠭᠤᠯᠬᠤ ᠪᠠᠷ ᠲᠥᠯᠥᠪᠯᠡᠵᠦ ᠪᠣᠶ᠃ | ︽ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠳᠠᠭᠠᠭᠤᠯᠤᠭᠴᠢ ᠠᠵᠤ ᠠᠬᠤᠶᠢᠯᠠᠯ ᠢ ᠪᠤᠵᠠᠭᠠᠶᠢᠷᠠᠭᠤᠯᠬᠤ ᠠᠵᠢᠯᠯᠠᠭᠠᠨ ᠤ ᠲᠥᠰᠥᠯ︾ ᠳᠤ | ᠳᠤᠷᠠᠳᠤᠭᠰᠠᠨ ᠨᠢ᠂ ᠨᠢᠭᠡᠨᠲᠡ ᠪᠠᠶᠢᠭ᠎ᠠ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠪᠠᠷ | ᠳᠠᠮᠵᠢᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠢ ᠲᠦᠷᠭᠡᠳᠬᠡᠨ ᠬᠥᠭᠵᠢᠭᠦᠯᠵᠦ | ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠡᠵᠡᠩᠨᠡᠭᠴᠢ ᠶᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ᠂ ᠬᠠᠩᠭᠠᠯᠭ᠎ᠠ ᠶᠢᠨ ᠬᠡᠯᠬᠢᠶᠡᠰᠦ ᠶᠢᠨ ᠳᠡᠭᠡᠳᠦ | ᠳᠣᠣᠷᠠᠳᠤ ᠤᠷᠤᠰᠬᠠᠯ ᠤᠨ ᠠᠭᠤᠰᠤᠯᠴᠠᠭᠰᠠᠨ ᠬᠡᠯᠪᠡᠷᠢ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠢ ᠶᠡᠭᠡ ᠪᠠᠷ ᠬᠥᠭᠵᠢᠭᠦᠯᠵᠦ᠂ ᠲᠡᠮᠦᠷ | ᠵᠠᠮ᠂ ᠵᠠᠰᠠᠮᠠᠯ ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠰᠢᠤᠳᠠᠨ ᠤ ᠲᠦᠷᠭᠡᠨ ᠬᠦᠷᠭᠡᠯᠲᠡ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠵᠡᠷᠭᠡ | ᠲᠠᠯ᠎ᠠ ᠶᠢ ᠬᠠᠮᠤᠷᠤᠭᠰᠠᠨ ᠨᠢᠭᠡ ᠪᠦᠯᠦᠭ ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠤᠨ᠎ᠠ᠃ | ︽ ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠳᠠᠭᠠᠭᠤᠯᠤᠭᠴᠢ ᠠᠵᠤ ᠠᠬᠤᠶᠢᠯᠠᠯ ᠢ ᠪᠤᠵᠠᠭᠠᠶᠢᠷᠠᠭᠤᠯᠬᠤ ᠠᠵᠢᠯᠯᠠᠭᠠᠨ ᠤ ᠲᠥᠰᠥᠯ︾ ᠳᠤ | ᠬᠡᠪᠴᠢᠶᠡᠵᠢᠭᠦᠯᠬᠦ᠂ ᠡᠷᠴᠢᠮᠵᠢᠭᠦᠯᠬᠦ᠂ ᠲᠣᠭᠠᠵᠢᠭᠤᠯᠬᠤ᠂ ᠪᠣᠬᠢᠷᠲᠤᠯ ᠦᠭᠡᠢ ᠪᠣᠯᠭᠠᠬᠤ᠂ ᠰᠦᠯᠵᠢᠶᠡᠵᠢᠭᠦᠯᠬᠦ ᠬᠥᠭᠵᠢᠯᠲᠡ ᠶᠢ ᠪᠠᠷᠢᠮᠲᠠᠯᠠᠵᠤ᠂ 5 ᠲᠠᠯ᠎ᠠ ᠠᠴᠠ 30 | ᠵᠦᠢᠯ ᠤᠨ ᠳᠡᠮᠵᠢᠬᠦ ᠲᠥᠷᠥ ᠶᠢᠨ ᠪᠣᠳᠣᠯᠭ᠎ᠠ ᠶᠢ ᠳᠤᠷᠠᠳᠴᠤ᠂ ᠪᠠᠷᠠᠭᠠᠨ ᠤ ᠢᠷᠡᠯᠲᠡ ᠶᠢ ᠡᠷᠢᠬᠦ᠂ ᠲᠤᠭ᠎ᠠ ᠪᠠᠷᠢᠮᠲᠠ ᠬᠠᠩᠭᠠᠬᠤ᠂ ᠠᠬᠤᠢ ᠪᠠᠶᠢᠳᠠᠯ ᠢ ᠪᠤᠶᠢᠵᠢᠭᠤᠯᠬᠤ | ᠂ ᠢᠵᠢ ᠪᠦᠷᠢᠳᠦᠭᠦᠯᠬᠦ᠂ ᠦᠢᠯᠡᠴᠢᠯᠡᠭᠡ ᠶᠢ ᠰᠢᠯᠢᠳᠡᠭᠵᠢᠭᠦᠯᠬᠦ᠂ ᠲᠥᠷᠥ ᠶᠢᠨ ᠪᠣᠳᠣᠯᠭ᠎ᠠ ᠶᠢ ᠬᠠᠩᠭᠠᠬᠤ ᠪᠠᠷ ᠳᠠᠮᠵᠢᠭᠤᠯᠤᠨ ᠡᠵᠡᠩᠨᠡᠯᠲᠡ ᠶᠢᠨ ᠥᠪᠡᠷ ᠤᠨ ᠥᠷᠲᠡᠭ | ᠪᠠᠭ᠎ᠠ᠂ ᠦᠷ᠎ᠡ ᠪᠦᠲᠦᠮᠵᠢ ᠥᠨᠳᠥᠷ᠂ ᠦᠢᠯᠡᠴᠢᠯᠡᠭᠡ ᠰᠠᠶᠢᠨ᠂ ᠶᠠᠰᠤ ᠴᠢᠨᠠᠷ ᠲᠠᠢ᠂ ᠲᠡᠷᠢᠭᠦᠨ ᠤ ᠮᠡᠷᠭᠡᠵᠢᠯ ᠤᠨ ᠵᠠᠭᠪᠤᠷ ᠲᠠᠢ ᠵᠡᠷᠭᠡ ᠭᠤᠣᠯᠯᠠᠬᠤ ᠥᠷᠢᠰᠦᠯᠳᠦᠬᠦ | ᠬᠦᠴᠦᠨ ᠲᠠᠢ ᠪᠠ ᠨᠠᠷᠠᠲᠤ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠲᠠᠢ ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠳᠠᠭᠠᠭᠤᠯᠤᠭᠴᠢ | ᠠᠵᠤ ᠠᠬᠤᠶᠢᠯᠠᠯ ᠢ ᠪᠤᠶᠢᠵᠢᠭᠤᠯᠵᠤ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠵᠡᠩᠨᠡᠯᠲᠡ ᠶᠢᠨ ᠴᠢᠨᠠᠷᠲᠠᠢ ᠪᠠᠷ | ᠥᠪᠡᠷ ᠤᠨ ᠥᠷᠲᠡᠭ ᠢ ᠪᠠᠭᠤᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠳᠠᠶᠢᠴᠢᠯᠠᠨ ᠪᠦᠬᠦ ᠨᠡᠶᠢᠭᠡᠮ ᠤᠨ ᠪᠠᠷᠠᠭᠠᠨ ᠤ | ᠭᠦᠢᠯᠭᠡᠭᠡᠨ ᠤ ᠥᠪᠡᠷ ᠤᠨ ᠦᠷᠳᠡᠭ ᠢ ᠪᠠᠭᠤᠷᠠᠭᠤᠯᠬᠤ ᠪᠤᠯᠤᠨ᠎ᠠ᠃ |